ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠡᠷᠡᠭᠵᠢᠭᠦᠯᠬᠦ ᠳᠦᠷᠢᠮ
ᠨᠡᠶ᠋ᠢᠲᠡᠯᠡᠭᠰᠡᠨ ᠴᠠᠭ᠄ 2018-12-27

《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠡᠷᠡᠭᠵᠢᠭᠦᠯᠬᠦ ᠲᠥᠷᠢᠮ》᠎ᠨᠢ 2014 ᠣᠨ᠎ᠤ 12 ᠰᠠᠷ᠎ᠠ ᠵᠢᠨ 31 ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ 75 ᠳ᠋ᠣᠭ᠋ᠠᠷ ᠣᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠪᠠᠳᠣᠯᠠᠵᠦ᠂ ᠤᠳᠤ ᠨᠡᠶ᠋ᠢᠲᠡᠯᠡᠵᠦ᠂ 2015 ᠣᠨ᠎ᠤ 3 ᠰᠠᠷ᠎ᠠ ᠵᠢᠨ 1᠎ᠤ ᠠ᠋ᠳᠦᠷ᠎ᠠᠴᠠ ᠠ᠋ᠬᠢᠯᠡᠵᠦ ᠬᠡᠷᠡᠭᠵᠢᠭᠦᠯᠦᠨ᠎ᠡ᠃
                                      ᠶᠡᠷᠦᠩᠬᠡᠢ ᠰᠠᠢ᠌ᠳ     ᠯᠢ ᠺᠧ ᠴᠢᠶᠠᠩ
                                      2015 ᠣᠨ᠎ᠤ 1 ᠰᠠᠷ᠎ᠠ ᠵᠢᠨ 30᠎ᠤ ᠡᠳᠦᠷ


            ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ

            ᠬᠤᠳᠠᠯᠳᠤᠨ ᠠᠪᠬᠤ ᠬᠠᠤᠯᠢ ᠵᠢ ᠬᠡᠷᠡᠭᠵᠢᠭᠦᠯᠬᠦ ᠳᠦᠷᠢᠮ


      ᠨᠢᠭᠡᠳᠦᠭᠡᠷ ᠪᠦᠯᠦᠭ   ᠶᠡᠷᠦᠩᠬᠡᠶ ᠲᠤᠢ᠍ᠷᠢᠮ
      ᠨᠢᠭᠡᠳᠦᠭᠡᠷ ᠵᠦᠢ᠍ᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 (ᠳᠣᠷᠣᠭᠰᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠭᠡᠵᠦ ᠲᠣᠪᠴᠢᠯᠠᠨ᠎ᠠ) ᠵᠢ ᠦᠨᠳᠦᠰᠦᠯᠡᠨ ᠲᠤᠰ ᠲᠥᠷᠢᠮ᠎ᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠬᠣᠶᠠᠳᠤᠭ᠋ᠠᠷ ᠵᠦᠢ᠍ᠯ᠎ᠳᠤ ᠬᠡᠯᠡᠵᠦ ᠪᠠᠶ᠋ᠢᠭ᠎ᠠ ᠠ᠋ᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠥ ᠭᠡᠳᠡᠭ᠎ᠨᠢ ᠲᠥᠰᠦᠪ᠎ᠤᠨ ᠬᠠᠮᠢᠶᠠᠷᠤᠯᠲᠠ᠎ᠳᠤ ᠣᠷᠣᠭᠤᠯᠥᠬᠠᠰᠠᠨ ᠪᠠᠯᠠ ᠮᠥᠩᠭᠥ ᠵᠢ ᠵᠢᠭ᠋ᠠᠵᠤ ᠪᠠᠶ᠋ᠢᠨ᠎ᠠ᠃
ᠠ᠋ᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠥ᠎ᠪᠠᠷ ᠵᠣᠭᠣᠰ ᠪᠤᠴᠠᠭ᠋ᠠᠬᠤ ᠢᠷᠡᠯᠳᠡ ᠪᠣᠯᠭ᠋ᠠᠬᠰᠡᠨ ᠵᠢᠭᠡᠯᠡᠯᠭᠡ ᠵᠢᠨ ᠪᠡᠯᠡ ᠮᠥᠩᠭᠥ ᠵᠢ ᠠᠳᠠᠯᠢ᠎ᠪᠠᠷ ᠠ᠋ᠳ᠋᠎ᠤᠨ ᠵᠠᠰᠠᠭ᠎ᠤᠨ ᠴᠢᠨᠠᠷᠲᠠᠶ ᠪᠡᠯᠡ ᠮᠦᠩᠭᠦ ᠭᠡᠵᠦ ᠦᠵᠡᠨ᠎ᠡ᠃
      ᠲᠤᠢ᠍ᠷᠦ ᠵᠢᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠠ ᠪᠦᠯᠬᠦᠮ ᠵᠣᠬᠢᠶᠠᠨ ᠪᠠᠶ᠋ᠢᠭᠤᠯᠤᠯᠲᠠ ᠵᠢᠨ ᠬᠤᠳᠠᠯᠳᠤᠨ ᠠᠪᠠᠨ᠋ᠥ ᠲᠥᠷᠥᠯ ᠵᠦᠢ᠍ᠯ᠎ᠳᠤ ᠠ᠋ᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠥ ᠬᠡᠷᠡᠭᠯᠡᠬᠦ ᠮᠥᠷᠲᠡᠭᠡᠨ ᠪᠠᠰᠠ ᠠ᠋ᠳ᠋᠎ᠤᠨ ᠵᠠᠰᠠᠭ᠎ᠤᠨ ᠪᠣᠰᠤ ᠴᠢᠨᠠᠷᠲᠠᠶ ᠪᠠᠯᠠ ᠮᠥᠩᠭᠥ ᠵᠢ ᠬᠡᠷᠡᠭᠯᠡᠬᠦ ᠦᠶᠡᠰ᠎ᠲᠤ ᠠ᠋ᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠥ᠎ᠪᠠᠷ ᠬᠤᠳᠠᠯᠳᠤᠨ ᠠᠪᠬᠤ ᠬᠡᠰᠡᠭ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠴᠢ ᠲᠤᠰ ᠳᠦᠷᠢᠮ᠎ᠢ ᠬᠡᠷᠡᠭᠯᠡᠬᠦ᠎ᠳᠤ ᠳᠣᠬᠢᠷᠠᠨ᠎ᠠ; ᠠ᠋ᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠥ ᠪᠣᠯᠤᠨ ᠠ᠋ᠳ᠋᠎ᠤᠨ ᠵᠠᠰᠠᠭ᠎ᠤᠨ ᠪᠣᠰᠤ ᠴᠢᠨᠠᠷᠲᠠᠶ ᠪᠡᠯᠡ ᠮᠥᠩᠭᠥ ᠵᠢ ᠬᠣᠪᠢᠶᠠᠨ ᠬᠤᠳᠠᠯᠳᠤᠨ ᠠᠪᠴᠦ ᠳᠡᠢ᠌ᠯᠬᠦ ᠦᠭᠡᠢ ᠪᠣᠯ ᠨᠢᠭᠡᠳᠦᠯᠲᠡᠶ᠎ᠪᠠᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠪᠠ ᠲᠤᠰ ᠲᠦᠷᠢᠮ᠎ᠤᠨ ᠬᠡᠷᠡᠭᠯᠡᠬᠦ᠎ᠳᠤ ᠳᠣᠬᠢᠷᠠᠨ᠎ᠠ᠃
      ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠬᠣᠶᠠᠳᠤᠭ᠋ᠠᠷ ᠵᠦᠢ᠍ᠯ᠎ᠳᠤ ᠬᠡᠯᠡᠵᠦ ᠪᠠᠶ᠋ᠢᠭ᠎ᠠ ᠦᠢ᠍ᠯᠡᠴᠢᠯᠡᠭᠡ᠎ᠳᠤ ᠵᠠᠰᠠᠭ᠎ᠤᠨ ᠣᠷᠳᠣᠨ᠎ᠤ ᠥᠪᠡᠷ᠎ᠤᠨ ᠬᠡᠷᠡᠭᠴᠡᠭᠡ ᠵᠢ ᠬᠠᠩᠭ᠋ᠠᠬᠤ ᠦᠢ᠍ᠯᠡᠴᠢᠯᠡᠭᠡ ᠪᠠ ᠵᠠᠰᠠᠭ᠎ᠤᠨ ᠣᠷᠳᠣᠨ᠎ᠠᠴᠠ ᠨᠡᠶ᠋ᠢᠭᠡᠮ ᠨᠡᠶ᠋ᠢᠲᠡ᠎ᠳᠤ ᠬᠠᠩᠭ᠋ᠠᠬᠤ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠪᠠᠬᠳᠠᠭ᠋ᠠᠨ᠎ᠠ᠃
      ᠭᠤᠷᠪᠠᠳᠤᠭ᠋ᠠᠷ ᠵᠦᠢ᠍ᠯ᠂ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠲᠤ ᠲᠦᠪᠯᠡᠷᠡᠭᠦᠯᠦᠨ ᠬᠣᠳᠠᠯᠳᠣᠨ ᠠᠪᠬᠣ ᠪᠠᠶ᠋ᠢᠭᠤᠯᠤᠮᠵᠢ ᠵᠢᠨ ᠬᠤᠳᠠᠯᠳᠤᠨ ᠠᠪᠬᠤ ᠵᠦᠢ᠍ᠯᠡᠰ ᠪᠠ ᠰᠠᠯᠠᠭ᠎ᠠ ᠮᠦᠴᠢᠷ᠎ᠤᠨ ᠲᠥᠪᠯᠡᠷᠡᠭᠦᠯᠦᠨ ᠬᠤᠳᠠᠯᠳᠤᠨ ᠵᠦᠢ᠍ᠯᠡᠰ᠎ᠢ ᠪᠠᠬᠳᠠᠭ᠋ᠠᠨ᠎ᠠ᠃
      ᠮᠡᠷᠭᠡᠵᠢᠯ᠂ ᠦᠢ᠍ᠯᠡᠴᠢᠯᠡᠭᠡ ᠵᠡᠷᠭᠡ ᠵᠢᠨ ᠪᠠᠷᠢᠮᠵᠢᠶ᠎ᠠ᠎ᠨᠢ ᠨᠢᠭᠡᠳᠦᠯᠲᠡᠶ᠂ ᠬᠤᠳᠠᠯᠳᠤᠨ ᠠᠪᠤᠭᠴᠢ ᠵᠢᠨ ᠨᠡᠶ᠋ᠢᠳᠡᠮ ᠬᠡᠷᠡᠭᠯᠡᠬᠦ ᠲᠦᠷᠦᠯ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ ᠵᠢᠨ ᠬᠤᠳᠠᠯᠳᠤᠨ ᠠᠪᠬᠤ ᠵᠦᠢ᠍ᠯᠡᠰ᠎ᠲᠤ ᠣᠷᠣᠭᠣᠯᠣᠨ᠎ᠠ; ᠬᠤᠳᠠᠯᠳᠤᠨ ᠠᠪᠤᠭᠴᠢ ᠵᠢᠨ ᠲᠤᠰ ᠰᠠᠯᠠᠭ᠎ᠠ ᠮᠥᠴᠢᠷ᠂ ᠲᠤᠰ ᠰᠢᠰᠲ᠋ᠧᠮ᠎ᠨᠢ ᠲᠤᠬᠠᠶ᠋ᠢᠯᠠᠭᠰᠠᠨ ᠠᠵᠢᠯ᠎ᠤᠨ ᠬᠡᠷᠡᠭᠰᠡᠬᠦ ᠣᠨᠴᠠᠭ᠋ᠠᠶ ᠱᠠᠭ᠋ᠠᠷᠳᠠᠯᠭ᠎ᠠ ᠵᠢ ᠦᠨᠳᠦᠰᠦᠯᠡᠨ ᠬᠤᠳᠠᠯᠳᠤᠨ ᠠᠪᠬᠤ ᠲᠥᠷᠥᠯ ᠵᠦᠢ᠍ᠯ᠎ᠢ ᠨᠢᠭᠡᠳᠦᠯᠲᠡᠶ ᠪᠣᠯᠭ᠋ᠠᠵᠦ᠂ ᠰᠠᠯᠠᠭ᠎ᠠ ᠮᠥᠴᠢᠷ᠎ᠤᠨ ᠲᠥᠪᠯᠡᠷᠡᠭᠦᠯᠦᠨ ᠬᠤᠳᠠᠯᠳᠤᠨ ᠠᠪᠠᠨ᠋ᠥ ᠲᠥᠷᠥᠯ ᠵᠦᠢ᠍ᠯ᠎ᠳᠤ ᠣᠷᠣᠭᠣᠯᠣᠨ᠎ᠠ᠃
      ᠳᠥᠷᠪᠡᠳᠦᠭᠡᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠳᠤ ᠬᠡᠯᠡᠵᠦ ᠪᠠᠶ᠋ᠢᠭ᠎ᠠ ᠲᠥᠪᠯᠡᠷᠡᠭᠦᠯᠦᠨ ᠬᠤᠳᠠᠯᠳᠤᠨ ᠠᠪᠬᠤ ᠭᠡᠳᠡᠭ ᠪᠣᠯ ᠬᠤᠳᠠᠯᠳᠤᠨ ᠠᠪᠤᠭᠴᠢ᠎ᠠᠴᠠ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠲᠤ ᠣᠷᠣᠭᠤᠯᠤᠭᠰᠠᠨ ᠵᠦᠢ᠍ᠯᠡᠰ᠎ᠢ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ᠎ᠳᠤ ᠨᠠᠶ᠋ᠢᠳᠠᠵᠤ ᠣᠷᠣᠯᠠᠭᠤᠯᠤᠨ ᠬᠤᠳᠠᠯᠳᠤᠨ ᠠᠪᠬᠤ ᠪᠤᠶᠤ ᠰᠠᠯᠠᠭ᠎ᠠ ᠮᠥᠴᠢᠷ ᠲᠥᠪᠯᠡᠷᠡᠭᠦᠯᠦᠨ ᠬᠤᠳᠠᠯᠳᠤᠨ ᠠᠪᠬᠤ ᠦᠢ᠍ᠯᠡ ᠠᠵᠢᠯᠯᠠᠭ᠎ᠠ ᠵᠢ ᠵᠢᠭ᠋ᠠᠵᠤ ᠪᠠᠶ᠋ᠢᠨ᠎ᠠ; ᠬᠡᠯᠡᠵᠦ ᠪᠠᠶ᠋ᠢᠭ᠎ᠠ ᠲᠠᠷᠠᠬᠠᠶ ᠪᠤᠲᠠᠷᠬᠠᠶ᠎ᠪᠠᠷ ᠬᠤᠳᠠᠯᠳᠤᠨ ᠠᠪᠬᠤ ᠭᠡᠳᠡᠭ᠎ᠨᠢ ᠬᠤᠳᠠᠯᠳᠤᠨ ᠠᠪᠬᠤ ᠬᠥᠮᠦᠨ᠎ᠠᠴᠠ ᠬᠤᠳᠠᠯᠳᠤᠨ ᠠᠪᠬᠤ ᠵᠢ ᠬᠢᠵᠠᠭ᠋ᠠᠷᠯᠠᠭᠰᠠᠨ ᠲᠣᠭ᠎ᠠ ᠪᠠᠷᠢᠮᠵᠢᠶᠠᠨ᠎ᠠᠴᠠ ᠳᠡᠭᠡᠭᠰᠢᠬᠢ ᠵᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠵᠦᠢ᠍ᠯᠡᠰ᠎ᠲᠤ ᠣᠷᠣᠭᠤᠯᠤᠭᠰᠠᠨ ᠦᠭᠡᠢ᠂ ᠥᠪᠡᠰᠦᠪᠡᠨ ᠬᠤᠳᠠᠯᠳᠤᠨ ᠠᠪᠬᠤ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠨᠠᠶ᠋ᠢᠳᠠᠵᠤ ᠣᠷᠣᠯᠠᠭᠤᠯᠤᠨ ᠬᠤᠳᠠᠯᠳᠤᠨ ᠠᠪᠬᠤ ᠦᠢ᠍ᠯᠡ ᠠᠵᠢᠯᠯᠠᠭ᠎ᠠ ᠵᠢ ᠵᠢᠭ᠋ᠠᠵᠤ ᠪᠠᠶ᠋ᠢᠨ᠎ᠠ᠃
      ᠲᠠᠪᠤᠳᠤᠭ᠋ᠠᠷ ᠵᠦᠢ᠍ᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠠ᠋ᠷᠬᠡ ᠣᠯᠭᠣᠭᠰᠠᠨ ᠪᠠᠶ᠋ᠢᠭᠤᠯᠤᠮᠵᠢ᠎ᠠᠴᠠ ᠪᠣᠳᠠᠲᠤ ᠪᠠᠶ᠋ᠢᠳᠠᠯ᠎ᠢ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠬᠡᠪᠴᠢᠶᠡᠨ᠎ᠤ ᠮᠤᠵᠢ ᠵᠢᠨ ᠱᠠᠲᠤ᠂ ᠲᠣᠭᠣᠷᠢᠭ ᠪᠦᠬᠦᠢ ᠬᠣᠲᠠ ᠵᠢᠨ   ᠱᠠᠲᠤ᠂ ᠰᠢᠶᠠᠨ᠎ᠤ ᠱᠠᠲᠤᠨ᠎ᠳᠤ ᠲᠣᠰ ᠪᠦᠷᠢ ᠲᠣᠬᠢᠷᠠᠯᠴᠠᠬᠣ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠪᠣᠯᠤᠨ ᠬᠤᠳᠠᠯᠳᠤᠨ ᠠᠪᠬᠤ ᠵᠢᠨ ᠬᠢᠵᠠᠭ᠋ᠠᠷᠯᠠᠭᠰᠠᠨ ᠲᠣᠭ᠋ᠠᠨ᠎ᠤ ᠪᠠᠷᠢᠮᠵᠢᠶ᠎ᠠ ᠵᠢ ᠲᠣᠭᠲᠠᠭ᠋ᠠᠵᠤ ᠪᠣᠯᠤᠨ᠎ᠠ᠃
      ᠵᠢᠷᠭᠤᠳᠤᠭ᠋ᠠᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠤᠯᠤᠰ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢ ᠦᠨᠳᠦᠰᠦᠯᠡᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠮᠲᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠦᠷᠦ ᠵᠢᠨ ᠪᠤᠳᠤᠯᠭ᠎ᠠ ᠵᠢ ᠲᠣᠭᠲᠠᠭ᠋ᠠᠵᠤ᠂ ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ ᠵᠢᠨ ᠪᠠᠷᠢᠮᠵᠢᠶ᠎ᠠ᠂ ᠬᠤᠳᠠᠯᠳᠤᠨ ᠠᠪᠠᠨ᠋ᠥ ᠬᠤᠪᠢ ᠵᠢ ᠤᠷᠢᠳᠴᠢᠯᠠᠨ ᠦᠯᠡᠳᠡᠭᠡᠬᠦ᠂ ᠦᠨ᠎ᠡ ᠬᠠᠩᠰᠢ ᠵᠢ ᠬᠢᠨᠠᠨ ᠲᠣᠭᠲᠠᠭ᠋ᠠᠬᠤ ᠬᠠᠷᠠᠭ᠋ᠠᠯᠵᠠᠯ᠂ ᠤᠷᠢᠳᠠᠪᠠᠷ ᠬᠤᠳᠠᠯᠳᠤᠨ ᠠᠪᠠᠨ᠋ᠥ ᠵᠡᠷᠭᠡ ᠠᠷᠭ᠎ᠠ ᠬᠡᠮᠵᠢᠶ᠎ᠡ᠂ ᠠ᠋ᠨᠧᠷᠭᠢ ᠵᠢᠨ ᠰᠤᠷᠪᠤᠯᠵᠢ ᠵᠢ ᠠᠷᠪᠢᠯᠠᠬᠤ᠂ ᠣᠷᠴᠢᠨ ᠠᠬᠤᠶ ᠵᠢ ᠬᠠᠮᠠᠭ᠋ᠠᠯᠠᠬᠤ᠂ ᠬᠥᠭᠵᠢᠭᠡᠳᠦᠶ ᠭᠠᠵᠠᠷ ᠣᠷᠣᠨ ᠪᠠ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠢ ᠲᠡᠳᠬᠦᠨ ᠳᠡᠮᠵᠢᠬᠦ᠂ ᠳᠤᠮᠳᠠ ᠵᠢᠵᠢᠭ ᠠᠵᠤ ᠠᠬᠤᠶ᠋ᠢᠯᠠᠯ᠎ᠤᠨ ᠬᠥᠭᠵᠢᠯᠲᠡ ᠵᠢ ᠠᠬᠢᠭᠤᠯᠬᠤ ᠵᠡᠷᠭᠡ ᠬᠠᠷᠠᠯᠲᠠ ᠵᠢ ᠳᠣᠬᠳᠠᠭ᠋ᠠᠨ᠎ᠠ᠃
      ᠳᠣᠯᠣᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠᠷᠢᠯᠭ᠎ᠠ ᠵᠢᠴᠢ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ᠎ᠯᠤᠭ᠎ᠠ ᠬᠠᠮᠢᠶᠠᠲᠠᠶ ᠪᠠᠷᠠᠭ᠎ᠠ᠂   ᠦᠢ᠍ᠯᠡᠴᠢᠯᠡᠭᠡ᠂ ᠳᠠᠭ᠋ᠠᠭ᠋ᠠᠴᠢᠯᠠᠯᠲᠠ ᠵᠠᠷᠯᠠᠬᠤ ᠬᠡᠯᠪᠡᠷᠢ᠎ᠪᠠᠷ ᠬᠤᠳᠠᠯᠳᠤᠨ ᠠᠪᠬᠤ᠎ᠳᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠠᠤᠯᠢ》 ᠪᠣᠯᠤᠨ ᠲᠡᠭᠦᠨ᠎ᠢ ᠬᠡᠷᠡᠭᠵᠢᠭᠦᠯᠬᠦ ᠳᠦᠷᠢᠮ᠎ᠢ ᠬᠡᠷᠡᠭᠯᠡᠨ᠎ᠡ; ᠪᠤᠰᠤᠳ ᠬᠡᠯᠪᠡᠷᠢ᠎ᠪᠠᠷ ᠬᠤᠳᠠᠯᠳᠤᠨ ᠠᠪᠤᠭᠰᠠᠨ ᠪᠠᠶ᠋ᠢᠪᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠴᠢ ᠲᠤᠰ ᠲᠦᠷᠢᠮ᠎ᠢ ᠬᠡᠷᠡᠭᠯᠡᠨ᠎ᠡ᠃
      ᠠ᠋ᠮᠦᠨᠡᠬᠢ ᠪᠠᠳᠠᠭ᠎ᠲᠤ ᠬᠡᠯᠡᠵᠦ ᠪᠠᠶ᠋ᠢᠭ᠎ᠠ ᠪᠠᠷᠢᠯᠭ᠎ᠠ ᠵᠢᠨ ᠠᠵᠢᠯ ᠠᠵᠢᠯ ᠭᠡᠳᠡᠭ ᠪᠣᠯ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ᠂ ᠠ᠋ᠭᠦᠨ᠎ᠳᠤ ᠪᠠᠷᠢᠯᠭ᠎ᠠ ᠪᠠ ᠪᠠᠷᠢᠯᠭ᠎ᠠ ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠵᠢᠴᠢ ᠲᠡᠭᠦᠨ᠎ᠤ ᠬᠣᠯᠪᠣᠭᠳᠠᠯ ᠪᠦᠬᠦᠢ ᠵᠠᠰᠠᠯ ᠴᠢᠮᠡᠭᠯᠡᠯ᠂ ᠠᠷᠢᠯᠭ᠋ᠠᠬᠤ᠂ ᠵᠠᠰᠠᠨ ᠰᠡᠯᠪᠢᠬᠦ ᠵᠡᠷᠭᠡ ᠵᠢ ᠪᠠᠭᠲᠠᠨ᠎ᠠ; ᠬᠡᠯᠡᠵᠦ ᠪᠠᠶ᠋ᠢᠭ᠎ᠠ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ᠎ᠯᠤᠭ᠎ᠠ ᠬᠠᠮᠢᠶᠠᠲᠠᠶ ᠪᠠᠷᠠᠭ᠎ᠠ ᠭᠡᠳᠡᠭ᠎ᠨᠢ ᠪᠠᠷᠢᠯᠭ᠎ᠠ ᠵᠢᠨ ᠳᠤᠲᠠᠭᠳᠠᠵᠤ ᠪᠣᠯᠤᠰᠢ ᠦᠭᠡᠶ ᠪᠦᠷᠢᠯᠳᠦᠬᠦᠨ ᠬᠡᠰᠡᠭ ᠪᠠᠢ᠌ᠬᠣ ᠮᠥᠷᠲᠡᠭᠡᠨ ᠪᠠᠷᠢᠯᠭ᠎ᠠ ᠵᠢ ᠦᠨᠳᠦᠰᠦᠨ᠎ᠳᠡᠭᠡᠨ ᠪᠡᠶᠡᠯᠡᠭᠦᠯᠬᠦ ᠴᠢᠳᠠᠪᠤᠷᠢ ᠵᠢᠨ ᠱᠠᠭ᠋ᠠᠷᠳᠠᠭᠳᠠᠬᠤ ᠳᠤᠨᠤᠭ ᠲᠥᠬᠥᠭᠡᠷᠦᠮᠵᠢ᠂ ᠮᠠᠲ᠋ᠧᠷᠢᠶᠠᠯ ᠵᠡᠷᠭᠡ ᠵᠢ ᠵᠢᠭ᠋ᠠᠨ᠎ᠠ; ᠬᠡᠯᠡᠵᠦ ᠪᠠᠶ᠋ᠢᠭ᠎ᠠ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ᠎ᠯᠤᠭ᠎ᠠ ᠬᠠᠮᠢᠶᠠᠲᠠᠶ ᠦᠢ᠍ᠯᠡᠴᠢᠯᠡᠭᠡ ᠭᠡᠳᠡᠭ᠎ᠨᠢ ᠪᠠᠷᠢᠯᠭ᠎ᠠ ᠵᠢ ᠪᠡᠶᠡᠯᠡᠭᠦᠯᠬᠦ ᠵᠢᠨ ᠲᠥᠯᠥᠭᠡ ᠢᠨᠵᠧᠨᠧᠷᠢᠩ᠎ᠳᠤ ᠬᠡᠷᠡᠭᠰᠡᠬᠦ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ᠂ ᠬᠢᠨᠠᠵᠤ ᠬᠠᠮᠢᠶᠠᠷᠬᠤ ᠵᠡᠷᠭᠡ ᠦᠢ᠍ᠯᠡᠴᠢᠯᠡᠭᠡ ᠵᠢ ᠬᠠᠩᠭ᠋ᠠᠬᠤ ᠵᠢ ᠵᠢᠭ᠋ᠠᠨ᠎ᠠ᠃
      ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠᠷᠢᠯᠭ᠎ᠠ ᠵᠢᠴᠢ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ᠎ᠯᠤᠭ᠎ᠠ ᠬᠠᠮᠢᠶᠠᠲᠠᠶ ᠪᠠᠷᠠᠭ᠎ᠠ᠂ ᠦᠢ᠍ᠯᠡᠴᠢᠯᠡᠭᠡ᠎ᠳᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠬᠡᠷᠡᠭᠲᠡᠶ᠃
      ᠨᠠᠢ᠍ᠮᠠᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠤᠨ ᠮᠡᠳᠡᠭᠡ ᠵᠠᠩᠭᠢ ᠵᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠵᠠᠭᠤᠴᠢᠯᠠᠭᠤᠷ ᠳᠡᠭᠡᠷ᠎ᠡ ᠨᠡᠶ᠋ᠢᠲᠡᠯᠡᠬᠦ ᠬᠡᠷᠡᠭᠲᠡᠶ᠃ ᠬᠤᠳᠠᠯᠳᠤᠨ ᠠᠪᠬᠤ ᠲᠥᠷᠥᠯ ᠵᠦᠢ᠍ᠯ᠎ᠤᠨ ᠲᠥᠰᠦᠪ᠎ᠤᠨ ᠮᠥᠩᠭᠥ ᠵᠢᠨ ᠲᠣᠭ᠎ᠠ᠎ᠨᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠠᠷᠢᠮᠵᠢᠶ᠎ᠠ᠎ᠳᠤ ᠬᠦᠷᠪᠡᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠤᠨ ᠮᠡᠳᠡᠭᠡ ᠵᠠᠩᠭᠢ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠵᠠᠭᠤᠴᠢᠯᠠᠭᠤᠷ ᠳᠡᠭᠡᠷ᠎ᠡ ᠨᠡᠶ᠋ᠢᠲᠡᠯᠡᠬᠦ ᠬᠡᠷᠡᠭᠲᠡᠶ᠃
      ᠶᠢᠰᠦᠳᠦᠭᠡᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠳᠤᠮᠳᠠ ᠬᠤᠳᠠᠯᠳᠤᠨ ᠠᠪᠬᠤ ᠠᠵᠢᠯᠳᠠᠨ ᠵᠢᠴᠢ ᠬᠣᠯᠪᠣᠭᠳᠠᠯ ᠪᠦᠬᠦᠢ ᠠᠵᠢᠯᠲᠠᠳ᠎ᠨᠢ ᠬᠠᠩᠭ᠋ᠠᠭᠴᠢ ᠬᠤᠳᠠᠯᠳᠤᠭ᠋ᠠᠴᠢᠨ᠎ᠲᠠᠢ ᠳᠣᠣᠷ᠎ᠠ ᠵᠢᠭᠰᠠᠭ᠋ᠠᠭᠰᠠᠨ ᠠᠰᠢᠭ ᠬᠣᠣᠷ᠎ᠤᠨ ᠬᠠᠷᠢᠴᠠᠭ᠎ᠠ᠎ᠤ ᠨᠢᠭᠡ᠎ᠨᠢ ᠪᠠᠶ᠋ᠢᠪᠠᠯ ᠵᠠᠶ᠋ᠢᠯᠠᠬᠤ ᠬᠡᠷᠡᠭᠲᠡᠶ᠄
     (ᠨᠢᠭᠡ) ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠣ ᠵᠢᠨ ᠠ᠋ᠮᠦᠨᠡᠬᠢ 3 ᠵᠢᠯ᠎ᠤᠨ ᠳᠣᠲᠣᠷ᠎ᠠ᠎ᠨᠢ ᠬᠠᠩᠭ᠋ᠠᠭᠴᠢ ᠬᠤᠳᠠᠯᠳᠤᠭ᠋ᠠᠴᠢᠨ᠎ᠲᠠᠢ ᠬᠥᠳᠡᠯᠮᠦᠷᠢ ᠵᠢᠨ ᠬᠠᠷᠢᠴᠠᠭ᠎ᠠ ᠣᠷᠣᠰᠢᠵᠤ ᠪᠠᠶ᠋ᠢᠬᠤ;
     (ᠬᠣᠶᠠᠷ) ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠣ ᠵᠢᠨ ᠠ᠋ᠮᠦᠨᠡᠬᠢ 3 ᠵᠢᠯ᠎ᠤᠨ ᠳᠣᠲᠣᠷ᠎ᠠ᠎ᠨᠢ ᠬᠠᠩᠭ᠋ᠠᠭᠴᠢ ᠬᠣᠳᠠᠯᠳᠣᠭᠴᠢ ᠵᠢᠨ ᠬᠡᠷᠡᠭ ᠮᠡᠳᠡᠭᠴᠢ᠂ ᠬᠡᠷᠡᠭ ᠬᠢᠨᠠᠭᠴᠢ ᠪᠠᠢ᠌ᠬᠰᠡᠨ;
     (ᠭᠤᠷᠪᠠ) ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠣ ᠵᠢᠨ ᠠ᠋ᠮᠦᠨᠡᠬᠢ 3 ᠵᠢᠯ᠎ᠤᠨ ᠳᠣᠲᠣᠷ᠎ᠠ᠎ᠨᠢ ᠬᠠᠩᠭ᠋ᠠᠭᠴᠢ ᠬᠣᠳᠠᠯᠳᠣᠭᠴᠢ ᠵᠢᠨ ᠬᠤᠪᠢ ᠡᠵᠡᠮᠳᠡᠬᠦ ᠬᠤᠪᠢ ᠣᠷᠣᠭᠤᠯᠤᠭᠴᠢ ᠪᠤᠶᠤ ᠪᠣᠳᠠᠲᠠᠶ ᠡᠵᠡᠮᠳᠡᠭᠴᠢ ᠪᠠᠢ᠌ᠬᠰᠡᠨ;
     (ᠳᠥᠷᠪᠡ) ᠬᠠᠩᠭ᠋ᠠᠭᠴᠢ ᠬᠤᠳᠠᠯᠳᠤᠭ᠋ᠠᠴᠢᠨ᠎ᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭ᠋ᠠᠲᠠᠨ᠎ᠲᠠᠢ ᠡᠷ᠎ᠡ ᠡᠮ᠎ᠡ᠂ ᠰᠢᠭᠤᠳ ᠴᠢᠰᠤᠨ ᠲᠦᠷᠦᠯ᠂ ᠭᠤᠷᠪᠠᠨ ᠦᠶ᠎ᠡ ᠵᠢᠨ ᠳᠣᠲᠣᠷᠠᠬᠢ ᠦᠶᠡᠯᠢᠳ ᠴᠢᠰᠤᠨ ᠲᠥᠷᠦᠯ ᠪᠤᠶᠤ ᠣᠶ᠋ᠢᠷ᠎ᠠ ᠣᠷᠤᠭ ᠰᠠᠳᠤᠨ᠎ᠤ ᠬᠠᠷᠢᠴᠠᠭ᠎ᠠ᠎ᠲᠠᠢ ᠪᠠᠶ᠋ᠢᠬᠤ;
     (ᠲᠠᠪᠤ) ᠬᠠᠩᠭ᠋ᠠᠭᠴᠢ ᠬᠤᠳᠠᠯᠳᠤᠭ᠋ᠠᠴᠢᠨ᠎ᠲᠠᠢ ᠪᠤᠰᠤᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠲᠥᠪ ᠭᠣᠣᠯᠴᠢ᠂ ᠡᠷᠬᠡ ᠲᠡᠭᠰᠢ ᠪᠠᠶ᠋ᠢᠬᠤ ᠵᠢ ᠨᠥᠯᠥᠭᠡᠯᠡᠵᠦ ᠮᠡᠳᠡᠬᠦ ᠬᠠᠷᠢᠴᠠᠭ᠎ᠠ ᠪᠠᠢ᠌ᠬᠣ᠃
