[ ᠨᠡᠢ᠌ᠲᠡᠯᠡᠭᠰᠡᠨ ᠰᠠᠯᠠᠭ᠎ᠠ ᠮᠥᠴᠢᠷ ] ᠪᠦᠬᠦ ᠣᠯᠣᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ
[ ᠠᠯᠪᠠᠨ ᠪᠢᠴᠢᠭ ᠲᠠᠷᠬᠠᠭ᠋ᠠᠬᠤ ᠦᠰᠦᠭ᠎ᠤᠨ ᠨᠣᠮᠧᠷ ] ᠲᠡᠷᠢᠭᠦᠯᠡᠭᠴᠢ ᠵᠢᠨ ᠵᠠᠷᠯᠢᠭ᠎ᠤᠨ 12 ᠳ᠋ᠤᠭ᠋ᠠᠷ ᠲᠣᠭ᠋ᠠᠲᠤ
[ ᠨᠡᠶ᠋ᠢᠲᠡᠯᠡᠭᠰᠡᠨ ᠠ᠋ᠳᠦᠷ ᠬᠤᠭᠤᠴᠠᠭ᠎ᠠ ] 2014 ᠂ 08᠂ 31
[ ᠬᠡᠷᠡᠭᠵᠢᠭᠦᠯᠬᠦ ᠠ᠋ᠳᠦᠷ ᠬᠤᠭᠤᠴᠠᠭ᠎ᠠ ] 1995᠂ 01᠂ 01
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ
(1994 ᠣᠨ᠎ᠤ 3 ᠰᠠᠷ᠎ᠠ ᠵᠢᠨ 22᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠠᠴᠠ ᠪᠠᠳᠣᠯᠠᠪᠠ᠂ 2014 ᠣᠨ᠎ᠤ 8 ᠰᠠᠷ᠎ᠠ ᠵᠢᠨ 31᠎ᠤ ᠡᠳᠦᠷ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠳᠤᠭ᠋ᠠᠷ ᠬᠤᠷᠠᠯ᠎ᠳᠤ 《〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠰᠢᠢ᠍ᠳᠪᠦᠷᠢ》 ᠵᠢ ᠦᠨᠳᠦᠰᠦᠯᠡᠨ ᠵᠠᠰᠠᠪᠦᠷᠢ ᠣᠷᠣᠭᠣᠯᠪᠠ)
ᠭᠠᠷᠴᠠᠭ
ᠨᠢᠭᠡᠳᠦᠭᠡᠷ ᠪᠦᠯᠦᠭ ᠶᠡᠷᠦᠩᠬᠡᠶ ᠲᠤᠢ᠍ᠷᠢᠮ
ᠬᠣᠶᠠᠳᠤᠭ᠋ᠠᠷ ᠪᠦᠯᠦᠭ ᠲᠥᠰᠦᠪ᠎ᠤᠨ ᠬᠠᠮᠢᠶᠠᠷᠤᠯᠲᠠ ᠵᠢᠨ ᠠ᠋ᠷᠬᠡ ᠲᠤᠰᠢᠶᠠᠯ
ᠭᠤᠷᠪᠠᠳᠤᠭ᠋ᠠᠷ ᠪᠦᠯᠦᠭ ᠲᠦᠰᠦᠪ᠎ᠤᠨ ᠣᠷᠣᠯᠭ᠎ᠠ ᠵᠠᠷᠤᠯᠭ᠎ᠠ ᠵᠢᠨ ᠬᠡᠪᠴᠢᠶ᠎ᠡ
ᠳᠥᠷᠪᠡᠳᠦᠭᠡᠷ ᠪᠦᠯᠦᠭ ᠲᠦᠰᠦᠪ᠎ᠢ ᠨᠠᠶ᠋ᠢᠷᠠᠭᠤᠯᠤᠨ ᠵᠣᠬᠢᠶᠠᠬᠤ
ᠲᠠᠪᠤᠳᠤᠭ᠋ᠠᠷ ᠪᠦᠯᠦᠭ ᠲᠦᠰᠦᠪ᠎ᠢ ᠬᠢᠨᠠᠨ ᠪᠠᠶ᠋ᠢᠴᠠᠭ᠋ᠠᠬᠤ ᠪᠠ ᠵᠥᠪᠰᠢᠶᠡᠷᠡᠬᠦ
ᠵᠢᠷᠭᠤᠳᠤᠭ᠋ᠠᠷ ᠪᠦᠯᠦᠭ ᠲᠦᠰᠦᠪ᠎ᠢ ᠭᠦᠢ᠍ᠴᠡᠳᠬᠡᠬᠦ
ᠳᠣᠯᠣᠳᠤᠭ᠋ᠠᠷ ᠪᠦᠯᠦᠭ ᠲᠦᠰᠦᠪ᠎ᠲᠤ ᠲᠤᠬᠢᠷᠡᠭᠤᠯᠤᠯᠳᠠ ᠬᠢᠬᠦ
ᠨᠠᠢ᠍ᠮᠠᠳᠤᠭ᠋ᠠᠷ ᠪᠦᠯᠦᠭ ᠲᠦᠰᠦᠪ᠎ᠤᠨ ᠭᠦᠢ᠍ᠴᠡᠳᠬᠡᠯ
ᠶᠢᠰᠦᠳᠦᠭᠡᠷ ᠪᠦᠯᠦᠭ ᠬᠢᠨᠠᠨᠯᠲᠠ ᠲᠠᠯᠪᠢᠬᠤ
ᠠᠷᠪᠠᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠠᠷᠪᠠᠨ ᠨᠢᠭᠡᠳᠦᠭᠡᠷ ᠪᠦᠯᠦᠭ ᠳᠠᠭ᠋ᠠᠯᠳᠤᠭᠤᠯᠤᠭᠰᠠᠨ ᠲᠤᠢ᠍ᠷᠢᠮ
ᠨᠢᠭᠡᠳᠦᠭᠡᠷ ᠪᠦᠯᠦᠭ ᠶᠡᠷᠦᠩᠬᠡᠶ ᠲᠤᠢ᠍ᠷᠢᠮ
ᠨᠢᠭᠡᠳᠦᠭᠡᠷ ᠵᠦᠢ᠍ᠯ᠂ ᠵᠠᠰᠠᠭ᠎ᠤᠨ ᠣᠷᠳᠣᠨ᠎ᠤ ᠣᠷᠣᠯᠭ᠎ᠠ ᠵᠠᠷᠤᠯᠭ᠎ᠠ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠲᠥᠰᠦᠪ ᠵᠶ᠋ᠡᠷ ᠬᠢᠵᠠᠭ᠋ᠠᠷᠯᠠᠬᠤ ᠵᠢ ᠴᠢᠩᠭ᠋ᠠᠷᠠᠭᠣᠯᠣᠨ᠂ ᠲᠥᠰᠦᠪ᠎ᠤᠨ ᠬᠠᠮᠢᠶᠠᠷᠤᠯᠲᠠ ᠪᠠ ᠬᠢᠨᠠᠯᠲᠠ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠵᠢᠷᠤᠮᠵᠢᠭᠰᠠᠨ᠂ ᠢᠯᠡ ᠲᠣᠳᠣ ᠲᠥᠰᠦᠪ᠎ᠤᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠶ᠋ᠢᠭᠡᠮ᠎ᠤᠨ ᠠ᠋ᠷᠡᠭᠦᠯ ᠵᠶ᠋ᠡᠷ ᠬᠥᠭᠵᠢᠬᠦ ᠵᠢ ᠪᠠᠳᠣᠯᠠᠬᠣ ᠵᠢᠨ ᠲᠦᠯᠦᠭᠡ᠂ ᠦᠨᠳᠦᠰᠦᠨ ᠬᠠᠤᠯᠢ ᠵᠢ ᠦᠨᠳᠦᠰᠦᠯᠡᠵᠦ᠂ ᠲᠤᠰ ᠬᠠᠤᠯᠢ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ᠂ ᠲᠥᠰᠦᠪ᠂ ᠲᠥᠰᠦᠪ᠎ᠤᠨ ᠭᠦᠢ᠍ᠴᠡᠳᠬᠡᠯ᠎ᠢ ᠨᠠᠶ᠋ᠢᠷᠠᠭᠤᠯᠤᠨ ᠵᠣᠬᠢᠶᠠᠬᠤ᠂ ᠬᠢᠨᠠᠨ ᠪᠠᠶ᠋ᠢᠴᠠᠭ᠋ᠠᠬᠤ᠂ ᠵᠥᠪᠰᠢᠶᠡᠷᠡᠬᠦ᠂ ᠬᠢᠨᠠᠯᠲᠠ ᠲᠠᠯᠪᠢᠬᠤ ᠵᠢᠴᠢ ᠲᠥᠰᠦᠪ᠎ᠢ ᠬᠡᠷᠡᠭᠵᠢᠭᠦᠯᠬᠦ ᠪᠠ ᠲᠤᠭᠢᠷᠠᠭᠤᠯᠬᠤ᠎ᠳᠠᠭᠠᠨ ᠲᠤᠰ ᠬᠠᠤᠯᠢ ᠵᠢᠨ ᠲᠣᠭᠲᠠᠭ᠋ᠠᠯ᠎ᠢ ᠦᠨᠳᠦᠰᠦᠯᠡᠨ ᠬᠡᠷᠡᠭᠵᠢᠭᠦᠯᠦᠨ᠎ᠡ᠃
ᠭᠤᠷᠪᠠᠳᠤᠭ᠋ᠠᠷ ᠵᠦᠢ᠍ᠯ᠂ ᠤᠯᠤᠰ᠎ᠠᠴᠠ ᠨᠢᠭᠡ ᠱᠠᠲᠤᠨ᠎ᠤ ᠵᠠᠰᠠᠭ᠎ᠤᠨ ᠣᠷᠳᠣᠨ ᠨᠢᠭᠡ ᠱᠠᠲᠤᠨ᠎ᠤ ᠲᠥᠰᠦᠪ᠎ᠢ ᠬᠡᠷᠡᠭᠵᠢᠭᠦᠯᠵᠦ᠂ ᠲᠥᠪ ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠣᠷᠢᠭ ᠦᠭᠡᠢ ᠬᠤᠲᠠ᠂ ᠬᠣᠲᠠ ᠵᠢᠨ ᠬᠠᠷᠢᠶ᠎ᠠ ᠲᠣᠭᠣᠷᠢᠭ ᠂ ᠰᠢᠶᠠᠩ (ᠰᠤᠮᠤ)᠂ ᠦᠨᠳᠦᠰᠦᠲᠡᠨ᠎ᠤ ᠰᠢᠶᠠᠩ (ᠰᠤᠮᠤ)᠂ ᠪᠠᠯᠭ᠋ᠠᠰᠤ ᠵᠡᠷᠭᠡ ᠲᠠᠪᠤᠨ ᠱᠡᠳᠦ᠎ᠪᠠᠷ ᠲᠥᠰᠦᠪ ᠲᠣᠭᠲᠠᠭ᠋ᠠᠨ᠎ᠠ᠃
