ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠮᠠᠨ ᠎ᠤ ᠤᠷᠤᠨ ᠎ᠤ ᠲᠥᠯᠥᠭᠡᠯᠡᠭ᠌ᠴᠢᠳ᠎ᠦᠨ ᠠᠩᠭᠢ ᠣᠨᠴᠠᠭᠠᠶ ᠣᠯᠢᠮᠫᠢᠺ ᠎ᠤᠨ ᠪᠡᠶ᠎ᠡ ᠎ᠶ᠋ᠢᠨ ᠲᠠᠮᠢᠷ ᠎ᠤᠨ ᠴᠤᠭ᠍ᠯᠠᠭᠠᠨ᠎ᠤ ᠬᠦᠷᠳᠦᠲᠦ ᠰᠠᠨᠳᠠᠯᠢ᠎ᠶ᠋ᠢᠨ ᠪᠥᠵᠢᠭ ᠎ᠦᠨ ᠤᠷᠤᠯᠳᠤᠭᠠᠨ᠎ᠤ ᠲᠥᠷᠥᠯ ᠵᠦᠶ᠋ᠯ᠎ᠳᠦ ᠣᠷᠣᠯᠴᠠᠪᠠ
ᠨᠡᠶ᠋ᠢᠲᠡᠯᠡᠭᠰᠡᠨ ᠴᠠᠭ᠄ 2025-09-18

      ᠦᠪᠡᠷᠲᠡᠬᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠮᠠᠨ᠎ᠤ ᠤᠯᠤᠰ᠎ᠤᠨ ᠠᠷᠪᠠᠨ ᠬᠣᠶᠠᠳᠤᠭᠠᠷ ᠬᠤᠭᠤᠴᠠᠭᠠᠨ ᠎ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ ᠶᠢᠰᠦᠳᠦᠭᠡᠷ ᠬᠤᠭᠤᠴᠠᠭᠠᠨ᠎ᠤ ᠣᠨᠴᠠᠭᠠᠶ ᠣᠯᠢᠮᠫᠢᠺ ᠎ᠤᠨ ᠪᠡᠶ᠎ᠡ᠎ᠶ᠋ᠢᠨ ᠲᠠᠮᠢᠷ ᠎ᠤᠨ ᠴᠤᠭ᠍ᠯᠠᠭᠠᠨ᠎ᠤ ᠬᠦᠷᠳᠦᠲᠦ ᠰᠠᠨᠳᠠᠯᠢ᠎ᠶ᠋ᠢᠨ ᠪᠥᠵᠢᠭ᠎ᠦᠨ ᠤᠷᠤᠯᠳᠤᠭᠠᠨ᠎ᠤ ᠲᠥᠷᠥᠯ ᠵᠦᠶ᠋ᠯ ᠲᠦᠷᠦᠬᠦᠭᠡᠨ ᠱᠢᠶᠠᠩᠭᠠᠩ ᠤᠨᠴᠠᠭᠠᠢ ᠵᠠᠰᠠᠭ ᠵᠠᠬᠢᠷᠭᠠᠨ ᠎ᠤ ᠣᠷᠣᠨ᠎ᠳᠤ ᠶᠠᠪᠤᠭ᠍ᠳᠠᠵᠦ᠂ ᠮᠠᠨ᠎ᠤ ᠤᠷᠤᠨ᠎ᠤ ᠬᠦᠷᠳᠦᠲᠦ ᠰᠠᠨᠳᠠᠯᠢ᠎ᠶ᠋ᠢᠨ ᠪᠥᠵᠢᠭ ᠎ᠦᠨ ᠠᠩᠭᠢ ᠲᠣᠭ᠍ᠯᠠᠯᠲᠠ ᠎ᠳᠤ ᠣᠷᠣᠯᠴᠠᠵᠤ᠂ ᠦᠵᠡᠭ᠌ᠴᠢᠳ᠎ᠲᠦ ᠬᠦᠴᠦᠨ ᠴᠢᠳᠠᠯ ᠪᠠ ᠭᠤᠤ᠎ᠠ ᠰᠠᠢᠬᠠᠨ ᠎ᠢ ᠭᠠᠢᠬᠠᠭᠤᠯᠪᠠ᠃