      ᠬᠠᠩᠭ᠋ᠠᠭᠴᠢ ᠬᠤᠳᠠᠯᠳᠤᠭ᠋ᠠᠴᠢᠨ᠎ᠨᠢ ᠬᠤᠳᠠᠯᠳᠤᠨ ᠠᠪᠬᠤ ᠠᠵᠢᠯᠳᠠᠨ ᠵᠢᠴᠢ ᠬᠣᠯᠪᠣᠭᠳᠠᠯ ᠪᠦᠬᠦᠢ ᠠᠵᠢᠯᠲᠠᠳ᠎ᠢ ᠪᠤᠰᠤᠳ ᠬᠠᠩᠭ᠋ᠠᠭᠴᠢ ᠬᠤᠳᠠᠯᠳᠤᠭ᠋ᠠᠴᠢᠨ᠎ᠯᠤᠭ᠎ᠠ ᠠᠰᠢᠭ ᠬᠣᠣᠷ᠎ᠤᠨ ᠬᠠᠷᠢᠴᠠᠭ᠎ᠠ᠎ᠲᠠᠢ ᠭᠡᠵᠦ ᠦᠵᠡᠵᠦ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠪᠢᠴᠢᠭ ᠵᠶ᠋ᠡᠷ ᠵᠠᠶ᠋ᠢᠯᠠᠭᠤᠯᠬᠤ ᠭᠤᠶᠤᠴᠢᠯᠠᠯ ᠳᠤᠷᠠᠳᠴᠤ ᠪᠣᠯᠤᠨ᠎ᠠ᠂ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠴᠠᠭ ᠲᠤᠬᠠᠶ᠎ᠳᠤᠨᠢ ᠵᠠᠶ᠋ᠢᠯᠠᠭᠤᠯᠬᠤ᠎ᠪᠠᠷ ᠭᠤᠶᠤᠴᠢᠯᠠᠭᠳᠠᠭᠰᠠᠨ ᠬᠥᠮᠦᠨ᠎ᠠᠴᠠ ᠯᠠᠪᠯᠠᠨ ᠠᠰᠠᠭᠤᠵᠤ᠂ ᠠᠰᠢᠭ ᠬᠣᠣᠷ᠎ᠤᠨ ᠬᠠᠷᠢᠴᠠᠭ᠎ᠠ᠎ᠲᠠᠢ   ᠪᠠᠢ᠌ᠪᠠᠯ᠂ ᠵᠠᠶ᠋ᠢᠯᠠᠭᠤᠯᠬᠤ᠎ᠪᠠᠷ ᠭᠤᠶᠤᠴᠢᠯᠠᠭᠳᠠᠭᠰᠠᠨ ᠠᠵᠢᠯᠲᠠᠨ ᠵᠠᠶ᠋ᠢᠯᠠᠬᠤ ᠬᠡᠷᠡᠭᠲᠡᠶ᠃
      ᠠᠷᠪᠠᠳᠤᠭ᠋ᠠᠷ ᠵᠦᠢ᠍ᠯ᠂ ᠤᠯᠤᠰ᠎ᠠᠴᠠ ᠨᠢᠭᠡᠳᠦᠯᠲᠡᠶ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠ᠋ᠯᠧᠺᠲᠷᠣᠨ ᠠᠷᠠᠯᠵᠢᠶᠠᠨ᠎ᠤ ᠲᠠᠪᠴᠠᠩ᠎ᠢ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠬᠡᠷᠡᠭᠵᠢᠭᠦᠯᠵᠦ᠂ ᠮᠡᠳᠡᠭᠡ ᠵᠠᠩᠭᠢ ᠵᠢᠨ ᠲᠣᠣᠷ ᠰᠦᠯᠵᠢᠶ᠎ᠡ ᠵᠢ ᠠᠰᠢᠭᠯᠠᠨ ᠠ᠋ᠯᠧᠺᠲᠷᠣᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠬᠢᠬᠦ ᠵᠢ ᠲᠦᠯᠬᠢᠨ ᠠᠬᠢᠭᠣᠯᠣᠨ᠎ᠠ᠃
      ᠬᠣᠶᠠᠳᠤᠭ᠋ᠠᠷ ᠪᠦᠯᠦᠭ     ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠲᠤᠬᠠᠶ ᠵᠢᠨ ᠬᠥᠮᠦᠨ
      ᠠᠷᠪᠠᠨ ᠨᠢᠭᠡᠳᠦᠭᠡᠷ ᠵᠦᠢ᠍ᠯ᠂ ᠬᠤᠳᠠᠯᠳᠤᠨ ᠠᠪᠤᠭᠴᠢ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠳᠤᠮᠳᠠ ᠡᠷᠬᠡᠪᠰᠢ ᠤᠯᠤᠰ ᠣᠷᠣᠨ᠎ᠤ ᠠᠰᠢᠭ ᠲᠤᠰᠠ ᠪᠠ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠢ ᠬᠠᠮᠠᠭ᠋ᠠᠯᠠᠬᠤ ᠬᠡᠷᠡᠭᠲᠡᠶ᠂ ᠴᠡᠪᠡᠷ ᠭᠣᠣᠯᠴᠢ ᠦᠨᠡᠨᠴᠢ ᠰᠢᠳᠤᠷᠭᠤ ᠪᠠᠢ᠌ᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠣᠲᠣᠭ᠋ᠠᠳᠤ ᠵᠢᠨ ᠬᠠᠮᠢᠶᠠᠷᠤᠯᠲᠠ ᠵᠢᠨ ᠲᠤᠢ᠍ᠷᠢᠮ᠎ᠢ ᠪᠠᠶ᠋ᠢᠭᠤᠯᠤᠨ᠂ ᠰᠠᠶ᠋ᠢᠲᠤᠷ ᠭᠠᠮᠨᠠᠨ ᠠᠷᠪᠢᠯᠠᠵᠦ᠂ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ᠎ᠪᠠᠷ ᠬᠤᠳᠠᠯᠳᠤᠨ ᠠᠪᠬᠤ ᠬᠡᠷᠡᠭᠴᠡᠭᠡ ᠵᠢ ᠳᠣᠬᠳᠠᠭ᠋ᠠᠨ᠎ᠠ᠃
      ᠬᠤᠳᠠᠯᠳᠤᠨ ᠠᠪᠤᠭᠴᠢ᠎ᠨᠢ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠠᠴᠠ ᠬᠦᠷᠭᠡᠭᠰᠡᠨ ᠪᠡᠯᠡᠭ᠎ᠤᠨ ᠠ᠋ᠳ᠋᠂ ᠬᠠᠷᠢᠭᠤ ᠬᠠᠷᠠᠮᠵᠢ ᠪᠤᠶᠤ ᠬᠤᠳᠠᠯᠳᠤᠨ ᠠᠪᠬᠤ ᠵᠦᠢ᠍ᠯᠡᠰ᠎ᠲᠠᠢ ᠬᠠᠮᠢᠶ᠎ᠠ ᠥᠬᠡᠶ ᠪᠤᠰᠤᠳ ᠲᠠᠸᠠᠷ᠂ ᠦᠢ᠍ᠯᠡᠴᠢᠯᠡᠭᠡ ᠵᠢ ᠨᠡᠬᠡᠨ ᠠᠪᠬᠤ ᠪᠤᠶᠤ ᠬᠦᠯᠢᠶᠡᠨ ᠠᠪᠴᠤ ᠪᠣᠯᠬᠤ ᠦᠭᠡᠢ᠃
      ᠠᠷᠪᠠᠨ ᠬᠣᠶᠠᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠳᠤ ᠬᠡᠯᠡᠵᠦ ᠪᠠᠶ᠋ᠢᠭ᠎ᠠ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠭᠡᠳᠡᠭ᠎ᠨᠢ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ ᠪᠣᠯᠤᠨ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ᠎ᠠᠴᠠ ᠭᠠᠳᠠᠨᠠᠬᠢ ᠣᠷᠣᠯᠠᠨ ᠬᠤᠳᠠᠯᠳᠤᠨ ᠠᠪᠬᠤ ᠪᠠᠶ᠋ᠢᠭᠤᠯᠤᠮᠵᠢ ᠵᠢ ᠵᠢᠭ᠋ᠠᠨ᠎ᠠ᠃
      ᠲᠥᠪᠯᠡᠷᠡᠭᠦᠯᠦᠨ ᠬᠤᠳᠠᠯᠳᠤᠨ ᠠᠪᠠᠨ᠋ᠥ ᠪᠠᠶ᠋ᠢᠭᠤᠯᠤᠮᠵᠢ ᠪᠣᠯ ᠲᠣᠭᠣᠷᠢᠭ ᠪᠠᠶ᠋ᠢᠭᠤᠯᠤᠭᠰᠠᠨ ᠬᠣᠲᠠ ᠵᠢᠨ ᠲᠠᠰ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠣᠯᠢ ᠶᠣᠰᠣᠭ᠋ᠠᠷ ᠪᠠᠶ᠋ᠢᠭᠤᠯᠤᠭᠰᠠᠨ ᠠᠰᠢᠭ ᠬᠣᠨᠵᠢᠪᠣᠷᠢ ᠵᠢᠨ ᠪᠤᠰᠤ ᠠᠵᠢᠯ ᠦᠢ᠍ᠯᠡᠰ᠎ᠤᠨ ᠬᠠᠣᠯᠢ ᠵᠢᠨ ᠠ᠋ᠷᠬᠡᠲᠡᠨ ᠪᠣᠯᠤᠨ᠎ᠠ᠂ ᠲᠥᠪᠯᠡᠷᠡᠭᠦᠯᠦᠨ ᠬᠤᠳᠠᠯᠳᠤᠨ ᠠᠪᠠᠨ᠋ᠥ ᠲᠥᠷᠥᠯ ᠵᠦᠢ᠍ᠯ᠎ᠢ ᠣᠷᠣᠯᠠᠨ ᠬᠦᠢ᠍ᠴᠡᠳᠬᠡᠬᠦ ᠵᠢ ᠬᠡᠷᠡᠭᠵᠢᠭᠦᠯᠬᠦ ᠪᠠᠶ᠋ᠢᠭᠤᠯᠤᠮᠵᠢ ᠪᠣᠯᠤᠨ᠎ᠠ᠃ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ᠎ᠨᠢ ᠬᠤᠳᠠᠯᠳᠤᠨ ᠠᠪᠤᠭᠴᠢ ᠵᠢᠨ ᠨᠠᠢ᠌ᠳᠠᠯᠭ᠎ᠠ ᠵᠢ ᠦᠨᠳᠦᠰᠦᠯᠡᠨ ᠲᠥᠪᠯᠡᠷᠡᠭᠦᠯᠦᠨ ᠬᠤᠳᠠᠯᠳᠤᠨ ᠠᠪᠠᠨ᠋ᠥ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠬᠤᠳᠠᠯᠳᠤᠨ ᠠᠪᠬᠤ ᠳᠦᠷᠢᠮ ᠶᠠᠪᠣᠴᠠ ᠵᠢ ᠲᠣᠳᠣᠷᠬᠠᠢ᠌ᠯᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠵᠣᠬᠢᠶᠠᠨ ᠪᠠᠢ᠌ᠭᠣᠯᠣᠨ᠎ᠠ᠂ ᠲᠥᠪᠯᠡᠷᠡᠭᠦᠯᠦᠨ ᠬᠤᠳᠠᠯᠳᠤᠨ ᠠᠪᠠᠨ᠋ᠥ ᠲᠥᠷᠥᠯ ᠵᠦᠢ᠍ᠯ᠎ᠢ ᠰᠢᠯᠵᠢᠭᠦᠯᠦᠨ ᠨᠠᠶ᠋ᠢᠳᠠᠵᠤ ᠪᠣᠯᠬᠤ ᠦᠭᠡᠢ᠃ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ᠎ᠠᠴᠠ ᠭᠠᠳᠠᠨᠠᠬᠢ ᠣᠷᠣᠯᠠᠨ ᠬᠤᠳᠠᠯᠳᠤᠨ ᠠᠪᠬᠤ ᠪᠠᠶ᠋ᠢᠭᠤᠯᠤᠮᠵᠢ ᠪᠣᠯ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠢ ᠬᠢᠵᠦ ᠪᠠᠶ᠋ᠢᠭ᠎ᠠ ᠨᠡᠶ᠋ᠢᠭᠡᠮ᠎ᠤᠨ ᠵᠠᠭᠤᠴᠢ ᠪᠠᠶ᠋ᠢᠭᠤᠯᠤᠮᠵᠢ ᠮᠦᠨ᠃
      ᠠᠷᠪᠠᠨ ᠭᠤᠷᠪᠠᠳᠤᠭ᠋ᠠᠷ ᠵᠦᠢ᠍ᠯ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠣᠲᠣᠭ᠋ᠠᠳᠤ ᠵᠢᠨ ᠬᠢᠨᠠᠵᠤ ᠬᠠᠮᠢᠶᠠᠷᠬᠤ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ ᠥᠷᠨᠢᠭᠦᠯᠬᠦ᠎ᠳᠤ ᠬᠡᠷᠡᠭᠰᠡᠬᠦ ᠪᠥᠬᠥᠶ ᠬᠢᠨᠠᠨ ᠲᠣᠭᠲᠠᠭ᠋ᠠᠬᠤ ᠨᠥᠬᠥᠴᠡᠯ ᠪᠠ ᠲᠥᠬᠥᠭᠡᠷᠦᠮᠵᠢ ᠵᠢ ᠪᠡᠯᠡᠳᠭᠡᠨ᠎ᠡ᠃
ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠤᠳᠠᠯᠳᠤᠨ ᠠᠪᠠᠨ᠋ᠥ ᠬᠡᠷᠡᠭᠴᠡᠭᠡ ᠵᠢ ᠳᠡᠭᠡᠭᠰᠢᠯᠡᠭᠦᠯᠦᠨ᠂ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠡᠯᠡᠯᠴᠡᠭᠡ ᠬᠢᠬᠦ ᠪᠢᠴᠢᠭ ᠮᠠᠲ᠋ᠧᠷᠢᠶᠠᠯ᠂ ᠦᠨ᠎ᠡ ᠯᠠᠪᠯᠠᠬᠤ ᠮᠡᠳᠡᠭᠳᠡᠯ᠎ᠤᠨ ᠪᠢᠴᠢᠭ᠎ᠢ ᠨᠠᠢ᠌ᠷᠠᠭᠣᠯᠣᠨ ᠳᠣᠬᠳᠠᠭ᠋ᠠᠵᠦ᠂ ᠭᠡᠷ᠎ᠡ ᠵᠢᠨ ᠪᠢᠴᠢᠭ ᠲᠣᠭᠣᠷᠪᠢᠨ ᠳᠣᠬᠳᠠᠭ᠋ᠠᠬᠣ ᠪᠠ ᠬᠤᠳᠠᠯᠳᠤᠨ ᠠᠪᠬᠤ ᠶᠠᠪᠣᠴᠠ ᠵᠢᠨ ᠲᠤᠰᠬᠠᠶ᠋ᠢᠵᠢᠭᠰᠠᠨ ᠦᠢ᠍ᠯᠡᠴᠢᠯᠡᠬᠡᠨ᠎ᠤ ᠬᠢᠷᠢ ᠬᠡᠮᠵᠢᠶ᠎ᠡ ᠵᠢ ᠰᠢᠯᠢᠳᠡᠭᠵᠢᠭᠦᠯᠦᠨ᠂ ᠬᠤᠳᠠᠯᠳᠤᠨ ᠠᠪᠤᠭᠴᠢ ᠵᠢᠨ ᠨᠠᠶ᠋ᠢᠳᠠᠵᠤ ᠲᠣᠭᠲᠠᠭ᠋ᠠᠭᠰᠠᠨ ᠬᠣᠭᠣᠴᠠᠭ᠋ᠠᠨ᠎ᠤ ᠳᠣᠲᠣᠷ᠎ᠠ ᠴᠠᠭ ᠲᠤᠬᠠᠶ᠎ᠳᠤᠨᠢ ᠬᠤᠳᠠᠯᠳᠤᠨ ᠠᠪᠤᠭᠴᠢ ᠬᠢᠭᠡᠳ ᠳᠠᠭ᠋ᠠᠭ᠋ᠠᠴᠢᠯᠠᠯᠲᠠ ᠣᠯᠤᠭᠰᠠᠨ ᠪᠤᠶᠤ ᠠᠷᠠᠯᠵᠢᠶ᠎ᠠ ᠪᠦᠲᠦᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠵᠢ ᠵᠣᠬᠢᠶᠠᠨ ᠪᠠᠶ᠋ᠢᠭᠤᠯᠵᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠳᠣᠬᠳᠠᠵᠦ᠂ ᠴᠠᠭ ᠲᠤᠬᠠᠶ᠎ᠳᠤᠨᠢ ᠬᠤᠳᠠᠯᠳᠤᠨ ᠠᠪᠤᠭᠴᠢ ᠵᠢ ᠬᠠᠪᠰᠤᠷᠤᠨ ᠬᠤᠳᠠᠯᠳᠤᠨ ᠠᠪᠬᠤ ᠵᠦᠢ᠍ᠯᠡᠰ᠎ᠢ ᠰᠢᠯᠭ᠋ᠠᠨ ᠠᠪᠣᠨ᠎ᠠ᠃
      ᠠᠷᠪᠠᠨ ᠳᠥᠷᠪᠡᠳᠦᠭᠡᠷ ᠵᠦᠢ᠍ᠯ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠥᠪ ᠪᠤᠰᠤ ᠠᠷᠭ᠎ᠠ᠎ᠪᠠᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠢ ᠠᠪᠴᠦ ᠪᠣᠯᠬᠤ ᠥᠬᠡᠶ᠂ ᠬᠤᠳᠠᠯᠳᠤᠨ ᠠᠪᠤᠭᠴᠢ᠂ ᠪᠠᠷᠠᠭ᠎ᠠ ᠬᠠᠩᠭ᠋ᠠᠬᠤ ᠬᠤᠳᠠᠯᠳᠤᠭ᠋ᠠᠴᠢᠨ᠎ᠲᠠᠢ ᠮᠠᠭᠤ ᠰᠠᠨᠠᠭ᠎ᠠ᠎ᠪᠠᠷ ᠰᠥᠯᠪᠡᠭᠡᠯᠳᠦᠨ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠠᠵᠢᠯᠯᠠᠭ᠎ᠠ ᠵᠢ ᠡᠵᠡᠮᠳᠡᠵᠦ ᠪᠣᠯᠬᠣ ᠦᠭᠡᠢ᠃
      ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠠᠵᠢᠯᠳᠠᠨ᠎ᠨᠢ ᠬᠤᠳᠠᠯᠳᠤᠨ ᠠᠪᠤᠭᠴᠢ ᠪᠣᠶᠣ ᠬᠠᠩᠭ᠋ᠠᠭᠴᠢ ᠬᠤᠳᠠᠯᠳᠤᠭ᠋ᠠᠴᠢᠨ᠎ᠤ ᠵᠣᠬᠢᠶᠠᠨ ᠪᠠᠢ᠌ᠭᠣᠯᠣᠬᠰᠡᠨ ᠵᠣᠴᠢᠯᠠᠭ᠎ᠠ᠂ ᠵᠢᠭᠤᠯᠴᠢᠯᠠᠬᠤ᠂ ᠨᠠᠭ᠋ᠠᠳᠤᠮ᠎ᠢ ᠬᠦᠯᠢᠶᠡᠨ ᠠᠪᠴᠤ ᠪᠣᠯᠬᠤ ᠦᠭᠡᠢ᠂ ᠪᠡᠯᠡᠭ ᠰᠡᠯᠲᠡ᠂ ᠪᠡᠯᠡᠨ ᠵᠣᠭᠣᠰ᠂ ᠦᠨᠡᠲᠦ ᠲᠡᠮᠳᠡᠭᠲᠦ ᠵᠡᠷᠭᠡ ᠵᠢ ᠬᠦᠯᠢᠶᠡᠠ ᠠᠪᠴᠤ ᠪᠣᠯᠬᠤ ᠤᠢ᠍ᠭᠡᠢ᠂ ᠬᠤᠳᠠᠯᠳᠤᠨ ᠠᠪᠤᠭᠴᠢ ᠪᠤᠶᠤ ᠬᠠᠩᠭ᠋ᠠᠭᠴᠢ ᠬᠤᠳᠠᠯᠳᠤᠭ᠋ᠠᠴᠢᠨ᠎ᠠᠴᠠ ᠬᠤᠪᠢ ᠬᠥᠮᠦᠨ ᠠ᠋ᠭᠦᠷᠭᠡᠯᠡᠬᠦ ᠬᠡᠷᠡᠭᠲᠡᠶ ᠵᠠᠷᠤᠳᠠᠯ᠎ᠢ ᠠᠪᠴᠦ ᠪᠣᠯᠬᠣ ᠦᠭᠡᠢ᠃
      ᠠᠷᠪᠠᠨ ᠲᠠᠪᠤᠳᠤᠭ᠋ᠠᠷ ᠵᠦᠢ᠍ᠯ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠦᠷᠦ ᠵᠢᠨ ᠪᠤᠳᠤᠯᠭ᠎ᠠ᠂ ᠬᠤᠳᠠᠯᠳᠤᠨ ᠠᠪᠬᠤ ᠲᠥᠰᠦᠪ᠂ ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃
      ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠲᠥᠷᠥ ᠵᠢᠨ ᠪᠣᠳᠣᠯᠭ᠎ᠠ᠎ᠳᠤ ᠲᠣᠭᠲᠠᠭ᠋ᠠᠭᠰᠠᠨ ᠮᠡᠷᠭᠡᠵᠢᠯ᠂ ᠦᠢ᠍ᠯᠡᠴᠢᠯᠡᠭᠡ᠂ ᠠᠮᠤᠷ ᠲᠦᠪᠰᠢᠨ ᠵᠡᠷᠭᠡ ᠵᠢᠨ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠲᠡᠢ᠃ ᠵᠠᠰᠠᠭ᠎ᠤᠨ ᠣᠷᠳᠣᠨ᠎ᠠᠴᠠ ᠨᠡᠶ᠋ᠢᠭᠡᠮ ᠨᠡᠶ᠋ᠢᠲᠡ᠎ᠳᠤ ᠬᠠᠩᠭ᠋ᠠᠬᠤ ᠣᠯᠠᠨ ᠨᠡᠶ᠋ᠢᠲᠡ ᠵᠢᠨ ᠦᠢ᠍ᠯᠡᠴᠢᠯᠡᠬᠡᠨ᠎ᠤ ᠲᠥᠷᠥᠯ ᠵᠦᠢ᠍ᠯ᠎ᠳᠤ ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ ᠵᠢ ᠲᠣᠭᠲᠠᠭ᠋ᠠᠬᠤ᠎ᠳᠠᠭᠠᠨ ᠨᠡᠶ᠋ᠢᠭᠡᠮ᠎ᠤᠨ ᠣᠯᠠᠨ ᠨᠡᠶ᠋ᠢᠲᠡ ᠵᠢᠨ ᠰᠠᠨᠠᠯ᠎ᠢ ᠬᠤᠷᠢᠶᠠᠬᠤ ᠬᠡᠷᠡᠭᠲᠡᠶ᠃ ᠮᠡᠷᠭᠡᠵᠢᠯ᠎ᠨᠢ ᠨᠠᠷᠢᠨ ᠪᠤᠳᠤᠯᠢᠶᠠᠨᠲᠠᠶ ᠪᠤᠶᠤ ᠰᠢᠨᠵᠢ ᠴᠢᠨᠠᠷ᠎ᠨᠢ ᠣᠨᠴᠠᠭ᠋ᠠᠶ ᠪᠠᠢ᠌ᠳᠠᠯ᠎ᠠᠴᠠ ᠪᠣᠰᠣᠳ᠂ ᠨᠠᠷᠢᠨ ᠬᠡᠪ ᠪᠠᠷᠢᠮᠵᠢᠶ᠎ᠠ ᠪᠤᠶᠤ ᠪᠣᠳᠠᠲᠠᠶ ᠱᠠᠭ᠋ᠠᠷᠳᠠᠯᠭ᠎ᠠ ᠵᠢ ᠲᠣᠭᠲᠠᠭ᠋ᠠᠵᠤ ᠳᠡᠶ᠋ᠢᠯᠬᠦ ᠦᠭᠡᠢ᠎ᠠᠴᠠ ᠭᠠᠳᠠᠨ᠎ᠠ᠂ ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ᠎ᠨᠢ ᠪᠦᠷᠢᠨ ᠪᠦᠲᠦᠨ ᠲᠣᠳᠣᠷᠬᠠᠢ ᠪᠠᠢ᠌ᠬᠣ ᠬᠡᠷᠡᠭᠲᠡᠢ᠃ ᠴᠢᠬᠤᠯᠠᠲᠠᠶ ᠦᠶ᠎ᠡ᠎ᠳᠤ ᠬᠣᠯᠪᠣᠭᠳᠠᠯ ᠪᠦᠬᠦᠢ ᠬᠠᠩᠭ᠋ᠠᠭᠴᠢ ᠬᠤᠳᠠᠯᠳᠤᠭ᠋ᠠᠴᠢᠨ᠂ ᠲᠤᠰᠬᠠᠶ ᠮᠡᠷᠭᠡᠵᠢᠯᠲᠡᠨ᠎ᠠᠴᠠ ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ ᠵᠢ ᠲᠣᠭᠲᠠᠭ᠋ᠠᠬᠤ᠎ᠳᠠᠭᠠᠨ ᠰᠠᠨᠠᠯ᠎ᠢ᠎ᠨᠢ ᠬᠤᠷᠢᠶᠠᠬᠤ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠬᠣᠷᠢᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠠᠶ᠋ᠢᠳᠠᠵᠤ ᠣᠷᠣᠯᠠᠨ ᠭᠦᠢ᠍ᠴᠡᠳᠬᠡᠭᠦᠯᠬᠦ ᠬᠡᠯᠡᠯᠴᠡᠭᠡᠷ᠎ᠳᠤ ᠣᠷᠣᠯᠠᠨ ᠬᠤᠳᠠᠯᠳᠤᠨ ᠠᠪᠬᠤ ᠬᠡᠪᠴᠢᠶ᠎ᠡ᠂ ᠠ᠋ᠷᠬᠡ ᠵᠢᠨ ᠬᠢᠵᠠᠭ᠋ᠠᠷ ᠪᠣᠯᠤᠨ ᠬᠤᠭᠤᠴᠠᠭ᠎ᠠ ᠵᠡᠷᠭᠡ ᠵᠢᠨ ᠪᠣᠳᠠᠲᠤ ᠵᠦᠢ᠍ᠯᠡᠰ᠎ᠢ ᠲᠣᠳᠣᠷᠬᠠᠢ᠌ᠯᠠᠨ᠎ᠠ᠃
      ᠬᠤᠳᠠᠯᠳᠤᠨ ᠠᠪᠤᠭᠴᠢ ᠬᠢᠭᠡᠳ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠨᠠᠶ᠋ᠢᠳᠠᠨ ᠣᠷᠣᠯᠠᠭᠤᠯᠬᠤ ᠬᠡᠯᠡᠯᠴᠡᠭᠡᠷ ᠶᠣᠰᠣᠭ᠋ᠠᠷ ᠥᠪᠡᠷ ᠥᠪᠡᠷ᠎ᠤᠨ ᠠ᠋ᠭᠦᠷᠭᠡ᠎ᠪᠠᠨ ᠭᠦᠢ᠍ᠴᠡᠳᠬᠡᠬᠦ ᠬᠡᠷᠡᠭᠲᠡᠶ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠣᠷᠣᠯᠠᠬᠤ ᠠ᠋ᠷᠬᠡ ᠵᠢᠨ ᠬᠡᠪᠴᠢᠶᠡᠨ᠎ᠠᠴᠠ᠎ᠪᠠᠨ ᠳᠠᠪᠠᠵᠤ ᠪᠣᠯᠬᠤ ᠦᠭᠡᠢ᠃
      ᠠᠷᠪᠠᠨ ᠳᠣᠯᠣᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ ᠬᠠᠩᠭ᠋ᠠᠭᠴᠢ ᠬᠤᠳᠠᠯᠳᠤᠭ᠋ᠠᠴᠢᠨ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠬᠣᠷᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠲᠤ ᠲᠣᠭᠲᠠᠭ᠋ᠠᠭᠰᠠᠨ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠵᠦ᠂ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
     (ᠨᠢᠭᠡ) ᠬᠠᠤᠯᠢ ᠵᠢᠨ ᠬᠥᠮᠦᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠵᠡᠩᠨᠡᠯᠲᠡ ᠵᠢᠨ ᠦᠨᠡᠮᠯᠡᠯ ᠵᠡᠷᠭᠡ ᠭᠡᠷᠡᠴᠢ ᠪᠢᠴᠢᠭ ᠮᠠᠲ᠋ᠧᠷᠢᠶᠠᠯ᠂ ᠪᠠᠶ᠋ᠢᠭ᠋ᠠᠯᠢ ᠬᠥᠮᠦᠨ᠎ᠤ ᠬᠢᠷᠢ ᠬᠡᠮ᠎ᠤᠨ ᠭᠡᠷᠡᠴᠢ;
     (ᠬᠣᠶᠠᠷ) ᠠ᠋ᠳ᠋᠎ᠤᠨ ᠶᠠᠪᠤᠳᠠᠯ᠎ᠤᠨ ᠪᠠᠶ᠋ᠢᠳᠠᠯ᠎ᠤᠨ ᠮᠡᠳᠡᠭᠦᠯᠦᠯᠲᠡ᠂ ᠭᠠᠶ᠋ᠢᠯᠢ ᠲᠠᠲᠠᠪᠤᠷᠢ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠬᠠᠤᠯᠢ ᠶᠣᠰᠣᠭ᠋ᠠᠷ ᠲᠤᠰᠢᠶᠠᠭᠰᠠᠨ ᠬᠣᠯᠪᠣᠭᠳᠠᠯ ᠪᠦᠬᠦᠢ ᠮᠠᠲ᠋ᠧᠷᠢᠶᠠᠯ;
     (ᠭᠤᠷᠪᠠ) ᠭᠡᠷ᠎ᠡ ᠵᠢ ᠭᠦᠢ᠍ᠴᠡᠳᠬᠡᠬᠦ᠎ᠳᠤ ᠵᠠᠶ᠋ᠢᠯᠠᠰᠢ ᠦᠭᠡᠢ ᠱᠠᠭ᠋ᠠᠷᠳᠠᠭᠳᠠᠬᠤ ᠳᠤᠨᠤᠭ ᠲᠥᠬᠥᠭᠡᠷᠦᠮᠵᠢ ᠪᠠ ᠲᠤᠰᠬᠠᠢ ᠮᠡᠷᠭᠡᠵᠢᠯ᠎ᠤᠨ ᠴᠢᠳᠠᠪᠤᠷᠢ ᠵᠢᠨ ᠲᠤᠬᠠᠶ ᠭᠡᠷᠡᠴᠢᠯᠡᠬᠦ ᠮᠠᠲ᠋ᠧᠷᠢᠶᠠᠯ;  
     (ᠲᠦᠷᠪᠡ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠣ᠎ᠠᠴᠠ ᠠ᠋ᠮᠦᠨᠡᠬᠢ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ᠎ᠪᠠᠨ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶ᠋ᠢᠬᠤ ᠦᠭᠡᠢ ᠪᠥᠭᠡᠳ ᠪᠢᠴᠢᠭ ᠵᠶ᠋ᠡᠷ ᠢᠯᠡᠷᠡᠭᠦᠯᠦᠭᠰᠡᠨ ᠢᠯᠡᠷᠬᠡᠶ᠋ᠢᠯᠡᠯᠲᠡ ᠪᠠᠢ᠌ᠬᠣ;
     (ᠲᠠᠪᠤ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠤᠨ ᠭᠡᠷᠡᠴᠢ ᠮᠠᠲ᠋ᠧᠷᠢᠶᠠᠯ᠃
      ᠬᠤᠳᠠᠯᠳᠤᠨ ᠠᠪᠬᠤ ᠵᠦᠢ᠍ᠯᠡᠰ᠎ᠤᠨ ᠲᠤᠬᠠᠶ ᠣᠨᠴᠠᠭ᠋ᠠᠶ ᠱᠠᠭ᠋ᠠᠷᠳᠠᠯᠭ᠎ᠠ᠎ᠲᠠᠢ ᠪᠣᠯ ᠬᠠᠩᠭ᠋ᠠᠭᠴᠢ ᠬᠤᠳᠠᠯᠳᠤᠭ᠋ᠠᠴᠢᠨ᠎ᠳᠤ ᠣᠨᠴᠠᠭ᠋ᠠᠶ ᠱᠠᠭ᠋ᠠᠷᠳᠠᠯᠭ᠎ᠠ᠎ᠲᠠᠢ ᠨᠡᠶ᠋ᠢᠴᠡᠭᠰᠡᠨ   ᠭᠡᠷᠡᠴᠢ ᠮᠠᠲ᠋ᠧᠷᠢᠶᠠᠯ ᠪᠤᠶᠤ ᠪᠠᠶ᠋ᠢᠳᠠᠯ᠎ᠤᠨ ᠲᠣᠳᠣᠷᠬᠠᠢ᠌ᠯᠠᠯ᠎ᠢ ᠬᠠᠩᠭ᠋ᠠᠬᠤ ᠬᠡᠷᠡᠭᠲᠡᠶ᠃
      ᠠᠷᠪᠠᠨ ᠨᠠᠢ᠍ᠮᠠᠳᠤᠭ᠋ᠠᠷ ᠵᠦᠢ᠍ᠯ᠂ ᠨᠢᠭᠡᠴᠡ ᠵᠢᠨ ᠬᠠᠷᠢᠭᠤᠴᠠᠯᠭ᠋ᠠᠲᠠᠨ᠎ᠨᠢ ᠠᠳᠠᠯᠢ ᠨᠢᠭᠡ ᠬᠥᠮᠦᠨ ᠪᠤᠶᠤ ᠰᠢᠭᠤᠳ ᠬᠤᠪᠢ ᠡᠵᠡᠮᠳᠡᠬᠦ᠂ ᠬᠠᠮᠢᠶᠠᠷᠬᠤ ᠬᠠᠷᠢᠴᠠᠭ᠎ᠠ᠎ᠲᠠᠢ ᠠᠳᠠᠯᠢ ᠪᠤᠰᠤ ᠬᠠᠩᠭ᠋ᠠᠭᠴᠢ ᠬᠤᠳᠠᠯᠳᠤᠭ᠋ᠠᠴᠢᠳ ᠪᠠᠢ᠌ᠪᠠᠯ᠂ ᠠᠳᠠᠯᠢ ᠨᠢᠭᠡᠨ ᠭᠡᠷ᠎ᠡ ᠵᠢᠨ ᠵᠦᠢ᠍ᠯᠡᠰ᠎ᠤᠨ ᠳᠣᠣᠷᠠᠬᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃
      ᠭᠠᠭᠴᠠ ᠢᠷᠡᠯᠳᠡ᠎ᠠᠴᠠ ᠬᠤᠳᠠᠯᠳᠤᠨ ᠠᠪᠬᠤ ᠵᠦᠢ᠍ᠯᠡᠰ᠎ᠢ ᠭᠠᠷᠭ᠋ᠠᠪᠠᠯ᠂ ᠬᠤᠳᠠᠯᠳᠤᠨ ᠠᠪᠬᠤ ᠲᠥᠷᠥᠯ ᠵᠦᠢ᠍ᠯ᠎ᠳᠤ ᠪᠦᠬᠦᠯᠢ ᠴᠣᠭᠴᠠ ᠵᠢᠨ ᠲᠥᠯᠥᠪᠯᠡᠭᠡ᠂ ᠵᠢᠷᠤᠮᠵᠢᠭᠤᠯᠤᠨ ᠨᠠᠶ᠋ᠢᠷᠠᠭᠤᠯᠤᠨ ᠵᠣᠬᠢᠶᠠᠵᠤ ᠪᠤᠶᠤ ᠲᠦᠷᠦᠯ ᠵᠦᠢ᠍ᠯ᠎ᠤᠨ ᠬᠠᠮᠢᠶᠠᠷᠤᠯᠲᠠ᠂ ᠬᠢᠨᠠᠬᠣ᠂ ᠰᠢᠯᠭ᠋ᠠᠨ ᠬᠡᠮᠵᠢᠬᠦ ᠵᠡᠷᠭᠡ ᠦᠢ᠍ᠯᠡᠴᠢᠯᠡᠭᠡ ᠵᠢ ᠬᠠᠩᠭ᠋ᠠᠵᠦ᠂ ᠲᠤᠰ ᠬᠤᠳᠠᠯᠳᠤᠨ ᠠᠪᠬᠤ ᠵᠦᠢ᠍ᠯᠡᠰ᠎ᠤᠨ ᠪᠤᠰᠤᠳ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠶ᠃
      ᠠᠷᠪᠠ ᠶᠢᠰᠦᠳᠦᠭᠡᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠬᠣᠷᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠠᠪᠤᠳᠤᠭ᠋ᠠᠷ ᠵᠤᠷᠪᠤᠰ᠎ᠲᠤ ᠬᠡᠯᠡᠵᠦ ᠪᠠᠶ᠋ᠢᠭ᠎ᠠ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠭᠡᠳᠡᠭ᠎ᠨᠢ ᠬᠠᠩᠭ᠋ᠠᠭᠴᠢ ᠬᠤᠳᠠᠯᠳᠤᠭ᠋ᠠᠴᠢᠨ ᠬᠠᠤᠯᠢ ᠵᠢ ᠵᠥᠷᠢᠴᠡᠵᠦ ᠡᠵᠡᠩᠨᠡᠭᠰᠡᠨ᠎ᠠᠴᠠ ᠪᠤᠯᠵᠤ ᠠ᠋ᠷᠡᠭᠦᠦ ᠵᠢᠨ ᠰᠢᠳᠬᠡᠯ ᠵᠶ᠋ᠡᠷ ᠰᠢᠳᠬᠡᠭᠳᠡᠭᠰᠡᠨ ᠪᠤᠶᠤ ᠵᠠᠷᠯᠢᠭᠳᠠᠵᠤ ᠪᠠᠶ᠋ᠢᠭ᠋ᠠᠳ ᠦᠢ᠍ᠯᠡᠳᠪᠦᠷᠢᠯᠡᠯ ᠠᠵᠢᠯ᠎ᠢ᠎ᠨᠢ ᠵᠣᠭᠰᠣᠭ᠋ᠠᠬᠤ᠂ ᠵᠥᠪᠰᠢᠶᠡᠷᠡᠯ᠎ᠤᠨ ᠦᠨᠡᠮᠯᠡᠯ ᠪᠤᠶᠤ ᠡᠵᠡᠩᠨᠡᠯᠲᠡ ᠵᠢᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠬᠣ᠂ ᠨᠡᠯᠢᠶᠡᠳ ᠶᠡᠬᠡ ᠲᠣᠭ᠋ᠠᠨ᠎ᠤ ᠵᠣᠭᠣᠰ ᠵᠶ᠋ᠠᠷ ᠲᠣᠷᠭ᠋ᠠᠬᠤ ᠵᠡᠷᠭᠡ ᠵᠠᠰᠠᠭ ᠵᠠᠬᠢᠷᠭ᠋ᠠᠨ᠎ᠤ ᠰᠢᠳᠬᠡᠯ ᠣᠯᠣᠭᠰᠠᠨ᠎ᠢ ᠵᠢᠭ᠋ᠠᠨ᠎ᠠ᠃
      ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ ᠬᠠᠩᠭ᠋ᠠᠭᠴᠢ ᠬᠤᠳᠠᠯᠳᠤᠭ᠋ᠠᠴᠢᠨ᠎ᠨᠢ ᠠ᠋ᠮᠦᠨᠡᠬᠢ ᠭᠤᠷᠪᠠᠨ ᠵᠢᠯ᠎ᠤᠨ ᠳᠣᠲᠣᠷ᠎ᠠ ᠬᠠᠤᠯᠢ ᠵᠢ ᠵᠥᠷᠢᠴᠡᠵᠦ ᠡᠵᠡᠩᠨᠡᠭᠰᠡᠨ᠎ᠠᠴᠠ ᠪᠤᠯᠵᠤ ᠵᠣᠬᠢᠬᠤ ᠬᠤᠭᠤᠴᠠᠭ᠋ᠠᠨ᠎ᠤ ᠳᠣᠲᠣᠷ᠎ᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠣ ᠵᠢ   ᠴᠠᠭ᠋ᠠᠵᠢᠯᠠᠵᠤ᠂ ᠬᠤᠭᠤᠴᠠᠭ᠎ᠠ᠎ᠨᠢ ᠳᠦᠭᠦᠷᠦᠭᠰᠡᠨ ᠪᠠᠶ᠋ᠢᠪᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠵᠤ ᠪᠣᠯᠤᠨ᠎ᠠ᠃
    ᠬᠣᠷᠢᠳᠤᠭ᠋ᠠᠷ ᠵᠦᠢ᠍ᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠵᠦᠢ ᠵᠤᠬᠢᠰ ᠦᠭᠡᠢ ᠨᠥᠬᠥᠴᠡᠯ ᠵᠶ᠋ᠡᠷ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠢᠯᠭ᠋ᠠᠨ ᠦᠵᠡᠭᠰᠡᠨ ᠪᠤᠶᠤ ᠭᠠᠳᠠᠭᠤᠷᠴᠢᠯᠠᠨ ᠦᠵᠡᠭᠰᠡᠨ ᠪᠠᠢ᠌ᠳᠠᠯ᠎ᠳᠤ ᠪᠠᠬᠳᠠᠨ᠎ᠠ᠄
     (ᠨᠢᠭᠡ) ᠠᠳᠠᠯᠢ ᠨᠢᠭᠡ ᠬᠤᠳᠠᠯᠳᠤᠨ ᠠᠪᠬᠤ ᠵᠦᠢ᠍ᠯᠡᠰ᠎ᠤᠨ ᠬᠠᠩᠭ᠋ᠠᠭᠴᠢ ᠬᠤᠳᠠᠯᠳᠤᠭ᠋ᠠᠴᠢᠨ᠎ᠳᠤ ᠵᠥᠷᠢᠶᠡᠲᠦ ᠲᠥᠷᠥᠯ ᠵᠦᠢ᠍ᠯ᠎ᠤᠨ ᠮᠡᠳᠡᠭᠡ ᠵᠠᠩᠭᠢ ᠬᠠᠩᠭ᠋ᠠᠬᠣ;
     (ᠬᠣᠶᠠᠷ) ᠲᠣᠭᠲᠠᠭ᠋ᠠᠭᠰᠠᠨ ᠬᠢᠷᠢ ᠬᠡᠮ᠂ ᠮᠡᠷᠭᠡᠵᠢᠯ᠂ ᠬᠤᠳᠠᠯᠳᠤᠭ᠋ᠠᠨ᠎ᠤ ᠶᠠᠪᠤᠳᠠᠯ᠎ᠤᠨ ᠨᠥᠬᠥᠴᠡᠯ᠎ᠨᠢ ᠬᠤᠳᠠᠯᠳᠤᠨ ᠠᠪᠬᠤ ᠵᠦᠢ᠍ᠯᠡᠰ᠎ᠤᠨ ᠪᠣᠳᠠᠲᠠᠶ ᠣᠨᠴᠠᠯᠢᠭ ᠪᠠ ᠪᠣᠳᠠᠲᠤ ᠬᠡᠷᠡᠭᠴᠡᠭᠡ᠎ᠲᠠᠢ ᠲᠣᠬᠢᠷᠠᠯᠴᠠᠬᠤ ᠦᠭᠡᠢ ᠪᠤᠶᠤ ᠭᠡᠷ᠎ᠡ ᠵᠢ ᠭᠦᠢ᠍ᠴᠡᠳᠬᠡᠬᠦ᠎ᠲᠠᠢ ᠬᠠᠮᠢᠶ᠎ᠠ ᠦᠭᠡᠢ ᠪᠠᠢ᠌ᠬᠣ;
     (ᠭᠤᠷᠪᠠ) ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ᠎ᠳᠠᠬᠢ ᠮᠡᠷᠭᠡᠵᠢᠯ᠂ ᠦᠢ᠍ᠯᠡᠴᠢᠯᠡᠭᠡ ᠬᠠᠩᠭ᠋ᠠᠬᠤ ᠵᠡᠷᠭᠡ ᠵᠢ   ᠣᠨᠴᠠ   ᠲᠣᠭᠲᠠᠭ᠋ᠠᠭᠰᠠᠨ   ᠪᠠᠷᠠᠭ᠎ᠠ   ᠬᠠᠩᠭ᠋ᠠᠬᠤ   ᠬᠤᠳᠠᠯᠳᠤᠭ᠋ᠠᠴᠢᠨ᠂ ᠣᠨᠴᠠ   ᠦᠢ᠍ᠯᠡᠳᠬᠦᠨ   ᠣᠷᠣᠭᠣ   ᠵᠢᠭ᠋ᠠᠬᠣ;
     (ᠲᠤᠢ᠍ᠷᠪᠡ) ᠣᠨᠴᠠᠭ᠋ᠠᠶ ᠵᠠᠰᠠᠭ ᠵᠠᠬᠢᠷᠭ᠋ᠠᠨ᠎ᠤ ᠣᠷᠣᠨ ᠪᠤᠶᠤ ᠣᠨᠴᠠᠭ᠋ᠠᠶ ᠠᠵᠢᠯ ᠲᠦᠷᠦᠯ᠎ᠤᠨ ᠠᠮᠵᠢᠯᠲᠠ ᠪᠦᠲᠦᠮᠵᠢ᠂ ᠱᠠᠩᠨᠠᠯ ᠵᠶ᠋ᠠᠷ ᠬᠤᠪᠢ ᠨᠡᠮᠡᠬᠦ ᠨᠥᠬᠥᠴᠡᠯ ᠪᠤᠶᠤ ᠳᠠᠭ᠋ᠠᠭ᠋ᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠨᠥᠬᠥᠴᠡᠯ ᠪᠣᠯᠭ᠋ᠠᠬᠣ;
     (ᠲᠠᠪᠤ) ᠬᠠᠩᠭ᠋ᠠᠭᠴᠢ ᠬᠤᠳᠠᠯᠳᠤᠭ᠋ᠠᠴᠢᠨ᠎ᠳᠤ ᠠᠳᠠᠯᠢ ᠪᠤᠰᠤ ᠬᠢᠷᠢ ᠬᠡᠮ᠎ᠤᠨ ᠬᠢᠨᠠᠨ ᠪᠠᠶ᠋ᠢᠴᠠᠭ᠋ᠠᠬᠤ ᠪᠤᠶᠤ ᠬᠢᠨᠠᠨ ᠲᠣᠭᠲᠠᠭ᠋ᠠᠬᠤ ᠪᠠᠷᠢᠮᠵᠢᠶ᠎ᠠ ᠭᠠᠷᠭ᠋ᠠᠬᠣ;
     (ᠵᠢᠷᠭᠤᠭ᠎ᠠ) ᠣᠨᠴᠠᠭ᠋ᠠᠶ ᠲᠣᠭᠲᠠᠭ᠋ᠠᠭᠰᠠᠨ ᠲᠤᠰᠬᠠᠶ ᠠᠰᠢᠭ᠂ ᠲᠠᠸᠠᠷ᠎ᠤᠨ ᠲᠡᠮᠳᠡᠭ᠂ ᠲᠡᠮᠳᠡᠭᠲᠦ ᠪᠦᠬᠦᠢ ᠲᠠᠸᠠᠷ ᠪᠤᠶᠤ ᠬᠠᠩᠭ᠋ᠠᠬᠤ ᠬᠤᠳᠠᠯᠳᠤᠭ᠋ᠠᠴᠢᠨ ᠵᠶ᠋ᠡᠷ ᠬᠢᠵᠠᠭ᠋ᠠᠷᠯᠠᠬᠤ ᠪᠤᠶᠤ ᠵᠢᠭ᠋ᠠᠨ ᠲᠣᠭᠲᠠᠭ᠋ᠠᠭᠰᠠᠨ ᠪᠠᠢ᠌ᠳᠠᠯ;
     (ᠲᠤᠯᠤᠭ᠎ᠠ) ᠬᠠᠩᠭ᠋ᠠᠭᠴᠢ ᠬᠤᠳᠠᠯᠳᠤᠭ᠋ᠠᠴᠢᠨ᠎ᠤ ᠥᠮᠴᠢᠯᠡᠯ᠎ᠤᠨ ᠬᠡᠯᠪᠡᠷᠢ᠂ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠪᠤᠶᠤ ᠰᠠᠭᠤᠭ᠎ᠠ ᠭᠠᠵᠠᠷ ᠎ᠢ ᠬᠠᠤᠯᠢ ᠪᠤᠰᠤ᠎ᠪᠠᠷ ᠬᠢᠵᠠᠭ᠋ᠠᠷᠯᠠᠬᠣ;
     (ᠨᠠᠢ᠍ᠮᠠ) ᠨᠢᠭᠤᠭᠳᠠᠮᠠᠯ ᠬᠠᠩᠭ᠋ᠠᠭᠴᠢ ᠬᠤᠳᠠᠯᠳᠤᠭ᠋ᠠᠴᠢᠨ᠎ᠢ ᠪᠤᠰᠤᠳ ᠵᠦᠢ ᠵᠤᠬᠢᠰ ᠤᠢ᠍ᠭᠡᠢ ᠨᠥᠬᠥᠴᠡᠯ ᠵᠶ᠋ᠡᠷ ᠬᠢᠵᠠᠭ᠋ᠠᠷᠯᠠᠭᠰᠠᠨ ᠪᠤᠶᠤ ᠭᠠᠳᠠᠭᠤᠷᠴᠢᠯᠠᠭᠰᠠᠨ ᠪᠠᠢ᠌ᠳᠠᠯ᠃
      ᠬᠣᠷᠢᠨ ᠨᠢᠭᠡᠳᠦᠭᠡᠷ ᠵᠦᠢ᠍ᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠠᠩᠭ᠋ᠠᠭᠴᠢ ᠬᠤᠳᠠᠯᠳᠤᠭ᠋ᠠᠴᠢᠨ᠎ᠤ ᠬᠢᠷᠢ ᠬᠡᠮ᠎ᠢ ᠤᠷᠢᠳᠴᠢᠯᠠᠨ ᠬᠢᠨᠠᠯᠲᠠ ᠬᠢᠬᠦ᠎ᠳᠤ᠂ ᠬᠢᠷᠢ ᠬᠡᠮ᠎ᠢ ᠤᠷᠢᠳᠴᠢᠯᠠᠨ ᠬᠢᠨᠠᠬᠤ ᠠᠯᠪᠠᠨ ᠵᠠᠷ᠎ᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠵᠠᠭᠤᠴᠢᠯᠠᠭᠤᠷ ᠳᠡᠭᠡᠷ᠎ᠡ ᠨᠡᠶ᠋ᠢᠲᠡᠯᠡᠬᠦ ᠬᠡᠷᠡᠭᠲᠡᠶ᠃ ᠨᠢᠭᠡᠨᠲᠡ ᠬᠢᠷᠢ ᠬᠡᠮ᠎ᠢ ᠤᠷᠢᠳᠴᠢᠯᠠᠨ ᠬᠢᠨᠠᠭᠰᠠᠨ ᠪᠠᠢ᠌ᠪᠠᠯ᠂ ᠦᠨᠡᠯᠡᠨ ᠬᠢᠨᠠᠬᠣ ᠶᠠᠪᠣᠴᠠ᠎ᠳᠤ ᠬᠠᠩᠭ᠋ᠠᠭᠴᠢ ᠬᠤᠳᠠᠯᠳᠤᠭ᠋ᠠᠴᠢᠨ᠎ᠤ ᠬᠢᠷᠢ ᠴᠢᠳᠠᠯ᠎ᠢ᠎ᠨᠢ ᠳᠠᠬᠢᠨ ᠪᠠᠢ᠌ᠴᠠᠭ᠋ᠠᠬᠣ ᠦᠭᠡᠢ᠃ ᠬᠢᠷᠢ ᠬᠡᠮ ᠬᠢᠷᠢ ᠲᠡᠩᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠦᠨᠡᠯᠡᠨ ᠬᠢᠨᠠᠬᠣ᠎ᠳᠤ ᠬᠤᠪᠢᠷᠠᠯᠲᠠ ᠭᠠᠷᠤᠭᠰᠠᠨ ᠪᠠᠶ᠋ᠢᠪᠠᠯ᠂ ᠬᠤᠳᠠᠯᠳᠤᠨ ᠠᠪᠤᠭᠴᠢ ᠬᠢᠭᠡᠳ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠮᠡᠳᠡᠭᠳᠡᠬᠦ ᠬᠡᠷᠡᠭᠲᠡᠶ᠃
      ᠬᠢᠷᠢ ᠬᠡᠮ᠎ᠢ ᠤᠷᠢᠳᠴᠢᠯᠠᠨ ᠬᠢᠨᠠᠬᠤ ᠠᠯᠪᠠᠨ ᠵᠠᠷ᠎ᠳᠤ ᠬᠤᠳᠠᠯᠳᠤᠨ ᠠᠪᠤᠭᠴᠢ ᠬᠢᠭᠡᠳ ᠬᠤᠳᠠᠯᠳᠤᠨ ᠠᠪᠬᠤ ᠵᠦᠢ᠍ᠯᠡᠰ᠎ᠤᠨ ᠨᠡᠷᠡᠶ᠋ᠢᠳᠦᠯ᠂ ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ᠂ ᠬᠠᠩᠭ᠋ᠠᠭᠴᠢ ᠬᠤᠳᠠᠯᠳᠤᠭ᠋ᠠᠴᠢᠨ᠎ᠤ ᠬᠢᠷᠢ ᠬᠡᠮ᠎ᠤᠨ ᠲᠤᠬᠠᠶ ᠱᠠᠭ᠋ᠠᠷᠳᠠᠯᠭ᠎ᠠ ᠵᠢᠴᠢ ᠬᠠᠩᠭ᠋ᠠᠯᠲᠠ ᠵᠢᠨ ᠬᠤᠳᠠᠯᠳᠤᠭ᠋ᠠᠴᠢᠨ᠎ᠤ ᠬᠢᠷᠢ ᠬᠡᠮ᠎ᠢ ᠤᠷᠢᠳᠴᠢᠯᠠᠨ ᠬᠢᠨᠠᠬᠣ ᠭᠤᠶᠤᠴᠢᠯᠠᠯ᠎ᠤᠨ ᠪᠢᠴᠢᠭ ᠮᠠᠲ᠋ᠧᠷᠢᠶᠠᠯ᠎ᠢ ᠲᠤᠰᠢᠶᠠᠬᠤ ᠴᠠᠭ ᠬᠤᠭᠤᠴᠠᠭ᠎ᠠ ᠪᠠ ᠭᠠᠵᠠᠷ ᠣᠷᠣᠨ᠎ᠢ ᠪᠠᠬᠳᠠᠭ᠋ᠠᠬᠣ ᠬᠡᠷᠡᠭᠲᠡᠢ᠃ ᠬᠢᠷᠢ ᠬᠡᠮ᠎ᠢ ᠤᠷᠢᠳᠴᠢᠯᠠᠨ ᠬᠢᠨᠠᠬᠣ ᠭᠤᠶᠤᠴᠢᠯᠠᠯ᠎ᠤᠨ ᠪᠢᠴᠢᠭ ᠮᠠᠲ᠋ᠧᠷᠢᠶᠠᠯ᠎ᠢ ᠲᠤᠰᠢᠶᠠᠬᠤ ᠴᠠᠭ᠎ᠨᠢ ᠠᠯᠪᠠᠨ   ᠵᠠᠷ   ᠨᠡᠶ᠋ᠢᠲᠡᠯᠡᠭᠰᠡᠨ   ᠠ᠋ᠳᠦᠷ ᠎ᠠᠴᠠ   ᠠ᠋ᠬᠢᠯᠡᠨ  5 ᠠᠵᠢᠯᠯᠠᠬᠤ   ᠠ᠋ᠳᠦᠷ ᠎ᠠᠴᠠ   ᠳᠤᠲᠠᠭᠤ   ᠪᠠᠶ᠋ᠢᠯᠭ᠋ᠠᠵᠤ   ᠪᠣᠯᠬᠤ ᠦᠭᠡᠢ᠃
      ᠬᠣᠷᠢᠨ ᠬᠣᠶᠠᠳᠤᠭ᠋ᠠᠷ ᠵᠦᠢ᠍ᠯ᠂ ᠬᠠᠮᠲᠤᠷᠠᠭᠰᠠᠨ ᠴᠣᠭᠴᠠ ᠵᠢᠨ ᠳᠣᠲᠣᠷ᠎ᠠ ᠠᠳᠠᠯᠢᠬᠠᠨ ᠬᠢᠷᠢ ᠭᠡᠮ᠎ᠲᠠᠢ ᠬᠠᠩᠭ᠋ᠠᠭᠴᠢ ᠬᠤᠳᠠᠯᠳᠤᠭ᠋ᠠᠴᠢᠨ ᠪᠠᠢ᠌ᠪᠠᠯ ᠬᠣᠯᠪᠣᠭ᠋ᠠᠲᠤ ᠴᠣᠭᠴᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠠᠳᠠᠯᠢ ᠠᠵᠢᠯ᠎ᠢ ᠬᠠᠷᠢᠭᠣᠴᠠᠪᠠᠯ᠂ ᠬᠢᠷᠢ ᠴᠢᠳᠠᠯ᠎ᠤᠨ ᠵᠡᠷᠭᠡ ᠳᠡᠰ᠎ᠨᠢ ᠳᠣᠣᠷ᠎ᠠ ᠰᠢᠭ᠋ ᠬᠠᠩᠭ᠋ᠠᠭᠴᠢ ᠬᠤᠳᠠᠯᠳᠤᠭ᠋ᠠᠴᠢᠨ᠎ᠢ ᠦᠨᠳᠦᠰᠦᠯᠡᠨ ᠬᠢᠷᠢ ᠴᠢᠳᠠᠯ᠎ᠤᠨ ᠵᠡᠷᠭᠡ ᠳᠡᠰ᠎ᠢ ᠳᠣᠬᠳᠠᠭ᠋ᠠᠨ᠎ᠠ᠃
      ᠬᠣᠯᠪᠣᠭ᠋ᠠᠲᠤ ᠴᠣᠭᠴᠠ ᠵᠢᠨ ᠬᠡᠯᠪᠡᠷᠢ᠎ᠪᠠᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠳᠤ᠂ ᠬᠣᠯᠪᠣᠭ᠋ᠠᠲᠤ ᠴᠣᠭᠴᠠ ᠵᠢᠨ ᠡᠯ᠎ᠡ ᠠ᠋ᠲᠡᠭᠡᠳ ᠭᠠᠭᠴᠠᠭ᠋ᠠᠷ ᠵᠶ᠋ᠠᠷ ᠣᠷᠣᠯᠴᠠᠬᠤ ᠪᠤᠶᠤ ᠪᠤᠰᠤᠳ ᠬᠠᠩᠭ᠋ᠠᠭᠴᠢ ᠬᠤᠳᠠᠯᠳᠤᠭ᠋ᠠᠴᠢᠨ᠎ᠲᠠᠢ ᠬᠠᠮᠲᠤᠷᠠᠭᠰᠠᠨ ᠴᠣᠭᠴᠠ ᠵᠢ ᠪᠦᠷᠢᠯᠳᠦᠭᠦᠯᠵᠦ ᠠᠳᠠᠯᠢ ᠨᠢᠭᠡᠨ ᠭᠡᠷ᠎ᠡ ᠵᠢᠨ ᠵᠦᠢ᠍ᠯᠡᠰ᠎ᠤᠨ   ᠳᠣᠣᠷᠠᠬᠢ   ᠵᠠᠰᠠᠭ ᠎ᠤᠨ   ᠣᠷᠳᠣᠨ᠎ᠤ   ᠬᠤᠳᠠᠯᠳᠤᠨ   ᠠᠪᠬᠤ   ᠠᠵᠢᠯᠯᠠᠭ᠎ᠠ᠎ᠳᠤ   ᠣᠷᠣᠯᠴᠠᠵᠦ ᠪᠣᠯᠬᠣ ᠦᠭᠡᠢ᠃
      ᠭᠤᠷᠪᠠᠳᠤᠭ᠋ᠠᠷ ᠪᠦᠯᠦᠭ       ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠯᠪᠡᠷᠢ
      ᠬᠣᠷᠢᠨ ᠭᠤᠷᠪᠠᠳᠤᠭ᠋ᠠᠷ ᠵᠦᠢ᠍ᠯ᠂ ᠬᠤᠳᠠᠯᠳᠤᠨ ᠠᠪᠤᠭᠴᠢ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠲᠣᠭ᠎ᠠ ᠨᠣᠷᠮ᠎ᠠ ᠵᠢᠨ ᠪᠠᠷᠢᠮᠵᠢᠶ᠎ᠠ᠎ᠠᠴᠠ ᠳᠡᠭᠡᠭᠰᠢᠬᠢ ᠪᠠᠷᠠᠭ᠎ᠠ   ᠪᠤᠶᠤ ᠦᠢ᠍ᠯᠡᠴᠢᠯᠡᠭᠡ ᠵᠢ ᠬᠤᠳᠠᠯᠳᠤᠨ ᠠᠪᠬᠤ᠎ᠳᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠬᠣᠷᠢ ᠶᠢᠰᠦᠳᠦᠭᠡᠷ ᠵᠦᠢ᠍ᠯ᠂ ᠭᠤᠴᠢᠳᠤᠭ᠋ᠠᠷ ᠵᠦᠢ᠍ᠯ᠂ ᠭᠤᠴᠢᠨ ᠨᠢᠭᠡᠳᠦᠭᠡᠷ ᠵᠦᠢ᠍ᠯ᠂ ᠭᠤᠴᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ᠎ᠳᠤ ᠨᠡᠢ᠌ᠴᠡᠬᠦ ᠪᠤᠶᠤ ᠭᠦᠢ᠍ᠴᠡᠳᠬᠡᠬᠦ ᠴᠢᠬᠤᠯᠠ᠎ᠲᠠᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠦᠷᠦ ᠵᠢᠨ ᠪᠤᠳᠤᠯᠭ᠎ᠠ ᠵᠡᠷᠭᠡ ᠣᠨᠴᠠᠭ᠋ᠠᠢ ᠪᠠᠶ᠋ᠢᠳᠠᠯ᠎ᠲᠠᠢ ᠪᠣᠯ᠂ ᠲᠣᠭᠣᠷᠢᠭ ᠪᠠᠶ᠋ᠢᠭᠤᠯᠤᠭᠰᠠᠨ ᠬᠤᠳᠠ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠭᠡᠳ᠂ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠎ᠠᠴᠠ ᠪᠤᠰᠤᠳ ᠬᠤᠳᠠᠯᠳᠤᠨ ᠠᠪᠠᠨ᠋ᠥ ᠠᠷᠭ᠎ᠠ ᠮᠠᠶᠢᠭ᠎ᠢ ᠬᠠᠣᠯᠢ ᠶᠣᠰᠣᠭ᠋ᠠᠷ ᠬᠡᠷᠡᠭᠯᠡᠵᠦ ᠪᠣᠯᠤᠨ᠎ᠠ᠃
      ᠬᠣᠷᠢᠨ ᠳᠥᠷᠪᠡᠳᠦᠭᠡᠷ ᠵᠦᠢ᠍ᠯ᠂ ᠲᠥᠪᠯᠡᠷᠡᠭᠦᠯᠦᠨ ᠬᠤᠳᠠᠯᠳᠤᠨ ᠠᠪᠠᠨ᠋ᠥ ᠭᠠᠷᠴᠠᠭ᠎ᠲᠤ ᠣᠷᠣᠭᠤᠯᠥᠬᠠᠰᠠᠨ ᠲᠥᠷᠥᠯ ᠵᠦᠢ᠍ᠯ᠎ᠨᠢ ᠪᠥᠭᠡᠮ ᠵᠶ᠋ᠡᠷ ᠲᠥᠪᠯᠡᠷᠡᠭᠦᠯᠦᠨ ᠬᠤᠳᠠᠯᠳᠤᠨ ᠠᠪᠠᠨ᠋ᠥ᠎ᠳᠤ ᠲᠤᠬᠢᠷᠠᠬᠤ ᠪᠣᠯ ᠪᠥᠭᠡᠮ ᠵᠶ᠋ᠡᠷ ᠲᠥᠪᠯᠡᠷᠡᠭᠦᠯᠦᠨ ᠬᠤᠳᠠᠯᠳᠤᠨ ᠠᠪᠠᠨ᠋ᠥ ᠵᠢ ᠬᠡᠷᠡᠭᠵᠢᠭᠦᠯᠬᠦ ᠬᠡᠷᠡᠭᠲᠡᠶ᠂ ᠭᠡᠪᠡᠴᠦ ᠪᠠᠴᠢᠮ ᠪᠠᠭ᠎ᠠ ᠲᠣᠭ᠋ᠠᠨ᠎ᠤ ᠬᠡᠰᠡᠭ ᠪᠤᠰᠠᠭ ᠠ᠋ᠳ᠋ ᠪᠠᠷᠠᠭ᠎ᠠ ᠵᠦᠢ᠍ᠯᠡᠰ ᠪᠠ ᠣᠨᠴᠠᠭ᠋ᠠᠶ ᠱᠠᠭ᠋ᠠᠷᠳᠠᠯᠭ᠎ᠠ ᠪᠦᠬᠦᠢ ᠦᠢ᠍ᠯᠡᠴᠢᠯᠡᠭᠡ᠂ ᠪᠠᠷᠢᠯᠭ᠎ᠠ ᠵᠢᠨ ᠵᠦᠢ᠍ᠯ᠎ᠨᠢ ᠠ᠋ᠭᠦᠨ᠎ᠳᠤ ᠪᠠᠭᠲᠠᠬᠤ ᠤᠢ᠍ᠭᠡᠢ᠃
      ᠬᠣᠷᠢᠨ ᠲᠠᠪᠤᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠᠷᠢᠯᠭ᠎ᠠ᠎ᠨᠢ ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠵᠠᠷᠯᠠᠬᠤ ᠤᠢ᠍ᠭᠡᠢ ᠪᠣᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠪᠠ ᠲᠣᠰ ᠲᠥᠷᠢᠮ᠎ᠳᠤ ᠲᠣᠭᠲᠠᠭ᠋ᠠᠭᠰᠠᠨ ᠶᠣᠰᠣᠭ᠋ᠠᠷ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡ ᠬᠢᠬᠦ ᠪᠤᠶᠤ ᠭᠠᠭᠴᠠ ᠢᠷᠡᠯᠳᠡ᠎ᠠᠴᠠ ᠬᠤᠳᠠᠯᠳᠤᠨ ᠠᠪᠬᠤ ᠬᠡᠯᠪᠡᠷᠢ᠎ᠪᠠᠷ ᠬᠤᠳᠠᠯᠳᠤᠨ ᠠᠪᠴᠤ ᠪᠣᠯᠤᠨ᠎ᠠ᠃
      ᠬᠣᠷᠢᠨ ᠵᠢᠷᠭᠤᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠭᠤᠴᠢᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠎ᠲᠤ ᠲᠣᠭᠲᠠᠭ᠋ᠠᠭᠰᠠᠨ ᠪᠠᠶ᠋ᠢᠳᠠᠯ ᠭᠡᠳᠡᠭ᠎ᠨᠢ ᠬᠤᠳᠠᠯᠳᠤᠨ ᠠᠪᠤᠭᠴᠢ᠎ᠨᠢ ᠤᠷᠢᠳᠴᠢᠯᠠᠨ ᠮᠡᠳᠡᠵᠦ ᠪᠣᠯᠤᠰᠢ ᠥᠭᠡᠢ ᠪᠤᠶᠤ ᠬᠤᠳᠠᠯᠳᠤᠨ ᠠᠪᠤᠭᠴᠢ ᠵᠢᠨ ᠬᠣᠶ᠋ᠢᠰᠢᠯᠠᠭᠤᠯᠬᠤ ᠪᠢᠰᠢ᠎ᠠᠴᠠ ᠪᠣᠯᠣᠬᠰᠡᠨ; ᠳᠥᠷᠪᠡᠳᠦᠭᠡᠷ ᠵᠤᠷᠪᠤᠰ᠎ᠲᠤ ᠲᠣᠭᠲᠠᠭ᠋ᠠᠭᠰᠠᠨ ᠪᠠᠶ᠋ᠢᠳᠠᠯ ᠭᠡᠳᠡᠭ᠎ᠨᠢ ᠤᠷᠠᠨ ᠪᠦᠲᠦᠭᠡᠯ ᠪᠤᠶᠤ ᠲᠤᠰᠬᠠᠶ ᠠᠰᠢᠭ᠂ ᠲᠤᠰᠬᠠᠶ ᠡᠵᠡᠮᠰᠢᠬᠦ ᠮᠡᠷᠭᠡᠵᠢᠯ᠎ᠢ ᠬᠣᠳᠠᠯᠳᠣᠨ ᠠᠪᠬᠣ ᠪᠤᠶᠤ ᠦᠢ᠍ᠯᠡᠴᠢᠯᠡᠬᠦ ᠬᠣᠭᠣᠴᠠᠭ᠎ᠠ᠂ ᠲᠣᠭ᠎ᠠ ᠬᠡᠮᠵᠢᠶ᠎ᠡ ᠵᠢ ᠤᠷᠢᠳᠠᠪᠠᠷ ᠲᠣᠭᠲᠠᠭ᠋ᠠᠵᠤ ᠴᠢᠳᠠᠬᠤ ᠦᠭᠡᠢ᠎ᠠᠴᠠ ᠪᠣᠯᠵᠦ ᠦᠨ᠎ᠡ ᠵᠢᠨ ᠶᠡᠷᠦᠩᠬᠡᠶ ᠲᠣᠭ᠎ᠠ ᠵᠢ᠎ᠨᠢ ᠤᠷᠢᠳᠠᠪᠠᠷ ᠪᠤᠳᠤᠵᠦ ᠭᠠᠷᠭ᠋ᠠᠵᠤ ᠳᠡᠶ᠋ᠢᠯᠬᠦ ᠦᠭᠡᠢ ᠪᠠᠢ᠌ᠳᠠᠯ᠎ᠢ ᠵᠢᠭ᠋ᠠᠨ᠎ᠠ᠃
      ᠬᠣᠷᠢᠨ ᠳᠣᠯᠣᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠭᠤᠴᠢᠨ ᠨᠢᠭᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ᠎ᠲᠤ ᠲᠣᠭᠲᠠᠭ᠋ᠠᠭᠰᠠᠨ ᠪᠠᠶ᠋ᠢᠳᠠᠯ ᠭᠡᠳᠡᠭ᠎ᠨᠢ ᠪᠠᠷᠠᠭ᠎ᠠ ᠪᠤᠶᠤ ᠦᠢ᠍ᠯᠡᠴᠢᠯᠡᠭᠡ᠎ᠨᠢ ᠣᠷᠣᠯᠠᠭᠤᠯᠵᠤ ᠪᠣᠯᠤᠰᠢ ᠦᠬᠡᠢ ᠲᠤᠰᠬᠠᠶ ᠠᠰᠢᠭ᠂ ᠲᠤᠰᠬᠠᠶ ᠡᠵᠡᠮᠰᠢᠬᠦ ᠮᠡᠷᠭᠡᠵᠢᠯ᠎ᠢ ᠬᠡᠷᠡᠭᠯᠡᠬᠦ ᠪᠣᠶᠣ ᠣᠯᠠᠨ ᠨᠡᠶ᠋ᠢᠲᠡ ᠵᠢᠨ ᠦᠢ᠍ᠯᠡᠴᠢᠯᠡᠬᠡᠨ᠎ᠤ ᠵᠦᠶᠯᠡᠰ᠎ᠤᠨ ᠣᠨᠴᠠᠭ᠋ᠠᠶ ᠱᠠᠭ᠋ᠠᠷᠳᠠᠯᠭ᠎ᠠ᠎ᠠᠴᠠ ᠪᠣᠯᠵᠤ ᠵᠥᠪᠬᠡᠨ ᠶᠠᠮᠠᠷ ᠨᠢᠭᠡᠨ ᠣᠨᠴᠠ ᠲᠣᠭᠲᠠᠭ᠋ᠠᠭᠰᠠᠨ ᠬᠠᠩᠭ᠋ᠠᠭᠴᠢ ᠬᠤᠳᠠᠯᠳᠤᠭ᠋ᠠᠴᠢᠨ᠎ᠠᠴᠠ ᠬᠤᠳᠠᠯᠳᠤᠨ ᠠᠪᠬᠤ ᠪᠠᠢ᠌ᠳᠠᠯ᠎ᠢ ᠵᠢᠭ᠋ᠠᠨ᠎ᠠ᠃
      ᠬᠣᠷᠢᠨ ᠨᠠᠢ᠍ᠮᠠᠳᠤᠭ᠋ᠠᠷ ᠵᠦᠢ᠍ᠯ᠂ ᠨᠢᠭᠡ ᠠ᠋ᠳ᠋᠎ᠤᠨ ᠵᠠᠰᠠᠭ᠎ᠤᠨ ᠣᠨ᠎ᠤ ᠳᠣᠲᠣᠷ᠎ᠠ᠂ ᠬᠤᠳᠠᠯᠳᠤᠨ ᠠᠪᠬᠤ ᠬᠥᠮᠦᠨ ᠨᠢᠭᠡ ᠲᠥᠰᠦᠪ᠎ᠤᠨ ᠲᠥᠷᠥᠯ ᠵᠦᠢ᠍ᠯ᠎ᠳᠠᠬᠢ ᠠᠳᠠᠯᠢ ᠨᠢᠭᠡ ᠦᠶᠯᠡᠳᠬᠦᠨ᠎ᠤ ᠭᠠᠷᠴᠠᠭ ᠪᠤᠶᠤ ᠲᠥᠷᠥᠯ ᠢᠯᠭ᠋ᠠᠯ᠎ᠲᠠᠢ ᠪᠠᠷᠠᠭ᠎ᠠ᠂ ᠦᠢ᠍ᠯᠡᠴᠢᠯᠡᠭᠡ ᠵᠢ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠎ᠠᠴᠠ ᠪᠤᠰᠤᠳ ᠠᠷᠭ᠎ᠠ ᠮᠠᠶᠢᠭ ᠵᠶ᠋ᠠᠷ ᠣᠯᠠᠨ ᠤᠳᠠᠭ᠎ᠠ ᠬᠤᠳᠠᠯᠳᠤᠨ ᠠᠪᠴᠦ᠂ ᠪᠠᠯᠠ ᠮᠥᠩᠭᠥ ᠵᠢᠨ ᠲᠣᠭ᠎ᠠ ᠨᠣᠷᠮ᠎ᠠ᠎ᠨᠢ ᠨᠡᠶ᠋ᠢᠯᠡᠭᠡᠳ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠲᠣᠭ᠎ᠠ ᠨᠣᠷᠮ᠎ᠠ ᠵᠢᠨ ᠪᠠᠷᠢᠮᠵᠢᠶ᠎ᠠ᠎ᠠᠴᠠ ᠬᠡᠲᠦᠷᠡᠭᠰᠡᠨ ᠪᠠᠢ᠌ᠪᠠᠯ᠂ ᠪᠦᠬᠦᠯᠢ ᠵᠢ ᠬᠡᠰᠡᠭᠯᠡᠬᠦ ᠠᠷᠭ᠎ᠠ ᠮᠠᠶᠢᠭ ᠵᠶ᠋ᠠᠷ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠎ᠠᠴᠠ ᠵᠠᠶ᠋ᠢᠯᠠᠭᠰᠠᠨ᠎ᠳᠤ ᠬᠠᠷᠢᠶᠠᠯᠠᠬᠳᠠᠨ᠎ᠠ᠂ ᠭᠡᠪᠡᠴᠦ ᠵᠦᠢ᠍ᠯ᠎ᠤᠨ ᠲᠥᠰᠦᠪ᠎ᠢ ᠲᠣᠬᠢᠷᠠᠭᠤᠯᠤᠭᠰᠠᠨ ᠪᠤᠶᠤ ᠵᠥᠪᠰᠢᠶᠡᠷᠡᠯ ᠵᠶ᠋ᠡᠷ ᠳᠠᠮᠵᠢᠭ᠋ᠠᠳ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠎ᠠᠴᠠ ᠪᠤᠰᠤᠳ ᠠᠷᠭ᠎ᠠ ᠮᠠᠶᠢᠭ ᠵᠶ᠋ᠠᠷ   ᠬᠤᠳᠠᠯᠳᠤᠨ ᠠᠪᠬᠤ᠎ᠨᠢ ᠠ᠋ᠭᠦᠨ᠎ᠳᠤ ᠪᠠᠭᠲᠠᠬᠤ ᠦᠭᠡᠢ᠃
      ᠳᠥᠷᠪᠡᠳᠦᠭᠡᠷ ᠪᠦᠯᠦᠭ       ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠶᠠᠪᠣᠴᠠ
      ᠬᠣᠷᠢ ᠶᠢᠰᠦᠳᠦᠭᠡᠷ ᠵᠦᠢ᠍ᠯ᠂ ᠬᠤᠳᠠᠯᠳᠤᠨ ᠠᠪᠤᠭᠴᠢ᠎ᠨᠢ ᠲᠥᠪᠯᠡᠷᠡᠭᠦᠯᠦᠨ ᠬᠤᠳᠠᠯᠳᠤᠨ ᠠᠪᠠᠨ᠋ᠥ ᠭᠠᠷᠴᠠᠭ᠂ ᠬᠤᠳᠠᠯᠳᠤᠨ ᠠᠪᠠᠨ᠋ᠥ ᠬᠢᠵᠠᠭ᠋ᠠᠷ ᠲᠣᠭ᠎ᠠ ᠵᠢᠨ ᠪᠠᠷᠢᠮᠵᠢᠶ᠎ᠠ ᠪᠠ ᠨᠢᠭᠡᠨᠲᠡ ᠴᠣᠬᠤᠯᠠᠪᠦᠷᠢᠯᠬᠠᠰᠠᠨ ᠰᠠᠯᠠᠭ᠎ᠠ ᠮᠥᠴᠢᠷ᠎ᠤᠨ ᠲᠥᠰᠦᠪ᠎ᠢ ᠨᠠᠶ᠋ᠢᠷᠠᠭᠤᠯᠤᠨ ᠵᠣᠬᠢᠶᠠᠬᠤ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢᠨ ᠬᠡᠷᠡᠭᠵᠢᠭᠦᠯᠬᠦ ᠲᠥᠯᠥᠪᠯᠡᠭᠡ ᠵᠢ ᠦᠨᠳᠦᠰᠦᠯᠡᠨ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃  
      ᠭᠤᠴᠢᠳᠤᠭ᠋ᠠᠷ ᠵᠦᠢ᠍ᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠡᠯᠡᠯᠴᠡᠭᠡ ᠬᠢᠬᠦ ᠪᠢᠴᠢᠭ ᠮᠠᠲ᠋ᠧᠷᠢᠶᠠᠯ᠂ ᠦᠨ᠎ᠡ ᠯᠠᠪᠯᠠᠬᠤ ᠮᠡᠳᠡᠭᠳᠡᠯ᠎ᠤᠨ ᠪᠢᠴᠢᠭ᠎ᠲᠡᠭᠡᠨ ᠬᠤᠳᠠᠯᠳᠤᠨ ᠠᠪᠬᠤ ᠲᠥᠷᠥᠯ ᠵᠦᠢ᠍ᠯ᠎ᠤᠨ ᠲᠥᠰᠦᠪ᠎ᠤᠨ ᠮᠥᠩᠭᠥ ᠵᠢᠨ ᠲᠣᠭ᠎ᠠ ᠵᠢ ᠢᠯᠡ ᠵᠠᠷᠯᠠᠨ᠎ᠠ᠃
      ᠭᠤᠴᠢᠨ ᠨᠢᠭᠡᠳᠦᠭᠡᠷ ᠵᠦᠢ᠍ᠯ᠂ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠬᠠᠩᠭ᠋ᠠᠬᠤ ᠬᠤᠭᠤᠴᠠᠭ᠎ᠠ᠎ᠨᠢ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠲᠠᠷᠬᠠᠭ᠋ᠠᠭᠰᠠᠨ ᠠ᠋ᠳᠦᠷ᠎ᠠᠴᠠ ᠠ᠋ᠬᠢᠯᠡᠨ 5 ᠠᠵᠢᠯᠯᠠᠬᠤ ᠠ᠋ᠳᠦᠷ ᠳᠤᠲᠠᠭᠤ ᠪᠠᠶ᠋ᠢᠯᠭ᠋ᠠᠵᠤ ᠪᠣᠯᠬᠤ ᠦᠭᠡᠢ᠃
      ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠨᠢᠭᠡᠨᠲᠡ ᠲᠠᠷᠬᠠᠭ᠋ᠠᠨ ᠥᠭᠭᠦᠭᠰᠡᠨ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠠᠭᠠᠨ ᠴᠢᠬᠤᠯᠠ ᠪᠦᠬᠦᠢ ᠲᠣᠳᠣᠷᠬᠠᠶ᠋ᠢᠯᠠᠯᠲᠠ ᠬᠢᠬᠦ ᠪᠤᠶᠤ ᠵᠠᠰᠠᠪᠤᠷᠢ ᠣᠷᠣᠭᠣᠯᠵᠦ ᠪᠣᠯᠣᠨ᠎ᠠ᠃ ᠲᠣᠳᠣᠷᠬᠠᠶ᠋ᠢᠯᠠᠯᠲᠠ ᠬᠢᠬᠦ ᠪᠤᠶᠤ ᠵᠠᠰᠠᠪᠤᠷᠢ ᠣᠷᠣᠭᠤᠯᠤᠭᠰᠠᠨ ᠠᠭᠤᠯᠭ᠎ᠠ᠎ᠨᠢ ᠳᠠᠭ᠋ᠠᠭ᠋ᠠᠴᠢᠯᠠᠯᠲᠠ᠎ᠳᠤ ᠣᠷᠣᠬᠤ ᠪᠢᠴᠢᠭ ᠮᠠᠲ᠋ᠧᠷᠢᠶᠠᠯ᠎ᠤᠨ ᠨᠠᠶ᠋ᠢᠷᠠᠭᠤᠯᠤᠨ ᠵᠣᠬᠢᠶᠠᠬᠣ ᠵᠢ ᠨᠥᠯᠥᠭᠡᠯᠡᠵᠦ ᠮᠡᠳᠡᠬᠦ ᠪᠠᠢ᠌ᠪᠠᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠳᠠᠭ᠋ᠠᠭ᠋ᠠᠴᠢᠯᠠᠯᠲᠠ ᠬᠦᠯᠢᠶᠡᠬᠦ ᠬᠣᠭᠣᠴᠠᠭ᠎ᠠ ᠳᠠᠭᠣᠰᠬᠣ ᠴᠠᠭ᠎ᠠᠴᠠ ᠨᠠᠭ᠋ᠠᠳᠤ ᠵᠠᠬ᠎ᠠ᠎ᠳᠠᠭᠠᠨ 15 ᠠ᠋ᠳᠦᠷ᠎ᠤᠨ ᠠ᠋ᠮᠦᠨ᠎ᠡ᠂ ᠪᠢᠴᠢᠭ ᠮᠠᠲᠸᠷᠢᠶᠠᠯ᠎ᠤᠨ ᠬᠡᠯᠪᠡᠷᠢ᠎ᠪᠠᠷ ᠪᠦᠬᠦ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠣᠯᠣᠬᠰᠡᠨ ᠪᠣᠯᠣᠮᠵᠢ ᠪᠦᠬᠦᠢ ᠳᠠᠭ᠋ᠠᠴᠢᠯᠠᠯ ᠬᠢᠬᠦ ᠬᠦᠮᠦᠨ᠎ᠳᠤ ᠮᠡᠳᠡᠭᠳᠡᠨ᠎ᠡ; 15᠎ᠤ ᠠ᠋ᠳᠦᠷ ᠬᠦᠷᠬᠦ ᠦᠭᠡᠢ ᠪᠠᠶ᠋ᠢᠪᠠᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ   ᠳᠠᠭ᠋ᠠᠭ᠋ᠠᠴᠢᠯᠠᠯᠲᠠ   ᠵᠠᠷᠯᠠᠬᠤ   ᠪᠢᠴᠢᠭ   ᠮᠠᠲᠸᠷᠢᠶᠠᠯ ᠎ᠤᠨ   ᠲᠤᠰᠢᠶᠠᠬᠤ   ᠴᠠᠭ᠎ᠢ   ᠣᠷᠲᠣᠳᠬᠠᠵᠦ ᠪᠣᠯᠤᠨ᠎ᠠ᠃
      ᠭᠤᠴᠢᠨ ᠬᠣᠶᠠᠳᠤᠭ᠋ᠠᠷ ᠵᠦᠢ᠍ᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠤᠨ ᠪᠠᠷᠢᠮᠵᠢᠶᠠᠲᠤ ᠪᠢᠴᠢᠭ᠎ᠤᠨ ᠶᠤᠰᠤᠭ᠋ᠠᠷ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠨ᠎ᠠ᠃
      ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠬᠤᠳᠠᠯᠳᠤᠨ ᠠᠪᠬᠤ ᠵᠦᠢ᠍ᠯᠡᠰ᠎ᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠨᠥᠬᠥᠴᠡᠯ᠂ ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ᠂ ᠳᠠᠭ᠋ᠠᠭ᠋ᠠᠴᠢᠯᠠᠯᠲᠠ᠎ᠳᠤ ᠣᠷᠣᠭᠴᠢ ᠵᠢᠨ ᠬᠢᠷᠢ ᠬᠡᠮ᠎ᠤᠨ ᠨᠥᠬᠥᠴᠡᠯ᠂ ᠳᠠᠭ᠋ᠠᠭ᠋ᠠᠴᠢᠯᠠᠯᠲᠠ᠎ᠳᠤ ᠣᠷᠣᠬᠤ ᠦᠨ᠎ᠡ ᠮᠡᠳᠡᠭᠦᠯᠬᠦ ᠱᠠᠭ᠋ᠠᠷᠳᠠᠯᠭ᠎ᠠ᠂ ᠳᠠᠭ᠋ᠠᠭ᠋ᠠᠴᠢᠯᠠᠯᠲᠠ ᠦᠨᠡᠯᠡᠬᠦ ᠠᠷᠭ᠎ᠠ᠂ ᠳᠠᠭ᠋ᠠᠭ᠋ᠠᠴᠢᠯᠠᠯᠲᠠ ᠦᠨᠡᠯᠡᠬᠦ ᠪᠠᠷᠢᠮᠵᠢᠶ᠎ᠠ ᠵᠢᠴᠢ ᠲᠤᠭᠤᠷᠪᠢᠵᠤ ᠪᠡᠯᠡᠳᠭᠡᠭᠰᠡᠨ ᠭᠡᠷ᠎ᠡ ᠵᠢᠨ ᠪᠢᠴᠢᠭ ᠵᠡᠷᠭᠡ᠃
      ᠭᠤᠴᠢᠨ ᠭᠤᠷᠪᠠᠳᠤᠭ᠋ᠠᠷ ᠵᠦᠢ᠍ᠯ᠂ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠳᠠᠭ᠋ᠠᠭ᠋ᠠᠴᠢᠯᠠᠯᠲᠠ᠎ᠳᠤ ᠣᠷᠣᠭᠴᠢ᠎ᠨᠢ ᠳᠠᠭ᠋ᠠᠭ᠋ᠠᠴᠢᠯᠠᠯᠲᠠ ᠮᠡᠳᠡᠭᠦᠯᠬᠦ ᠪᠠᠲᠤᠯᠠᠭ᠋ᠠᠨ᠎ᠤ ᠮᠥᠩᠭᠥ ᠲᠤᠰᠢᠶᠠᠬᠤ᠎ᠪᠠᠷ ᠱᠠᠭ᠋ᠠᠷᠳᠠᠬᠰᠡᠨ ᠪᠣᠯ᠂ ᠳᠠᠭ᠋ᠠᠭ᠋ᠠᠴᠢᠯᠠᠯᠲᠠ ᠮᠡᠳᠡᠭᠦᠯᠬᠦ ᠪᠠᠲᠤᠯᠠᠭ᠎ᠠ ᠵᠢᠨ ᠮᠥᠩᠭᠥ᠎ᠨᠢ ᠬᠤᠳᠠᠯᠳᠤᠨ ᠠᠪᠬᠤ ᠵᠦᠢ᠍ᠯᠡᠰ᠎ᠤᠨ ᠲᠥᠰᠦᠪ ᠎ᠤᠨ ᠵᠣᠭᠣᠰᠣᠨ ᠲᠣᠭ᠋ᠠᠨ᠎ᠤ 2%᠎ᠠᠴᠠ ᠬᠡᠲᠦᠷᠡᠵᠦ ᠪᠣᠯᠬᠤ ᠦᠭᠡᠢ᠃ ᠳᠠᠭ᠋ᠠᠭ᠋ᠠᠴᠢᠯᠠᠯᠲᠠ᠎ᠳᠤ ᠣᠷᠣᠯᠴᠠᠬᠤ ᠪᠠᠲᠤᠯᠠᠪᠤᠷᠢ ᠵᠢᠨ ᠮᠥᠩᠭᠥ ᠵᠢ ᠵᠣᠭᠣᠰᠣᠨ᠎ᠤ ᠪᠠᠷᠢᠮᠲᠠ᠂ ᠭᠤᠪᠢᠭᠤᠯᠭ᠎ᠠ ᠵᠢᠨ ᠬᠠᠭᠤᠳᠠᠰᠤ᠂ ᠠ᠋ᠬᠡ ᠪᠠᠷᠢᠮᠲᠠ ᠪᠤᠶᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠳᠠᠭ᠋ᠠᠭ᠋ᠠᠯᠲᠠ ᠬᠢᠬᠦ ᠪᠠᠶ᠋ᠢᠭᠤᠯᠤᠮᠵᠢ ᠵᠢᠨ ᠭᠠᠷᠭ᠋ᠠᠭᠰᠠᠨ ᠪᠡᠯᠡᠨ ᠵᠣᠭᠣᠰ᠎ᠤᠨ ᠪᠤᠰᠤ ᠬᠡᠯᠪᠡᠷᠢ᠎ᠪᠠᠷ ᠳᠣᠰᠢᠶᠠᠨ᠎ᠠ᠃ ᠳᠠᠭ᠋ᠠᠭ᠋ᠠᠴᠢᠯᠠᠯᠲᠠ ᠬᠦᠯᠢᠶᠡᠭᠴᠢ᠎ᠨᠢ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠱᠠᠭ᠋ᠠᠷᠳᠠᠭᠰᠠᠨ ᠶᠤᠰᠤᠭ᠋ᠠᠷ ᠳᠠᠭ᠋ᠠᠭ᠋ᠠᠴᠢᠯᠠᠯᠲᠠ᠎ᠳᠤ ᠣᠷᠣᠯᠴᠠᠬᠤ ᠪᠠᠲᠤᠯᠠᠪᠤᠷᠢ ᠵᠢᠨ ᠮᠥᠩᠭᠥ ᠵᠢ ᠲᠤᠰᠢᠶᠠᠬᠤ ᠤᠢ᠍ᠭᠡᠢ ᠪᠠᠶ᠋ᠢᠪᠠᠯ᠂ ᠳᠠᠭ᠋ᠠᠭ᠋ᠠᠴᠢᠯᠠᠯᠲᠠ ᠬᠦᠯᠢᠶᠡᠬᠦ᠎ᠨᠢ ᠬᠦᠴᠦᠨ ᠦᠭᠡᠢ᠃
    ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠳᠠᠭ᠋ᠠᠭ᠋ᠠᠴᠢᠯᠠᠯᠲᠠ ᠣᠯᠤᠭᠰᠠᠨ ᠮᠡᠳᠡᠭᠳᠡᠯ᠎ᠤᠨ ᠪᠢᠴᠢᠭ ᠶᠠᠪᠤᠭᠤᠯᠤᠭᠰᠠᠨ ᠠ᠋ᠳᠦᠷ᠎ᠠᠴᠠ ᠠ᠋ᠬᠢᠯᠡᠨ 5 ᠠᠵᠢᠯᠯᠠᠬᠤ ᠠ᠋ᠳᠦᠷ᠎ᠤᠨ ᠳᠣᠲᠣᠷ᠎ᠠ ᠳᠠᠭ᠋ᠠᠭ᠋ᠠᠴᠢᠯᠠᠯᠲᠠ ᠣᠯᠤᠭᠰᠠᠨ ᠦᠭᠡᠢ ᠬᠠᠩᠭ᠋ᠠᠭᠴᠢ ᠬᠤᠳᠠᠯᠳᠤᠭ᠋ᠠᠴᠢᠨ᠎ᠤ ᠳᠠᠭ᠋ᠠᠭ᠋ᠠᠴᠢᠯᠠᠯᠲᠠ᠎ᠳᠤ ᠣᠷᠣᠯᠴᠠᠬᠤ ᠪᠠᠲᠤᠯᠠᠪᠤᠷᠢ ᠵᠢᠨ ᠮᠥᠩᠭᠥ ᠵᠢ ᠪᠤᠴᠠᠭ᠋ᠠᠵᠤ ᠥᠭᠬᠦ ᠬᠡᠷᠡᠭᠲᠡᠶ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠪᠠᠶ᠋ᠢᠭᠤᠯᠤᠭᠰᠠᠨ ᠠ᠋ᠳᠦᠷ᠎ᠠᠴᠠ ᠠ᠋ᠬᠢᠯᠡᠨ 5 ᠠᠵᠢᠯᠯᠠᠬᠤ ᠠ᠋ᠳᠦᠷ᠎ᠤᠨ ᠳᠣᠲᠣᠷ᠎ᠠ ᠳᠠᠭ᠋ᠠᠭ᠋ᠠᠴᠢᠯᠠᠯᠲᠠ ᠣᠯᠤᠭᠰᠠᠨ ᠬᠠᠩᠭ᠋ᠠᠭᠴᠢ ᠬᠤᠳᠠᠯᠳᠤᠭ᠋ᠠᠴᠢᠨ᠎ᠳᠤ ᠳᠠᠭ᠋ᠠᠭ᠋ᠠᠴᠢᠯᠠᠯᠲᠠ᠎ᠳᠤ ᠣᠷᠣᠯᠴᠠᠬᠤ ᠪᠠᠲᠤᠯᠠᠪᠤᠷᠢ ᠵᠢᠨ ᠮᠥᠩᠭᠥ ᠵᠢ᠎ᠨᠢ ᠪᠣᠴᠠᠭ᠋ᠠᠬᠣ ᠬᠡᠷᠡᠭᠲᠡᠢ᠃
      ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡ ᠬᠢᠬᠦ ᠪᠤᠶᠤ ᠦᠨ᠎ᠡ ᠯᠠᠪᠯᠠᠨ ᠬᠣᠳᠠᠯᠳᠣᠨ ᠠᠪᠬᠣ ᠳᠣᠮᠳᠠ ᠬᠡᠯᠡᠯᠴᠡᠭᠡ᠎ᠳᠤ ᠣᠷᠣᠯᠴᠠᠬᠤ᠎ᠪᠠᠷ ᠱᠠᠭ᠋ᠠᠷᠳᠠᠬᠤ ᠪᠤᠶᠤ ᠦᠨ᠎ᠡ ᠯᠠᠪᠯᠠᠬᠣ ᠬᠠᠩᠭ᠋ᠠᠭᠴᠢ ᠬᠤᠳᠠᠯᠳᠤᠭ᠋ᠠᠴᠢᠨ᠎ᠨᠢ ᠪᠠᠲᠤᠯᠭ᠎ᠠ ᠵᠢᠨ ᠮᠥᠩᠭᠥ ᠳᠣᠰᠢᠶᠠᠬᠰᠡᠨ᠎ᠨᠢ ᠠ᠋ᠮᠦᠨᠡᠬᠢ ᠬᠣᠶᠠᠷ ᠪᠠᠳᠠᠭ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
      ᠭᠤᠴᠢᠨ ᠳᠥᠷᠪᠡᠳᠦᠭᠡᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠦᠨᠡᠯᠡᠬᠦ ᠠᠷᠭ᠎ᠠ ᠵᠢ ᠬᠠᠮᠤᠭ᠎ᠤᠨ ᠳᠣᠣᠷ᠎ᠠ ᠦᠨᠡᠯᠡᠨ ᠦᠨ᠎ᠡ ᠬᠠᠳᠠᠬᠤ ᠠᠷᠭ᠎ᠠ ᠪᠠ ᠶᠡᠷᠦᠩᠬᠡᠶ᠋ᠢᠯᠡᠨ ᠬᠤᠪᠢ ᠦᠨᠡᠯᠡᠬᠦ ᠠᠷᠭ᠎ᠠ ᠭᠡᠵᠦ ᠬᠤᠪᠢᠶᠠᠨ᠎ᠠ᠃
      ᠬᠠᠮᠤᠭ᠎ᠤᠨ ᠳᠣᠣᠷ᠎ᠠ ᠦᠨᠡᠯᠡᠨ ᠦᠨ᠎ᠡ ᠬᠠᠳᠠᠬᠤ ᠠᠷᠭ᠎ᠠ ᠭᠡᠳᠡᠭ᠎ᠨᠢ ᠳᠠᠭ᠋ᠠᠭ᠋ᠠᠴᠢᠯᠠᠯᠲᠠ᠎ᠳᠤ ᠣᠷᠣᠬᠤ ᠪᠢᠴᠢᠭ ᠮᠠᠲ᠋ᠧᠷᠢᠶᠠᠯ᠎ᠨᠢ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠤᠨ ᠪᠦᠬᠦ ᠮᠥᠨ ᠴᠢᠨᠠᠷ᠎ᠤᠨ ᠱᠠᠭ᠋ᠠᠷᠳᠠᠯᠭ᠎ᠠ ᠵᠢ ᠬᠠᠩᠭ᠋ᠠᠬᠣ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠮᠡᠳᠡᠭᠦᠯᠬᠦ ᠦᠨ᠎ᠡ ᠵᠢᠨ ᠬᠠᠮᠤᠭ᠎ᠤᠨ ᠳᠣᠣᠷ᠎ᠠ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠳᠠᠭ᠋ᠠᠭ᠋ᠠᠴᠢᠯᠠᠯᠲᠠ ᠤᠯᠬᠤ ᠵᠢᠱ᠌ᠢᠭᠳᠡᠭᠰᠡᠳ ᠪᠣᠯᠭ᠋ᠠᠬᠣ ᠳᠠᠭ᠋ᠠᠭ᠋ᠠᠴᠢᠯᠠᠯᠲᠠ ᠦᠨᠡᠯᠡᠬᠦ ᠠᠷᠭ᠎ᠠ ᠵᠢ ᠵᠢᠭ᠋ᠠᠨ᠎ᠠ᠃ ᠶᠡᠷᠦᠩᠬᠡᠶ᠋ᠢᠯᠡᠨ ᠬᠤᠪᠢ ᠦᠨᠡᠯᠡᠬᠦ ᠠᠷᠭ᠎ᠠ ᠭᠡᠳᠡᠭ᠎ᠨᠢ ᠳᠠᠭ᠋ᠠᠭ᠋ᠠᠴᠢᠯᠠᠯᠲᠠ᠎ᠳᠤ ᠣᠷᠣᠬᠤ ᠪᠢᠴᠢᠭ ᠮᠠᠲ᠋ᠧᠷᠢᠶᠠᠯ᠎ᠨᠢ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠵᠢᠨ ᠪᠦᠬᠦ ᠮᠥᠨ ᠴᠢᠨᠠᠷ᠎ᠤᠨ ᠱᠠᠭ᠋ᠠᠷᠳᠠᠯᠭ᠎ᠠ ᠵᠢ ᠬᠠᠩᠭ᠋ᠠᠬᠣ ᠮᠥᠷᠲᠡᠭᠡᠨ ᠰᠢᠯᠭ᠋ᠠᠷᠠᠭᠤᠯᠤᠨ ᠲᠣᠭᠲᠠᠭ᠋ᠠᠬᠤ ᠬᠦᠴᠦᠨ ᠵᠦᠢ᠍ᠯ᠎ᠤᠨ ᠬᠡᠮᠵᠢᠶᠡᠵᠢᠭᠦᠯᠦᠭᠰᠡᠨ ᠭᠦᠢ᠍ᠴᠡᠳᠬᠡᠯ ᠲᠣᠭ᠎ᠠ ᠵᠢᠨ ᠬᠢᠨᠠᠨ ᠰᠢᠯᠭ᠋ᠠᠬᠤ ᠵᠢᠨ ᠣᠯᠣᠬᠰᠡᠨ ᠬᠤᠪᠢ ᠵᠢᠨ ᠬᠠᠮᠤᠭ᠎ᠤᠨ ᠥᠨᠳᠥᠷ ᠬᠠᠩᠭ᠋ᠠᠭᠴᠢ ᠬᠤᠳᠠᠯᠳᠤᠭ᠋ᠠᠴᠢᠨ᠎ᠢ ᠳᠠᠭ᠋ᠠᠭ᠋ᠠᠴᠢᠯᠠᠯᠲᠠ ᠤᠯᠬᠤ ᠵᠢᠱ᠌ᠢᠭᠳᠡᠭᠰᠡᠳ ᠪᠣᠯᠭ᠋ᠠᠵᠤ ᠳᠠᠭ᠋ᠠᠭ᠋ᠠᠴᠢᠯᠠᠯᠲᠠ ᠰᠢᠯᠭ᠋ᠠᠷᠠᠭᠤᠯᠬᠤ ᠠᠷᠭ᠎ᠠ ᠵᠢ ᠵᠢᠭ᠋ᠠᠨ᠎ᠠ᠃
      ᠮᠡᠷᠭᠡᠵᠢᠯ᠂ ᠦᠢ᠍ᠯᠡᠴᠢᠯᠡᠭᠡ ᠵᠡᠷᠭᠡ ᠵᠢᠨ ᠪᠠᠷᠢᠮᠵᠢᠶ᠎ᠠ᠎ᠨᠢ ᠨᠢᠭᠡᠳᠦᠯᠲᠡᠶ ᠪᠠᠷᠠᠭ᠎ᠠ ᠪᠠ ᠦᠢ᠍ᠯᠡᠴᠢᠯᠡᠭᠡᠨ᠎ᠤ ᠵᠦᠢ᠍ᠯᠡᠰ᠎ᠢ ᠬᠠᠮᠤᠭ᠎ᠤᠨ ᠳᠣᠣᠷ᠎ᠠ ᠦᠨᠡᠯᠡᠨ ᠦᠨ᠎ᠡ ᠬᠠᠳᠠᠬᠤ ᠠᠷᠭ᠎ᠠ ᠵᠢ ᠬᠡᠷᠡᠭᠯᠡᠬᠦ ᠬᠡᠷᠡᠭᠲᠡᠶ᠃
      ᠶᠡᠷᠦᠩᠬᠡᠶ᠋ᠢᠯᠡᠨ ᠬᠤᠪᠢ ᠦᠨᠡᠯᠡᠬᠦ ᠠᠷᠭ᠎ᠠ ᠬᠡᠷᠡᠭᠯᠡᠬᠦ᠎ᠳᠤ ᠬᠢᠨᠠᠨ ᠰᠢᠯᠭ᠋ᠠᠬᠣ ᠪᠠᠷᠢᠮᠵᠢᠶ᠎ᠠ᠎ᠳᠠᠬᠢ ᠬᠤᠪᠢ ᠳᠣᠬᠳᠠᠭ᠋ᠠᠬᠣ᠎ᠨᠢ ᠬᠢᠨᠠᠨ ᠰᠢᠯᠭ᠋ᠠᠬᠤ ᠬᠦᠴᠦᠨ ᠵᠦᠢ᠍ᠯ᠎ᠤᠨ ᠬᠡᠮᠵᠢᠶᠡᠵᠢᠭᠦᠯᠦᠭᠰᠡᠨ ᠭᠦᠢ᠍ᠴᠡᠳᠬᠡᠯ ᠲᠣᠭ᠎ᠠ᠎ᠲᠠᠢ ᠵᠣᠬᠢᠴᠠᠭᠰᠠᠨ ᠪᠠᠶ᠋ᠢᠬᠤ ᠬᠡᠷᠡᠭᠲᠡᠶ᠃
      ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠦᠭᠡᠢ ᠳᠠᠭ᠋ᠠᠭ᠋ᠠᠴᠢᠯᠠᠯᠲᠠ ᠦᠨᠡᠯᠡᠬᠦ ᠪᠠᠷᠢᠮᠵᠢᠶ᠎ᠠ ᠵᠢ ᠬᠢᠨᠠᠨ ᠲᠣᠭᠲᠠᠭ᠋ᠠᠬᠤ ᠦᠨᠳᠦᠰᠦᠯᠡᠯ ᠪᠣᠯᠭ᠋ᠠᠵᠤ ᠪᠣᠯᠬᠤ ᠦᠭᠡᠢ᠃
      ᠭᠤᠴᠢᠨ ᠲᠠᠪᠤᠳᠤᠭ᠋ᠠᠷ ᠵᠦᠢ᠍ᠯ᠂ ᠬᠡᠯᠡᠯᠴᠡᠭᠡ ᠬᠢᠬᠦ ᠪᠢᠴᠢᠭ ᠮᠠᠲ᠋ᠧᠷᠢᠶᠠᠯ᠎ᠨᠢ ᠪᠦᠷᠢᠨ ᠪᠦᠲᠦᠨ᠂ ᠲᠣᠳᠣᠷᠬᠠᠶ᠎ᠪᠠᠷ ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ ᠵᠢ   ᠵᠢᠬᠰᠠᠭ᠋ᠠᠵᠦ ᠳᠡᠢ᠌ᠯᠬᠦ ᠦᠭᠡᠢ ᠪᠠᠢ᠌ᠵᠦ᠂ ᠬᠠᠩᠭ᠋ᠠᠭᠴᠢ ᠬᠤᠳᠠᠯᠳᠤᠭ᠋ᠠᠴᠢᠨ ᠬᠠᠮᠤᠭ ᠡᠴᠦᠰ᠎ᠤᠨ ᠵᠢᠷᠤᠭ ᠲᠥᠯᠥᠪᠯᠡᠭᠡ ᠵᠢᠨ ᠲᠥᠰᠦᠯ ᠪᠤᠶᠤ ᠰᠢᠢ᠍ᠳᠪᠦᠷᠢᠯᠡᠬᠦ ᠲᠦᠰᠦᠪ᠎ᠢ ᠲᠣᠰᠢᠶᠠᠬᠣ ᠴᠢᠬᠣᠯᠲᠠᠢ ᠪᠠᠢ᠌ᠪᠠᠯ ᠴᠢᠬᠤᠯᠠᠲᠠᠶ ᠪᠠᠶ᠋ᠢᠪᠠᠯ᠂ ᠬᠡᠯᠡᠯᠴᠡᠭᠡ ᠳᠠᠭᠤᠰᠤᠭᠰᠠᠨ᠎ᠤ ᠳᠠᠷᠠᠭ᠎ᠠ᠂ ᠬᠡᠯᠡᠯᠴᠡᠭᠡ ᠬᠢᠬᠦ ᠳᠤᠭᠤᠶ᠋ᠢᠯᠠᠩ᠎ᠨᠢ ᠴᠥᠭᠡᠩᠬᠢ᠎ᠨᠢ ᠣᠯᠠᠩᠬᠢ᠎ᠪᠠᠨ ᠳᠠᠭ᠋ᠠᠬᠤ ᠵᠠᠷᠴᠢᠮ ᠶᠣᠰᠣᠭ᠋ᠠᠷ ᠫᠢᠶᠣᠣ ᠥᠭᠴᠦ 3᠎ᠠᠴᠠ ᠳᠡᠭᠡᠭᠰᠢ ᠬᠠᠩᠭ᠋ᠠᠭᠴᠢ ᠬᠤᠳᠠᠯᠳᠤᠭ᠋ᠠᠴᠢᠨ᠎ᠤ ᠵᠢᠷᠤᠭ ᠲᠥᠯᠥᠪᠯᠡᠭᠡ ᠵᠢᠨ ᠲᠥᠰᠦᠯ ᠪᠤᠶᠤ ᠰᠢᠢ᠍ᠳᠪᠦᠷᠢᠯᠡᠬᠦ ᠲᠥᠰᠦᠯ᠎ᠢ ᠳᠡᠪᠰᠢᠭᠦᠯᠦᠨ᠂ ᠲᠡᠭᠦᠨ᠎ᠢ ᠱᠠᠭ᠋ᠠᠷᠳᠠᠨ ᠲᠣᠭᠲᠠᠭ᠋ᠠᠭᠰᠠᠨ ᠬᠤᠭᠤᠴᠠᠭ᠋ᠠᠨ ᠳᠣᠲᠣᠷ᠎ᠠ ᠡᠴᠦᠰ᠎ᠤᠨ ᠦᠨ᠎ᠡ ᠵᠢ ᠳᠡᠪᠰᠢᠭᠦᠯᠦᠨ ᠳᠣᠰᠢᠶᠠᠯᠭ᠋ᠠᠨ᠎ᠠ᠃
      ᠭᠤᠴᠢᠨ ᠵᠢᠷᠭᠤᠳᠤᠭ᠋ᠠᠷ ᠵᠦᠢ᠍ᠯ᠂ ᠦᠨ᠎ᠡ ᠯᠠᠪᠯᠠᠬᠤ ᠮᠡᠳᠡᠭᠳᠡᠯ᠎ᠤᠨ ᠪᠢᠴᠢᠭ᠎ᠨᠢ ᠬᠤᠳᠠᠯᠳᠤᠨ ᠠᠪᠬᠤ ᠬᠡᠷᠡᠭᠴᠡᠭᠡ᠎ᠪᠠᠨ ᠦᠨᠳᠦᠰᠦᠯᠡᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢᠨ ᠵᠣᠷᠪᠣᠰ᠎ᠢ ᠳᠣᠬᠳᠠᠭ᠋ᠠᠨ᠎ᠠ᠃ ᠦᠨ᠎ᠡ ᠯᠠᠪᠯᠠᠬᠤ ᠶᠠᠪᠤᠴᠠ᠎ᠳᠤ ᠦᠨ᠎ᠡ ᠯᠠᠪᠯᠠᠬᠤ ᠳᠤᠭᠤᠶ᠋ᠢᠯᠠᠩ᠎ᠨᠢ ᠦᠨ᠎ᠡ ᠯᠠᠪᠯᠠᠬᠤ ᠮᠡᠳᠡᠭᠳᠡᠯ᠎ᠤᠨ ᠪᠢᠴᠢᠭ᠎ᠤᠨ ᠲᠣᠭᠲᠠᠭ᠋ᠠᠭᠰᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢᠨ ᠵᠦᠢ᠍ᠯ ᠵᠤᠷᠪᠤᠰ᠎ᠢ ᠬᠤᠪᠢᠷᠠᠭᠤᠯᠵᠤ ᠪᠣᠯᠬᠤ ᠦᠭᠡᠢ᠃
      ᠭᠤᠴᠢᠨ ᠳᠣᠯᠣᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠲᠠᠪᠤᠳᠤᠭ᠋ᠠᠷ ᠵᠤᠷᠪᠤᠰ᠂ ᠳᠥᠴᠢᠳᠦᠭᠡᠷ ᠵᠦᠢ᠍ᠯ᠎ᠤᠨ ᠳᠥᠷᠪᠡᠳᠦᠭᠡᠷ ᠵᠤᠷᠪᠤᠰ᠎ᠲᠤ ᠬᠡᠯᠡᠵᠦ ᠪᠠᠶ᠋ᠢᠭ᠎ᠠ ᠶᠠᠰᠤ ᠴᠢᠨᠠᠷ ᠪᠠ ᠦᠢ᠍ᠯᠡᠴᠢᠯᠡᠭᠡ᠎ᠨᠢ ᠬᠠᠷᠠᠭ᠋ᠠᠯᠵᠠᠨ ᠠᠳᠠᠯᠢ ᠭᠡᠳᠡᠭ᠎ᠨᠢ ᠬᠠᠩᠭ᠋ᠠᠭᠴᠢ ᠬᠤᠳᠠᠯᠳᠤᠭ᠋ᠠᠴᠢᠨ᠎ᠤ ᠬᠠᠩᠭ᠋ᠠᠬᠰᠠᠨ ᠦᠢ᠍ᠯᠡᠳᠬᠦᠨ᠎ᠤ ᠶᠠᠰᠤ ᠴᠢᠨᠠᠷ ᠪᠣᠯᠤᠨ ᠦᠢ᠍ᠯᠡᠴᠢᠯᠡᠭᠡ᠎ᠨᠢ ᠴᠥᠮ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠤᠨ ᠳᠣᠬᠳᠠᠬᠰᠡᠨ ᠮᠥᠨ ᠴᠢᠨᠠᠷ᠎ᠤᠨ ᠱᠠᠭ᠋ᠠᠷᠳᠠᠯᠭ᠎ᠠ᠎ᠳᠤ ᠨᠡᠢ᠌ᠴᠡᠬᠦ ᠵᠢ ᠵᠢᠭ᠋ᠠᠨ᠎ᠠ᠃
      ᠭᠤᠴᠢᠨ ᠨᠠᠢ᠍ᠮᠠᠳᠤᠭ᠋ᠠᠷ ᠵᠦᠢ᠍ᠯ᠂ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠲᠣᠭ᠎ᠠ ᠨᠣᠷᠮ᠎ᠠ ᠵᠢᠨ ᠪᠠᠷᠢᠮᠵᠢᠶ᠎ᠠ᠎ᠳᠤ ᠬᠦᠷᠴᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠭᠤᠴᠢᠨ ᠨᠢᠭᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ᠎ᠲᠤ ᠲᠣᠭᠲᠠᠭ᠋ᠠᠭᠰᠠᠨ ᠪᠠᠶ᠋ᠢᠳᠠᠯ᠎ᠲᠠᠢ ᠨᠡᠶ᠋ᠢᠴᠡᠵᠦ᠂ ᠴᠤᠷ᠎ᠤᠨ ᠭᠠᠭᠴᠠ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠠᠴᠠ ᠯᠠ ᠬᠤᠳᠠᠯᠳᠤᠨ ᠠᠪᠬᠤ᠎ᠳᠤ ᠬᠦᠷᠪᠡᠯ᠂ ᠬᠤᠳᠠᠯᠳᠤᠨ ᠠᠪᠤᠭᠴᠢ᠎ᠨᠢ ᠬᠤᠳᠠᠯᠳᠤᠨ ᠠᠪᠬᠤ ᠲᠥᠷᠥᠯ ᠵᠦᠢ᠍ᠯ᠎ᠤᠨ ᠮᠡᠳᠡᠭᠡ ᠵᠠᠩᠭᠢ ᠪᠠ ᠴᠤᠷ᠎ᠤᠨ ᠭᠠᠭᠴᠠ ᠬᠠᠩᠭ᠋ᠠᠭᠴᠢ ᠬᠤᠳᠠᠯᠳᠤᠭ᠋ᠠᠴᠢᠨ᠎ᠤ ᠨᠡᠷᠡᠢ᠌ᠳᠦᠯ᠎ᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠵᠠᠭᠤᠴᠢᠯᠠᠭᠤᠷ ᠳᠡᠭᠡᠷ᠎ᠡ ᠵᠠᠷᠯᠠᠵᠦ᠂ ᠵᠠᠷᠯᠠᠬᠣ ᠬᠣᠭᠣᠴᠠᠭ᠎ᠠ᠎ᠨᠢ 5 ᠠᠵᠢᠯᠯᠠᠬᠤ ᠠ᠋ᠳᠦᠷ᠎ᠠᠴᠠ ᠳᠣᠲᠠᠭᠣ ᠪᠠᠶ᠋ᠢᠯᠭ᠋ᠠᠵᠤ ᠪᠣᠯᠬᠤ ᠦᠭᠡᠢ᠃
      ᠭᠤᠴᠢ ᠶᠢᠰᠦᠳᠦᠭᠡᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠠᠶ᠋ᠢᠳᠠᠯ᠎ᠢ ᠭᠠᠷᠭ᠋ᠠᠪᠠᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ ᠳᠣᠲᠣᠷ᠎ᠠ᠎ᠠᠴᠠ ᠲᠣᠬᠢᠶᠠᠯᠳᠤᠯ ᠵᠶ᠋ᠠᠷ ᠰᠣᠩᠭᠣᠵᠤ ᠠᠪᠤᠨ᠎ᠠ᠃
      ᠳᠥᠴᠢᠳᠦᠭᠡᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠬᠢᠨᠠᠨ ᠰᠢᠯᠭ᠋ᠠᠬᠤ ᠠᠵᠢᠯ᠎ᠤᠨ ᠰᠠᠬᠢᠯᠭ᠎ᠠ ᠪᠠᠲᠤ ᠵᠢ ᠵᠢᠷᠤᠮᠯᠠᠬᠤ ᠬᠡᠷᠡᠭᠲᠡᠶ᠂ ᠬᠢᠨᠠᠨ ᠲᠣᠭᠲᠠᠭ᠋ᠠᠬᠤ ᠪᠢᠴᠢᠭ ᠮᠠᠲ᠋ᠧᠷᠢᠶᠠᠯ᠂ ᠬᠢᠨᠠᠨ ᠲᠣᠭᠲᠠᠭ᠋ᠠᠬᠤ ᠪᠠᠶ᠋ᠢᠳᠠᠯ ᠪᠠ ᠬᠢᠨᠠᠨ ᠰᠢᠯᠭ᠋ᠠᠬᠤ᠎ᠳᠤ ᠣᠯᠵᠤ ᠮᠡᠳᠡᠭᠰᠡᠨ ᠬᠤᠳᠠᠯᠳᠤᠭ᠋ᠠᠨ᠎ᠤ ᠨᠢᠭᠤᠴᠠ ᠵᠢ ᠵᠠᠳᠠᠷᠠᠭᠤᠯᠵᠤ ᠪᠣᠯᠬᠤ ᠤᠢ᠍ᠭᠡᠢ᠃
      ᠳᠠᠭ᠋ᠠᠭ᠋ᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡ ᠬᠢᠬᠦ ᠳᠤᠭᠤᠶ᠋ᠢᠯᠠᠩ ᠪᠤᠶᠤ ᠦᠨ᠎ᠡ ᠯᠠᠪᠯᠠᠬᠤ ᠳᠤᠭᠤᠶ᠋ᠢᠯᠠᠩ᠎ᠨᠢ ᠬᠢᠨᠠᠨ ᠲᠣᠭᠲᠠᠭ᠋ᠠᠬᠤ ᠶᠠᠪᠤᠴᠠ᠎ᠳᠤ ᠬᠠᠬᠤᠤᠯᠢ ᠲᠦᠯᠬᠢᠬᠦ᠂ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠰᠠᠨ ᠪᠤᠶᠤ ᠰᠥᠯᠪᠡᠭᠡᠯᠳᠦᠬᠦ ᠵᠡᠷᠭᠡ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠣᠯᠵᠤ ᠮᠡᠳᠡᠭᠰᠡᠨ ᠪᠠᠶ᠋ᠢᠪᠠᠯ᠂ ᠴᠠᠭ ᠲᠤᠬᠠᠶ᠎ᠳᠤᠨᠢ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠠᠴᠠ ᠬᠢᠨᠠᠨ ᠲᠣᠭᠲᠠᠭ᠋ᠠᠬᠤ ᠶᠠᠪᠤᠴᠠ᠎ᠳᠤ ᠬᠠᠤᠯᠢ ᠪᠤᠰᠤ᠎ᠪᠠᠷ ᠭᠠᠷ ᠲᠦᠷᠦᠭᠦ ᠶᠠᠪᠤᠳᠠᠯ᠎ᠢ ᠣᠯᠵᠤ ᠮᠡᠳᠡᠭᠰᠡᠨ ᠪᠠᠶ᠋ᠢᠪᠠᠯ᠂ ᠴᠠᠭ ᠲᠤᠬᠠᠶ᠎ᠳᠤᠨᠢ ᠠ᠋ᠳ᠋᠎ᠤᠨ ᠵᠠᠰᠠᠭ᠂ ᠬᠢᠨᠠᠨ ᠪᠠᠶ᠋ᠢᠴᠠᠭ᠋ᠠᠬᠤ ᠵᠡᠷᠭᠡ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠦᠨ᠎ᠡ᠃