ᠪᠦᠬᠦ ᠤᠯᠤᠰ᠎ᠤᠨ ᠲᠥᠰᠦᠪ᠎ᠨᠢ ᠲᠥᠪ᠎ᠤᠨ ᠲᠥᠰᠦᠪ ᠪᠠ ᠣᠷᠣᠨ ᠨᠤᠲᠤᠭ᠎ᠤᠨ ᠲᠥᠰᠦᠪ ᠵᠶ᠋ᠡᠷ ᠪᠦᠷᠢᠯᠳᠦᠨ᠎ᠡ᠃ ᠣᠷᠣᠨ ᠨᠤᠲᠤᠭ᠎ᠤᠨ ᠲᠥᠰᠦᠪ᠎ᠨᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠶᠡᠷᠦᠩᠬᠡᠢ ᠲᠥᠰᠦᠪ ᠵᠶ᠋ᠡᠷ ᠪᠦᠷᠢᠯᠳᠦᠨ᠎ᠡ᠃
ᠣᠷᠣᠨ ᠨᠤᠲᠤᠭ᠎ᠤᠨ ᠡᠯ᠎ᠡ ᠱᠠᠲᠤᠨ᠎ᠤ ᠶᠡᠷᠦᠩᠬᠡᠢ ᠲᠥᠰᠦᠪ᠎ᠨᠢ ᠲᠤᠰ ᠱᠠᠲᠤᠨ᠎ᠤ ᠲᠥᠰᠦᠪ ᠪᠠ ᠳᠣᠣᠷ᠎ᠠ ᠨᠢᠭᠡ ᠱᠠᠲᠤᠨ᠎ᠤ ᠬᠤᠷᠢᠶᠠᠩᠭᠤᠶ᠋ᠢᠯᠠᠭᠰᠠᠨ ᠶᠡᠷᠦᠩᠬᠡᠢ ᠲᠥᠰᠦᠪ ᠵᠶ᠋ᠡᠷ ᠪᠦᠷᠢᠯᠳᠦᠨ᠎ᠡ; ᠳᠣᠣᠷ᠎ᠠ ᠨᠢᠭᠡ ᠱᠡᠳᠦ᠎ᠨᠢ ᠵᠥᠪᠬᠡᠨ ᠲᠤᠰ ᠱᠠᠲᠤᠨ᠎ᠤ ᠲᠥᠰᠦᠪ᠎ᠲᠠᠢ ᠪᠠᠶ᠋ᠢᠪᠠᠯ ᠳᠣᠣᠷ᠎ᠠ ᠨᠢᠭᠡ ᠱᠠᠲᠤᠨ᠎ᠤ ᠶᠡᠷᠦᠩᠬᠡᠶ ᠲᠥᠰᠦᠪ ᠭᠡᠳᠡᠭ᠎ᠨᠢ ᠳᠣᠣᠷ᠎ᠠ ᠨᠢᠭᠡ ᠱᠠᠲᠤᠨ᠎ᠤ ᠲᠤᠰ ᠱᠠᠲᠤᠨ᠎ᠤ ᠲᠥᠰᠦᠪ᠎ᠢ ᠬᠡᠯᠡᠵᠦ ᠪᠠᠶ᠋ᠢᠨ᠎ᠠ᠃ ᠳᠣᠣᠷ᠎ᠠ ᠨᠢᠭᠡ ᠱᠠᠲᠤᠨ᠎ᠤ ᠲᠥᠰᠦᠪ ᠪᠠᠶ᠋ᠢᠬᠤ ᠤᠢ᠍ᠭᠡᠢ ᠪᠣᠯ ᠶᠡᠷᠦᠩᠬᠡᠶ ᠲᠥᠰᠦᠪ ᠭᠡᠳᠡᠭ᠎ᠨᠢ ᠲᠤᠰ ᠱᠠᠲᠤᠨ᠎ᠤ ᠲᠥᠰᠦᠪ᠎ᠢ ᠬᠡᠯᠡᠵᠦ ᠪᠠᠶ᠋ᠢᠨ᠎ᠠ᠃
ᠳᠥᠷᠪᠡᠳᠦᠭᠡᠷ ᠵᠦᠢ᠍ᠯ᠂ ᠲᠥᠰᠦᠪ᠎ᠨᠢ ᠲᠥᠰᠦᠪ᠎ᠤᠨ ᠣᠷᠣᠯᠭ᠎ᠠ ᠪᠠ ᠲᠥᠰᠦᠪ᠎ᠤᠨ ᠵᠠᠷᠤᠯᠭ᠎ᠠ᠎ᠪᠠᠷ ᠪᠦᠷᠢᠯᠳᠦᠨ᠎ᠡ᠃
ᠵᠠᠰᠠᠭ᠎ᠤᠨ ᠣᠷᠳᠣᠨ᠎ᠤ ᠪᠦᠭᠦ ᠣᠷᠣᠯᠭ᠎ᠠ ᠪᠠ ᠵᠠᠷᠤᠯᠭ᠎ᠠ ᠵᠢ ᠴᠥᠮ ᠲᠥᠰᠦᠪ᠎ᠲᠤ ᠣᠷᠣᠭᠤᠯᠬᠤ ᠬᠡᠷᠡᠭᠲᠡᠢ᠃
ᠲᠠᠪᠤᠳᠤᠭ᠋ᠠᠷ ᠵᠦᠢ᠍ᠯ᠂ ᠲᠥᠰᠦᠪ᠎ᠲᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠂ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠲᠥᠰᠦᠪ᠂ ᠤᠯᠤᠰ᠎ᠤᠨ ᠥᠮᠴᠢᠯᠡᠯ᠎ᠤᠨ ᠪᠡᠯᠡ ᠬᠦᠷᠦᠨᠭᠭᠡ ᠵᠢᠨ ᠡᠵᠡᠩᠨᠡᠯᠲᠡ ᠵᠢᠨ ᠲᠥᠰᠦᠪ᠂ ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠥᠰᠦᠪ᠎ᠢ ᠪᠠᠭᠲᠠᠭ᠋ᠠᠨ᠎ᠠ᠃
ᠤᠯᠠᠨ ᠨᠡᠶ᠋ᠢᠲᠡ ᠵᠢᠨ ᠠ᠋ᠩ᠎ᠤᠨ ᠲᠥᠰᠦᠪ᠂ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠲᠥᠰᠦᠪ᠂ ᠤᠯᠤᠰ᠎ᠤᠨ ᠥᠮᠴᠢᠯᠡᠯ᠎ᠤᠨ ᠪᠡᠯᠡ ᠬᠦᠷᠦᠨᠭᠭᠡ ᠵᠢᠨ ᠡᠵᠡᠩᠨᠡᠯᠲᠡ ᠵᠢᠨ ᠲᠥᠰᠦᠪ᠂ ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠥᠰᠦᠪ᠎ᠨᠢ ᠪᠦᠷᠢᠨ ᠲᠡᠭᠦᠯᠳᠡᠷ᠂ ᠪᠡᠶ᠎ᠡ᠎ᠪᠠᠨ ᠳᠠᠭ᠋ᠠᠭ᠋ᠠᠭᠰᠠᠨ ᠪᠠᠶ᠋ᠢᠬᠤ ᠬᠡᠷᠡᠭᠲᠡᠢ᠃ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠲᠥᠰᠦᠪ᠂ ᠤᠯᠤᠰ᠎ᠤᠨ ᠥᠮᠴᠢᠯᠡᠯ᠎ᠤᠨ ᠪᠡᠯᠡ ᠬᠦᠷᠦᠨᠭᠭᠡ ᠵᠢᠨ ᠡᠵᠡᠩᠨᠡᠯᠲᠡ ᠵᠢᠨ ᠲᠥᠰᠦᠪ᠂ ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠥᠰᠦᠪ᠎ᠨᠢ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠲᠠᠢ ᠵᠣᠯᠭ᠋ᠠᠯᠳᠤᠭᠰᠠᠨ ᠪᠠᠶ᠋ᠢᠬᠤ ᠬᠡᠷᠡᠭᠲᠡᠢ᠃
ᠵᠢᠷᠭᠤᠳᠤᠭ᠋ᠠᠷ ᠵᠦᠢ᠍ᠯ᠂ ᠤᠯᠠᠨ ᠨᠡᠶ᠋ᠢᠲᠡ ᠵᠢᠨ ᠠ᠋ᠩ᠎ᠤᠨ ᠲᠥᠰᠦᠪ ᠪᠣᠯ ᠭᠠᠶ᠋ᠢᠯᠢ ᠵᠢᠨ ᠣᠷᠣᠯᠭ᠎ᠠ᠎ᠪᠠᠷ ᠭᠣᠣᠯ ᠴᠣᠭᠴᠠ ᠪᠣᠯᠭ᠋ᠠᠭᠰᠠᠨ ᠠ᠋ᠳ᠋᠎ᠤᠨ ᠵᠠᠰᠠᠭ᠎ᠤᠨ ᠣᠷᠣᠯᠭ᠎ᠠ ᠮᠦᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠂ ᠤᠯᠤᠰ ᠣᠷᠣᠨ᠎ᠤ ᠠᠮᠤᠷ ᠲᠦᠪᠰᠢᠨ᠎ᠢ ᠬᠠᠮᠠᠭ᠋ᠠᠯᠠᠬᠤ᠂ ᠲᠦᠷᠦ ᠵᠢᠨ ᠪᠠᠶ᠋ᠢᠭᠤᠯᠤᠮᠵᠢ ᠵᠢᠨ ᠬᠡᠪ᠎ᠤᠨ ᠠᠵᠢᠯᠯᠠᠭ᠎ᠠ ᠵᠢ ᠪᠠᠲᠤᠯᠠᠬᠤ ᠵᠡᠷᠭᠡ ᠲᠠᠯ᠎ᠠ᠎ᠳᠤ ᠬᠡᠷᠡᠭᠯᠡᠬᠦ ᠣᠷᠣᠯᠭ᠎ᠠ ᠵᠠᠷᠤᠯᠭ᠎ᠠ ᠵᠢᠨ ᠲᠥᠰᠦᠪ ᠪᠣᠯᠤᠨ᠎ᠠ᠃
ᠲᠥᠪ᠎ᠤᠨ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠲᠤ ᠲᠥᠪ᠎ᠤᠨ ᠡᠯ᠎ᠡ ᠰᠠᠯᠠᠭ᠎ᠠ ᠮᠥᠴᠢᠷ (ᠰᠢᠭᠤᠳ ᠬᠠᠷᠢᠶ᠎ᠠ ᠨᠢᠭᠡᠴᠢ ᠪᠠᠭᠲᠠᠨ᠎ᠠ᠂ ᠳᠣᠷᠣᠭᠰᠢ ᠠᠳᠠᠯᠢ)᠎ᠤᠨ ᠲᠥᠰᠦᠪ ᠪᠠ ᠲᠥᠪ᠎ᠠᠴᠠ ᠣᠷᠣᠨ ᠨᠤᠲᠤᠭ᠎ᠲᠤ ᠭᠠᠶ᠋ᠢᠯᠢ ᠲᠠᠲᠠᠪᠤᠷᠢ ᠪᠤᠴᠠᠭ᠋ᠠᠬᠤ᠂ ᠰᠢᠯᠵᠢᠭᠦᠯᠦᠨ ᠥᠭᠬᠦ ᠲᠥᠰᠦᠪ᠎ᠢ ᠪᠠᠭᠲᠠᠭ᠋ᠠᠨ᠎ᠠ᠃
ᠲᠥᠪ᠎ᠤᠨ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠣᠷᠣᠯᠭ᠎ᠠ᠎ᠳᠤ ᠲᠥᠪ᠎ᠤᠨ ᠲᠤᠰ ᠱᠠᠲᠤᠨ᠎ᠤ ᠣᠷᠣᠯᠭ᠎ᠠ ᠪᠠ ᠣᠷᠣᠨ ᠨᠤᠲᠤᠭ᠎ᠠᠴᠠ ᠲᠥᠪ᠎ᠲᠤ ᠳᠡᠭᠡᠭᠰᠢ ᠲᠤᠰᠢᠶᠠᠬᠤ ᠣᠷᠣᠯᠭ᠎ᠠ ᠪᠠᠭᠲᠠᠨ᠎ᠠ᠃ ᠲᠥᠪ᠎ᠤᠨ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠵᠠᠷᠤᠯᠭ᠎ᠠ᠎ᠳᠤ ᠲᠥᠪ᠎ᠤᠨ ᠲᠤᠰ ᠱᠠᠲᠤᠨ᠎ᠤ ᠵᠠᠷᠤᠯᠭ᠎ᠠ᠂ ᠲᠥᠪ᠎ᠠᠴᠠ ᠣᠷᠣᠨ ᠨᠤᠲᠤᠭ᠎ᠲᠤ ᠭᠠᠶ᠋ᠢᠯᠢ ᠲᠠᠲᠠᠪᠤᠷᠢ ᠪᠤᠴᠠᠭ᠋ᠠᠬᠤ ᠪᠠ ᠰᠢᠯᠵᠢᠭᠦᠯᠦᠨ ᠥᠭᠬᠦ ᠵᠢ ᠪᠠᠭᠲᠠᠭ᠋ᠠᠨ᠎ᠠ᠃