      ᠣᠢᠯᠠᠭᠠᠭ᠍ᠰᠠᠨ ᠎ᠢᠶᠠᠷ᠂ ᠮᠠᠨ ᠎ᠤ ᠤᠷᠤᠨ ᠎ᠤ ᠬᠦᠷᠳᠦᠲᠦ ᠰᠠᠨᠳᠠᠯᠢ᠎ᠶ᠋ᠢᠨ ᠪᠥᠵᠢᠭ ᠎ᠦᠨ ᠲᠥᠯᠥᠭᠡᠯᠡᠭ᠌ᠴᠢᠳ᠎ᠦᠨ ᠠᠩᠭᠢ ᠨᠢ 7 ᠬᠦᠮᠦᠨ ᠵᠢᠡᠷ ᠪᠦᠷᠢᠯᠳᠦᠵᠦ᠂ ᠡᠭᠦᠨ᠎ᠳᠦ ᠯᠢ ᠬᠦᠶ ᠶᠢᠩ᠂ ᠲᠢᠶᠠᠨ ᠶᠢᠩ ᠬᠣᠶᠠᠷ ᠭᠡᠱᠢᠭᠦᠨ ᠪᠥᠬᠥ᠌ ᠤᠯᠤᠰ ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ ᠎ᠤᠨ ᠴᠤᠭ᠍ᠯᠠᠭᠠᠨ ᠵᠢᠴᠢ ᠨᠠᠶ᠋ᠮᠠᠳᠤᠭᠠᠷ ᠬᠤᠭᠤᠴᠠᠭᠠᠨ᠎ᠤ ᠣᠨᠴᠠᠭᠠᠶ ᠣᠯᠢᠮᠫᠢᠺ ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠬᠦᠷᠳᠦᠲᠦ ᠰᠠᠨᠳᠠᠯᠢ᠎ᠶ᠋ᠢᠨ ᠪᠥᠵᠢᠭ᠎ᠦᠨ ᠤᠷᠤᠯᠳᠤᠭᠠᠨ᠎ᠤ ᠲᠦᠷᠦᠯ ᠵᠦᠢᠯ ᠎ᠳᠤ ᠣᠷᠣᠯᠴᠠᠵᠤ᠂ ᠭᠠᠷᠮᠠᠭᠠᠶ ᠢᠯᠡᠷᠡᠯ᠎ᠢᠶᠡᠷ᠎ᠢᠶᠡᠨ ᠬᠠᠮᠲᠤ᠎ᠶ᠋ᠢᠨ ᠪᠥᠵᠢᠭ᠎ᠦᠨ ᠤᠷᠤᠯᠳᠤᠭᠠᠨ᠎ᠳᠤ ᠳᠡᠳ᠋ᠯᠡᠭ᠌ᠰᠡᠨ ᠪᠠᠢᠨ᠎ᠠ᠃ ᠡᠨᠡ ᠤᠳᠠᠭᠠᠨ ᠎ᠤ ᠬᠦᠷᠳᠦᠲᠦ ᠰᠠᠨᠳᠠᠯᠢ ᠎ᠶ᠋ᠢᠨ ᠪᠥᠵᠢᠭ ᠎ᠦᠨ ᠤᠷᠤᠯᠳᠤᠭᠠᠨ᠎ᠳᠦ ᠬᠠᠮᠤᠭ᠎ᠤᠨ ᠰᠠᠢᠨ ᠪᠠᠢᠳᠠᠯ᠎ᠢᠶᠠᠨ ᠢᠯᠡᠷᠡᠭᠦᠯᠬᠦ᠌᠎ᠶ᠋ᠢᠨ ᠲᠥᠯᠥᠭᠡ᠂ ᠲᠤᠬᠯᠠᠬᠴᠢᠳ ᠤᠷᠤᠯᠳᠤᠭᠠᠨ᠎ᠠᠴᠠ ᠡᠮᠦᠨ᠎ᠡ ᠤᠷᠲᠤ ᠬᠤᠭᠤᠴᠠᠭᠠᠨ ᠎ᠤ ᠬᠠᠲᠠᠭᠤᠵᠢᠯᠲᠠᠶ ᠪᠣᠯᠪᠠᠰᠤᠷᠠᠯ ᠬᠢᠪᠡ᠃ ᠡᠬᠦᠨ ᠎ᠳᠤ᠂ ᠪᠥᠵᠢᠭ ᠎ᠦᠨ ᠰᠠᠭᠤᠷᠢ ᠬᠥᠳᠡᠯᠭᠡᠭᠡᠨ᠎ᠡᠴᠡ ᠠᠩᠭᠢ ᠎ᠶ᠋ᠢᠨ ᠨᠥᠬᠥᠳ ᠎ᠦᠨ ᠬᠣᠭᠣᠷᠣᠨᠳᠣᠬᠢ ᠬᠠᠮᠵᠢᠯᠴᠠᠬᠤ ᠬᠦᠳᠡᠯᠬᠡᠬᠡᠨ ᠬᠦᠷᠲᠡᠯ᠎ᠡ᠂ ᠳᠠᠬᠢᠨ ᠬᠦᠷᠳᠦᠲᠦ ᠰᠠᠨᠳᠠᠯᠢ᠎ᠶ᠋ᠢ ᠡᠵᠡᠮᠳᠡᠬᠦ ᠨᠠᠷᠢᠯᠢᠭ ᠣᠨᠣᠪᠴᠢᠲᠠᠶ ᠪᠣᠯᠪᠠᠰᠤᠷᠠᠯ ᠬᠦᠷᠲᠡᠯ᠎ᠡ᠂ ᠭᠣᠭ᠍ᠴᠣᠭ᠎ᠠ ᠪᠣᠯᠭᠠᠨ ᠎ᠳᠤ ᠲᠡᠳᠡ ᠪᠦᠷ ᠡᠩ᠎ᠦᠨ ᠬᠥᠮᠦᠨ᠎ᠡᠴᠡ ᠨᠠᠩ ᠢᠯᠡᠭᠦᠦ ᠬᠦᠴᠦ᠍ ᠬᠥᠳᠡᠯᠮᠦᠷᠢ ᠵᠠᠷᠤᠴᠠᠭᠤᠯᠪᠠ᠃ 

      ᠮᠠᠨ᠎ᠤ ᠤᠷᠤᠨ᠎ᠤ ᠲᠥᠯᠥᠭᠡᠯᠡᠭ᠌ᠴᠢᠳ᠎ᠦᠨ ᠠᠩᠭᠢ ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠎ᠡᠴᠡ ᠪᠦᠬᠦ᠌ ᠤᠯᠤᠰ᠎ᠤᠨ ᠠᠷᠪᠠᠨ ᠬᠣᠶᠠᠳᠤᠭᠠᠷ ᠬᠤᠭᠤᠴᠠᠭᠠᠨ᠎ᠤ ᠵᠡᠮᠳᠡᠭ᠌ᠴᠦᠳ ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ ᠶᠢᠰᠦᠳᠦᠭᠡᠷ ᠬᠤᠭᠤᠴᠠᠭᠠᠨ ᠎ᠤ ᠣᠨᠴᠠᠭᠠᠢ ᠣᠯᠢᠮᠫᠢᠺ᠎ᠤᠨ ᠲᠠᠮᠢᠷ ᠎ᠤᠨ ᠴᠤᠭ᠍ᠯᠠᠭᠠᠨ ᠎ᠤ ᠬᠦᠷᠳᠦᠲᠦ ᠰᠠᠨᠳᠠᠯᠢ᠎ᠶ᠋ᠢᠨ ᠪᠥᠵᠢᠭ᠎ᠦᠨ ᠤᠷᠤᠯᠳᠤᠭᠠᠨ ᠎ᠤ ᠲᠦᠷᠦᠯ ᠵᠦᠢᠯ᠎ᠳᠦ ᠣᠷᠣᠯᠴᠠᠭ᠍ᠰᠠᠨ ᠨᠢ ᠨᠢᠭᠡ ᠤᠳᠠᠭ᠎ᠠ ᠎ᠶ᠋ᠢᠨ ᠥᠪᠡᠷ ᠎ᠢ ᠎ᠪᠡᠨ ᠢᠯᠡᠷᠡᠭᠦᠯᠬᠦ᠌ ᠠᠵᠠ ᠲᠣᠬᠢᠶᠠᠯ᠎ᠢ ᠡᠵᠡᠮᠳᠡᠭᠰᠡᠨ ᠶᠠᠪᠤᠳᠠᠯ ᠪᠣᠯᠬᠤ᠎ᠪᠠᠷ ᠪᠠᠷᠠᠬᠤ ᠦᠭᠡᠢ ᠨᠡᠩ ᠴᠤ᠌ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶᠢ ᠠᠮᠢᠳᠤᠯᠢᠭ ᠲᠠᠢᠯᠪᠤᠷᠢᠯᠠᠬᠰᠠᠨ ᠶᠠᠪᠤᠳᠠᠯ ᠪᠤᠯᠬᠤ ᠶᠤᠮ᠃ ᠡᠭᠦᠨ᠎ᠦ ᠬᠠᠮᠲᠤ᠂ ᠪᠠᠰᠠ ᠵᠡᠮᠳᠡᠭ᠌ᠴᠦᠳ᠎ᠦᠨ ᠲᠤᠬᠠᠢ ᠨᠡᠢᠭᠡᠮ᠎ᠦᠨ ᠠᠩᠬᠠᠷᠤᠯ ᠪᠠ ᠣᠢᠯᠠᠭᠠᠯᠲᠠ᠎ᠶ᠋ᠢ ᠳᠡᠭᠡᠭ᠌ᠰᠢᠯᠡᠭᠦᠯᠵᠦ᠍᠂ ᠵᠡᠮᠳᠡᠭ᠌ᠴᠦᠳ ᠪᠠ ᠡᠷᠡᠭᠦᠯ ᠬᠦᠮᠦᠰ᠎ᠤᠨ ᠠᠭᠤᠰᠤᠯᠴᠠᠯ᠎ᠢ ᠠᠬᠢᠭᠤᠯᠵᠤ᠂ ᠨᠡᠩ ᠪᠠᠭ᠍ᠲᠠᠭᠠᠮᠵᠢᠲᠠᠢ᠂ ᠨᠡᠩ ᠡᠶ᠎ᠡ ᠵᠣᠬᠢᠴᠠᠩᠭᠤᠢ ᠨᠡᠢᠭᠡᠮ᠎ᠦᠨ ᠠᠭᠤᠷ ᠠᠮᠢᠰᠭᠤᠯ᠎ᠢ ᠪᠤᠢ ᠪᠣᠯᠭᠠᠬᠤ ᠎ᠳᠤ ᠠᠱᠢᠭ᠍ᠲᠠᠢ ᠦᠢᠯᠡᠳᠦᠯ ᠦᠵᠡᠬᠦᠯᠪᠡ᠃ 

ᠢᠷᠡᠯᠲᠡ᠄ ᠱᠢᠨᠬᠤᠸᠠ ᠬᠤᠷᠢᠶ᠎ᠠ
          
ᠬᠠᠮᠢᠶ᠎ᠡ ᠪᠦᠬᠦᠢ ᠰᠣᠨᠢᠨ
 
            