      ᠳᠥᠴᠢᠨ ᠨᠢᠭᠡᠳᠦᠭᠡᠷ ᠵᠦᠢ᠍ᠯ᠂ ᠳᠠᠭ᠋ᠠᠭ᠋ᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡ ᠬᠢᠬᠦ ᠳᠤᠭᠤᠶ᠋ᠢᠯᠠᠩ ᠪᠤᠶᠤ ᠦᠨ᠎ᠡ ᠯᠠᠪᠯᠠᠬᠤ ᠳᠤᠭᠤᠶ᠋ᠢᠯᠠᠩ᠎ᠤᠨ ᠪᠦᠷᠢᠯᠳᠦᠬᠦᠨ᠎ᠨᠢ ᠪᠣᠰᠣᠳᠴᠢ᠂ ᠭᠣᠣᠯᠴᠢ᠂ ᠪᠣᠯᠭᠣᠮᠵᠢᠲᠠᠶ ᠵᠠᠷᠴᠢᠮ᠎ᠢ ᠦᠨᠳᠦᠰᠦᠯᠡᠨ᠂ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠤᠨ ᠲᠣᠭᠲᠠᠭ᠋ᠠᠭᠰᠠᠨ ᠬᠢᠨᠠᠨ ᠲᠣᠭᠲᠠᠭ᠋ᠠᠬᠤ ᠲᠡᠰ ᠳᠠᠷᠠᠭ᠋ᠠᠯᠠᠯ᠂ ᠬᠢᠨᠠᠨ ᠰᠢᠯᠭ᠋ᠠᠬᠤ ᠠᠷᠭ᠎ᠠ ᠪᠣᠯᠤᠨ ᠦᠨᠡᠯᠡᠨ ᠬᠢᠨᠠᠬᠤ ᠪᠠᠷᠢᠮᠵᠢᠶ᠎ᠠ ᠵᠢ ᠦᠨᠳᠦᠰᠦᠯᠡᠨ ᠬᠢᠨᠠᠨ ᠳᠣᠬᠳᠠᠭ᠋ᠠᠯᠲᠠ ᠬᠢᠨ᠎ᠡ᠃ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠢ ᠠᠭᠤᠯᠭ᠎ᠠ᠎ᠨᠢ ᠤᠯᠤᠰ᠎ᠤᠨ ᠬᠣᠯᠪᠣᠭᠳᠠᠯ ᠪᠦᠬᠦᠢ ᠠᠯᠪᠠᠳᠠᠯᠭ᠎ᠠ ᠵᠢᠨ ᠴᠢᠨᠠᠷᠲᠠᠶ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠳᠠᠭ᠋ᠠᠭ᠋ᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡ ᠬᠢᠬᠦ ᠳᠤᠭᠤᠶ᠋ᠢᠯᠠᠩ ᠪᠤᠶᠤ ᠦᠨ᠎ᠡ ᠯᠠᠪᠯᠠᠬᠤ ᠳᠤᠭᠤᠶ᠋ᠢᠯᠠᠩ᠎ᠨᠢ ᠬᠢᠨᠠᠨ ᠲᠣᠭᠲᠠᠭ᠋ᠠᠬᠤ ᠵᠢ ᠵᠣᠭᠰᠣᠭ᠋ᠠᠵᠤ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠪᠠᠶ᠋ᠢᠳᠠᠯ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
      ᠳᠠᠭ᠋ᠠᠭ᠋ᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡ ᠬᠢᠬᠦ ᠳᠤᠭᠤᠶ᠋ᠢᠯᠠᠩ ᠪᠤᠶᠤ ᠦᠨ᠎ᠡ ᠯᠠᠪᠯᠠᠬᠤ ᠳᠤᠭᠤᠶ᠋ᠢᠯᠠᠩ᠎ᠤᠨ ᠪᠦᠷᠢᠯᠳᠦᠬᠦᠨ᠎ᠨᠢ ᠬᠢᠨᠠᠨ ᠲᠣᠭᠲᠠᠭ᠋ᠠᠭᠰᠠᠨ ᠮᠡᠳᠡᠭᠦᠯᠦᠯᠲᠡ ᠳᠡᠭᠡᠷ᠎ᠡ ᠭᠠᠷ᠎ᠤᠨ ᠦᠰᠦᠭ ᠵᠢᠷᠣᠵᠦ᠂ ᠥᠪᠡᠷ᠎ᠤᠨ ᠬᠢᠨᠠᠨ ᠲᠣᠭᠲᠠᠭ᠋ᠠᠬᠤ ᠰᠠᠨᠠᠯ ᠎ᠳᠤ ᠬᠠᠤᠯᠢ ᠵᠢᠨ ᠬᠠᠷᠢᠭᠤᠴᠠᠯᠭ᠎ᠠ ᠠ᠋ᠭᠦᠷᠭᠡᠯᠡᠬᠦ ᠬᠡᠷᠡᠭᠲᠡᠶ᠃ ᠬᠢᠨᠠᠨ ᠲᠣᠭᠲᠠᠭ᠋ᠠᠬᠤ ᠮᠡᠳᠡᠭᠦᠯᠦᠯᠲᠡ᠎ᠳᠤ ᠣᠨᠳᠣᠣ ᠰᠠᠨᠠᠯ᠎ᠲᠠᠢ ᠪᠠᠶ᠋ᠢᠪᠠᠯ᠂ ᠠᠳᠠᠯᠢ ᠪᠤᠰᠤ ᠰᠠᠨᠠᠯ᠎ᠢ᠎ᠨᠢ ᠬᠢᠨᠠᠨ ᠲᠣᠭᠲᠠᠭ᠋ᠠᠭᠰᠠᠨ ᠮᠡᠳᠡᠭᠦᠯᠦᠯᠲᠡ ᠳᠡᠭᠡᠷ᠎ᠡ ᠪᠢᠴᠢᠨ ᠭᠠᠷ᠎ᠤᠨ ᠦᠰᠦᠭ ᠵᠢᠷᠤᠵᠤ᠂ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠂ ᠲᠡᠭᠡᠬᠦ ᠦᠭᠡᠢ ᠪᠣᠯ ᠬᠢᠨᠠᠨ ᠲᠣᠭᠲᠠᠭ᠋ᠠᠭᠰᠠᠨ ᠮᠡᠳᠡᠭᠦᠯᠦᠯᠲᠡ ᠵᠢ ᠵᠥᠪᠰᠢᠶᠡᠷᠡᠭᠰᠡᠨ ᠵᠶ᠋ᠡᠷ ᠪᠤᠳᠤᠨ᠎ᠠ  ᠃
      ᠳᠥᠴᠢᠨ ᠬᠣᠶᠠᠳᠤᠭ᠋ᠠᠷ ᠵᠦᠢ᠍ᠯ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠳᠠᠭ᠋ᠠᠭ᠋ᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ᠎ᠤ ᠴᠢᠨᠠᠷᠲᠠᠢ ᠬᠡᠯᠡᠯᠴᠡᠭᠡ ᠬᠢᠬᠦ ᠳᠤᠭᠤᠶ᠋ᠢᠯᠠᠩ ᠪᠤᠶᠤ ᠦᠨ᠎ᠡ ᠯᠠᠪᠯᠠᠬᠤ ᠳᠤᠭᠤᠶ᠋ᠢᠯᠠᠩ᠎ᠤᠨ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ   ᠥᠭᠡᠳᠡ ᠬᠠᠨᠳᠤᠯᠭ᠋ᠠᠲᠤ ᠴᠢᠨᠠᠷᠲᠠᠶ᠂ ᠪᠤᠷᠤᠭᠤ ᠵᠦᠭ ᠬᠥᠲᠥᠯᠬᠦ ᠴᠢᠨᠠᠷᠲᠠᠶ ᠲᠠᠶ᠋ᠢᠯᠪᠤᠷᠢ ᠪᠤᠶᠤ ᠲᠣᠳᠣᠷᠬᠠᠶ᠋ᠢᠯᠠᠯᠲᠠ ᠬᠢᠵᠦ ᠪᠣᠯᠬᠣ ᠦᠭᠡᠢ᠃
      ᠳᠥᠴᠢᠨ ᠭᠤᠷᠪᠠᠳᠤᠭ᠋ᠠᠷ ᠵᠦᠢ᠍ᠯ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠢᠨᠠᠨ ᠲᠣᠭᠲᠠᠭ᠋ᠠᠬᠤ ᠳᠠᠭᠤᠰᠤᠭᠰᠠᠨ ᠠ᠋ᠳᠦᠷ᠎ᠠᠴᠠ ᠠ᠋ᠬᠢᠯᠡᠨ 2 ᠠᠵᠢᠯᠯᠠᠬᠤ ᠠ᠋ᠳᠦᠷ᠎ᠤᠨ ᠳᠣᠲᠣᠷ᠎ᠠ ᠬᠢᠨᠠᠨ ᠲᠣᠭᠲᠠᠭ᠋ᠠᠭᠰᠠᠨ ᠮᠡᠳᠡᠭᠦᠯᠦᠯᠲᠡ᠎ᠶᠢ ᠬᠤᠳᠠᠯᠳᠤᠨ ᠠᠪᠤᠭᠴᠢ᠎ᠳᠤ ᠲᠤᠰᠢᠶᠠᠨ ᠥᠭᠭᠦᠨ᠎ᠡ᠃ ᠬᠤᠳᠠᠯᠳᠤᠨ ᠠᠪᠤᠭᠴᠢ᠎ᠨᠢ ᠬᠢᠨᠠᠨ ᠲᠣᠭᠲᠠᠭ᠋ᠠᠭᠰᠠᠨ ᠮᠡᠳᠡᠭᠦᠯᠦᠯᠲᠡ᠎ᠶᠢ ᠣᠯᠤᠭᠰᠠᠨ ᠠ᠋ᠳᠦᠷ᠎ᠠᠴᠠ ᠠ᠋ᠬᠢᠯᠡᠨ 5 ᠠᠵᠢᠯ᠎ᠤᠨ ᠠ᠋ᠳᠦᠷ᠎ᠤᠨ ᠳᠣᠲᠣᠷ᠎ᠠ ᠬᠢᠨᠠᠨ ᠲᠣᠭᠲᠠᠭ᠋ᠠᠭᠰᠠᠨ ᠮᠡᠳᠡᠭᠦᠯᠦᠯᠲᠡ᠎ᠤᠨ ᠲᠠᠨᠢᠯᠴᠠᠭᠤᠯᠤᠭᠰᠠᠨ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠬᠦ ᠵᠢᠱ᠌ᠢᠭᠳᠡᠭᠰᠡᠳ᠎ᠤᠨ ᠳᠣᠲᠣᠷ᠎ᠠ᠎ᠠᠴᠠ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠭᠡᠵᠦ ᠪᠣᠯᠬᠤ   ᠬᠠᠩᠭ᠋ᠠᠬᠤ ᠬᠤᠳᠠᠯᠳᠤᠭ᠋ᠠᠨ᠎ᠢ ᠲᠡᠰ ᠳᠠᠷᠠᠭ᠋ᠠᠯᠠᠯ ᠵᠶ᠋ᠠᠷ ᠲᠣᠭᠲᠠᠭ᠋ᠠᠨ᠎ᠠ᠃
      ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠳᠠᠭ᠋ᠠᠭ᠋ᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠲᠣᠭᠲᠠᠭ᠋ᠠᠭᠰᠠᠨ ᠠ᠋ᠳᠦᠷ᠎ᠠᠴᠠ ᠠ᠋ᠬᠢᠯᠡᠨ 2 ᠠᠵᠢᠯᠯᠠᠬᠤ ᠠ᠋ᠳᠦᠷ᠎ᠤᠨ ᠳᠣᠲᠣᠷ᠎ᠠ ᠳᠠᠭ᠋ᠠᠭ᠋ᠠᠴᠢᠯᠠᠯᠲᠠ ᠣᠯᠤᠭᠰᠠᠨ᠂ ᠮᠠᠶ᠋ᠢᠮᠠᠶ ᠪᠦᠲᠦᠭᠰᠡᠨ ᠮᠡᠳᠡᠭᠳᠡᠯ᠎ᠤᠨ ᠪᠢᠴᠢᠭ᠎ᠢ ᠭᠠᠷᠭ᠋ᠠᠨ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠵᠠᠭᠤᠴᠢᠯᠠᠭᠤᠷ ᠳᠡᠭᠡᠷ᠎ᠡ ᠳᠠᠭ᠋ᠠᠭ᠋ᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠢ ᠵᠠᠷᠯᠠᠵᠦ᠂ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡ ᠬᠢᠬᠦ ᠪᠢᠴᠢᠭ ᠮᠠᠲ᠋ᠧᠷᠢᠶᠠᠯ᠂ ᠦᠨ᠎ᠡ ᠯᠠᠪᠯᠠᠬᠤ ᠮᠡᠳᠡᠭᠳᠡᠯ᠎ᠤᠨ ᠪᠢᠴᠢᠭ᠎ᠢ ᠳᠠᠭ᠋ᠠᠭ᠋ᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠤᠨ ᠬᠠᠮᠲᠤ ᠵᠠᠷᠯᠠᠨ ᠨᠡᠶ᠋ᠢᠲᠡᠯᠡᠬᠦ ᠬᠡᠷᠡᠭᠲᠡᠶ᠃
      ᠳᠠᠭ᠋ᠠᠭ᠋ᠠᠴᠢᠯᠠᠯᠲᠠ ᠤᠯᠬᠤ᠂ ᠰᠣᠯᠢᠯᠴᠠᠭ᠎ᠠ ᠳᠣᠭᠢᠷᠠᠭᠰᠠᠨ ᠦᠷ᠎ᠡ ᠳ᠋ᠦᠩ᠎ᠤᠨ ᠨᠡᠶ᠋ᠢᠲᠡ᠎ᠳᠤ ᠵᠠᠷᠯᠠᠬᠤ ᠠᠭᠤᠯᠭ᠎ᠠ᠎ᠳᠤ ᠬᠤᠳᠠᠯᠳᠤᠨ ᠠᠪᠤᠭᠴᠢ ᠬᠢᠭᠡᠳ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠨᠡᠷᠡᠶ᠋ᠢᠳᠦᠯ᠂ ᠬᠠᠶᠢᠭ᠂ ᠬᠠᠷᠢᠯᠴᠠᠬᠤ ᠬᠡᠯᠪᠡᠷᠢ᠂ ᠲᠥᠷᠥᠯ ᠵᠦᠢ᠍ᠯ᠎ᠤᠨ ᠨᠡᠷᠡᠶ᠋ᠢᠳᠦᠯ ᠪᠠ ᠲᠦᠷᠦᠯ ᠵᠦᠢ᠍ᠯ᠎ᠤᠨ ᠨᠣᠮᠧᠷ᠂ ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ ᠬᠠᠩᠭ᠋ᠠᠭᠴᠢ ᠬᠣᠳᠣᠯᠳᠣᠭ᠋ᠠᠴᠢᠨ᠎ᠤ ᠨᠡᠷᠡᠶ᠋ᠢᠳᠦᠯ᠂ ᠬᠠᠶᠢᠭ ᠪᠠ ᠳᠠᠭ᠋ᠠᠭ᠋ᠠᠴᠢᠯᠠᠯᠲᠠ ᠤᠯᠬᠤ ᠪᠤᠶᠤ ᠠᠷᠠᠯᠵᠢᠶ᠎ᠠ ᠪᠦᠲᠦᠭᠰᠡᠨ ᠲᠣᠭ᠎ᠠ᠂ ᠭᠣᠣᠯ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠭᠡᠬᠦ ᠵᠢᠨ ᠨᠡᠷᠡᠶ᠋ᠢᠳᠦᠯ᠂ ᠬᠡᠯᠪᠡᠷᠢ ᠮᠠᠶᠢᠭ᠂ ᠲᠣᠭ᠎ᠠ ᠬᠡᠮᠵᠢᠶ᠎ᠡ᠂ ᠨᠢᠭᠡᠪᠦᠷᠢ ᠵᠢᠨ ᠦᠨ᠎ᠡ᠂ ᠦᠢ᠍ᠯᠡᠴᠢᠯᠡᠭᠡᠨ᠎ᠤ ᠱᠠᠭ᠋ᠠᠷᠳᠠᠯᠭ᠎ᠠ ᠵᠢᠴᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠨᠡᠷᠡᠰ᠃
      ᠳᠥᠴᠢᠨ ᠳᠥᠷᠪᠡᠳᠦᠭᠡᠷ ᠵᠦᠢ᠍ᠯ᠂ ᠲᠦᠷᠤ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠠᠶ᠋ᠢᠳᠠᠯ᠎ᠢ ᠭᠠᠷᠭ᠋ᠠᠪᠠᠯ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠶᠠᠮᠠᠷᠪᠠ ᠰᠢᠯᠲᠠᠭ ᠵᠶ᠋ᠠᠷ ᠵᠣᠬᠢᠶᠠᠨ ᠪᠠᠢ᠌ᠭᠣᠯᠣᠨ ᠳᠠᠬᠢᠵᠤ ᠬᠢᠨᠠᠨ   ᠳᠣᠬᠲᠠᠭ᠋ᠠᠯᠲᠠ ᠬᠢᠵᠦ ᠪᠣᠯᠬᠣ ᠦᠭᠡᠢ᠃ ᠬᠤᠳᠠᠯᠳᠤᠨ ᠠᠪᠤᠭᠴᠢ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠢ᠌ᠭᠣᠯᠣᠮᠵᠢ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠵᠣᠬᠢᠶᠠᠨ ᠪᠠᠶ᠋ᠢᠭᠤᠯᠵᠤ ᠳᠠᠬᠢᠨ ᠬᠢᠨᠠᠨ ᠲᠣᠭᠲᠠᠭ᠋ᠠᠬᠤ᠎ᠳᠤ ᠪᠢᠴᠢᠭ ᠵᠶ᠋ᠡᠷ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠶᠠᠩᠵᠦ ᠪᠦᠲᠦᠭᠡᠭᠳᠡᠬᠦᠨ᠎ᠢ ᠪᠠᠶ᠋ᠢᠴᠠᠭ᠋ᠠᠨ ᠰᠢᠯᠭ᠋ᠠᠬᠤ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠰᠢᠯᠭ᠋ᠠᠨ ᠪᠠᠶ᠋ᠢᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠬᠣᠪᠢᠷᠠᠭᠣᠯᠵᠦ ᠪᠣᠯᠬᠣ ᠦᠭᠡᠢ᠃
      ᠳᠥᠴᠢᠨ ᠲᠠᠪᠤᠳᠤᠭ᠋ᠠᠷ ᠵᠦᠢ᠍ᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ᠎ᠳᠤ ᠲᠣᠭᠲᠠᠭᠰᠠᠨ ᠶᠣᠰᠣᠭ᠋ᠠᠷ ᠲᠧᠭᠨᠢᠭ ᠮᠡᠷᠭᠡᠵᠢᠯ᠂ ᠦᠢ᠍ᠯᠡᠴᠢᠯᠡᠭᠡ᠂ ᠠᠶᠤᠯᠭᠦᠶ ᠵᠢᠨ ᠪᠠᠷᠢᠮᠵᠢᠶ᠎ᠠ ᠶᠤᠰᠤᠭ᠋ᠠᠷ ᠵᠣᠬᠢᠶᠠᠨ ᠪᠠᠢ᠌ᠭᠣᠯᠣᠨ ᠬᠠᠩᠭ᠋ᠠᠭᠴᠢ ᠬᠤᠳᠠᠯᠳᠤᠭ᠋ᠠᠴᠢᠨ᠎ᠤ ᠭᠡᠷ᠎ᠡ ᠵᠢ ᠭᠦᠢ᠍ᠴᠡᠳᠬᠡᠭᠰᠡᠨ ᠪᠠᠶ᠋ᠢᠳᠠᠯ᠎ᠢ ᠰᠢᠯᠭ᠋ᠠᠨ ᠠᠪᠴᠦ᠂ ᠰᠢᠯᠭ᠋ᠠᠨ ᠠᠪᠤᠭᠰᠠᠨ ᠪᠢᠴᠢᠭ ᠬᠢᠵᠦ ᠥᠭᠬᠦ ᠬᠡᠷᠡᠭᠲᠡᠶ᠃ ᠰᠢᠯᠭ᠋ᠠᠨ ᠠᠪᠤᠭᠰᠠᠨ ᠪᠢᠴᠢᠭ ᠎ᠲᠤ   ᠲᠦᠷᠦᠯ ᠨᠢᠭᠡᠪᠦᠷᠢ ᠵᠢᠨ ᠮᠡᠷᠭᠡᠵᠢᠯ᠂ ᠦᠢ᠍ᠯᠡᠴᠢᠯᠡᠭᠡ᠂ ᠠᠶᠣᠯᠭᠦᠢ ᠵᠢᠨ ᠪᠠᠷᠢᠮᠵᠢᠶ᠎ᠠ᠎ᠤ ᠭᠦᠢ᠍ᠴᠡᠳᠬᠡᠬᠦ ᠪᠠᠶ᠋ᠢᠳᠠᠯ᠎ᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃
      ᠵᠠᠰᠠᠭ᠎ᠤᠨ ᠣᠷᠳᠣᠨ ᠨᠡᠶ᠋ᠢᠭᠡᠮ᠎ᠤᠨ ᠣᠯᠠᠨ ᠨᠡᠶ᠋ᠢᠲᠡ᠎ᠳᠤ ᠬᠠᠩᠭ᠋ᠠᠬᠤ ᠣᠯᠠᠨ ᠨᠡᠶ᠋ᠢᠲᠡ ᠵᠢᠨ ᠦᠢ᠍ᠯᠡᠴᠢᠯᠡᠬᠡᠨ᠎ᠤ ᠲᠥᠷᠥᠯ ᠵᠦᠢ᠍ᠯ᠎ᠢ ᠰᠢᠯᠭ᠋ᠠᠨ ᠠᠪᠬᠤ ᠦᠶ᠎ᠡ᠎ᠳᠤ ᠤᠷᠢᠵᠤ ᠦᠢ᠍ᠯᠡᠴᠢᠯᠡᠬᠦ ᠠ᠋ᠲᠡᠭᠡᠳ ᠣᠷᠣᠯᠴᠠᠵᠤ᠂ ᠰᠠᠨᠠᠯ ᠵᠶ᠋ᠠᠨ ᠭᠠᠷᠭ᠋ᠠᠵᠤ ᠪᠣᠯᠬᠤ ᠪᠥᠭᠡᠳ᠂ ᠰᠢᠯᠭ᠋ᠠᠨ ᠠᠪᠤᠭᠰᠠᠨ ᠦᠷ᠎ᠡ ᠳ᠋ᠦᠩ᠎ᠢ ᠨᠡᠶ᠋ᠢᠭᠡᠮ ᠨᠡᠶ᠋ᠢᠲᠡ᠎ᠳᠤ ᠵᠠᠷᠯᠠᠬᠤ ᠬᠡᠷᠡᠭᠲᠡᠶ᠃
      ᠳᠥᠴᠢᠨ ᠵᠢᠷᠭᠤᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠳᠥᠴᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠢ ᠠ᠋ᠯᠧᠺᠲᠷᠣᠨ ᠳᠠᠩᠰᠠ ᠡᠪᠬᠡᠮᠡᠯ᠎ᠤᠨ ᠠᠷᠭ᠎ᠠ ᠮᠠᠶᠢᠭ ᠵᠶ᠋ᠠᠷ ᠬᠠᠳᠠᠭ᠋ᠠᠯᠠᠵᠤ ᠪᠣᠯᠤᠨ᠎ᠠ᠃
      ᠲᠠᠪᠤᠳᠤᠭ᠋ᠠᠷ ᠪᠦᠯᠦᠭ       ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ
      ᠳᠥᠴᠢᠨ ᠳᠣᠯᠣᠳᠤᠭ᠋ᠠᠷ ᠵᠦᠢ᠍ᠯ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢᠨ ᠪᠠᠷᠢᠮᠵᠢᠶᠠᠲᠤ ᠪᠢᠴᠢᠭ ᠬᠠᠷ᠎ᠠ ᠵᠢ ᠳᠣᠬᠳᠠᠭ᠋ᠠᠨ᠎ᠠ᠃
      ᠳᠥᠴᠢᠨ ᠨᠠᠢ᠍ᠮᠠᠳᠤᠭ᠋ᠠᠷ ᠵᠦᠢ᠍ᠯ᠂ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠨᠢ ᠳᠠᠭ᠋ᠠᠭ᠋ᠠᠴᠢᠯᠠᠯᠲᠠ ᠵᠢ ᠣᠯᠣᠬᠰᠡᠨ ᠪᠤᠶᠤ ᠮᠠᠶ᠋ᠢᠮᠠᠶ ᠪᠦᠲᠦᠭᠰᠡᠨ ᠬᠠᠩᠭ᠋ᠠᠭᠴᠢ ᠬᠤᠳᠠᠯᠳᠤᠭ᠋ᠠᠴᠢᠨ᠎ᠢ ᠪᠣᠯᠵᠣᠯ ᠭᠦᠢ᠍ᠴᠡᠳᠬᠡᠬᠦ ᠪᠠᠲᠤᠯᠠᠪᠤᠷᠢ ᠵᠢᠨ ᠮᠥᠩᠭᠥ ᠲᠤᠰᠢᠶᠠᠯᠭ᠋ᠠᠬᠤ᠎ᠪᠠᠷ ᠱᠠᠭ᠋ᠠᠷᠳᠠᠵᠤ᠂ ᠬᠠᠩᠭ᠋ᠠᠭᠴᠢ ᠬᠤᠳᠠᠯᠳᠤᠭ᠋ᠠᠴᠢᠨ ᠵᠣᠭᠣᠰᠣᠨ᠎ᠤ ᠪᠠᠷᠢᠮᠲᠠ᠂ ᠭᠤᠪᠢᠭᠤᠯᠭ᠎ᠠ ᠵᠢᠨ ᠬᠠᠭᠤᠳᠠᠰᠤ᠂ ᠠ᠋ᠬᠡ ᠪᠠᠷᠢᠮᠲᠠ ᠪᠤᠶᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠳᠠᠭ᠋ᠠᠭ᠋ᠠᠯᠲᠠ ᠬᠢᠬᠦ ᠪᠠᠢ᠌ᠭᠣᠯᠣᠮᠵᠢ ᠵᠢᠨ ᠪᠠᠳᠣᠯᠭ᠋ᠠᠲᠦ ᠪᠡᠯᠡᠨ ᠵᠣᠭᠣᠰ᠎ᠤᠨ ᠪᠤᠰᠤ ᠬᠡᠯᠪᠡᠷᠢ᠎ᠪᠠᠷ ᠳᠣᠰᠢᠶᠠᠨ᠎ᠠ᠃ ᠪᠣᠯᠵᠣᠯ ᠭᠦᠢ᠍ᠴᠡᠳᠬᠡᠬᠦ ᠪᠠᠲᠤᠯᠠᠪᠤᠷᠢ ᠵᠢᠨ ᠮᠥᠩᠭᠥ ᠲᠣᠭ᠎ᠠ ᠬᠡᠮᠵᠢᠶ᠎ᠡ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢᠨ ᠵᠣᠭᠣᠰ᠎ᠤᠨ ᠲᠣᠭ᠎ᠠ᠎ᠨᠢ 10 %᠎ᠠᠴᠠ ᠬᠡᠲᠦᠷᠡᠵᠦ ᠪᠣᠯᠬᠤ ᠦᠭᠡᠢ᠃
      ᠳᠥᠴᠢ ᠶᠢᠰᠦᠳᠦᠭᠡᠷ ᠵᠦᠢ᠍ᠯ᠂ ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ ᠬᠠᠩᠭ᠋ᠠᠭᠴᠢ ᠬᠤᠳᠠᠯᠳᠤᠭ᠋ᠠᠴᠢᠨ᠎ᠨᠢ ᠬᠤᠳᠠᠯᠳᠤᠨ ᠠᠪᠤᠭᠴᠢ᠎ᠲᠠᠢ ᠭᠡᠷ᠎ᠡ ᠳᠣᠬᠳᠠᠬᠣ ᠵᠢ ᠳᠡᠪᠴᠢᠭᠰᠡᠨ ᠪᠣᠯ᠂ ᠬᠤᠳᠠᠯᠳᠤᠨ ᠠᠪᠤᠭᠴᠢ᠎ᠨᠢ ᠬᠢᠨᠠᠨ ᠲᠣᠭᠲᠠᠭ᠋ᠠᠭᠰᠠᠨ ᠮᠡᠳᠡᠭᠦᠯᠦᠯᠲᠡ ᠶᠣᠰᠣᠭ᠋ᠠᠷ ᠲᠠᠨᠢᠯᠴᠠᠭᠤᠯᠤᠭᠰᠠᠨ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠬᠦ᠎ᠪᠠᠷ ᠵᠢᠱ᠌ᠢᠭᠳᠡᠭᠰᠡᠳ᠎ᠤᠨ ᠨᠡᠷᠡᠰ᠎ᠤᠨ ᠵᠢᠭᠰᠠᠭ᠋ᠠᠯ᠎ᠢ ᠦᠨᠳᠦᠰᠦᠯᠡᠨ ᠳᠠᠷᠠᠭ᠋ᠠᠬᠢ ᠵᠢᠱ᠌ᠢᠭᠳᠡᠭᠴᠢ ᠵᠢ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠭᠰᠡᠨ ᠬᠠᠩᠭ᠋ᠠᠭᠴᠢ ᠬᠤᠳᠠᠯᠳᠤᠭ᠋ᠠᠴᠢᠨ ᠳᠣᠬᠳᠠᠭ᠋ᠠᠵᠦ᠂ ᠪᠠᠰᠠ ᠳᠠᠬᠢᠨ ᠰᠢᠨ᠎ᠡ᠎ᠪᠠᠷ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠠᠵᠢᠯᠯᠠᠭ᠎ᠠ ᠵᠢ ᠥᠷᠨᠢᠭᠦᠯᠵᠦ ᠴᠦ᠍ ᠪᠣᠯᠤᠨ᠎ᠠ᠃
      ᠲᠠᠪᠢᠳᠤᠭ᠋ᠠᠷ ᠵᠦᠢ᠍ᠯ᠂ ᠬᠤᠳᠠᠯᠳᠤᠨ ᠠᠪᠤᠭᠴᠢ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠪᠠᠶ᠋ᠢᠭᠤᠯᠤᠭᠰᠠᠨ ᠠ᠋ᠳᠦᠷ᠎ᠠᠴᠠ ᠠ᠋ᠬᠢᠯᠡᠨ 2 ᠠᠵᠢᠯᠯᠠᠬᠤ ᠠ᠋ᠳᠦᠷ᠎ᠤᠨ ᠳᠣᠲᠣᠷ᠎ᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠣ ᠭᠡᠷ᠎ᠡ ᠵᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠵᠠᠭᠤᠴᠢᠯᠠᠭᠤᠷ ᠳᠡᠭᠡᠷ᠎ᠡ ᠵᠠᠷᠯᠠᠨ᠎ᠠ᠂ ᠭᠡᠪᠡᠴᠦ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠳᠣᠮᠳᠠᠬᠢ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠵᠢ ᠠᠭᠤᠯᠭ᠎ᠠ ᠠ᠋ᠭᠦᠨ᠎ᠳᠤ ᠪᠠᠭᠲᠠᠬᠤ ᠦᠭᠡᠢ᠃
      ᠲᠠᠪᠢᠨ ᠨᠢᠭᠡᠳᠦᠭᠡᠷ ᠵᠦᠢ᠍ᠯ᠂ ᠬᠤᠳᠠᠯᠳᠤᠨ ᠠᠪᠤᠭᠴᠢ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢᠨ ᠲᠣᠭᠲᠠᠭ᠋ᠠᠯ ᠶᠣᠰᠣᠭ᠋ᠠᠷ ᠴᠠᠭ ᠲᠤᠬᠠᠶ᠎ᠳᠤᠨᠢ ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ ᠬᠠᠩᠭ᠋ᠠᠭᠴᠢ ᠬᠤᠳᠠᠯᠳᠤᠭ᠋ᠠᠴᠢᠨ᠎ᠳᠤ ᠬᠤᠳᠠᠯᠳᠤᠨ ᠠᠪᠬᠤ ᠪᠡᠯᠡ ᠮᠥᠩᠭᠥ ᠵᠢ ᠥᠭᠬᠦ ᠬᠡᠷᠡᠭᠲᠡᠶ᠃
      ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠦᠢ᠍ᠯᠡᠰ᠎ᠤᠨ ᠪᠡᠯᠡ ᠮᠥᠩᠭᠥ ᠥᠭᠬᠦ ᠶᠠᠪᠣᠴᠠ᠎ᠨᠢ ᠤᠯᠤᠰ᠎ᠤᠨ ᠬᠣᠯᠪᠣᠭᠳᠠᠯ ᠪᠦᠬᠦᠢ ᠠ᠋ᠳ᠋᠎ᠤᠨ ᠵᠠᠰᠠᠭ᠎ᠤᠨ ᠪᠠᠯᠠ ᠮᠥᠩᠭᠥ ᠵᠢᠨ ᠲᠦᠯᠦᠪᠦᠷᠢ ᠵᠢᠨ ᠬᠠᠮᠢᠶᠠᠷᠣᠯᠲᠠ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
      ᠵᠢᠷᠭᠤᠳᠤᠭ᠋ᠠᠷ ᠪᠦᠯᠦᠭ       ᠰᠡᠵᠢᠭᠯᠡᠬᠦ ᠪᠠ ᠵᠠᠭ᠋ᠠᠯᠳᠤᠬᠤ
      ᠲᠠᠪᠢᠨ ᠬᠣᠶᠠᠳᠤᠭ᠋ᠠᠷ ᠵᠦᠢ᠍ᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ 3 ᠠᠵᠢᠯᠯᠠᠬᠤ ᠠ᠋ᠳᠦᠷ᠎ᠤᠨ ᠳᠣᠲᠣᠷ᠎ᠠ ᠬᠠᠩᠭ᠋ᠠᠭᠴᠢ ᠬᠤᠳᠠᠯᠳᠤᠭ᠋ᠠᠴᠢᠨ᠎ᠤ ᠬᠠᠤᠯᠢ ᠶᠣᠰᠣᠭ᠋ᠠᠷ ᠳᠤᠷᠠᠳᠤᠭᠰᠠᠨ ᠠᠰᠠᠭᠤᠯᠲᠠ᠎ᠳᠤ ᠬᠠᠷᠢᠭᠤᠯᠲᠠ ᠥᠭᠬᠦ ᠬᠡᠷᠡᠭᠲᠡᠶ᠃
      ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠳᠤᠷᠠᠳᠤᠭᠰᠠᠨ ᠠᠰᠠᠭᠤᠯᠲᠠ ᠯᠠᠪᠯᠠᠬᠤ ᠪᠤᠶᠤ ᠰᠡᠵᠢᠭᠯᠡᠯᠲᠡ᠎ᠨᠢ ᠬᠤᠳᠠᠯᠳᠤᠨ ᠠᠪᠤᠭᠴᠢ ᠵᠢᠨ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠨᠠᠶ᠋ᠢᠳᠠᠵᠤ ᠠ᠋ᠷᠬᠡ ᠣᠯᠭᠣᠭᠰᠠᠨ ᠬᠡᠪᠴᠢᠶᠡᠨ᠎ᠠᠴᠠ ᠬᠡᠲᠦᠷᠡᠭᠰᠡᠨ ᠪᠠᠢ᠌ᠪᠠᠯ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠠᠩᠭ᠋ᠠᠭᠴᠢ ᠬᠤᠳᠠᠯᠳᠤᠭ᠋ᠠᠴᠢᠨ᠎ᠳᠤ   ᠬᠤᠳᠠᠯᠳᠤᠨ ᠠᠪᠤᠭᠴᠢ᠎ᠠᠴᠠ ᠠᠰᠠᠭᠣᠬᠣ ᠵᠢ ᠬᠡᠯᠡᠵᠦ ᠥᠭᠬᠦ ᠬᠡᠷᠡᠭᠲᠡᠶ᠃
      ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠠᠴᠠ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠬᠠᠮᠵᠢᠯᠴᠠᠨ ᠬᠠᠩᠭ᠋ᠠᠭᠴᠢ ᠬᠤᠳᠠᠯᠳᠤᠭ᠋ᠠᠴᠢᠨ᠎ᠤ ᠯᠠᠪᠯᠠᠨ ᠠᠰᠠᠭᠤᠬᠤ ᠪᠠ ᠰᠡᠵᠢᠭᠯᠡᠯᠲᠡ᠎ᠳᠤ ᠬᠠᠷᠢᠭᠣ ᠥᠭᠭᠦᠨ᠎ᠡ᠃
      ᠲᠠᠪᠢᠨ ᠭᠤᠷᠪᠠᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠲᠠᠪᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠬᠠᠩᠭ᠋ᠠᠭᠴᠢ ᠬᠤᠳᠠᠯᠳᠤᠭ᠋ᠠᠴᠢᠨ ᠲᠡᠭᠦᠨ᠎ᠤ ᠠ᠋ᠷᠬᠡ ᠠᠰᠢᠭ᠎ᠨᠢ ᠬᠣᠬᠢᠷᠠᠯ᠎ᠳᠤ ᠤᠴᠠᠷᠠᠭᠰᠠᠨ ᠠ᠋ᠳᠦᠷ᠎ᠢ ᠮᠡᠳᠡᠬᠦ ᠬᠡᠷᠡᠭᠲᠡᠢ ᠭᠡᠳᠡᠭ ᠪᠣᠯ᠄
     (ᠨᠢᠭᠡ) ᠰᠡᠵᠢᠭᠯᠡᠵᠦ ᠪᠣᠯᠬᠣ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠳᠤ ᠰᠡᠵᠢᠭ᠎ᠲᠠᠢ ᠠᠰᠠᠭᠤᠯᠲᠠ ᠭᠠᠷᠭ᠋ᠠᠬᠤ᠎ᠳᠤ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠢ ᠣᠯᠵᠤ ᠠᠪᠤᠭᠰᠠᠨ ᠠ᠋ᠳᠦᠷ ᠪᠤᠶᠤ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠤᠨ ᠠᠯᠪᠠᠨ ᠵᠠᠷ᠎ᠤᠨ ᠬᠤᠭᠤᠴᠠᠭ᠎ᠠ ᠳᠦᠭᠦᠷᠦᠭᠰᠡᠨ ᠠ᠋ᠳᠦᠷ ;
     (ᠬᠣᠶᠠᠷ) ᠬᠤᠳᠠᠯᠳᠤᠨ ᠠᠪᠬᠤ ᠶᠠᠪᠤᠴᠠ᠎ᠳᠤ ᠰᠡᠵᠢᠭ᠎ᠲᠠᠢ ᠠᠰᠠᠭᠣᠳᠠᠯ ᠳᠤᠷᠠᠳᠴᠤ ᠡᠯ᠎ᠡ ᠬᠤᠳᠠᠯᠳᠤᠨ ᠠᠪᠬᠤ ᠶᠠᠪᠣᠴᠠ ᠵᠢᠨ ᠭᠣᠭᠴᠣᠭ᠎ᠠ ᠳᠠᠭᠤᠰᠤᠭᠰᠠᠨ ᠠ᠋ᠳᠦᠷ ;
     (ᠭᠤᠷᠪᠠ) ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ ᠦᠷ᠎ᠡ ᠳ᠋ᠦᠩ᠎ᠳᠤ ᠰᠡᠵᠢᠭ᠎ᠲᠠᠢ ᠪᠠᠶ᠋ᠢᠭ᠎ᠠ᠎ᠳᠤ ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ ᠦᠷ᠎ᠡ ᠳ᠋ᠦᠩ᠎ᠢ ᠨᠡᠶ᠋ᠢᠲᠡᠯᠡᠨ ᠵᠠᠷᠯᠠᠬᠤ ᠬᠤᠭᠤᠴᠠᠭ᠎ᠠ ᠳᠦᠭᠦᠷᠦᠭᠰᠡᠨ ᠠ᠋ᠳᠦᠷ᠎ᠠᠴᠠ᠃
    ᠲᠠᠪᠢᠨ ᠳᠥᠷᠪᠡᠳᠦᠭᠡᠷ ᠵᠦᠢ᠍ᠯ᠂ ᠯᠠᠪᠯᠠᠨ ᠠᠰᠠᠭᠤᠭᠰᠠᠨ ᠪᠤᠶᠤ ᠰᠡᠵᠢᠭᠯᠡᠬᠦ ᠵᠦᠢ᠍ᠯᠡᠰ᠎ᠨᠢ ᠳᠠᠭ᠋ᠠᠭ᠋ᠠᠴᠢᠯᠠᠯᠲᠠ ᠣᠯᠤᠭᠰᠠᠨ᠂ ᠮᠠᠶ᠋ᠢᠮᠠᠶ ᠪᠦᠲᠦᠭᠰᠡᠨ ᠦᠷ᠎ᠡ ᠳ᠋ᠦᠩ᠎ᠢ ᠨᠦᠯᠦᠭᠡᠯᠡᠵᠦ ᠮᠡᠳᠡᠬᠦ ᠪᠠᠢ᠌ᠪᠠᠯ᠂ ᠬᠤᠳᠠᠯᠳᠤᠨ ᠠᠪᠤᠭᠴᠢ ᠭᠡᠷ᠎ᠡ ᠲᠣᠭᠲᠠᠭ᠋ᠠᠬᠤ ᠵᠢ ᠲᠦᠷ ᠵᠣᠭᠰᠣᠭ᠋ᠠᠬᠤ ᠬᠡᠷᠡᠭᠲᠡᠶ᠂ ᠨᠢᠭᠡᠨᠲᠡ ᠭᠡᠷ᠎ᠡ ᠳᠣᠬᠳᠠᠬᠰᠡᠨ ᠪᠣᠯ ᠭᠡᠷ᠎ᠡ ᠭᠦᠢ᠍ᠴᠡᠳᠭᠡᠬᠦ ᠵᠢ ᠵᠣᠬᠰᠣᠭ᠋ᠠᠬᠣ ᠬᠡᠷᠡᠭᠲᠡᠢ᠃
      ᠲᠠᠪᠢᠨ ᠲᠠᠪᠤᠳᠤᠭ᠋ᠠᠷ ᠵᠦᠢ᠍ᠯ᠂ ᠬᠠᠩᠭ᠋ᠠᠯᠭ᠎ᠠ ᠵᠢᠨ ᠬᠤᠳᠠᠯᠳᠤᠭ᠋ᠠᠴᠢᠨ ᠰᠡᠵᠢᠭᠯᠡᠬᠦ᠂ ᠵᠠᠭ᠋ᠠᠯᠳᠤᠬᠤ᠎ᠳᠤ ᠲᠣᠳᠣᠷᠬᠠᠢ ᠭᠤᠶᠤᠴᠢᠯᠠᠯ ᠪᠠ ᠴᠢᠬᠤᠯᠠ ᠪᠦᠬᠦᠢ ᠭᠡᠷᠡᠴᠢ ᠮᠠᠲ᠋ᠧᠷᠢᠶᠠᠯ ᠪᠠᠶ᠋ᠢᠬᠤ ᠬᠡᠷᠡᠭᠲᠡᠶ᠃ ᠪᠠᠷᠠᠭ᠎ᠠ ᠬᠠᠩᠭ᠋ᠠᠬᠤ ᠬᠤᠳᠠᠯᠳᠤᠭ᠋ᠠᠴᠢᠨ᠎ᠤ ᠵᠠᠭ᠋ᠠᠯᠳᠤᠯᠭ᠎ᠠ ᠵᠢ ᠤᠴᠢᠷ ᠶᠠᠪᠤᠳᠠᠯ᠎ᠨᠢ ᠰᠡᠵᠢᠭᠯᠡᠬᠦ ᠵᠦᠢ᠍ᠯᠡᠰ᠎ᠤᠨ ᠬᠦᠷᠢᠶ᠎ᠡ ᠬᠡᠪᠴᠢᠶ᠎ᠡ᠎ᠠᠴᠠ ᠳᠠᠪᠠᠵᠦ ᠪᠣᠯᠬᠣ ᠦᠭᠡᠢ᠃
      ᠲᠠᠪᠢᠨ ᠵᠢᠷᠭᠤᠳᠤᠭ᠋ᠠᠷ ᠵᠦᠢ᠍ᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠵᠠᠭ᠋ᠠᠯᠳᠤᠭᠰᠠᠨ ᠤᠴᠢᠷ ᠶᠠᠪᠤᠳᠠᠯ᠎ᠢ ᠰᠢᠢ᠍ᠳᠪᠦᠷᠢᠯᠡᠬᠦ᠎ᠳᠤ ᠪᠢᠴᠢᠭ ᠵᠶ᠋ᠡᠷ ᠬᠢᠨᠠᠨ ᠪᠠᠶ᠋ᠢᠴᠠᠭ᠋ᠠᠬᠤ ᠠᠷᠭ᠎ᠠ ᠮᠠᠶᠢᠭ ᠠᠪᠴᠤ᠂ ᠴᠢᠬᠤᠯᠠ᠎ᠲᠠᠢ ᠦᠶ᠎ᠡ᠎ᠳᠤ ᠪᠠᠶ᠋ᠢᠴᠠᠭ᠋ᠠᠯᠲᠠ ᠬᠢᠵᠦ ᠭᠡᠷᠡᠴᠢ ᠠᠪᠬᠤ ᠪᠤᠶᠤ ᠵᠣᠬᠢᠶᠠᠨ ᠪᠠᠶ᠋ᠢᠭᠤᠯᠵᠤ ᠲᠤᠯᠭ᠋ᠠᠨ ᠭᠡᠷᠡᠴᠢᠯᠡᠭᠦᠯᠬᠦ ᠬᠡᠷᠡᠭᠲᠡᠶ᠃
      ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠬᠠᠤᠯᠢ ᠶᠣᠰᠣᠭ᠋ᠠᠷ ᠪᠠᠶ᠋ᠢᠴᠠᠭ᠋ᠠᠨ ᠭᠡᠷᠡᠴᠢ ᠠᠪᠬᠤ᠎ᠳᠤ ᠵᠠᠭ᠋ᠠᠯᠳᠤᠭᠰᠠᠨ ᠬᠥᠮᠦᠨ ᠬᠢᠭᠡᠳ ᠵᠠᠭ᠋ᠠᠯᠳᠤᠭᠰᠠᠨ ᠤᠴᠢᠷ ᠶᠠᠪᠤᠳᠠᠯ᠎ᠳᠤ ᠬᠣᠯᠪᠣᠭᠳᠠᠬᠤ ᠲᠤᠬᠠᠶ ᠵᠢᠨ ᠬᠥᠮᠦᠨ ᠪᠠᠶ᠋ᠢᠳᠠᠯ ᠵᠶ᠋ᠠᠨ ᠦᠨᠡᠨ ᠮᠥᠨ ᠵᠶ᠋ᠡᠷ᠎ᠨᠢ ᠳᠣᠰᠬᠠᠬᠣ ᠵᠢᠨ ᠬᠠᠮᠲᠤ ᠬᠣᠯᠪᠣᠭᠳᠠᠯ ᠪᠦᠬᠦᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃
      ᠲᠠᠪᠢᠨ ᠳᠣᠯᠣᠳᠤᠭ᠋ᠠᠷ ᠵᠦᠢ᠍ᠯ᠂ ᠵᠠᠭ᠋ᠠᠯᠳᠤᠭᠴᠢ᠎ᠨᠢ ᠪᠣᠳᠠᠲᠤ ᠬᠡᠷᠡᠭ᠎ᠢ ᠬᠤᠳᠠᠯ ᠵᠶ᠋ᠠᠷ ᠵᠣᠬᠢᠶᠠᠵᠤ᠂ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠰᠠᠨ ᠪᠤᠶᠤ ᠬᠠᠤᠯᠢ ᠪᠤᠰᠤ ᠠᠷᠭ᠎ᠠ ᠪᠠᠷᠢᠯ ᠵᠶ᠋ᠠᠷ ᠭᠡᠷᠡᠴᠢ ᠮᠠᠲ᠋ᠧᠷᠢᠶᠠᠯ᠎ᠢ ᠣᠯᠵᠦ ᠵᠠᠭ᠋ᠠᠯᠳᠤᠯᠭ᠎ᠠ ᠭᠠᠷᠭ᠋ᠠᠭᠰᠠᠨ ᠪᠠᠶ᠋ᠢᠪᠠᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠨᠢᠴᠤᠭ᠋ᠠᠬᠤ ᠬᠡᠷᠡᠭᠲᠡᠶ᠃
      ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠦᠶᠡᠰ᠂ ᠵᠠᠭ᠋ᠠᠯᠳᠤᠭᠴᠢ᠎ᠠᠴᠠ ᠪᠢᠴᠢᠭ ᠵᠶ᠋ᠠᠷ ᠵᠠᠭ᠋ᠠᠯᠳᠤᠯᠭ᠎ᠠ ᠵᠢ ᠪᠤᠴᠠᠭ᠋ᠠᠬᠤ᠎ᠪᠠᠷ ᠭᠤᠶᠤᠴᠢᠯᠠᠭᠰᠠᠨ ᠪᠠᠶ᠋ᠢᠪᠠᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠶᠠᠪᠣᠴᠠ ᠵᠢ ᠳᠠᠭᠤᠰᠬᠠᠬᠤ ᠬᠡᠷᠡᠭᠲᠡᠶ᠃
      ᠲᠠᠪᠢᠨ ᠨᠠᠢ᠍ᠮᠠᠳᠤᠭ᠋ᠠᠷ ᠵᠦᠢ᠍ᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠭ᠋ᠠᠯᠳᠤᠭᠰᠠᠨ ᠤᠴᠢᠷ ᠶᠠᠪᠤᠳᠠᠯ᠎ᠢ ᠰᠢᠢ᠍ᠳᠪᠦᠷᠢᠯᠡᠬᠦ᠎ᠳᠤ ᠰᠢᠯᠭ᠋ᠠᠨ ᠪᠠᠶ᠋ᠢᠴᠠᠭ᠋ᠠᠬᠤ᠂   ᠳᠣᠷᠰᠢᠨ ᠪᠠᠶ᠋ᠢᠴᠠᠭ᠋ᠠᠬᠤ᠂ ᠢᠯᠭ᠋ᠠᠨ ᠲᠣᠭᠲᠠᠭ᠋ᠠᠬᠤ᠂ ᠲᠤᠰᠬᠠᠶ ᠮᠡᠷᠭᠡᠵᠢᠯᠲᠡᠨ᠎ᠤ ᠦᠨᠡᠯᠡᠨ ᠬᠢᠨᠠᠬᠤ ᠵᠢᠴᠢ ᠵᠠᠭ᠋ᠠᠯᠳᠣᠬ᠍ᠴᠢ᠎ᠠᠴᠠ ᠮᠠᠲ᠋ᠧᠷᠢᠶᠠᠯ᠎ᠢ ᠨᠥᠬᠥᠪᠥᠷᠢᠯᠡᠨ ᠵᠠᠯᠠᠷᠠᠭᠤᠯᠤᠭᠰᠠᠨ ᠴᠢᠬᠤᠯᠠᠲᠠᠶ ᠪᠠᠶ᠋ᠢᠪᠠᠯ᠂ ᠬᠡᠷᠡᠭᠰᠡᠬᠦ ᠴᠠᠭ᠎ᠢ ᠵᠠᠷᠭᠤ ᠵᠢᠨ ᠰᠢᠢ᠍ᠳᠪᠦᠷᠢᠯᠡᠬᠦ ᠬᠤᠭᠤᠴᠠᠭ᠋ᠠᠨ᠎ᠳᠤ ᠣᠷᠣᠭᠤᠯᠵᠤ ᠪᠤᠳᠦᠬᠤ ᠤᠢ᠍ᠭᠡᠢ᠃
      ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠭ᠋ᠠᠯᠳᠤᠭᠰᠠᠨ ᠤᠴᠢᠷ ᠶᠠᠪᠤᠳᠠᠯ᠎ᠢ ᠰᠢᠢ᠍ᠳᠪᠦᠷᠢᠯᠡᠬᠦ ᠰᠢᠢ᠍ᠳᠪᠦᠷᠢ᠎ᠨᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠵᠠᠭᠤᠴᠢᠯᠠᠭᠤᠷ ᠳᠡᠭᠡᠷ᠎ᠡ ᠵᠠᠷᠯᠠᠬᠤ ᠬᠡᠷᠡᠭᠲᠡᠶ᠃
      ᠳᠣᠯᠣᠳᠤᠭ᠋ᠠᠷ ᠪᠦᠯᠦᠭ       ᠬᠢᠨᠠᠯᠲᠠ ᠪᠠᠶ᠋ᠢᠴᠠᠭ᠋ᠠᠯᠲᠠ
      ᠲᠠᠪᠢ ᠶᠢᠰᠦᠳᠦᠭᠡᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠵᠢᠷᠠᠨ ᠭᠤᠷᠪᠠᠳᠤᠭ᠋ᠠᠷ ᠵᠦᠢ᠍ᠯ᠎ᠳᠤ ᠬᠡᠯᠡᠵᠦ ᠪᠠᠶ᠋ᠢᠭ᠎ᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠦᠢ᠍ᠯᠡᠰ᠎ᠤᠨ ᠬᠤᠳᠠᠯᠳᠤᠨ ᠠᠪᠬᠤ ᠪᠠᠷᠢᠮᠵᠢᠶ᠎ᠠ ᠭᠡᠳᠡᠭ᠎ᠨᠢ ᠵᠦᠢ᠍ᠯᠡᠰ᠎ᠤᠨ ᠬᠤᠳᠠᠯᠳᠤᠨ ᠠᠪᠬᠤ ᠦᠨᠳᠦᠰᠦᠯᠡᠯ ᠪᠣᠯᠭ᠋ᠠᠭᠰᠠᠨ ᠵᠠᠷᠤᠳᠠᠯ᠎ᠤᠨ ᠲᠥᠰᠦᠪ᠎ᠤᠨ ᠪᠠᠷᠢᠮᠵᠢᠶ᠎ᠠ᠂ ᠠ᠋ᠳ᠋ ᠬᠥᠷᠥᠩᠭᠡ ᠵᠢᠨ ᠲᠣᠬᠢᠷᠠᠭᠤᠯᠤᠯᠲᠠ ᠵᠢᠨ ᠪᠠᠷᠢᠮᠵᠢᠶ᠎ᠠ ᠪᠠ ᠮᠡᠷᠭᠡᠵᠢᠯ᠂ ᠦᠢ᠍ᠯᠡᠴᠢᠯᠡᠭᠡ ᠵᠢᠨ ᠪᠠᠷᠢᠮᠵᠢᠶ᠎ᠠ ᠵᠡᠷᠭᠡ ᠵᠢ ᠵᠢᠭ᠋ᠠᠨ᠎ᠠ᠃
      ᠵᠢᠷᠠᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠵᠢᠷᠠᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠬᠢᠨᠠᠨ ᠰᠢᠯᠭ᠋ᠠᠬᠤ ᠵᠦᠢ᠍ᠯ᠎ᠠᠴᠠ ᠭᠠᠳᠠᠨ᠎ᠠ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ ᠵᠢᠨ ᠰᠢᠯᠭ᠋ᠠᠨ ᠬᠢᠨᠠᠬᠤ ᠵᠦᠢ᠍ᠯᠡᠰ ᠎ᠲᠤ ᠪᠠᠬᠳᠠᠬᠣ᠎ᠨᠢ᠄
     (ᠨᠢᠭᠡ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ;
     (ᠬᠣᠶᠠᠷ) ᠬᠤᠳᠠᠯᠳᠤᠨ ᠠᠪᠬᠤ ᠪᠢᠴᠢᠭ ᠮᠠᠲᠸᠷᠢᠶᠠᠯ᠎ᠤᠨ ᠨᠠᠶ᠋ᠢᠷᠠᠭᠤᠯᠤᠨ ᠵᠣᠬᠢᠶᠠᠬᠣ ᠬᠢᠷᠢ ᠬᠡᠮᠵᠢᠶ᠎ᠡ;
     (ᠭᠤᠷᠪᠠ) ᠬᠤᠳᠠᠯᠳᠤᠨ ᠠᠪᠬᠤ ᠬᠡᠯᠪᠡᠷᠢ ᠪᠣᠯᠤᠨ ᠬᠤᠳᠠᠯᠳᠤᠨ ᠠᠪᠬᠤ ᠶᠠᠪᠣᠴᠠ ᠵᠢᠨ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ;
     (ᠲᠦᠷᠪᠡ) ᠯᠠᠪᠯᠠᠨ ᠠᠰᠠᠭᠣᠬᠣ᠂ ᠠᠰᠠᠭᠤᠯᠲᠠ᠎ᠳᠤ ᠥᠭᠭᠦᠭᠰᠡᠨ ᠬᠠᠷᠢᠭᠤᠯᠲᠠ ᠵᠢᠨ ᠪᠠᠶ᠋ᠢᠳᠠᠯ;
     (ᠲᠠᠪᠤ) ᠳᠣᠲᠣᠭ᠋ᠠᠳᠤ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠪᠠᠶ᠋ᠢᠭᠤᠯᠤᠯᠲᠠ ᠵᠢᠴᠢ ᠭᠦᠢ᠍ᠴᠡᠳᠬᠡᠭᠰᠡᠨ ᠪᠠᠶ᠋ᠢᠳᠠᠯ;
     (ᠵᠢᠷᠭᠤᠭ᠎ᠠ) ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠤᠴᠢᠷ ᠶᠠᠪᠤᠳᠠᠯ᠎ᠤᠳ᠃
ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠬᠢᠨᠠᠨ ᠰᠢᠯᠭ᠋ᠠᠬᠤ ᠲᠥᠯᠥᠪᠯᠡᠭᠡ ᠵᠢ ᠲᠣᠭᠲᠠᠭ᠋ᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ ᠵᠢ ᠬᠢᠨᠠᠨ ᠰᠢᠯᠭ᠋ᠠᠵᠤ᠂ ᠬᠢᠨᠠᠨ ᠰᠢᠯᠭ᠋ᠠᠭᠰᠠᠨ ᠦᠷ᠎ᠡ ᠳ᠋ᠦᠩ ᠵᠢᠨ ᠴᠢᠬᠤᠯᠠ ᠪᠠᠢ᠌ᠳᠠᠯ᠎ᠢ ᠲᠤᠰ ᠱᠠᠲᠤᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠶ᠃
      ᠵᠢᠷᠠᠨ ᠨᠢᠭᠡᠳᠦᠭᠡᠷ ᠵᠦᠢ᠍ᠯ᠂ ᠬᠤᠳᠠᠯᠳᠤᠨ ᠠᠪᠤᠭᠴᠢ᠎ᠨᠢ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠲᠠᠢ ᠪᠠᠶ᠋ᠢᠬᠤ ᠵᠢ ᠣᠯᠵᠤ ᠮᠡᠳᠡᠪᠡᠯ ᠵᠠᠯᠠᠷᠠᠭᠤᠯᠤᠭᠤᠯᠬᠤ᠎ᠪᠠᠷ ᠱᠠᠭ᠋ᠠᠷᠳᠠᠬᠤ ᠬᠡᠷᠡᠭᠲᠡᠶ᠃ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠵᠠᠯᠠᠷᠠᠭᠤᠯᠬᠤ ᠵᠢ ᠲᠡᠪᠴᠢᠭᠰᠡᠨ ᠪᠠᠶ᠋ᠢᠪᠠᠯ᠂ ᠬᠤᠳᠠᠯᠳᠤᠨ ᠠᠪᠤᠭᠴᠢ᠎ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃
      ᠬᠤᠳᠠᠯᠳᠤᠨ ᠠᠪᠠᠨ᠋ᠥ ᠵᠢᠨ ᠣᠷᠣᠯᠠᠨ ᠬᠦᠢ᠍ᠴᠡᠳᠬᠡᠬᠦ ᠪᠠᠶ᠋ᠢᠭᠤᠯᠤᠮᠵᠢ᠎ᠨᠢ ᠬᠤᠳᠠᠯᠳᠤᠨ ᠠᠪᠤᠭᠴᠢ ᠵᠢᠨ ᠬᠤᠳᠠᠯᠳᠤᠨ ᠠᠪᠠᠨ᠋ᠥ ᠬᠡᠷᠡᠭᠴᠡᠭᠡ ᠱᠠᠭ᠋ᠠᠷᠳᠠᠯᠭ᠎ᠠ᠎ᠳᠤ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠢᠯᠭ᠋ᠠᠨ ᠦᠵᠡᠭᠰᠡᠨ᠂ ᠭᠠᠳᠠᠭᠤᠷᠴᠢᠯᠠᠬᠤ ᠬᠠᠷᠠᠭ᠋ᠠᠯᠵᠠᠯ ᠪᠤᠶᠤ ᠪᠤᠰᠤᠳ ᠬᠠᠣᠯᠢ ᠴᠠᠭ᠋ᠠᠵᠠ᠂ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠦᠷᠦ ᠵᠢᠨ ᠪᠤᠳᠤᠯᠭ᠎ᠠ ᠲᠣᠭᠲᠠᠭ᠋ᠠᠭᠰᠠᠨ ᠠᠭᠤᠯᠭ᠎ᠠ᠎ᠳᠤ ᠨᠡᠢ᠌ᠴᠡᠬᠦ ᠦᠭᠡᠢ ᠵᠦᠢ ᠵᠣᠬᠢᠰ ᠦᠭᠡᠢ ᠨᠦᠭᠦᠴᠡᠯ ᠵᠶ᠋ᠡᠷ ᠬᠠᠨᠳᠣᠬᠰᠡᠨ ᠪᠤᠶᠤ ᠬᠤᠳᠠᠯᠳᠤᠨ ᠠᠪᠤᠭᠴᠢ ᠵᠢᠨ ᠬᠠᠤᠯᠢ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ ᠵᠢ ᠮᠡᠳᠡᠪᠡᠯ᠂ ᠲᠡᠳᠡᠨ᠎ᠢ ᠵᠠᠯᠠᠷᠠᠭᠤᠯᠬᠤ᠎ᠪᠠᠷ ᠰᠠᠨᠠᠭᠤᠯᠬᠤ ᠬᠡᠷᠡᠭᠲᠡᠶ᠃ ᠬᠤᠳᠠᠯᠳᠤᠨ ᠠᠪᠤᠭᠴᠢ᠎ᠨᠢ ᠵᠠᠯᠠᠷᠠᠭᠤᠯᠬᠤ ᠥᠬᠡᠶ ᠪᠠᠢ᠌ᠪᠠᠯ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠬᠤᠳᠠᠯᠳᠤᠨ ᠠᠪᠤᠭᠴᠢ ᠵᠢᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃
      ᠵᠢᠷᠠᠨ ᠬᠣᠶᠠᠳᠤᠭ᠋ᠠᠷ ᠵᠦᠢ᠍ᠯ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ᠎ᠳᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ ᠪᠣᠳᠠᠲᠠᠶ ᠬᠠᠮᠢᠶᠠᠷᠤᠯᠲᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
      ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠠᠬᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠠ᠋ᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠭᠰᠡᠨ ᠪᠠᠶ᠋ᠢᠳᠠᠯ᠎ᠢ ᠲᠡᠮᠳᠡᠭᠯᠡᠬᠦ ᠵᠢᠨ ᠬᠠᠮᠲᠤ᠂ ᠴᠠᠭ ᠲᠤᠬᠠᠶ᠎ᠳᠤᠨᠢ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠵᠢᠷᠠᠨ ᠭᠤᠷᠪᠠᠳᠤᠭ᠋ᠠᠷ ᠵᠦᠢ᠍ᠯ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ ᠬᠠᠩᠭ᠋ᠠᠭᠴᠢ ᠬᠤᠳᠠᠯᠳᠤᠭ᠋ᠠᠴᠢᠨ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠂ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠬᠢᠨᠠᠯᠲᠠ ᠬᠠᠮᠢᠶᠠᠷᠤᠯᠲᠠ ᠵᠢ ᠴᠢᠨᠭ᠌ᠭ᠋ᠠᠳᠬᠠᠨ᠂ ᠲᠡᠭᠦᠨ᠎ᠤ ᠠ᠋ᠷᠡᠭᠦᠯ ᠪᠤᠰᠤ ᠦᠢ᠍ᠯᠡ ᠠᠵᠢᠯᠯᠠᠭ᠎ᠠ ᠵᠢ ᠲᠡᠮᠳᠡᠭᠯᠡᠵᠦ᠂ ᠨᠢᠭᠡᠳᠦᠯᠲᠡᠶ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠣᠷᠣᠭᠣᠯᠣᠨ᠎ᠠ᠃
      ᠵᠢᠷᠠᠨ ᠳᠥᠷᠪᠡᠳᠦᠭᠡᠷ ᠵᠦᠢ᠍ᠯ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠬᠢᠨᠠᠯᠲᠠ ᠪᠠᠶ᠋ᠢᠴᠠᠭ᠋ᠠᠯᠲᠠ ᠶᠠᠪᠤᠭᠤᠯᠵᠤ᠂ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ᠂ ᠪᠠᠭᠣᠯᠭ᠋ᠠᠨ ᠠᠪᠬᠣ ᠠ᠋ᠷᠬᠡ᠎ᠲᠠᠢ᠂ ᠬᠣᠯᠪᠣᠭᠳᠠᠯ ᠪᠦᠬᠦᠢ ᠨᠢᠭᠡᠴᠢ ᠪᠠ ᠠᠵᠢᠯᠳᠠᠨ ᠬᠠᠷᠢᠯᠴᠠᠨ ᠬᠠᠮᠵᠢᠯᠴᠠᠬᠤ ᠬᠡᠷᠡᠭᠲᠡᠶ᠃
      ᠵᠢᠷᠠᠨ ᠲᠠᠪᠤᠳᠤᠭ᠋ᠠᠷ ᠵᠦᠢ᠍ᠯ᠂ ᠬᠢᠨᠠᠨ ᠪᠤᠳᠤᠬᠤ ᠪᠠᠶ᠋ᠢᠭᠤᠯᠭ᠎ᠠ᠂ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠴᠢ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠬᠠᠤᠯᠢ ᠶᠣᠰᠣᠭ᠋ᠠᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠬᠢᠨᠠᠯᠲᠠ ᠲᠠᠯᠪᠢᠵᠤ᠂ ᠬᠣᠳᠠᠯᠳᠣᠨ ᠠᠪᠬᠣ ᠲᠤᠬᠠᠶ ᠵᠢᠨ ᠬᠥᠮᠦᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠠᠶ᠋ᠢᠬᠤ ᠵᠢ ᠣᠯᠵᠤ ᠮᠡᠳᠡᠪᠡᠯ᠂ ᠴᠠᠭ ᠲᠤᠬᠠᠶ᠎ᠳᠤᠨᠢ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠦᠨ᠎ᠡ᠃
      ᠨᠠᠢ᠍ᠮᠠᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
      ᠵᠢᠷᠠᠨ ᠵᠢᠷᠭᠤᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠲᠡᠯᠡᠠ ᠨᠢᠭᠡᠳᠦᠭᠡᠷ ᠵᠦᠢ᠍ᠯ᠎ᠤᠨ ᠳᠣᠬᠳᠠᠭ᠋ᠠᠯ᠎ᠳᠤ ᠵᠣᠭᠣᠰ ᠵᠶ᠋ᠠᠷ ᠲᠣᠷᠭ᠋ᠠᠬᠤ᠎ᠳᠤ᠂ ᠵᠣᠭᠣᠰ᠎ᠤᠨ ᠲᠣᠭ᠎ᠠ᠎ᠨᠢ 10 ᠲᠦᠮᠡᠨ ᠲᠥᠭᠥᠷᠢᠭ᠎ᠠᠴᠠ ᠳᠣᠭᠣᠭᠰᠢ᠃
      ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠲᠡᠯᠡᠠ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠵᠣᠭᠣᠰ ᠵᠶ᠋ᠠᠷ ᠲᠣᠷᠭ᠋ᠠᠬᠤ᠎ᠳᠤ᠂ ᠵᠣᠭᠣᠰ᠎ᠤᠨ ᠲᠣᠭ᠎ᠠ᠎ᠨᠢ 5 ᠲᠦᠮᠡᠨ ᠲᠥᠭᠥᠷᠢᠭ᠎ᠠᠴᠠ ᠳᠡᠭᠡᠭᠰᠢ 25 ᠲᠦᠮᠡᠨ ᠲᠥᠭᠥᠷᠢᠭ᠎ᠠᠴᠠ ᠳᠣᠭᠣᠭᠰᠢ᠃
      ᠵᠢᠷᠠᠨ ᠳᠣᠯᠣᠳᠤᠭ᠋ᠠᠷ ᠵᠦᠢ᠍ᠯ᠂ ᠬᠤᠳᠠᠯᠳᠤᠨ ᠠᠪᠬᠤ ᠬᠥᠮᠦᠨ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠰᠡᠷᠡᠮᠵᠢ ᠥᠭᠬᠦ᠂ ᠰᠢᠭᠤᠳ ᠬᠠᠷᠢᠭᠤᠴᠠᠵᠤ ᠪᠠᠶ᠋ᠢᠭ᠎ᠠ ᠠ᠋ᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ᠎ᠨᠢ ᠬᠠᠤᠯᠢ ᠶᠣᠰᠣᠭ᠋ᠠᠷ ᠰᠢᠳᠬᠡᠯ ᠥᠭᠬᠦ ᠵᠢᠨ ᠬᠠᠮᠲᠤ ᠨᠡᠶ᠋ᠢᠲᠡ᠎ᠳᠤ ᠵᠠᠷᠯᠠᠨ᠎ᠠ᠄
     (ᠨᠢᠭᠡ) ᠲᠣᠭᠲᠠᠭ᠋ᠠᠯ ᠶᠣᠰᠣᠭ᠋ᠠᠷ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢ ᠬᠡᠷᠡᠭᠵᠢᠭᠦᠯᠬᠦ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠰᠡᠨ ᠦᠭᠡᠢ ᠪᠤᠶᠤ ᠲᠣᠭᠲᠠᠭ᠋ᠠᠯ ᠶᠣᠰᠣᠭ᠋ᠠᠷ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢᠨ ᠬᠡᠷᠡᠭᠵᠢᠭᠦᠯᠬᠦ ᠲᠥᠯᠥᠪᠯᠡᠭᠡ ᠵᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠦᠭᠡᠢ;
     (ᠬᠣᠶᠠᠷ) ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠶᠣᠰᠣᠲᠠᠶ ᠵᠦᠢ᠍ᠯᠡᠰ᠎ᠢ ᠬᠡᠰᠡᠭᠯᠡᠵᠦ ᠰᠠᠯᠭ᠋ᠠᠬᠤ ᠠ᠋ᠰᠡᠬᠦᠯ᠎ᠡ ᠪᠤᠰᠤᠳ ᠶᠠᠮᠠᠷᠪᠠ ᠬᠡᠯᠪᠡᠷᠢ ᠵᠢ ᠬᠡᠷᠡᠭᠯᠡᠵᠦ ᠪᠠᠶ᠋ᠢᠭ᠋ᠠᠳ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠎ᠠᠴᠠ ᠵᠠᠢ᠌ᠯᠠᠰᠬᠢᠬᠦ;
     (ᠭᠤᠷᠪᠠ) ᠲᠣᠭᠲᠠᠭ᠋ᠠᠯ ᠶᠣᠰᠣᠭ᠋ᠠᠷ ᠳᠠᠭ᠋ᠠᠭ᠋ᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ᠎ᠤ ᠴᠢᠨᠠᠷᠲᠠᠢ ᠬᠡᠯᠡᠯᠴᠡᠭᠡ ᠬᠢᠬᠦ ᠳᠤᠭᠤᠶ᠋ᠢᠯᠠᠩ ᠪᠤᠶᠤ ᠦᠨ᠎ᠡ ᠯᠠᠪᠯᠠᠬᠤ ᠳᠤᠭᠤᠶ᠋ᠢᠯᠠᠩ ᠵᠢᠨ ᠲᠠᠨᠢᠯᠴᠠᠭᠤᠯᠤᠭᠰᠠᠨ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠬᠦ ᠵᠢᠱ᠌ᠢᠭᠳᠡᠭᠰᠡᠳ᠎ᠤᠨ ᠳᠣᠲᠣᠷ᠎ᠠ᠎ᠠᠴᠠ ᠳᠠᠭ᠋ᠠᠭ᠋ᠠᠴᠢᠯᠠᠯᠲᠠ ᠣᠯᠤᠭᠰᠠᠨ ᠪᠤᠶᠤ ᠠᠷᠠᠯᠵᠢᠶ᠎ᠠ ᠪᠦᠲᠦᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠳᠣᠬᠳᠠᠭ᠋ᠠᠬᠰᠡᠨ ᠦᠭᠡᠢ;
     (ᠳᠥᠷᠪᠡ) ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠤᠴᠢᠷ ᠶᠠᠪᠤᠳᠠᠯ᠎ᠤᠨ ᠶᠣᠰᠣᠭ᠋ᠠᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠳᠣᠬᠳᠠᠭ᠋ᠠᠭᠰᠠᠨ ᠦᠭᠡᠢ;
     (ᠲᠠᠪᠤ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠭᠦᠢ᠍ᠴᠡᠳᠬᠡᠬᠦ ᠶᠠᠪᠤᠴᠠ᠎ᠳᠤ ᠭᠡᠷ᠎ᠡ ᠵᠢᠨ ᠬᠠᠷᠠᠯᠲᠠ᠎ᠯᠤᠭ᠎ᠠ ᠠᠳᠠᠯᠢ ᠪᠠᠷᠠᠭ᠎ᠠ᠂ ᠪᠠᠷᠢᠯᠭ᠎ᠠ ᠵᠢᠨ ᠠᠵᠢᠯ ᠪᠤᠶᠤ ᠦᠢ᠍ᠯᠡᠴᠢᠯᠡᠭᠡ ᠵᠢ ᠬᠤᠳᠠᠯᠳᠤᠨ ᠠᠪᠬᠤ ᠵᠣᠭᠣᠰ᠎ᠤᠨ ᠲᠣᠭ᠎ᠠ᠎ᠨᠢ ᠤᠤᠯ ᠭᠡᠷ᠎ᠡ᠎ᠳᠠᠬᠢ ᠬᠤᠳᠠᠯᠳᠤᠨ ᠠᠪᠬᠤ ᠮᠥᠩᠭᠥ ᠵᠢᠨ ᠬᠢᠨᠢ ᠲᠣᠭ᠋ᠠᠨ᠎ᠤ ᠵᠠᠭᠤᠨ᠎ᠤ ᠠᠷᠪᠠ᠎ᠠᠴᠠ ᠬᠡᠲᠦᠷᠡᠭᠰᠡᠨ;
     (ᠵᠢᠷᠭᠤᠭ᠎ᠠ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ᠂ ᠲᠤᠷᠭᠤᠨ ᠵᠣᠭᠰᠣᠭ᠋ᠠᠬᠤ ᠪᠤᠶᠤ ᠳᠠᠭᠤᠰᠬᠠᠬᠤ;
     (ᠲᠤᠯᠤᠭ᠎ᠠ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠲᠣᠭᠲᠠᠭ᠋ᠠᠯ ᠶᠣᠰᠣᠭ᠋ᠠᠷ ᠵᠠᠷᠯᠠᠨ ᠨᠡᠶ᠋ᠢᠲᠡᠯᠡᠬᠦ ᠦᠭᠡᠢ;
     (ᠨᠠᠢ᠍ᠮᠠ) ᠲᠣᠭᠲᠠᠭ᠋ᠠᠯ᠎ᠤᠨ ᠬᠣᠭᠣᠴᠠᠭ᠎ᠠ ᠶᠣᠰᠣᠭ᠋ᠠᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢᠨ ᠬᠠᠭᠤᠯᠪᠤᠷᠢ ᠳᠡᠪᠲᠡᠷ᠎ᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠦᠭᠡᠢ᠃
      ᠵᠢᠷᠠᠨ ᠨᠠᠢ᠍ᠮᠠᠳᠤᠭ᠋ᠠᠷ ᠵᠦᠢ᠍ᠯ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠳᠠᠯᠠᠨ ᠨᠢᠭᠡᠳᠦᠭᠡᠷ ᠵᠦᠢ᠍ᠯ᠂ ᠳᠠᠯᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
      (ᠨᠢᠭᠡ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠪᠠ ᠲᠣᠰ ᠲᠥᠷᠢᠮ᠎ᠳᠤ ᠲᠣᠭᠲᠠᠭ᠋ᠠᠭᠰᠠᠨ ᠬᠤᠳᠠᠯᠳᠤᠨ ᠠᠪᠬᠤ ᠠᠷᠭ᠎ᠠ ᠮᠠᠶᠢᠭ᠎ᠤᠨ ᠶᠣᠰᠣᠭ᠋ᠠᠷ ᠬᠡᠷᠡᠭᠵᠢᠭᠦᠯᠦᠭᠰᠡᠨ ᠦᠭᠡᠢ;
     (ᠬᠣᠶᠠᠷ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠤᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠵᠢᠭ᠋ᠠᠨ ᠲᠣᠭᠲᠠᠭ᠋ᠠᠭᠰᠠᠨ ᠵᠠᠭᠤᠴᠢᠯᠠᠭᠤᠷ ᠳᠡᠭᠡᠷ᠎ᠡ ᠨᠡᠶ᠋ᠢᠲᠡᠯᠡᠬᠦ ᠦᠭᠡᠢ;
     (ᠭᠤᠷᠪᠠ) ᠲᠣᠭᠲᠠᠭ᠋ᠠᠯ ᠶᠣᠰᠣᠭ᠋ᠠᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠦᠭᠡᠢ;
     (ᠲᠦᠷᠪᠡ) ᠲᠤᠰ ᠳᠦᠷᠢᠮ᠎ᠤᠨ ᠠᠷᠪᠠᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠦᠷᠢᠴᠡᠭᠰᠡᠨ᠎ᠠᠴᠠ ᠬᠠᠩᠭ᠋ᠠᠭᠴᠢ ᠬᠤᠳᠠᠯᠳᠤᠭ᠋ᠠᠴᠢᠨ᠎ᠤ ᠭᠡᠷ᠎ᠡ ᠵᠢ ᠭᠦᠢ᠍ᠴᠡᠳᠬᠡᠭᠰᠡᠨ ᠪᠠᠶ᠋ᠢᠳᠠᠯ᠎ᠳᠤ ᠵᠣᠬᠢᠶᠠᠨ ᠪᠠᠢ᠌ᠭᠣᠯᠣᠨ ᠰᠢᠯᠭ᠋ᠠᠨ ᠠᠪᠬᠤ ᠵᠢᠨ ᠠᠷᠭ᠎ᠠ ᠦᠭᠡᠢ ᠪᠣᠯᠣᠬᠰᠡᠨ ᠪᠤᠶᠤ ᠤᠯᠤᠰ᠎ᠤᠨ ᠠ᠋ᠳ᠋ ᠬᠦᠷᠦᠩᠭᠡ᠎ᠳᠤ ᠬᠣᠬᠢᠷᠠᠯ ᠤᠴᠠᠷᠠᠭᠤᠯᠤᠭᠰᠠᠨ;
     (ᠲᠠᠪᠤ) ᠬᠠᠤᠯᠢ ᠶᠣᠰᠣᠭ᠋ᠠᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ᠎ᠠᠴᠠ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠢ ᠲᠠᠲᠠᠨ ᠠᠪᠣᠬᠰᠡᠨ ᠦᠭᠡᠢ;
     (ᠵᠢᠷᠭᠤᠭ᠎ᠠ) ᠬᠤᠳᠠᠯᠳᠤᠨ ᠠᠪᠬᠤ ᠵᠢ ᠬᠢᠨᠠᠨ ᠲᠣᠭᠲᠠᠭ᠋ᠠᠬᠤ ᠠᠵᠢᠯᠯᠠᠭ᠎ᠠ᠎ᠳᠤ ᠬᠠᠤᠯᠢ ᠪᠤᠰᠤ᠎ᠪᠠᠷ ᠭᠠᠷ ᠲᠦᠷᠦᠭᠦ;
     (ᠲᠤᠯᠤᠭ᠎ᠠ) ᠶᠡᠷᠦᠩᠬᠡᠶ᠋ᠢᠯᠡᠨ ᠬᠤᠪᠢ ᠦᠨᠡᠯᠡᠬᠦ ᠠᠷᠭ᠎ᠠ ᠵᠢ ᠬᠡᠷᠡᠭᠯᠡᠬᠦ ᠦᠶ᠎ᠡ᠎ᠳᠤ ᠬᠢᠨᠠᠨ ᠳᠣᠬᠳᠠᠭ᠋ᠠᠬᠣ ᠪᠠᠷᠢᠮᠵᠢᠶ᠎ᠠ᠎ᠳᠠᠬᠢ ᠬᠤᠪᠢ ᠵᠢᠨ ᠳᠣᠬᠢᠷᠠᠭᠣᠯᠭ᠎ᠠ ᠪᠠ ᠬᠢᠨᠠᠨ ᠲᠣᠭᠲᠠᠭ᠋ᠠᠬᠤ ᠬᠦᠴᠦᠨ ᠵᠦᠢ᠍ᠯ᠎ᠤᠨ ᠬᠡᠮᠵᠢᠶᠡᠵᠢᠭᠦᠯᠦᠭᠰᠡᠨ ᠭᠦᠢ᠍ᠴᠡᠳᠬᠡᠯ ᠲᠣᠭ᠎ᠠ᠎ᠲᠠᠢ ᠬᠠᠷᠢᠴᠠᠩᠭᠤᠶ ᠪᠢᠰᠢ;
     (ᠨᠠᠢ᠍ᠮᠠ) ᠬᠠᠩᠭ᠋ᠠᠭᠴᠢ ᠬᠤᠳᠠᠯᠳᠤᠭ᠋ᠠᠴᠢᠨ᠎ᠤ ᠯᠠᠪᠯᠠᠨ ᠠᠰᠠᠭᠣᠬᠣ᠂ ᠰᠡᠵᠢᠭᠯᠡᠯᠲᠡ ᠵᠢ ᠬᠤᠭᠤᠴᠠᠭ᠎ᠠ ᠬᠡᠲᠦᠷᠡᠭᠰᠡᠨ ᠪᠠᠶ᠋ᠢᠲᠠᠯ᠎ᠠ ᠰᠢᠢ᠍ᠳᠪᠦᠷᠢᠯᠡᠭᠰᠡᠨ ᠦᠭᠡᠢ;
     (ᠶᠢᠰᠦ) ᠶᠠᠩᠵᠦ ᠪᠦᠲᠦᠭᠡᠭᠳᠡᠬᠦᠨ᠎ᠢ ᠪᠠᠶ᠋ᠢᠴᠠᠭ᠋ᠠᠨ ᠰᠢᠯᠭ᠋ᠠᠬᠤ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠰᠢᠯᠭ᠋ᠠᠨ ᠪᠠᠶ᠋ᠢᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠦᠨᠡᠯᠡᠨ ᠬᠢᠨᠠᠭᠰᠠᠨ ᠦᠷ᠎ᠡ ᠳ᠋ᠦᠩ᠎ᠢ ᠬᠤᠪᠢᠷᠠᠭᠤᠯᠬᠤ;
     (ᠠᠷᠪᠠ) ᠲᠣᠭᠲᠠᠭ᠋ᠠᠯ ᠶᠣᠰᠣᠭ᠋ᠠᠷ ᠵᠣᠬᠢᠶᠠᠨ ᠪᠠᠶ᠋ᠢᠭᠤᠯᠵᠤ ᠬᠠᠩᠭ᠋ᠠᠭᠴᠢ ᠬᠤᠳᠠᠯᠳᠤᠭ᠋ᠠᠴᠢᠨ᠎ᠤ ᠭᠡᠷ᠎ᠡ ᠵᠢ ᠭᠦᠢ᠍ᠴᠡᠳᠬᠡᠭᠰᠡᠨ ᠪᠠᠶ᠋ᠢᠳᠠᠯ᠎ᠢ ᠰᠢᠯᠭ᠋ᠠᠨ ᠠᠪᠣᠬᠰᠡᠨ ᠦᠭᠡᠢ᠃
      ᠵᠢᠷᠠ ᠶᠢᠰᠦᠳᠦᠭᠡᠷ ᠵᠦᠢ᠍ᠯ᠂ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ᠂ ᠬᠠᠤᠯᠢ ᠵᠢ ᠵᠥᠷᠢᠴᠡᠵᠦ ᠣᠯᠵᠠ ᠠᠰᠢᠭ ᠣᠯᠤᠭᠰᠠᠨ ᠪᠠᠶ᠋ᠢᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠵᠤ ᠠᠪᠴᠦ᠂ ᠰᠢᠭᠤᠳ ᠬᠠᠷᠢᠭᠤᠴᠠᠵᠤ ᠪᠠᠶ᠋ᠢᠭ᠎ᠠ ᠠ᠋ᠷᠬᠢᠯᠡᠨ ᠬᠠᠮᠢᠶᠠᠷᠬᠤ ᠬᠥᠮᠦᠨ ᠪᠤᠶᠤ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠳᠬᠡᠯ ᠥᠭᠬᠦ᠎ᠪᠠᠷ ᠨᠡᠶ᠋ᠢᠯᠡᠭᠦᠯᠦᠨ ᠰᠢᠳᠬᠡᠵᠦ᠂ ᠪᠠᠢ᠌ᠳᠠᠯ᠎ᠢ ᠮᠡᠳᠡᠭᠳᠡᠨ᠎ᠡ᠄
     (ᠨᠢᠭᠡ) ᠳᠣᠲᠣᠭ᠋ᠠᠳᠤ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠨᠢ ᠲᠡᠭᠦᠯᠳᠡᠷ ᠪᠤᠰᠤ᠂ ᠬᠠᠤᠯᠢ ᠶᠣᠰᠣᠭ᠋ᠠᠷ ᠲᠤᠰ ᠲᠤᠰ᠎ᠲᠤᠨᠢ ᠬᠣᠪᠢᠶᠠᠨ ᠪᠠᠢ᠌ᠭᠣᠯᠬᠣ᠂ ᠰᠠᠯᠭ᠋ᠠᠬᠤ ᠠᠵᠢᠯ᠎ᠤᠨ ᠪᠠᠶ᠋ᠢᠷᠢ᠂ ᠬᠥᠮᠦᠰ᠎ᠢ ᠲᠤᠰ ᠲᠤᠰ᠎ᠲᠤᠨᠢ ᠬᠣᠪᠢᠶᠠᠨ ᠪᠠᠢ᠌ᠭᠣᠯᠣᠨ ᠰᠠᠯᠭ᠋ᠠᠬᠰᠡᠨ ᠦᠭᠡᠢ;
     (ᠬᠣᠶᠠᠷ) ᠲᠥᠪᠯᠡᠷᠡᠭᠦᠯᠦᠨ ᠬᠤᠳᠠᠯᠳᠤᠨ ᠠᠪᠠᠨ᠋ᠥ ᠲᠥᠷᠥᠯ ᠵᠦᠢ᠍ᠯ᠎ᠢ ᠪᠤᠰᠤᠳ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠨᠠᠢ᠌ᠳᠠᠵᠦ ᠬᠤᠳᠠᠯᠳᠤᠨ ᠠᠪᠬᠤ;
     (ᠭᠤᠷᠪᠠ) ᠠᠰᠢᠭ ᠬᠣᠨᠵᠢᠪᠣᠷᠢ ᠤᠯᠬᠤ ᠠᠵᠢᠯᠯᠠᠭ᠎ᠠ ᠬᠢᠬᠦ᠃
      ᠳᠠᠯᠠᠳᠤᠭ᠋ᠠᠷ ᠵᠦᠢ᠍ᠯ᠂ ᠬᠤᠳᠠᠯᠳᠤᠨ ᠠᠪᠬᠤ ᠠᠵᠢᠯᠲᠠᠳ ᠪᠣᠯᠣᠨ ᠬᠠᠩᠭ᠋ᠠᠭᠴᠢ ᠬᠤᠳᠠᠯᠳᠤᠭ᠋ᠠᠴᠢᠨ ᠠᠰᠢᠭ ᠬᠣᠣᠷ᠎ᠤᠨ ᠬᠠᠷᠢᠴᠠᠭ᠎ᠠ᠎ᠲᠠᠢ ᠪᠠᠶ᠋ᠢᠬᠤ ᠵᠢᠨ ᠤᠯᠠᠮ᠎ᠠᠴᠠ ᠬᠠᠤᠯᠢ ᠶᠣᠰᠣᠭ᠋ᠠᠷ ᠵᠠᠶ᠋ᠢᠯᠠᠬᠤ ᠦᠭᠡᠢ ᠪᠠᠢ᠌ᠪᠠᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠰᠡᠷᠡᠮᠵᠢ ᠥᠭᠴᠦ᠂ 2000 ᠲᠥᠭᠥᠷᠢᠭ᠎ᠠᠴᠠ ᠳᠡᠭᠡᠭᠰᠢ 2 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠨ᠎ᠡ᠃
ᠲᠡᠯᠡᠠ ᠨᠢᠭᠡᠳᠦᠭᠡᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠳᠠᠯᠠᠨ ᠨᠢᠭᠡᠳᠦᠭᠡᠷ ᠵᠦᠢ᠍ᠯ᠂ ᠳᠠᠯᠠᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠨᠢᠭᠡ᠎ᠨᠢ ᠪᠠᠶ᠋ᠢᠵᠤ᠂ ᠳᠠᠭ᠋ᠠᠭ᠋ᠠᠴᠢᠯᠠᠯᠲᠠ ᠣᠯᠬᠣ᠂ ᠮᠠᠶ᠋ᠢᠮᠠᠶ ᠪᠦᠲᠦᠬᠦ ᠦᠷ᠎ᠡ ᠳ᠋ᠦᠩ᠎ᠢ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ ᠪᠠᠶ᠋ᠢᠪᠠᠯ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ ᠪᠣᠯᠤᠨ᠎ᠠ᠄
     (ᠨᠢᠭᠡ) ᠳᠠᠭ᠋ᠠᠭ᠋ᠠᠴᠢᠯᠠᠯᠲᠠ ᠣᠯᠤᠭᠰᠠᠨ ᠪᠤᠶᠤ ᠠᠷᠠᠯᠵᠢᠶ᠎ᠠ ᠪᠦᠲᠦᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠲᠣᠭᠲᠠᠭ᠋ᠠᠭ᠋ᠠᠳᠤᠢ ᠪᠠᠶ᠋ᠢᠪᠠᠯ᠂ ᠲᠣᠰ ᠤᠳᠠᠭ᠋ᠠᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠳᠠᠭᠣᠰᠬᠠᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠳᠠᠬᠢᠨ ᠰᠢᠨ᠎ᠡ᠎ᠪᠠᠷ ᠦᠷᠨᠢᠭᠦᠯᠦᠨ᠎ᠡ᠃
     (ᠬᠣᠶᠠᠷ) ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ ᠬᠠᠩᠭ᠋ᠠᠭᠴᠢ ᠬᠤᠳᠠᠯᠳᠤᠭ᠋ᠠᠴᠢᠨ᠎ᠢ ᠨᠢᠭᠡᠨᠲᠡ ᠲᠣᠭᠲᠠᠭ᠋ᠠᠭᠰᠠᠨ ᠪᠣᠯᠪᠠᠴᠤ ᠬᠠᠷᠠᠬᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢᠷᠣᠬᠰᠡᠨ ᠦᠭᠡᠢ ᠪᠠᠢ᠌ᠪᠠᠯ᠂ ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ ᠦᠷ᠎ᠡ ᠳ᠋ᠦᠩ᠎ᠨᠢ ᠬᠦᠴᠦᠨ ᠦᠭᠡᠢ᠂ ᠬᠢᠷᠢ ᠲᠡᠩᠴᠡᠭᠰᠡᠨ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠬᠦ ᠵᠢᠱ᠌ᠢᠭᠳᠡᠭᠰᠡᠳ᠎ᠤᠨ ᠳᠣᠲᠣᠷ᠎ᠠ᠎ᠠᠴᠠ ᠥᠭᠡᠷ᠎ᠡ ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ ᠬᠠᠩᠭ᠋ᠠᠭᠴᠢ ᠬᠤᠳᠠᠯᠳᠤᠭ᠋ᠠᠴᠢᠨ᠎ᠢ ᠲᠣᠭᠲᠠᠭ᠋ᠠᠵᠤ ᠪᠣᠯᠤᠨ᠎ᠠ; ᠬᠢᠷᠢ ᠲᠡᠩᠴᠡᠭᠰᠡᠨ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠭᠡᠬᠦ   ᠵᠢᠱ᠌ᠢᠭᠳᠡᠭᠰᠡᠳ ᠦᠭᠡᠢ ᠪᠣᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠳᠠᠬᠢᠨ ᠰᠢᠨ᠎ᠡ᠎ᠪᠠᠷ ᠦᠷᠨᠢᠭᠦᠯᠦᠨ᠎ᠡ᠃
     (ᠭᠤᠷᠪᠠ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠨᠢᠭᠡᠨᠲᠡ ᠲᠣᠭᠲᠠᠭ᠋ᠠᠭᠰᠠᠨ ᠪᠣᠯᠪᠠᠴᠤ ᠭᠦᠢ᠍ᠴᠡᠳᠭᠡᠭᠰᠡᠨ ᠦᠭᠡᠢ ᠪᠠᠢ᠌ᠪᠠᠯ᠂ ᠭᠡᠷ᠎ᠡ ᠵᠢ ᠪᠣᠴᠠᠭ᠋ᠠᠵᠦ᠂ ᠬᠢᠷᠢ ᠲᠡᠩᠴᠡᠭᠰᠡᠨ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠬᠦ ᠵᠢᠱ᠌ᠢᠭᠳᠡᠭᠰᠡᠳ᠎ᠤᠨ ᠳᠣᠲᠣᠷ᠎ᠠ᠎ᠠᠴᠠ ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ ᠬᠠᠩᠭ᠋ᠠᠭᠴᠢ ᠬᠤᠳᠠᠯᠳᠤᠭ᠋ᠠᠴᠢᠨ᠎ᠢ ᠠᠰ᠎ᠲᠤᠨᠢ ᠲᠣᠭᠲᠠᠭ᠋ᠠᠨ᠎ᠠ; ᠬᠢᠷᠢ ᠲᠡᠩᠴᠡᠭᠰᠡᠨ ᠳᠠᠭ᠋ᠠᠭ᠋ᠠᠴᠢᠯᠠᠯᠲᠠ ᠤᠯᠬᠤ ᠪᠤᠶᠤ ᠮᠠᠶ᠋ᠢᠮᠠᠶ ᠪᠦᠲᠦᠬᠦ ᠵᠢᠱ᠌ᠢᠭᠳᠡᠭᠰᠡᠳ ᠦᠭᠡᠢ ᠪᠣᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠳᠠᠬᠢᠨ ᠰᠢᠨ᠎ᠡ᠎ᠪᠠᠷ ᠦᠷᠨᠢᠭᠦᠯᠦᠨ᠎ᠡ᠃
     (ᠲᠦᠷᠪᠡ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠨᠢᠭᠡᠨᠲᠡ ᠭᠦᠢ᠍ᠴᠡᠳᠬᠡᠭᠡᠳ᠂ ᠬᠤᠳᠠᠯᠳᠤᠨ ᠠᠪᠤᠭᠴᠢ᠂ ᠬᠠᠩᠭ᠋ᠠᠭᠴᠢ ᠬᠤᠳᠠᠯᠳᠤᠭ᠋ᠠᠴᠢᠨ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠷᠢᠭᠤᠴᠠᠯᠭ᠎ᠠ᠎ᠲᠠᠢ ᠬᠥᠮᠦᠨ ᠳᠦᠯᠦᠬᠦ ᠬᠠᠷᠢᠭᠤᠴᠠᠯᠭ᠎ᠠ ᠠ᠋ᠭᠦᠷᠭᠡᠯᠡᠨ᠎ᠡ᠃
      ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠲᠤᠬᠠᠶ ᠵᠢᠨ ᠬᠥᠮᠦᠨ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠪᠤᠶᠤ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ ᠪᠠᠢ᠌ᠵᠦ᠂ ᠵᠠᠯᠠᠷᠠᠭᠣᠯᠵᠦ ᠬᠠᠯᠠᠭᠰᠠᠨ᠎ᠤ ᠰᠡᠭᠦᠯᠡᠷ ᠳᠠᠭ᠋ᠠᠭ᠋ᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠢ ᠮᠥᠨ ᠯᠡ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ ᠪᠤᠶᠤ ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠶᠠᠪᠤᠳᠠᠯ᠎ᠢ ᠬᠦᠴᠦᠨ ᠦᠭᠡᠢ ᠭᠡᠵᠦ ᠮᠠᠭ᠋ᠠᠳᠯᠠᠨ ᠳᠣᠬᠳᠠᠭ᠋ᠠᠪᠠᠯ᠂ ᠪᠠᠶ᠋ᠢᠪᠠᠯ᠂ ᠠ᠋ᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
      ᠲᠡᠯᠡᠠ ᠬᠣᠶᠠᠳᠤᠭ᠋ᠠᠷ ᠵᠦᠢ᠍ᠯ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠲᠠᠯᠠᠨ ᠳᠣᠯᠣᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠄
     (ᠨᠢᠭᠡ) ᠳᠠᠭ᠋ᠠᠭ᠋ᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ᠎ᠤ ᠴᠢᠨᠠᠷᠲᠠᠢ ᠬᠡᠯᠡᠯᠴᠡᠭᠡ ᠬᠢᠬᠦ ᠳᠤᠭᠤᠶ᠋ᠢᠯᠠᠩ ᠪᠤᠶᠤ ᠦᠨ᠎ᠡ ᠯᠠᠪᠯᠠᠬᠤ ᠳᠤᠭᠤᠶ᠋ᠢᠯᠠᠩ᠎ᠤᠨ ᠪᠦᠷᠢᠯᠳᠦᠬᠦᠨ᠎ᠳᠤ ᠬᠡᠭᠡᠯᠢ ᠲᠦᠯᠬᠢᠬᠦ ᠪᠤᠶᠤ ᠪᠤᠰᠤᠳ ᠵᠦᠢ ᠪᠤᠰᠤ ᠠᠰᠢᠭ ᠲᠤᠰᠠ ᠬᠠᠩᠭ᠋ᠠᠬᠣ;