ᠳᠣᠯᠣᠳᠤᠭ᠋ᠠᠷ ᠵᠦᠢ᠍ᠯ᠂ ᠣᠷᠣᠨ ᠨᠤᠲᠤᠭ᠎ᠤᠨ ᠡᠯ᠎ᠡ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠲᠤ ᠲᠤᠰ ᠱᠠᠲᠤᠨ᠎ᠤ ᠡᠯ᠎ᠡ ᠰᠠᠯᠠᠭ᠎ᠠ ᠮᠥᠴᠢᠷ (ᠰᠢᠭᠤᠳ ᠬᠠᠷᠢᠶ᠎ᠠ ᠨᠢᠭᠡᠴᠢ ᠪᠠᠭᠲᠠᠨ᠎ᠠ᠂ ᠳᠣᠷᠣᠭᠰᠢ ᠠᠳᠠᠯᠢ)᠎ᠤᠨ ᠲᠥᠰᠦᠪ ᠪᠠ ᠭᠠᠶ᠋ᠢᠯᠢ ᠲᠠᠲᠠᠪᠤᠷᠢ ᠪᠤᠴᠠᠭ᠋ᠠᠬᠤ᠂ ᠰᠢᠯᠵᠢᠭᠦᠯᠦᠨ ᠥᠭᠬᠦ ᠲᠥᠰᠦᠪ᠎ᠢ ᠪᠠᠭᠲᠠᠭ᠋ᠠᠨ᠎ᠠ᠃
ᠣᠷᠣᠨ ᠨᠤᠲᠤᠭ᠎ᠤᠨ ᠡᠯ᠎ᠡ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠣᠷᠣᠯᠭ᠎ᠠ᠎ᠳᠤ ᠣᠷᠣᠨ ᠨᠤᠲᠤᠭ᠎ᠤᠨ ᠲᠤᠰ ᠱᠠᠲᠤᠨ᠎ᠤ ᠣᠷᠣᠯᠭ᠎ᠠ᠂ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠠᠴᠠ ᠲᠤᠰ ᠱᠠᠲᠤᠨ᠎ᠤ ᠵᠠᠰᠠᠭ᠎ᠤᠨ ᠣᠷᠳᠣᠨ᠎ᠳᠤ ᠭᠠᠶ᠋ᠢᠯᠢ ᠲᠠᠲᠠᠪᠤᠷᠢ ᠪᠤᠴᠠᠭ᠋ᠠᠬᠤ ᠪᠠ ᠰᠢᠯᠵᠢᠭᠦᠯᠦᠨ ᠥᠭᠬᠦ᠂ ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠤ ᠳᠡᠭᠡᠭᠰᠢ ᠲᠤᠰᠢᠶᠠᠬᠤ ᠣᠷᠣᠯᠭ᠎ᠠ ᠵᠢ ᠪᠠᠭᠲᠠᠭ᠋ᠠᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠵᠠᠷᠤᠯᠭ᠎ᠠ᠎ᠳᠤ ᠣᠷᠣᠨ ᠨᠤᠲᠤᠭ᠎ᠤᠨ ᠲᠤᠰ ᠱᠠᠲᠤᠨ᠎ᠤ ᠵᠠᠷᠤᠯᠭ᠎ᠠ᠂ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠳᠤ ᠳᠡᠭᠡᠭᠰᠢ ᠲᠤᠰᠢᠶᠠᠬᠤ ᠵᠠᠷᠤᠯᠭ᠎ᠠ᠂ ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠳᠤ ᠭᠠᠶ᠋ᠢᠯᠢ ᠲᠠᠲᠠᠪᠤᠷᠢ ᠪᠤᠴᠠᠭ᠋ᠠᠬᠤ ᠪᠠ ᠰᠢᠯᠵᠢᠭᠦᠯᠦᠨ ᠥᠭᠬᠦ ᠵᠢ ᠪᠠᠭᠲᠠᠭ᠋ᠠᠨ᠎ᠠ᠃
ᠨᠠᠢ᠍ᠮᠠᠳᠤᠭ᠋ᠠᠷ ᠵᠦᠢ᠍ᠯ᠂ ᠡᠯ᠎ᠡ ᠰᠠᠯᠠᠭ᠎ᠠ ᠮᠥᠴᠢᠷ᠎ᠤᠨ ᠲᠥᠰᠦᠪ᠎ᠨᠢ ᠲᠤᠰ ᠰᠠᠯᠠᠭ᠎ᠠ ᠮᠥᠴᠢᠷ ᠵᠢᠴᠢ ᠲᠡᠭᠦᠨ᠎ᠤ ᠬᠠᠷᠢᠶ᠎ᠠ ᠡᠯ᠎ᠡ ᠨᠢᠭᠡᠴᠢ ᠵᠢᠨ ᠲᠥᠰᠦᠪ ᠵᠶ᠋ᠡᠷ ᠪᠦᠷᠢᠯᠳᠦᠨ᠎ᠡ᠃
ᠶᠢᠰᠦᠳᠦᠭᠡᠷ ᠵᠦᠢ᠍ᠯ᠂ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠲᠥᠰᠦᠪ ᠪᠣᠯ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠲᠣᠭᠲᠠᠭᠰᠠᠨ ᠬᠤᠭᠤᠴᠠᠭ᠋ᠠᠨ ᠳᠣᠲᠣᠷ᠎ᠠ ᠲᠤᠰᠬᠠᠢ ᠲᠣᠭᠲᠠᠭ᠋ᠠᠭᠰᠠᠨ ᠠ᠋ᠲᠡᠭᠡᠳ᠎ᠠᠴᠠ ᠲᠠᠲᠠᠪᠤᠷᠢᠯᠠᠬᠤ᠂ ᠬᠤᠷᠢᠶᠠᠬᠤ ᠪᠤᠶᠤ ᠪᠤᠰᠤᠳ ᠠᠷᠭ᠎ᠠ ᠮᠠᠶᠢᠭ ᠵᠶ᠋ᠠᠷ ᠴᠤᠭᠯᠠᠭᠤᠯᠤᠭᠰᠠᠨ ᠪᠡᠯᠡ ᠮᠥᠩᠭᠥ ᠵᠢ ᠲᠤᠰᠬᠠᠢ ᠣᠨᠴᠠ ᠲᠣᠭᠲᠠᠭ᠋ᠠᠭᠰᠠᠨ ᠨᠡᠶ᠋ᠢᠲᠡ ᠵᠢᠨ ᠠᠵᠢᠯ ᠦᠢ᠍ᠯᠡᠰ᠎ᠤᠨ ᠬᠥᠭᠵᠢᠯᠲᠡ᠎ᠳᠤ ᠬᠡᠷᠡᠭᠯᠡᠬᠦ ᠣᠷᠣᠯᠭ᠎ᠠ ᠵᠠᠷᠤᠯᠭ᠎ᠠ ᠵᠢᠨ ᠲᠥᠰᠦᠪ ᠪᠣᠯᠤᠨ᠎ᠠ᠃
ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠲᠥᠰᠦᠪ᠎ᠢ ᠪᠣᠯ ᠰᠠᠭᠤᠷᠢ ᠮᠥᠩᠭᠥᠨ᠎ᠤ ᠵᠦᠢ᠍ᠯᠡᠰ᠎ᠤᠨ ᠣᠷᠣᠯᠭ᠎ᠠ ᠵᠢᠨ ᠪᠠᠶ᠋ᠢᠳᠠᠯ ᠪᠠ ᠪᠣᠳᠠᠲᠠᠢ ᠵᠠᠷᠤᠯᠭ᠎ᠠ ᠵᠢᠨ ᠬᠡᠷᠡᠭᠴᠡᠭᠡ ᠵᠢ ᠦᠨᠳᠦᠰᠦᠯᠡᠵᠦ᠂ ᠰᠠᠭᠤᠷᠢ ᠮᠥᠩᠭᠥᠨ᠎ᠤ ᠵᠦᠢ᠍ᠯᠡᠰ᠎ᠤᠨ ᠶᠣᠰᠣᠭ᠋ᠠᠷ ᠨᠠᠶ᠋ᠢᠷᠠᠭᠤᠯᠤᠨ ᠵᠣᠬᠢᠶᠠᠵᠤ᠂ ᠣᠷᠣᠯᠭ᠎ᠠ᠎ᠪᠠᠷ ᠵᠠᠷᠤᠯᠭ᠎ᠠ ᠵᠢ ᠲᠣᠭᠲᠠᠭ᠋ᠠᠬᠤ᠎ᠳᠤ ᠬᠦᠷᠭᠡᠨ᠎ᠡ᠃
ᠠᠷᠪᠠᠳᠤᠭ᠋ᠠᠷ ᠵᠦᠢ᠍ᠯ᠂ ᠤᠯᠤᠰ᠎ᠤᠨ ᠥᠮᠴᠢᠯᠡᠯ᠎ᠤᠨ ᠪᠡᠯᠡ ᠬᠦᠷᠦᠨᠭᠭᠡ ᠵᠢᠨ ᠡᠵᠡᠩᠨᠡᠯᠲᠡ ᠵᠢᠨ ᠲᠥᠰᠦᠪ ᠪᠣᠯ ᠤᠯᠤᠰ᠎ᠤᠨ ᠥᠮᠴᠢᠯᠡᠯ᠎ᠤᠨ ᠪᠡᠯᠡ ᠬᠦᠷᠦᠨᠭᠭᠡ ᠵᠢᠨ ᠠᠰᠢᠭ ᠣᠷᠣᠯᠭ᠎ᠠ᠎ᠳᠤ ᠵᠠᠷᠤᠯᠭ᠎ᠠ ᠲᠤᠬᠢᠷᠠᠭᠤᠯᠬᠤ ᠣᠷᠣᠯᠭ᠎ᠠ ᠵᠠᠷᠤᠯᠭ᠎ᠠ ᠵᠢᠨ ᠲᠥᠰᠦᠪ ᠪᠣᠯᠤᠨ᠎ᠠ᠃
ᠤᠯᠤᠰ᠎ᠤᠨ ᠥᠮᠴᠢᠯᠡᠯ᠎ᠤᠨ ᠪᠡᠯᠡ ᠬᠦᠷᠦᠨᠭᠭᠡ ᠵᠢᠨ ᠡᠵᠡᠩᠨᠡᠯᠲᠡ ᠵᠢᠨ ᠲᠥᠰᠦᠪ᠎ᠨᠢ ᠣᠷᠣᠯᠭ᠎ᠠ ᠵᠠᠷᠤᠯᠭ᠎ᠠ ᠵᠢ ᠲᠡᠩᠴᠡᠭᠦᠷᠢᠲᠡᠢ ᠪᠠᠶ᠋ᠢᠯᠭ᠋ᠠᠬᠤ ᠵᠠᠷᠴᠢᠮ ᠶᠣᠰᠣᠭ᠋ᠠᠷ ᠨᠠᠶ᠋ᠢᠷᠠᠭᠤᠯᠤᠨ ᠵᠣᠬᠢᠶᠠᠬᠤ ᠬᠡᠷᠡᠭᠲᠡᠢ᠂ ᠤᠯᠠᠭ᠋ᠠᠨ ᠲᠣᠭ᠎ᠠ ᠵᠢᠭᠰᠠᠭ᠋ᠠᠬᠤ ᠦᠭᠡᠢ ᠪᠥᠭᠡᠳ ᠪᠡᠯᠡ ᠮᠥᠩᠭᠥ ᠲᠤᠭᠢᠷᠠᠭᠤᠯᠵᠦ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠲᠤ ᠰᠢᠯᠵᠢᠭᠦᠯᠦᠨ ᠣᠷᠣᠭᠤᠯᠤᠨ᠎ᠠ᠃
ᠠᠷᠪᠠᠨ ᠨᠢᠭᠡᠳᠦᠭᠡᠷ ᠵᠦᠢ᠍ᠯ᠂ ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠥᠰᠦᠪ ᠪᠣᠯ ᠨᠡᠶ᠋ᠢᠭᠡᠮ᠎ᠤᠨ ᠳᠠᠭ᠋ᠠᠳᠬᠠᠯ᠎ᠳᠤ ᠵᠣᠭᠣᠰ ᠲᠤᠰᠢᠶᠠᠬᠤ᠂ ᠤᠯᠠᠨ ᠨᠡᠶ᠋ᠢᠲᠡ ᠵᠢᠨ ᠠ᠋ᠩ᠎ᠤᠨ ᠲᠥᠰᠦᠪ ᠵᠢᠨ ᠳᠣᠬᠢᠷᠠᠭᠣᠯᠭ᠎ᠠ ᠪᠠ ᠪᠤᠰᠤᠳ ᠠᠷᠭ᠎ᠠ ᠮᠠᠶᠢᠭ ᠵᠶ᠋ᠠᠷ ᠴᠤᠭᠯᠠᠭᠤᠯᠤᠭᠰᠠᠨ ᠪᠡᠯᠡ ᠮᠥᠩᠭᠥ ᠵᠢ ᠨᠡᠶ᠋ᠢᠭᠡᠮ᠎ᠤᠨ ᠳᠠᠭ᠋ᠠᠳᠬᠠᠯ᠎ᠳᠤ ᠲᠤᠰᠬᠠᠢ ᠬᠡᠷᠡᠭᠯᠡᠬᠦ ᠣᠷᠣᠯᠭ᠎ᠠ ᠵᠠᠷᠤᠯᠭ᠎ᠠ ᠵᠢᠨ ᠲᠥᠰᠦᠪ ᠪᠣᠯᠤᠨ᠎ᠠ᠃
ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠥᠰᠦᠪ᠎ᠢ ᠪᠣᠯ ᠨᠢᠭᠡᠳᠦᠯᠲᠡᠢ ᠲᠥᠯᠥᠪᠯᠡᠬᠦ ᠳᠡᠰ ᠳᠠᠪᠬᠤᠷᠭ᠎ᠠ ᠪᠠ ᠨᠡᠶ᠋ᠢᠭᠡᠮ᠎ᠤᠨ ᠳᠠᠭ᠋ᠠᠳᠬᠠᠯ᠎ᠤᠨ ᠵᠦᠢ᠍ᠯᠡᠰ᠎ᠤᠨ ᠶᠣᠰᠣᠭ᠋ᠠᠷ ᠲᠤᠰ ᠲᠤᠰᠲᠤᠨᠢ ᠨᠠᠶ᠋ᠢᠷᠠᠭᠤᠯᠤᠨ ᠵᠣᠬᠢᠶᠠᠵᠤ᠂ ᠣᠷᠣᠯᠭ᠎ᠠ ᠵᠠᠷᠤᠯᠭ᠎ᠠ ᠵᠢ ᠲᠡᠩᠴᠡᠭᠦᠷᠢᠲᠡᠢ ᠪᠠᠶ᠋ᠢᠯᠭ᠋ᠠᠬᠤ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠨᠢ ᠨᠢᠭᠡᠳᠦᠯᠲᠡᠢ ᠲᠥᠯᠥᠪᠯᠡᠵᠦ ᠨᠡᠢ᠍ᠢ᠍ᠳᠡ᠎ᠳᠤᠨᠢ ᠬᠠᠷᠠᠭ᠋ᠠᠯᠵᠠᠬᠤ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ᠂ ᠴᠢᠳᠠᠯ᠎ᠤᠨ ᠵᠶ᠋ᠠᠨ ᠬᠢᠷᠢ᠎ᠪᠠᠷ ᠬᠢᠬᠦ᠂ ᠦᠷ᠎ᠡ ᠪᠦᠲᠦᠮᠵᠢ ᠵᠢ ᠠ᠋ᠷᠬᠢᠮᠯᠡᠬᠦ ᠪᠠ ᠣᠷᠣᠯᠭ᠎ᠠ ᠵᠠᠷᠤᠯᠭ᠎ᠠ᠎ᠪᠠᠨ ᠲᠡᠩᠴᠡᠭᠦᠷᠢ᠎ᠲᠠᠢ ᠪᠠᠶ᠋ᠢᠯᠭ᠋ᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃
ᠡᠯ᠎ᠡ ᠱᠠᠲᠤᠨ᠎ᠤ ᠵᠠᠰᠠᠭ᠎ᠤᠨ ᠣᠷᠳᠣᠨ ᠵᠢᠯ ᠠᠯᠤᠰᠯᠠᠭᠰᠠᠨ ᠲᠥᠰᠦᠪ᠎ᠤᠨ ᠲᠡᠩᠴᠡᠭᠦᠷᠢ ᠵᠢᠨ ᠲᠣᠭᠲᠠᠴᠠ ᠵᠢ ᠪᠠᠶ᠋ᠢᠭᠤᠯᠬᠤ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠵᠥᠪᠰᠢᠶᠡᠷᠡᠭᠦᠯᠦᠭᠰᠡᠨ ᠲᠥᠰᠦᠪ᠎ᠢ ᠬᠠᠤᠯᠢ᠎ᠪᠠᠷ ᠲᠣᠭᠲᠠᠭ᠋ᠠᠭᠰᠠᠨ ᠶᠠᠪᠣᠴᠠ ᠵᠶ᠋ᠠᠷ ᠳᠠᠮᠵᠢᠭᠤᠯᠬᠤ ᠦᠭᠡᠢ ᠪᠣᠯ ᠲᠤᠭᠢᠷᠠᠭᠤᠯᠤᠯᠳᠠ ᠬᠢᠵᠦ ᠪᠣᠯᠬᠤ ᠦᠭᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ ᠵᠠᠷᠤᠯᠭ᠎ᠠ᠎ᠨᠢ ᠠ᠋ᠷᠬᠡᠪᠰᠢ ᠵᠥᠪᠰᠢᠶᠡᠷᠡᠭᠦᠯᠦᠭᠰᠡᠨ ᠲᠥᠰᠦᠪ ᠵᠶ᠋ᠡᠷ ᠦᠨᠳᠦᠰᠦᠯᠡᠯ ᠪᠣᠯᠭ᠋ᠠᠬᠤ ᠬᠡᠷᠡᠭᠲᠡᠢ᠂ ᠲᠥᠰᠦᠪ᠎ᠲᠤ ᠣᠷᠣᠭᠤᠯᠤᠭᠰᠠᠨ ᠦᠭᠡᠢ ᠪᠠᠶ᠋ᠢᠪᠠᠯ ᠵᠠᠷᠤᠵᠤ ᠪᠣᠯᠬᠤ ᠦᠭᠡᠢ᠃
ᠠᠷᠪᠠᠨ ᠳᠥᠷᠪᠡᠳᠦᠭᠡᠷ ᠵᠦᠢ᠍ᠯ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠶᠤ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠪᠠᠷ ᠵᠥᠪᠰᠢᠶᠡᠷᠡᠭᠦᠯᠦᠭᠰᠡᠨ ᠲᠥᠰᠦᠪ᠂ ᠲᠥᠰᠦᠪ᠎ᠤᠨ ᠳᠤᠬᠢᠷᠠᠭᠤᠯᠭ᠎ᠠ᠂ ᠲᠦᠰᠦᠪ᠎ᠤᠨ ᠭᠦᠢ᠍ᠴᠡᠳᠭᠡᠯ᠂ ᠲᠦᠰᠦᠪ᠎ᠢ ᠭᠦᠢ᠍ᠴᠡᠳᠬᠡᠭᠰᠡᠨ ᠪᠠᠶ᠋ᠢᠳᠠᠯ᠎ᠤᠨ ᠮᠡᠳᠡᠭᠦᠯᠦᠯᠲᠡ ᠵᠢᠴᠢ ᠬᠦᠰᠦᠨᠦᠭᠲᠦ ᠵᠢ ᠵᠥᠪᠰᠢᠶᠡᠷᠡᠭᠦᠯᠦᠭᠰᠡᠨ᠎ᠤ ᠳᠠᠷᠠᠭ᠋ᠠᠬᠢ ᠬᠣᠷᠢᠨ ᠠ᠋ᠳᠦᠷ᠎ᠤᠨ ᠳᠣᠲᠣᠷ᠎ᠠ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠨᠡᠶ᠋ᠢᠭᠡᠮ ᠨᠡᠶ᠋ᠢᠲᠡ᠎ᠳᠤ ᠢᠯᠡ ᠪᠣᠯᠭ᠋ᠠᠵᠦ᠂ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠢᠯᠵᠢᠭᠦᠯᠦᠨ ᠥᠭᠬᠦ ᠲᠤᠬᠢᠷᠠᠭᠤᠯᠤᠯᠳᠡ᠂ ᠭᠦᠢ᠍ᠴᠡᠳᠬᠡᠭᠰᠡᠨ ᠪᠠᠶ᠋ᠢᠳᠠᠯ ᠵᠢᠴᠢ ᠵᠢᠭᠡᠯᠡᠯᠭᠡ ᠵᠢᠭᠡᠯᠡᠭᠰᠡᠨ ᠪᠠᠶ᠋ᠢᠳᠠᠯ ᠵᠡᠷᠭᠡ ᠴᠢᠬᠤᠯᠠ ᠬᠡᠷᠡᠭ ᠶᠠᠪᠤᠳᠠᠯ᠎ᠤᠨ ᠲᠤᠬᠠᠢ ᠲᠣᠳᠣᠷᠬᠠᠶ᠋ᠢᠯᠠᠯᠲᠠ ᠬᠢᠬᠦ ᠬᠡᠷᠡᠭᠲᠡᠢ᠃
ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠵᠶ᠋ᠡᠷ ᠴᠤᠬᠤᠯᠠᠪᠤᠷᠢᠯᠠᠭᠤᠯᠤᠭᠰᠠᠨ ᠰᠠᠯᠠᠭ᠎ᠠ ᠮᠥᠴᠢᠷ᠎ᠤᠨ ᠲᠥᠰᠦᠪ᠂ ᠲᠥᠰᠦᠪ᠎ᠤᠨ ᠭᠦᠢ᠍ᠴᠡᠳᠬᠡᠯ ᠵᠢᠴᠢ ᠬᠦᠰᠦᠨᠦᠭᠲᠦ ᠵᠢ ᠴᠤᠬᠤᠯᠠᠪᠤᠷᠢᠯᠠᠨ ᠬᠠᠷᠢᠭᠤᠯᠤᠭᠰᠠᠨᠤ ᠳᠠᠷᠠᠭ᠋ᠠᠬᠢ ᠬᠣᠷᠢᠨ ᠠ᠋ᠳᠦᠷ᠎ᠤᠨ ᠳᠣᠲᠣᠷ᠎ᠠ ᠡᠯ᠎ᠡ ᠰᠠᠯᠠᠭ᠎ᠠ ᠮᠥᠴᠢᠷ᠎ᠠᠴᠠ ᠨᠡᠶ᠋ᠢᠭᠡᠮ ᠨᠡᠶ᠋ᠢᠲᠡ᠎ᠳᠤ ᠢᠯᠡ ᠪᠣᠯᠭ᠋ᠠᠵᠦ᠂ ᠰᠠᠯᠠᠭ᠎ᠠ ᠮᠥᠴᠢᠷ᠎ᠤᠨ ᠲᠥᠰᠦᠪ᠂ ᠲᠥᠰᠦᠪ᠎ᠤᠨ ᠭᠦᠢ᠍ᠴᠡᠳᠬᠡᠯ᠎ᠳᠠᠬᠢ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ᠎ᠤᠨ ᠲᠤᠭᠢᠷᠠᠭᠤᠯᠤᠯᠳᠡ᠂ ᠬᠡᠷᠡᠭᠯᠡᠭᠰᠡᠨ ᠪᠠᠶ᠋ᠢᠳᠠᠯ ᠵᠡᠷᠭᠡ ᠴᠢᠬᠤᠯᠠ ᠬᠡᠷᠡᠭ ᠶᠠᠪᠤᠳᠠᠯ᠎ᠤᠨ ᠲᠤᠬᠠᠢ ᠲᠣᠳᠣᠷᠬᠠᠶ᠋ᠢᠯᠠᠯᠲᠠ ᠬᠢᠬᠦ ᠬᠡᠷᠡᠭᠲᠡᠢ᠃
ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠠᠴᠠ ᠵᠠᠰᠠᠭ᠎ᠤᠨ ᠣᠷᠳᠣᠨ᠎ᠤ ᠬᠤᠳᠠᠯᠳᠤᠨ ᠠᠪᠤᠭᠰᠠᠨ ᠪᠠᠶ᠋ᠢᠳᠠᠯ᠎ᠢ ᠴᠠᠭ ᠲᠤᠬᠠᠢᠳᠤᠨᠢ ᠨᠡᠶ᠋ᠢᠭᠡᠮ ᠨᠡᠶ᠋ᠢᠲᠡ᠎ᠳᠤ ᠢᠯᠠ᠎ᠪᠠᠷ ᠨᠡᠶ᠋ᠢᠲᠡᠯᠡᠬᠦ ᠬᠡᠷᠡᠭᠲᠡᠢ᠃
ᠲᠤᠰ ᠵᠦᠢ᠍ᠯ᠎ᠤᠨ ᠠ᠋ᠮᠦᠨᠡᠬᠢ ᠭᠤᠷᠪᠠᠨ ᠪᠠᠳᠠᠭ᠎ᠲᠤ ᠲᠣᠭᠲᠠᠭ᠋ᠠᠭᠰᠠᠨ ᠢᠯᠠ᠎ᠪᠠᠷ ᠨᠡᠶ᠋ᠢᠲᠡᠯᠡᠬᠦ ᠬᠡᠷᠡᠭ ᠶᠠᠪᠤᠳᠠᠯ᠎ᠨᠢ ᠤᠯᠤᠰ᠎ᠤᠨ ᠨᠢᠭᠤᠴᠠ᠎ᠳᠤ ᠬᠣᠯᠪᠣᠭᠳᠠᠪᠠᠯ ᠠ᠋ᠭᠦᠨ᠎ᠳᠤ ᠪᠠᠭᠲᠠᠬᠤ ᠦᠭᠡᠢ᠃
ᠠᠷᠪᠠᠨ ᠲᠠᠪᠤᠳᠤᠭ᠋ᠠᠷ ᠵᠦᠢ᠍ᠯ᠂ ᠤᠯᠤᠰ᠎ᠠᠴᠠ ᠲᠥᠪ᠎ᠤᠨ ᠪᠠ ᠣᠷᠣᠨ ᠨᠤᠲᠤᠭ᠎ᠤᠨ ᠭᠠᠶ᠋ᠢᠯᠢ ᠢᠯᠭ᠋ᠠᠬᠤ ᠳᠦᠷᠢᠮ᠎ᠢ ᠬᠡᠷᠡᠭᠵᠢᠭᠦᠯᠦᠨ᠎ᠡ᠃
ᠠᠷᠪᠠᠨ ᠵᠢᠷᠭᠤᠳᠤᠭ᠋ᠠᠷ ᠵᠦᠢ᠍ᠯ᠂ ᠤᠯᠤᠰ᠎ᠠᠴᠠ ᠠ᠋ᠳ᠋᠎ᠤᠨ ᠵᠠᠰᠠᠭ᠎ᠤᠨ ᠰᠢᠯᠵᠢᠭᠦᠯᠦᠨ ᠥᠭᠬᠦ ᠳᠦᠷᠢᠮ᠎ᠢ ᠬᠡᠷᠡᠭᠵᠢᠭᠦᠯᠦᠨ᠎ᠡ᠃ ᠠ᠋ᠳ᠋᠎ᠤᠨ ᠵᠠᠰᠠᠭ᠎ᠤᠨ ᠰᠢᠯᠵᠢᠭᠦᠯᠦᠨ ᠥᠭᠬᠦ᠎ᠨᠢ ᠳᠦᠷᠢᠮᠵᠢᠯ᠎ᠲᠠᠢ᠂ ᠲᠥᠪ ᠭᠣᠣᠯᠴᠢ᠂ ᠢᠯᠠ ᠲᠣᠳᠣᠷᠬᠠᠢ ᠪᠠᠢ᠌ᠵᠦ᠂ ᠭᠠᠵᠠᠷ ᠣᠷᠣᠨ᠎ᠤ ᠬᠣᠭᠣᠷᠣᠨᠳᠣᠬᠢ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠲᠦᠯᠬᠢᠨ ᠠᠬᠢᠭᠤᠯᠬᠤ᠎ᠪᠠᠷ ᠭᠣᠣᠯ ᠬᠠᠷᠠᠯᠲᠠ ᠪᠣᠯᠭ᠋ᠠᠬᠤ ᠬᠡᠷᠡᠭᠲᠡᠢ᠃
ᠠ᠋ᠳ᠋᠎ᠤᠨ ᠵᠠᠰᠠᠭ᠎ᠤᠨ ᠰᠢᠯᠵᠢᠭᠦᠯᠦᠨ ᠥᠭᠬᠦ᠎ᠳᠤ ᠲᠥᠪ᠎ᠠᠴᠠ ᠣᠷᠣᠨ ᠨᠤᠲᠤᠭ᠎ᠲᠤ ᠰᠢᠯᠵᠢᠭᠦᠯᠦᠨ ᠥᠭᠬᠦ ᠪᠠ ᠣᠷᠣᠨ ᠨᠤᠲᠤᠭ᠎ᠤᠨ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠠᠴᠠ ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠳᠤ ᠰᠢᠯᠵᠢᠭᠦᠯᠦᠨ ᠥᠭᠬᠦ ᠵᠢ ᠪᠠᠬᠳᠠᠭ᠋ᠠᠨ᠎ᠠ᠃ ᠭᠠᠵᠠᠷ ᠣᠷᠣᠨ᠎ᠤ ᠬᠣᠭᠣᠷᠣᠨᠳᠣᠬᠢ ᠦᠨᠳᠦᠰᠦᠨ ᠠ᠋ᠳ᠋᠎ᠤᠨ ᠬᠦᠴᠦᠨ᠎ᠢ ᠲᠡᠩᠴᠡᠭᠦᠷᠢᠲᠡᠢ ᠪᠣᠯᠭ᠋ᠠᠬᠤ᠂ ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠠᠴᠠ ᠨᠢᠭᠡᠳᠦᠯᠲᠡᠢ ᠲᠥᠯᠥᠪᠯᠡᠵᠦ ᠲᠤᠭᠢᠷᠠᠭᠤᠯᠤᠨ ᠬᠡᠷᠡᠭᠯᠡᠬᠦ ᠠ᠋ᠩ ᠤᠨ ᠴᠢᠨᠠᠷᠲᠠᠢ ᠰᠢᠯᠵᠢᠭᠦᠯᠦᠨ ᠥᠭᠬᠦ ᠪᠠᠷ ᠪᠡᠶᠡᠴᠢ ᠴᠣᠭᠴᠠ ᠪᠣᠯᠭ᠋ᠠᠨ᠎ᠠ᠃
ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠶᠣᠰᠣᠭ᠋ᠠᠷ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠵᠢ ᠪᠠᠶ᠋ᠢᠭᠤᠯᠵᠤ᠂ ᠲᠤᠰᠬᠠᠢ ᠲᠣᠭᠲᠠᠭ᠋ᠠᠭᠰᠠᠨ ᠬᠡᠷᠡᠭ ᠶᠠᠪᠤᠳᠠᠯ᠎ᠢ ᠰᠢᠢ᠍ᠳᠪᠦᠷᠢᠯᠡᠬᠦ᠎ᠳᠤ ᠬᠡᠷᠡᠭᠯᠡᠵᠦ ᠪᠣᠯᠤᠨ᠎ᠠ᠃ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠵᠢ ᠬᠤᠭᠤᠴᠠᠭ᠎ᠠ ᠲᠣᠭᠲᠠᠭ᠋ᠠᠨ ᠦᠨᠡᠯᠡᠨ ᠵᠢᠱ᠌ᠢᠬᠦ ᠪᠠ ᠤᠬᠤᠷᠢᠨ ᠭᠠᠷᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠲᠣᠭᠲᠠᠴᠠ᠎ᠨᠢ ᠪᠦᠲᠦᠮᠵᠢᠲᠡᠢ᠎ᠪᠠᠷ ᠲᠤᠭᠢᠷᠠᠭᠤᠯᠵᠦ ᠳᠡᠶ᠋ᠢᠯᠬᠦ ᠬᠡᠷᠡᠭ ᠶᠠᠪᠤᠳᠠᠯ᠎ᠳᠤ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠵᠢ ᠪᠠᠶ᠋ᠢᠭᠤᠯᠵᠤ ᠪᠣᠯᠬᠤ ᠦᠭᠡᠢ᠃
ᠳᠡᠭᠡᠳᠦ ᠱᠠᠲᠤᠨ᠎ᠤ ᠵᠠᠰᠠᠭ᠎ᠤᠨ ᠣᠷᠳᠣᠨ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠵᠢ ᠲᠤᠬᠢᠷᠠᠭᠤᠯᠬᠤ ᠦᠶ᠎ᠡ᠎ᠳᠡᠭᠡᠨ ᠳᠤᠤᠷᠠᠳᠤ ᠱᠠᠲᠤᠨ᠎ᠤ ᠵᠠᠰᠠᠭ᠎ᠤᠨ ᠣᠷᠳᠣᠨ ᠵᠶ᠋ᠠᠷ ᠢᠵᠢ ᠪᠦᠷᠢᠳᠦᠭᠦᠯᠭᠦ ᠪᠡᠯᠡ ᠮᠥᠩᠭᠥ ᠠ᠋ᠭᠦᠷᠭᠡᠯᠡᠭᠦᠯᠬᠦᠪᠠᠷ ᠱᠠᠭ᠋ᠠᠷᠳᠠᠵᠤ ᠪᠣᠯᠬᠤ ᠦᠭᠡᠢ᠃ ᠭᠡᠪᠡᠴᠦ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠶᠣᠰᠣᠭ᠋ᠠᠷ ᠳᠡᠭᠡᠳᠦ ᠳᠤᠤᠷᠠᠳᠤ ᠱᠠᠲᠤᠨ᠎ᠤ ᠵᠠᠰᠠᠭ᠎ᠤᠨ ᠣᠷᠳᠣᠨ ᠬᠠᠮᠲᠤ᠎ᠪᠠᠷ ᠠ᠋ᠭᠦᠷᠭᠡᠯᠡᠬᠦ ᠬᠡᠷᠡᠭ ᠶᠠᠪᠤᠳᠠᠯ ᠠ᠋ᠭᠦᠨ᠎ᠳᠤ ᠪᠠᠭᠲᠠᠬᠤ ᠦᠭᠡᠢ᠃