     (ᠬᠣᠶᠠᠷ) ᠳᠠᠭ᠋ᠠᠭ᠋ᠠᠴᠢᠯᠠᠯᠲᠠ ᠵᠢ ᠤᠯᠬᠤ ᠪᠤᠶᠤ ᠮᠠᠶ᠋ᠢᠮᠠᠶ ᠪᠦᠲᠦᠭᠰᠡᠨ᠎ᠤ ᠳᠠᠷᠠᠭ᠎ᠠ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠬᠤᠳᠠᠯᠳᠤᠨ ᠠᠪᠤᠭᠴᠢ  ᠎ᠲᠠᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠳᠣᠬᠳᠠᠬᠣ ᠵᠢ ᠳᠡᠪᠴᠢᠬᠦ;
     (ᠭᠤᠷᠪᠠ) ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠤᠴᠢᠷ ᠶᠠᠪᠤᠳᠠᠯ᠎ᠤᠨ ᠶᠣᠰᠣᠭ᠋ᠠᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠳᠣᠬᠳᠠᠬᠰᠡᠨ ᠦᠭᠡᠢ;
     (ᠳᠦᠷᠪᠡ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ;
     (ᠲᠠᠪᠤ) ᠬᠤᠳᠠᠯ ᠬᠠᠭᠤᠷᠮᠠᠭ ᠴᠢᠨᠠᠷ ᠮᠠᠭᠤ ᠦᠢ᠍ᠯᠡᠳᠬᠦᠨ ᠬᠠᠩᠭ᠋ᠠᠬᠣ;
      (ᠵᠢᠷᠭᠤᠭ᠎ᠠ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ᠂ ᠳᠤᠷᠭᠤᠨ ᠵᠣᠭᠰᠣᠭ᠋ᠠᠬᠤ ᠪᠤᠶᠤ ᠳᠠᠭᠤᠰᠬᠠᠬᠤ᠃
      ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠳᠤ ᠠ᠋ᠮᠦᠨᠡᠬᠢ ᠪᠠᠳᠠᠭ᠎ᠤᠨ ᠨᠢᠭᠡᠳᠦᠭᠡᠷ ᠵᠤᠷᠪᠤᠰ᠎ᠲᠤ ᠲᠣᠭᠲᠠᠭ᠋ᠠᠭᠰᠠᠨ ᠪᠠᠶ᠋ᠢᠳᠠᠯ᠎ᠲᠠᠢ ᠪᠠᠶ᠋ᠢᠪᠠᠯ᠂ ᠳᠠᠭ᠋ᠠᠭ᠋ᠠᠴᠢᠯᠠᠯᠲᠠ ᠤᠯᠬᠤ  ᠂ ᠠᠷᠠᠯᠵᠢᠶ᠎ᠠ ᠪᠦᠲᠦᠭᠰᠡᠨ ᠶᠠᠪᠤᠳᠠᠯ᠎ᠨᠢ ᠬᠦᠴᠦᠨ ᠦᠭᠡᠢ᠃ ᠬᠢᠨᠠᠨ ᠳᠣᠬᠳᠠᠭ᠋ᠠᠬᠣ ᠦᠶᠡᠰ᠎ᠲᠤ ᠬᠢᠷᠢ ᠬᠡᠮ᠎ᠳᠤ ᠬᠤᠪᠢᠷᠠᠯᠲᠠ ᠭᠠᠷᠴᠦ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠠᠴᠠ ᠳᠤᠰ ᠳᠦᠷᠢᠮ᠎ᠤᠨ ᠬᠣᠷᠢᠨ ᠨᠢᠭᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠬᠤᠳᠠᠯᠳᠤᠨ ᠠᠪᠬᠤ ᠪᠠ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠮᠡᠳᠡᠭᠳᠡᠭᠰᠡᠨ ᠦᠭᠡᠢ ᠪᠠᠶ᠋ᠢᠪᠠᠯ᠂ ᠬᠤᠳᠠᠯᠳᠤᠨ ᠠᠪᠬᠤ ᠵᠣᠭᠣᠰ᠎ᠤᠨ ᠲᠣᠭ᠎ᠠ ᠵᠢᠨ 5 ‰ ᠵᠢᠨ ᠵᠣᠭᠣᠰ ᠵᠶ᠋ᠠᠷ ᠳᠣᠷᠭ᠋ᠠᠵᠦ᠂ ᠮᠠᠭᠤ ᠤᠢ᠍ᠢ᠍ᠯᠡ ᠠᠵᠢᠯᠯᠠᠭ᠎ᠠ ᠵᠢ ᠲᠡᠮᠳᠡᠭᠯᠡᠬᠦ ᠨᠡᠷᠡᠰ᠎ᠲᠤ ᠵᠢᠭᠰᠠᠭ᠋ᠠᠵᠤ ᠲᠡᠮᠳᠡᠭᠯᠡᠭᠡᠳ᠂ ᠳᠠᠭ᠋ᠠᠭ᠋ᠠᠴᠢᠯᠠᠯᠲᠠ ᠤᠯᠬᠤ᠂ ᠠᠷᠠᠯᠵᠢᠶ᠎ᠠ ᠪᠦᠲᠦᠭᠰᠡᠨ ᠶᠠᠪᠤᠳᠠᠯ᠎ᠢ ᠬᠦᠴᠦᠨ ᠦᠭᠡᠢ ᠪᠣᠯᠭ᠋ᠠᠨ᠎ᠠ᠃
      ᠲᠡᠯᠡᠠ ᠭᠤᠷᠪᠠᠳᠤᠭ᠋ᠠᠷ ᠵᠦᠢ᠍ᠯ᠂ ᠬᠠᠩᠭ᠋ᠠᠯᠭ᠎ᠠ ᠵᠢᠨ ᠬᠤᠳᠠᠯᠳᠤᠭ᠋ᠠᠴᠢᠨ ᠪᠣᠳᠠᠲᠤ ᠬᠡᠷᠡᠭ᠎ᠢ ᠬᠤᠳᠠᠯ ᠵᠶ᠋ᠠᠷ ᠵᠣᠬᠢᠶᠠᠵᠤ᠂ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠰᠠᠨ ᠪᠤᠶᠤ ᠬᠠᠤᠯᠢ ᠪᠤᠰᠤ ᠠᠷᠭ᠎ᠠ ᠪᠠᠷᠢᠯ ᠵᠶ᠋ᠠᠷ ᠭᠡᠷᠡᠴᠢ ᠮᠠᠲ᠋ᠧᠷᠢᠶᠠᠯ ᠣᠯᠵᠦ ᠵᠠᠭ᠋ᠠᠯᠳᠤᠯᠭ᠎ᠠ ᠭᠠᠷᠭ᠋ᠠᠭᠰᠠᠨ ᠪᠠᠶ᠋ᠢᠪᠠᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠮᠠᠭᠤ ᠤᠢ᠍ᠢ᠍ᠯᠡ ᠠᠵᠢᠯᠯᠠᠭ᠎ᠠ ᠵᠢ ᠲᠡᠮᠳᠡᠭᠯᠡᠬᠦ ᠨᠡᠷᠡᠰ᠎ᠲᠤ ᠵᠢᠭᠰᠠᠭ᠋ᠠᠵᠤ᠂ 1᠎ᠠᠴᠠ 3 ᠵᠢᠯ᠎ᠤᠨ ᠳᠣᠲᠣᠷ᠎ᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠣ ᠵᠢ   ᠴᠠᠭ᠋ᠠᠵᠠᠯᠠᠨ᠎ᠠ᠃
      ᠳᠠᠯᠠᠨ ᠳᠥᠷᠪᠡᠳᠦᠭᠡᠷ ᠵᠦᠢ᠍ᠯ᠂ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠢ᠌ᠵᠦ᠂ ᠮᠠᠭᠤ ᠰᠠᠨᠠᠭ᠎ᠠ᠎ᠲᠠᠢ᠎ᠪᠠᠷ ᠬᠤᠤᠪᠢᠯᠳᠤᠨ ᠰᠥᠯᠪᠡᠭᠡᠯᠳᠦᠬᠦ᠎ᠳᠤ ᠬᠠᠷᠢᠶᠠᠯᠠᠬᠳᠠᠪᠠᠯ᠂ ᠬᠠᠩᠭ᠋ᠠᠭᠴᠢ ᠬᠤᠳᠠᠯᠳᠤᠭ᠋ᠠᠴᠢᠨ᠎ᠳᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠲᠠᠯᠠᠨ ᠳᠣᠯᠣᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠂ ᠬᠤᠳᠠᠯᠳᠤᠨ ᠠᠪᠬᠤ ᠬᠥᠮᠦᠨ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠴᠢ ᠲᠡᠭᠦᠨ᠎ᠤ ᠠᠵᠢᠯᠳᠠᠨ᠎ᠳᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠲᠠᠯᠠᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠄
     (ᠨᠢᠭᠡ) ᠬᠠᠩᠭ᠋ᠠᠭᠴᠢ ᠬᠤᠳᠠᠯᠳᠤᠭ᠋ᠠᠴᠢᠨ ᠰᠢᠭᠤᠳ ᠪᠤᠶᠤ ᠳᠠᠮ ᠵᠶ᠋ᠠᠷ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠪᠤᠰᠤᠳ ᠬᠠᠩᠭ᠋ᠠᠭᠴᠢ ᠬᠤᠳᠠᠯᠳᠤᠭ᠋ᠠᠴᠢᠨ᠎ᠤ ᠬᠠᠮᠢᠶ᠎ᠠ ᠪᠦᠬᠦᠢ ᠪᠠᠶ᠋ᠢᠳᠠᠯ᠎ᠢ ᠮᠡᠳᠡᠵᠦ᠂ ᠲᠡᠭᠦᠨ᠎ᠤ ᠳᠠᠭ᠋ᠠᠭ᠋ᠠᠴᠢᠯᠠᠯᠲᠠ᠎ᠳᠤ ᠣᠷᠣᠬᠤ ᠪᠢᠴᠢᠭ ᠮᠠᠲ᠋ᠧᠷᠢᠶᠠᠯ᠎ᠳᠤᠨᠢ ᠵᠠᠰᠠᠪᠤᠷᠢ ᠣᠷᠣᠭᠤᠯᠬᠤ ᠪᠤᠶᠤ ᠪᠢᠴᠢᠭ ᠮᠠᠲ᠋ᠧᠷᠢᠶᠠᠯ᠎ᠢ ᠨᠦᠯᠦᠭᠡᠯᠡᠬᠦ;
     (ᠬᠣᠶᠠᠷ) ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠨᠢ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠵᠢᠭ᠋ᠠᠨ ᠳᠣᠬᠢᠬᠣ᠎ᠪᠠᠷ ᠳᠠᠮᠵᠢᠨ ᠳᠠᠭ᠋ᠠᠭ᠋ᠠᠴᠢᠯᠠᠯᠲᠠ᠎ᠳᠤ ᠣᠷᠣᠬᠤ ᠪᠢᠴᠢᠭ ᠮᠠᠲ᠋ᠧᠷᠢᠶᠠᠯ᠎ᠢ ᠤᠭᠴᠠᠷᠠᠭᠤᠯᠤᠨ ᠰᠣᠯᠢᠵᠤ᠂ ᠵᠠᠰᠠᠪᠤᠷᠢ ᠣᠷᠣᠭᠤᠯᠬᠤ ᠪᠤᠶᠤ ᠪᠢᠴᠢᠭ ᠮᠠᠲ᠋ᠧᠷᠢᠶᠠᠯ᠎ᠢ ᠨᠦᠯᠦᠭᠡᠯᠡᠬᠦ;
     (ᠭᠤᠷᠪᠠ) ᠬᠠᠩᠭ᠋ᠠᠭᠴᠢ ᠬᠤᠳᠠᠯᠳᠤᠭ᠋ᠠᠴᠢᠨ᠎ᠤ ᠬᠣᠭᠣᠷᠣᠨᠳᠣ᠎ᠪᠠᠨ ᠵᠥᠪᠳᠡᠯᠴᠡᠵᠦ ᠪᠠᠶ᠋ᠢᠭ᠋ᠠᠳ ᠦᠨ᠎ᠡ᠂ ᠮᠡᠷᠭᠡᠵᠢᠯ᠎ᠤᠨ ᠲᠥᠰᠦᠯ ᠵᠡᠷᠭᠡ ᠳᠠᠭ᠋ᠠᠭ᠋ᠠᠴᠢᠯᠠᠯᠲᠠ᠎ᠳᠤ ᠣᠷᠣᠬᠤ ᠪᠢᠴᠢᠭ ᠮᠠᠲ᠋ᠧᠷᠢᠶᠠᠯ ᠪᠤᠶᠤ ᠪᠢᠴᠢᠭ ᠮᠠᠲ᠋ᠧᠷᠢᠶᠠᠯ᠎ᠤᠨ ᠮᠥᠨ ᠴᠢᠨᠠᠷ᠎ᠤᠨ ᠠᠭᠤᠯᠭ᠎ᠠ ᠵᠢ ᠨᠦᠯᠦᠭᠡᠯᠡᠬᠦ;
     (ᠲᠦᠷᠪᠡ) ᠠᠳᠠᠯᠢ ᠨᠢᠭᠡᠨ ᠪᠦᠯᠦᠭᠯᠡᠯ᠂ ᠨᠡᠢ᠌ᠭᠡᠮᠯᠢᠭ᠂ ᠬᠤᠳᠠᠯᠳᠤᠭ᠋ᠠᠨ᠎ᠤ ᠡᠪᠯᠡᠯ ᠵᠡᠷᠭᠡ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ᠎ᠤ ᠬᠠᠩᠭ᠋ᠠᠭᠴᠢ ᠬᠤᠳᠠᠯᠳᠤᠭ᠋ᠠᠴᠢᠨ᠎ᠨᠢ ᠲᠤᠰ ᠵᠣᠬᠢᠶᠠᠨ ᠪᠠᠶ᠋ᠢᠭᠤᠯᠤᠯᠲᠠ ᠵᠢᠨ ᠱᠠᠭ᠋ᠠᠷᠳᠠᠯᠭ᠎ᠠ᠎ᠪᠠᠷ ᠬᠠᠮᠲᠤᠷᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ;
     (ᠲᠠᠪᠤ) ᠬᠠᠩᠭ᠋ᠠᠭᠴᠢ ᠬᠤᠳᠠᠯᠳᠤᠭ᠋ᠠᠴᠢᠨ᠎ᠤ ᠬᠣᠭᠣᠷᠣᠨᠳᠣ ᠤᠷᠢᠳᠠᠪᠠᠷ ᠶᠠᠮᠠᠷ ᠨᠢᠭᠡᠨ ᠣᠨᠴᠠ ᠲᠣᠭᠲᠠᠭᠰᠠᠨ ᠬᠠᠩᠭ᠋ᠠᠭᠴᠢ ᠬᠤᠳᠠᠯᠳᠤᠭ᠋ᠠᠴᠢᠨ ᠳᠠᠭ᠋ᠠᠭ᠋ᠠᠴᠢᠯᠠᠯᠲᠠ ᠣᠯᠬᠣ᠂ ᠮᠠᠢ᠌ᠮᠠᠢ ᠪᠦᠲᠦᠬᠦ᠎ᠪᠠᠷ ᠪᠣᠯᠵᠣᠨ ᠲᠣᠭᠲᠠᠭᠰᠠᠨ;
     (ᠵᠢᠷᠭᠤᠭ᠎ᠠ) ᠬᠠᠩᠭ᠋ᠠᠭᠴᠢ ᠬᠤᠳᠠᠯᠳᠤᠭ᠋ᠠᠴᠢᠨ᠎ᠤ ᠬᠣᠭᠣᠷᠣᠨᠳᠣ ᠵᠥᠪᠳᠡᠯᠴᠡᠨ ᠲᠣᠭᠲᠠᠵᠤ᠂ ᠬᠡᠰᠡᠭ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ ᠵᠢ ᠪᠤᠯᠢᠬᠤ ᠪᠤᠶᠤ ᠳᠠᠭ᠋ᠠᠭ᠋ᠠᠴᠢᠯᠠᠯᠲᠠ ᠣᠯᠤᠭᠰᠠᠨ᠂ ᠮᠠᠢ᠌ᠮᠠᠢ ᠪᠦᠲᠦᠬᠦ ᠵᠢ ᠲᠠᠶᠠᠭᠳᠠᠬᠣ;
     (ᠲᠤᠯᠤᠭ᠎ᠠ) ᠬᠠᠩᠭ᠋ᠠᠯᠭ᠎ᠠ ᠵᠢᠨ ᠬᠤᠳᠠᠯᠳᠤᠭ᠋ᠠᠴᠢᠨ ᠪᠣᠯᠤᠨ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠣᠭᠣᠷᠣᠨᠳᠣ᠂ ᠪᠠᠷᠠᠭ᠎ᠠ ᠬᠠᠩᠭ᠋ᠠᠬᠤ ᠬᠤᠳᠠᠯᠳᠤᠭ᠋ᠠᠴᠢᠨ᠎ᠨᠢ ᠬᠣᠭᠣᠷᠣᠨᠳᠣ᠎ᠪᠠᠨ᠂ ᠣᠨᠴᠠ ᠨᠢᠭᠡ ᠬᠠᠩᠭ᠋ᠠᠭᠴᠢ ᠬᠤᠳᠠᠯᠳᠤᠭ᠋ᠠᠴᠢᠨ᠎ᠢ ᠳᠠᠭ᠋ᠠᠭ᠋ᠠᠴᠢᠯᠠᠯᠲᠠ ᠣᠯᠬᠣ᠂ ᠠᠷᠠᠯᠵᠢᠶ᠎ᠠ ᠪᠦᠲᠦᠬᠦ ᠵᠢᠨ ᠲᠦᠯᠦᠭᠡ ᠪᠤᠶᠤ ᠪᠤᠰᠤᠳ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠭᠦᠳᠬᠡᠨ ᠭᠠᠳᠠᠭᠤᠷᠴᠢᠯᠠᠬᠤ ᠪᠤᠰᠤᠳ ᠰᠥᠯᠪᠡᠭᠡᠯᠳᠦᠬᠦ ᠦᠢ᠍ᠯᠡ ᠠᠵᠢᠯᠯᠠᠭ᠎ᠠ᠃
      ᠲᠡᠯᠡᠠ ᠲᠠᠪᠤᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠨᠢ ᠬᠤᠳᠠᠯᠳᠤᠨ ᠠᠪᠬᠤ ᠠᠵᠢᠯᠯᠠᠭ᠎ᠠ ᠵᠢᠨ ᠪᠢᠴᠢᠭ ᠮᠠᠲ᠋ᠧᠷᠢᠶᠠᠯ ᠳᠣᠬᠳᠠᠭ᠋ᠠᠬᠰᠡᠨ ᠶᠣᠰᠣᠭ᠋ᠠᠷ ᠬᠢᠨᠠᠨ ᠲᠣᠭᠲᠠᠭ᠋ᠠᠬᠤ ᠲᠡᠰ ᠳᠠᠷᠠᠭ᠋ᠠᠯᠠᠯ᠂ ᠬᠢᠨᠠᠨ ᠳᠣᠬᠳᠠᠭ᠋ᠠᠬᠣ ᠠᠷᠭ᠎ᠠ ᠪᠣᠯᠤᠨ ᠬᠢᠨᠠᠨ ᠳᠣᠬᠳᠠᠭ᠋ᠠᠬᠣ ᠪᠠᠷᠢᠮᠵᠢᠶ᠎ᠠ ᠶᠣᠰᠣᠭ᠋ᠠᠷ ᠪᠡᠶ᠎ᠡ᠎ᠪᠠᠨ ᠳᠠᠭ᠋ᠠᠭ᠋ᠠᠵᠤ ᠬᠢᠨᠠᠨ ᠲᠣᠭᠲᠠᠭ᠋ᠠᠬᠤ ᠦᠭᠡᠢ ᠪᠤᠶᠤ ᠬᠢᠨᠠᠨ ᠲᠣᠭᠲᠠᠭ᠋ᠠᠬᠤ ᠪᠠᠢ᠌ᠳᠠᠯ ᠪᠠ ᠪᠢᠴᠢᠭ ᠮᠠᠲ᠋ᠧᠷᠢᠶᠠᠯ᠎ᠢ ᠵᠠᠳᠠᠷᠠᠭᠤᠯᠤᠭᠰᠠᠨ ᠪᠠᠶ᠋ᠢᠪᠠᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠰᠡᠷᠡᠮᠵᠢ ᠥᠭᠴᠦ᠂ 2000 ᠲᠥᠭᠥᠷᠢᠭ᠎ᠠᠴᠠ ᠳᠡᠭᠡᠭᠰᠢ 2 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠨ᠎ᠡ; ᠳᠠᠭ᠋ᠠᠭ᠋ᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠢ ᠨᠦᠯᠦᠭᠡᠯᠡᠭᠰᠡᠨ ᠪᠠᠶ᠋ᠢᠪᠠᠯ 2 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠭᠡᠵᠦ᠂ ᠲᠡᠭᠦᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠬᠢᠨᠠᠨ ᠲᠣᠭᠲᠠᠭ᠋ᠠᠬᠤ ᠠᠵᠢᠯᠯᠠᠭ᠎ᠠ᠎ᠳᠤ ᠣᠷᠣᠯᠴᠠᠬᠣ ᠵᠢ ᠬᠢᠵᠠᠭ᠋ᠠᠷᠯᠠᠨ᠎ᠠ᠃
      ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠨᠢ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠲᠠᠢ ᠠᠰᠢᠭ ᠬᠣᠣᠷ᠎ᠤᠨ ᠬᠠᠷᠢᠴᠠᠭ᠎ᠠ ᠣᠷᠣᠰᠢᠵᠤ ᠪᠠᠶ᠋ᠢᠲᠠᠯ᠎ᠠ ᠵᠠᠶ᠋ᠢᠯᠠᠭᠰᠠᠨ ᠦᠭᠡᠢ ᠪᠠᠶ᠋ᠢᠪᠠᠯ᠂ 2 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠭᠡᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠬᠢᠨᠠᠨ ᠲᠣᠭᠲᠠᠭ᠋ᠠᠬᠤ ᠠᠵᠢᠯᠯᠠᠭ᠎ᠠ᠎ᠳᠤ ᠣᠷᠣᠯᠴᠠᠬᠤ ᠵᠢ᠎ᠨᠢ ᠴᠠᠭ᠋ᠠᠵᠠᠯᠠᠨ᠎ᠠ᠃
      ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠨᠢ ᠬᠤᠳᠠᠯᠳᠤᠨ ᠠᠪᠤᠭᠴᠢ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠂ ᠬᠠᠩᠭ᠋ᠠᠭᠴᠢ ᠬᠤᠳᠠᠯᠳᠤᠭ᠋ᠠᠴᠢᠨ᠎ᠠᠴᠠ ᠬᠡᠭᠡᠯᠢ ᠢᠳᠡᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠣᠯᠵᠦ᠂ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠠ᠋ᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠶᠠᠯ᠎ᠠ ᠪᠤᠯᠵᠦ ᠪᠦᠷᠢᠯᠳᠦᠭᠰᠡᠨ ᠤᠢ᠍ᠭᠡᠢ ᠪᠠᠶ᠋ᠢᠪᠠᠯ 2 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠳᠣᠷᠭ᠋ᠠᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠬᠢᠨᠠᠨ ᠲᠣᠭᠲᠠᠭ᠋ᠠᠬᠤ ᠠᠵᠢᠯᠯᠠᠭ᠎ᠠ᠎ᠳᠤ ᠣᠷᠣᠯᠴᠠᠬᠤ ᠵᠢ᠎ᠨᠢ ᠴᠠᠭ᠋ᠠᠵᠠᠯᠠᠨ᠎ᠠ᠃
      ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠳᠡᠭᠡᠷ᠎ᠡ ᠳᠤᠷᠠᠳᠤᠭᠰᠠᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠲᠠᠢ ᠪᠠᠶ᠋ᠢᠪᠠᠯ᠂ ᠲᠡᠭᠦᠨ᠎ᠤ ᠬᠢᠨᠠᠨ ᠲᠣᠭᠲᠠᠭ᠋ᠠᠬᠤ ᠰᠠᠨᠠᠯ᠎ᠨᠢ ᠬᠦᠴᠦᠨ ᠦᠭᠡᠢ᠂ ᠬᠢᠨᠠᠨ ᠲᠣᠭᠲᠠᠭ᠋ᠠᠬᠤ ᠰᠦᠢ᠍ᠳᠭᠡᠯ ᠭᠦᠷᠳᠡᠵᠤ ᠪᠣᠯᠬᠤ ᠦᠭᠡᠢ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠲᠠᠢ ᠪᠠᠶ᠋ᠢᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠡᠨ ᠠᠪᠤᠨ᠎ᠠ; ᠪᠤᠰᠤᠳ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠠ᠋ᠭᠦᠷᠭᠡᠯᠡᠨ᠎ᠡ᠃
      ᠲᠡᠯᠡᠠ ᠵᠢᠷᠭᠤᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠲᠤᠬᠠᠶ ᠵᠢᠨ ᠬᠥᠮᠦᠨ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠪᠠ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠪᠤᠰᠤᠳ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠠ᠋ᠭᠦᠷᠭᠡᠯᠡᠨ᠎ᠡ᠃
      ᠲᠡᠯᠡᠠ ᠳᠣᠯᠣᠳᠤᠭ᠋ᠠᠷ ᠵᠦᠢ᠍ᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠳᠤᠮᠳᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠪᠠ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠠ᠋ᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠠᠢ᠌ᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠠ᠋ᠷᠬᠢᠯᠡᠨ ᠬᠠᠮᠢᠶᠠᠷᠬᠤ ᠬᠥᠮᠦᠨ ᠪᠤᠶᠤ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠳᠬᠡᠯ ᠥᠭᠭᠦᠨ᠎ᠡ; ᠰᠢᠭᠤᠳ ᠬᠠᠷᠢᠭᠤᠴᠠᠵᠤ ᠪᠠᠶ᠋ᠢᠭ᠎ᠠ ᠠ᠋ᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠨᠢ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠠ᠋ᠷᠡᠭᠦᠦ ᠵᠢᠨ ᠬᠠᠷᠢᠭᠤᠴᠠᠯᠭ᠎ᠠ   ᠨᠡᠬᠡᠮᠵᠢᠯᠡᠬᠦ ᠬᠡᠷᠡᠭᠲᠡᠢ᠃
      ᠶᠢᠰᠦᠳᠦᠭᠡᠷ ᠪᠦᠯᠦᠭ   ᠳᠠᠭ᠋ᠠᠯᠳᠤᠭᠤᠯᠤᠭᠰᠠᠨ ᠳᠥᠷᠢᠮ
      ᠲᠡᠯᠡᠠ ᠨᠠᠢ᠍ᠮᠠᠳᠤᠭ᠋ᠠᠷ ᠵᠦᠢ᠍ᠯ᠂ ᠠ᠋ᠳ᠋᠎ᠤᠨ ᠵᠠᠰᠠᠭ᠎ᠤᠨ ᠬᠠᠮᠢᠶᠠᠷᠤᠯᠲᠠ᠎ᠨᠢ ᠮᠤᠵᠢ᠎ᠠᠴᠠ ᠰᠢᠭᠤᠳ ᠬᠠᠮᠢᠶᠠᠷᠬᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠡᠷᠡᠭᠴᠡᠭᠡ᠎ᠪᠠᠨ ᠦᠨᠳᠦᠰᠦᠯᠡᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠬᠦ ᠬᠡᠷᠡᠭᠲᠡᠶ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠪᠠ ᠲᠤᠰ ᠳᠦᠷᠢᠮ᠎ᠤᠨ ᠲᠣᠭᠲᠠᠭ᠋ᠠᠯ ᠵᠢ ᠬᠡᠷᠡᠭᠵᠢᠭᠦᠯᠬᠦ ᠲᠣᠭᠣᠷᠢᠭ ᠪᠠᠶ᠋ᠢᠭᠤᠯᠤᠭᠰᠠᠨ ᠬᠤᠳᠠ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠬᠤᠳᠠᠯᠳᠤᠨ ᠠᠪᠠᠨ᠋ᠥ ᠠᠷᠭ᠎ᠠ ᠮᠠᠶᠢᠭ᠎ᠢ ᠬᠤᠪᠢᠷᠠᠭᠤᠯᠬᠤ ᠠ᠋ᠷᠬᠡ ᠲᠤᠰᠢᠶᠠᠯ᠎ᠢ ᠭᠦᠢ᠍ᠴᠡᠳᠬᠡᠨ᠎ᠡ᠃
      ᠳᠠᠯᠠ ᠶᠢᠰᠦᠳᠦᠭᠡᠷ ᠵᠦᠢ᠍ᠯ᠂ ᠲᠤᠰ ᠲᠦᠷᠢᠮ᠎ᠢ 2015 ᠣᠨ᠎ᠤ 3 ᠰᠠᠷ᠎ᠠ ᠵᠢᠨ1᠎ᠤ ᠠ᠋ᠳᠦᠷ᠎ᠠᠴᠠ ᠠ᠋ᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠲᠦᠷᠦ ᠵᠢᠨ ᠶᠠᠪᠣᠲᠠᠯ᠎ᠤᠨ ᠬᠣᠷᠢᠶ᠎ᠠ ᠵᠢᠨ ᠠᠯᠪᠠᠨ ᠲᠢᠩᠬᠢᠮ ᠪᠡᠶ᠎ᠡ ᠴᠢᠬᠢᠷᠠᠬ᠍ᠵᠢᠭᠤᠯᠬᠤ ᠰᠡᠯᠡᠬᠦᠴᠡᠯ᠎ᠤᠨ ᠠᠵᠦ ᠦᠢ᠍ᠯᠡᠰ᠎ᠢ ᠲᠦᠷᠭᠡᠳᠭᠡᠨ ᠬᠦᠭᠵᠢᠬᠦᠯᠬᠦ ᠲᠣᠬᠠᠢ ᠵᠢᠯᠣᠭᠣᠳᠬᠣ ᠰᠠᠨᠠᠯ
ᠪᠦᠬᠦ ᠠᠷᠠᠳ᠎ᠤᠨ ᠪᠡᠶ᠎ᠡ ᠴᠢᠬᠢᠷᠠᠬ᠍ᠵᠢᠭᠣᠯᠬᠣ ᠲᠦᠷᠢᠮ
ᠪᠦᠬᠦ ᠣᠯᠣᠰ᠎ᠤᠨ ᠴᠦᠬᠡᠨ ᠳᠣᠭ᠋ᠠᠳᠣ ᠦᠨᠳᠦᠰᠦᠳᠡᠨ᠎ᠤ ᠤᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠤ ᠵᠣᠬᠢᠶᠠᠨ ᠪᠠᠢ᠌ᠭᠣᠯᠣᠯᠳᠠ ᠬᠠᠮᠢᠶᠠᠷᠣᠯᠳᠠ ᠵᠢᠨ ᠠᠷᠭ᠎ᠠ
ᠪᠦᠬᠦ ᠠᠷᠠᠳ᠎ᠤᠨ ᠪᠡᠶ᠎ᠡ ᠴᠢᠬᠢᠷᠠᠬ᠍ᠵᠢᠭᠣᠯᠬᠣ ᠲᠦᠯᠦᠪᠯᠡᠭᠡ (2016 — 2020)
ᠤᠯᠢᠮᠫᠢᠺ᠎ᠤᠨ ᠪᠡᠯᠬᠡ ᠳᠡᠮᠳᠡᠭ᠎ᠤᠨ ᠬᠠᠮᠠᠭ᠋ᠠᠯᠠᠯᠳᠠ ᠵᠢᠨ ᠳᠦᠷᠢᠮ
 
            