ᠠᠷᠪᠠᠨ ᠳᠣᠯᠣᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠢ ᠨᠠᠶ᠋ᠢᠷᠠᠭᠤᠯᠤᠨ ᠵᠣᠬᠢᠶᠠᠬᠤ᠂ ᠭᠦᠢ᠍ᠴᠡᠳᠬᠡᠬᠦ᠎ᠳᠡᠭᠡᠨ ᠬᠠᠷᠢᠯᠴᠠᠨ ᠬᠢᠵᠠᠭ᠋ᠠᠷᠯᠠᠬᠤ᠂ ᠬᠠᠷᠢᠯᠴᠠᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ᠂ ᠲᠥᠰᠦᠪ᠎ᠤᠨ ᠣᠨ᠎ᠢ ᠨᠡᠶ᠋ᠢᠲᠡ ᠵᠢᠨ ᠣᠨ ᠲᠣᠭ᠋ᠠᠯᠠᠯ᠎ᠤᠨ 1 ᠰᠠᠷ᠎ᠠ ᠵᠢᠨ 1᠎ᠤ ᠠ᠋ᠳᠦᠷ᠎ᠠᠴᠠ 12 ᠰᠠᠷ᠎ᠠ ᠵᠢᠨ 31᠎ᠤ ᠠ᠋ᠳᠦᠷ ᠬᠦᠷᠲᠡᠯ᠎ᠡ ᠪᠤᠳᠦᠨ᠎ᠡ᠃
ᠠᠷᠪᠠ ᠶᠢᠰᠦᠳᠦᠭᠡᠷ ᠵᠦᠢ᠍ᠯ᠂ ᠲᠥᠰᠦᠪ᠎ᠤᠨ ᠣᠷᠣᠯᠭ᠎ᠠ ᠪᠠ ᠲᠥᠰᠦᠪ᠎ᠤᠨ ᠵᠠᠷᠤᠯᠭ᠎ᠠ ᠵᠢ ᠠᠷᠠᠳ᠎ᠤᠨ ᠵᠣᠭᠣᠰᠣᠨ᠎ᠤ ᠲᠥᠭᠥᠷᠢᠭ ᠵᠶ᠋ᠡᠷ ᠲᠣᠭ᠋ᠠᠴᠠᠨ ᠪᠤᠳᠦᠬᠤ ᠨᠢᠭᠡᠴᠢ ᠪᠣᠯᠭ᠋ᠠᠨ᠎ᠠ᠃
ᠬᠣᠶᠠᠳᠤᠭ᠋ᠠᠷ ᠪᠦᠯᠦᠭ ᠲᠥᠰᠦᠪ᠎ᠤᠨ ᠬᠠᠮᠢᠶᠠᠷᠤᠯᠲᠠ ᠵᠢᠨ ᠠ᠋ᠷᠬᠡ ᠲᠤᠰᠢᠶᠠᠯ
ᠬᠣᠷᠢᠳᠤᠭ᠋ᠠᠷ ᠵᠦᠢ᠍ᠯ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠤᠨ ᠲᠥᠰᠦᠯ ᠬᠢᠭᠡᠳ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠵᠢ ᠬᠢᠨᠠᠨ ᠪᠠᠶ᠋ᠢᠴᠠᠭ᠋ᠠᠨ᠎ᠠ; ᠲᠥᠪ᠎ᠤᠨ ᠲᠥᠰᠦᠪ ᠪᠠ ᠲᠥᠪ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠤᠨ ᠲᠤᠬᠠᠶ ᠮᠡᠳᠡᠭᠦᠯᠦᠯᠲᠡ ᠵᠢ ᠵᠥᠪᠰᠢᠶᠡᠷᠡᠨ᠎ᠡ; ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠤᠬᠠᠶ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠵᠤᠬᠢᠰ ᠤᠢ᠍ᠭᠡᠢ ᠰᠢᠢ᠍ᠳᠪᠦᠷᠢ ᠵᠢ ᠬᠤᠪᠢᠷᠠᠭᠤᠯᠬᠤ ᠪᠤᠶᠤ ᠬᠦᠴᠦᠨ ᠤᠢ᠍ᠭᠡᠢ ᠪᠣᠯᠭ᠋ᠠᠨ᠎ᠠ᠃
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠢ ᠭᠦᠢ᠍ᠴᠡᠳᠬᠡᠬᠦ᠎ᠳᠤ ᠬᠢᠨᠠᠯᠲᠠ ᠲᠠᠯᠪᠢᠨ᠎ᠠ; ᠲᠥᠪ᠎ᠤᠨ ᠲᠥᠰᠦᠪ᠎ᠤᠨ ᠲᠤᠬᠢᠷᠡᠭᠤᠯᠦᠯᠳᠠ ᠵᠢᠨ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠨ᠎ᠡ; ᠲᠥᠪ᠎ᠤᠨ ᠲᠥᠰᠦᠯ᠎ᠤᠨ ᠭᠦᠢ᠍ᠴᠡᠳᠬᠡᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠨ᠎ᠡ; ᠦᠨᠳᠦᠰᠦᠨ ᠬᠠᠤᠯᠢ᠂ ᠬᠠᠤᠯᠢ ᠴᠠᠭ᠋ᠠᠵᠠ᠎ᠲᠠᠢ ᠬᠠᠷᠰᠢᠯᠳᠤᠬᠤ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠠᠴᠠ ᠲᠣᠭᠲᠠᠭ᠋ᠠᠭᠰᠠᠨ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠤᠬᠠᠶ ᠵᠠᠰᠠᠭ ᠵᠠᠬᠢᠷᠭ᠋ᠠᠨ᠎ᠤ ᠬᠠᠤᠯᠢ ᠲᠤᠢ᠍ᠷᠢᠮ᠂ ᠰᠢᠢ᠍ᠳᠪᠦᠷᠢ ᠪᠠ ᠵᠠᠷᠯᠢᠭ᠎ᠢ ᠬᠦᠴᠦᠨ ᠤᠢ᠍ᠭᠡᠢ ᠪᠣᠯᠭ᠋ᠠᠨ᠎ᠠ; ᠦᠨᠳᠦᠰᠦᠨ ᠬᠠᠤᠯᠢ᠂ ᠬᠠᠤᠯᠢ ᠴᠠᠭ᠋ᠠᠵᠠ ᠪᠠ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠲᠠᠢ ᠬᠠᠷᠰᠢᠯᠳᠤᠬᠤ ᠮᠤᠵᠢ ᠵᠢᠨ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠣᠷᠢᠶᠠᠨ᠎ᠤ ᠲᠣᠭᠲᠠᠭ᠋ᠠᠭᠰᠠᠨ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠤᠬᠠᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠠ ᠰᠢᠢ᠍ᠳᠪᠦᠷᠢ ᠵᠢ ᠬᠦᠴᠦᠨ ᠤᠢ᠍ᠭᠡᠢ ᠪᠣᠯᠭ᠋ᠠᠨ᠎ᠠ᠃
ᠬᠣᠷᠢᠨ ᠨᠢᠭᠡᠳᠦᠭᠡᠷ ᠵᠦᠢ᠍ᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠲᠤᠰ ᠱᠠᠲᠤᠨ᠎ᠤ ᠶᠡᠷᠦᠩᠬᠡᠢ ᠲᠥᠰᠦᠪ᠎ᠤᠨ ᠲᠥᠰᠦᠯ ᠵᠢᠴᠢ ᠲᠤᠰ ᠱᠠᠲᠤᠨ᠎ᠤ ᠶᠡᠷᠦᠩᠬᠡᠢ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠵᠢ ᠬᠢᠨᠠᠨ ᠪᠠᠶ᠋ᠢᠴᠠᠭ᠋ᠠᠨ᠎ᠠ; ᠲᠤᠰ ᠱᠠᠲᠤᠨ᠎ᠤ ᠲᠥᠰᠦᠪ ᠪᠠ ᠲᠤᠰ ᠱᠠᠲᠤᠨ᠎ᠤ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠤᠨ ᠲᠤᠬᠠᠶ ᠮᠡᠳᠡᠭᠦᠯᠦᠯᠲᠡ ᠵᠢ ᠬᠢᠨᠠᠨ ᠵᠥᠪᠰᠢᠶᠡᠷᠡᠨ᠎ᠡ; ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠤᠬᠠᠶ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠵᠤᠬᠢᠰ ᠤᠢ᠍ᠭᠡᠢ ᠰᠢᠢ᠍ᠳᠪᠦᠷᠢ ᠵᠢ ᠬᠤᠪᠢᠷᠠᠭᠤᠯᠬᠤ ᠪᠤᠶᠤ ᠬᠦᠴᠦᠨ ᠤᠢ᠍ᠭᠡᠢ ᠪᠣᠯᠭ᠋ᠠᠨ᠎ᠠ; ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠤᠬᠠᠶ ᠲᠤᠰ ᠱᠠᠲᠤᠨ᠎ᠤ ᠵᠠᠰᠠᠭ᠎ᠤᠨ ᠣᠷᠳᠣᠨ᠎ᠤ ᠵᠤᠬᠢᠰ ᠤᠢ᠍ᠭᠡᠢ ᠰᠢᠢ᠍ᠳᠪᠦᠷᠢ ᠪᠣᠯᠤᠨ ᠵᠠᠷᠯᠢᠭ᠎ᠢ ᠬᠦᠴᠦᠨ ᠤᠢ᠍ᠭᠡᠢ ᠪᠣᠯᠭ᠋ᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠲᠤᠰ ᠱᠠᠲᠤᠨ᠎ᠤ ᠶᠡᠷᠦᠩᠬᠡᠶ ᠲᠥᠰᠦᠪ᠎ᠢ ᠭᠦᠢ᠍ᠴᠡᠳᠬᠡᠬᠦ᠎ᠳᠤ ᠬᠢᠨᠠᠯᠲᠠ ᠲᠠᠯᠪᠢᠨ᠎ᠠ; ᠲᠤᠰ ᠱᠠᠲᠤᠨ᠎ᠤ ᠲᠥᠰᠦᠪ᠎ᠤᠨ ᠲᠤᠬᠢᠷᠡᠭᠤᠯᠦᠯᠳᠠ ᠵᠢᠨ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠨ᠎ᠡ; ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠨ᠎ᠡ; ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠤᠬᠠᠶ ᠲᠤᠰ ᠱᠠᠲᠤᠨ᠎ᠤ ᠵᠠᠰᠠᠭ᠎ᠤᠨ ᠣᠷᠳᠣᠨ ᠪᠣᠯᠤᠨ ᠳᠣᠣᠷ᠎ᠠ ᠨᠢᠭᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠢᠭᠡᠳ ᠲᠡᠭᠦᠨ᠎ᠤ ᠪᠠᠶ᠋ᠢᠩᠭᠤ ᠵᠢᠨ ᠬᠣᠷᠢᠶᠠᠨ᠎ᠤ ᠵᠤᠬᠢᠰ ᠤᠢ᠍ᠭᠡᠢ ᠲᠣᠭᠲᠠᠭ᠋ᠠᠯ᠂ ᠵᠠᠷᠯᠢᠭ ᠪᠠ ᠰᠢᠢ᠍ᠳᠪᠦᠷᠢ ᠵᠢ ᠬᠦᠴᠦᠨ ᠤᠢ᠍ᠭᠡᠢ ᠪᠣᠯᠭ᠋ᠠᠨ᠎ᠠ᠃
ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠲᠤᠰ ᠱᠠᠲᠤᠨ᠎ᠤ ᠲᠥᠰᠦᠪ ᠪᠠ ᠲᠤᠰ ᠱᠠᠲᠤᠨ᠎ᠤ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠵᠢ ᠬᠢᠨᠠᠨ ᠪᠠᠶ᠋ᠢᠴᠠᠭ᠋ᠠᠵᠤ ᠵᠥᠪᠰᠢᠶᠡᠷᠡᠨ᠎ᠡ; ᠲᠤᠰ ᠱᠠᠲᠤᠨ᠎ᠤ ᠲᠥᠰᠦᠪ᠎ᠢ ᠭᠦᠢ᠍ᠴᠡᠳᠬᠡᠬᠦ᠎ᠳᠤ ᠬᠢᠨᠠᠯᠲᠠ ᠲᠠᠯᠪᠢᠨ᠎ᠠ; ᠲᠤᠰ ᠱᠠᠲᠤᠨ᠎ᠤ ᠲᠥᠰᠦᠪ᠎ᠤᠨ ᠲᠤᠬᠢᠷᠡᠭᠤᠯᠦᠯᠳᠠ ᠵᠢᠨ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠨ᠎ᠡ; ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠨ᠎ᠡ; ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠤᠬᠠᠶ ᠲᠤᠰ ᠱᠠᠲᠤᠨ᠎ᠤ ᠵᠠᠰᠠᠭ᠎ᠤᠨ ᠣᠷᠳᠣᠨ᠎ᠤ ᠵᠤᠬᠢᠰ ᠤᠢ᠍ᠭᠡᠢ ᠰᠢᠢ᠍ᠳᠪᠦᠷᠢ ᠪᠣᠯᠤᠨ ᠵᠠᠷᠯᠢᠭ᠎ᠢ ᠬᠦᠴᠦᠨ ᠤᠢ᠍ᠭᠡᠢ ᠪᠣᠯᠭ᠋ᠠᠨ᠎ᠠ᠃
ᠬᠣᠷᠢᠨ ᠬᠣᠶᠠᠳᠤᠭ᠋ᠠᠷ ᠵᠦᠢ᠍ᠯ᠂ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠ᠋ᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠠᠴᠠ ᠲᠥᠪ᠎ᠤᠨ ᠲᠥᠰᠦᠪ᠎ᠤᠨ ᠲᠥᠰᠦᠯ᠎ᠤᠨ ᠠᠩᠬᠠᠨ᠎ᠤ ᠲᠥᠰᠦᠯ ᠬᠢᠭᠡᠳ ᠳᠡᠭᠡᠷ᠎ᠡ ᠨᠢᠭᠡ ᠵᠢᠯ᠎ᠤᠨ ᠲᠥᠰᠦᠪ᠎ᠤᠨ ᠭᠦᠢ᠍ᠴᠡᠳᠬᠡᠭᠰᠡᠨ ᠪᠠᠶ᠋ᠢᠳᠠᠯ᠂ ᠲᠥᠪ᠎ᠤᠨ ᠲᠥᠰᠦᠪ᠎ᠢ ᠲᠤᠭᠢᠷᠠᠭᠤᠯᠬᠤ ᠠᠩᠬᠠᠨ᠎ᠤ ᠲᠥᠰᠦᠯ ᠪᠠ ᠲᠥᠪ᠎ᠤᠨ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠳᠤ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠵᠦ᠂ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠨ ᠰᠠᠨᠠᠯ᠎ᠢ ᠳᠤᠷᠠᠳᠤᠨ ᠭᠠᠷᠭ᠋ᠠᠨ᠎ᠠ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠢ ᠵᠥᠪᠯᠡᠯ᠎ᠠᠴᠠ ᠲᠤᠰ ᠱᠠᠲᠤᠨ᠎ᠤ ᠲᠥᠰᠦᠪ᠎ᠤᠨ ᠲᠥᠰᠦᠯ᠎ᠤᠨ ᠠᠩᠬᠠᠨ᠎ᠤ ᠲᠥᠰᠦᠯ ᠬᠢᠭᠡᠳ ᠳᠡᠭᠡᠷ᠎ᠡ ᠨᠢᠭᠡ ᠵᠢᠯ᠎ᠤᠨ ᠲᠥᠰᠦᠪ᠎ᠤᠨ ᠭᠦᠢ᠍ᠴᠡᠳᠬᠡᠭᠰᠡᠨ ᠪᠠᠶ᠋ᠢᠳᠠᠯ᠂ ᠲᠤᠰ ᠱᠠᠲᠤᠨ᠎ᠤ ᠲᠥᠰᠦᠪ᠎ᠢ ᠲᠤᠭᠢᠷᠠᠭᠤᠯᠬᠤ ᠠᠩᠬᠠᠨ᠎ᠤ ᠲᠥᠰᠦᠯ ᠪᠠ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠳᠤ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠵᠦ᠂ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠨ ᠰᠠᠨᠠᠯ᠎ᠢ ᠳᠤᠷᠠᠳᠤᠨ ᠭᠠᠷᠭ᠋ᠠᠨ᠎ᠠ᠃
ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠢ ᠵᠥᠪᠯᠡᠯ᠎ᠠᠴᠠ ᠲᠤᠰ ᠱᠠᠲᠤᠨ᠎ᠤ ᠲᠥᠰᠦᠪ᠎ᠤᠨ ᠲᠥᠰᠦᠯ᠎ᠤᠨ ᠠᠩᠬᠠᠨ᠎ᠤ ᠲᠥᠰᠦᠯ ᠬᠢᠭᠡᠳ ᠳᠡᠭᠡᠷ᠎ᠡ ᠨᠢᠭᠡ ᠵᠢᠯ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠂ ᠲᠤᠰ ᠱᠠᠲᠤᠨ᠎ᠤ ᠲᠥᠰᠦᠪ᠎ᠢ ᠲᠤᠭᠢᠷᠠᠭᠤᠯᠬᠤ ᠠᠩᠬᠠᠨ᠎ᠤ ᠲᠥᠰᠦᠯ ᠪᠠ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠳᠤ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠵᠦ᠂ ᠠᠩᠬ᠎ᠠ ᠠᠯᠬᠤᠮ ᠬᠢᠨᠠᠨ ᠪᠠᠶ᠋ᠢᠴᠠᠭ᠋ᠠᠭᠰᠠᠨ ᠰᠠᠨᠠᠯ ᠳᠣᠷᠠᠳᠣᠨ᠎ᠠ᠂ ᠲᠤᠰᠬᠠᠢ ᠵᠥᠪᠯᠡᠯ ᠪᠠᠶ᠋ᠢᠭᠤᠯᠤᠭᠰᠠᠨ ᠦᠭᠡᠢ ᠪᠠᠶ᠋ᠢᠪᠠᠯ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠠᠴᠠ ᠰᠤᠳᠤᠯᠵᠤ ᠰᠠᠨᠠᠯ ᠳᠤᠷᠠᠳᠤᠨ ᠭᠠᠷᠭ᠋ᠠᠨ᠎ᠠ᠃
ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠣᠷᠢᠭ ᠦᠭᠡᠢ ᠬᠤᠲᠠ᠂ ᠬᠤᠳᠠ ᠵᠢᠨ ᠬᠠᠷᠢᠶ᠎ᠠ ᠲᠣᠭᠣᠷᠢᠭ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠠᠴᠠ ᠲᠤᠰ ᠱᠠᠲᠤᠨ᠎ᠤ ᠲᠥᠰᠦᠪ᠎ᠤᠨ ᠲᠥᠰᠦᠯ᠎ᠤᠨ ᠠᠩᠬᠠᠨ᠎ᠤ ᠲᠥᠰᠦᠯ ᠬᠢᠭᠡᠳ ᠲᠦᠷᠦᠭᠦᠦ ᠨᠢᠭᠡ ᠵᠢᠯ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠳᠤ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠵᠦ᠂ ᠠᠩᠬ᠎ᠠ ᠠᠯᠬᠤᠮ ᠬᠢᠨᠠᠨ ᠪᠠᠶ᠋ᠢᠴᠠᠭ᠋ᠠᠭᠰᠠᠨ ᠰᠠᠨᠠᠯ ᠳᠤᠷᠠᠳᠴᠤ ᠪᠣᠯᠤᠨ᠎ᠠ᠃ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠣᠷᠢᠭ ᠦᠭᠡᠢ ᠬᠤᠲᠠ᠂ ᠬᠤᠳᠠ ᠵᠢᠨ ᠬᠠᠷᠢᠶ᠎ᠠ ᠲᠣᠭᠣᠷᠢᠭ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠠᠴᠠ ᠲᠤᠰ ᠱᠠᠲᠤᠨ᠎ᠤ ᠲᠥᠰᠦᠪ᠎ᠢ ᠲᠤᠭᠢᠷᠠᠭᠤᠯᠬᠤ ᠠᠩᠬᠠᠨ᠎ᠤ ᠲᠥᠰᠦᠯ ᠪᠠ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠰᠤᠳᠤᠯᠵᠤ ᠰᠠᠨᠠᠯ ᠳᠤᠷᠠᠳᠤᠨ ᠭᠠᠷᠭ᠋ᠠᠨ᠎ᠠ᠃
ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠵᠢᠨ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠢ ᠵᠥᠪᠯᠡᠯ᠎ᠠᠴᠠ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠵᠦ᠂ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠠᠴᠠ ᠰᠤᠳᠤᠯᠵᠤ ᠰᠠᠨᠠᠯ ᠳᠤᠷᠠᠳᠬᠤ᠎ᠳᠠᠭᠠᠨ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢ ᠤᠷᠢᠵᠤ ᠣᠷᠣᠯᠴᠠᠭᠤᠯᠬᠤ ᠬᠡᠷᠡᠭᠲᠡᠶ᠃
ᠲᠤᠰ ᠵᠦᠢ᠍ᠯ᠎ᠤᠨ ᠨᠢᠭᠡᠳᠦᠭᠡᠷ ᠪᠠᠳᠠᠭ᠎ᠠᠴᠠ ᠳᠥᠷᠪᠡᠳᠦᠭᠡᠷ ᠪᠠᠳᠠᠭ ᠬᠦᠷᠲᠡᠯᠡᠬᠢ ᠲᠣᠭᠲᠠᠭ᠋ᠠᠯ᠎ᠤᠨ ᠶᠣᠰᠣᠭ᠋ᠠᠷ ᠳᠤᠷᠠᠳᠤᠨ ᠭᠠᠷᠭ᠋ᠠᠭᠰᠠᠨ ᠰᠠᠨᠠᠯ᠎ᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠰᠢᠢ᠍ᠳᠪᠦᠷᠢᠯᠡᠭᠰᠡᠨ ᠪᠠᠶ᠋ᠢᠳᠠᠯ ᠵᠶ᠋ᠠᠨ ᠴᠠᠭ ᠲᠤᠬᠠᠢᠳᠤᠨᠢ ᠬᠠᠷᠢᠭᠤ ᠲᠤᠰᠬᠠᠬᠤ ᠬᠡᠷᠡᠭᠲᠡᠢ᠃
ᠲᠤᠰ ᠵᠦᠢ᠍ᠯ᠎ᠤᠨ ᠨᠢᠭᠡᠳᠦᠭᠡᠷ ᠪᠠᠳᠠᠭ᠎ᠠᠴᠠ ᠳᠥᠷᠪᠡᠳᠦᠭᠡᠷ ᠪᠠᠳᠠᠭ ᠬᠦᠷᠲᠡᠯᠡᠬᠢ ᠲᠣᠭᠲᠠᠭ᠋ᠠᠯ ᠶᠣᠰᠣᠭ᠋ᠠᠷ ᠳᠤᠷᠠᠳᠤᠨ ᠭᠠᠷᠭ᠋ᠠᠭᠰᠠᠨ ᠰᠠᠨᠠᠯ ᠵᠢᠴᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠬᠠᠷᠢᠭᠤ ᠲᠤᠰᠬᠠᠭᠰᠠᠨ ᠰᠢᠢ᠍ᠳᠪᠦᠷᠢᠯᠡᠭᠰᠡᠨ ᠪᠠᠶ᠋ᠢᠳᠠᠯ᠎ᠤᠨ ᠮᠡᠳᠡᠭᠦᠯᠦᠯᠲᠡ ᠵᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠎ᠳᠤ ᠳᠠᠷᠤᠮᠠᠯᠯᠠᠨ ᠲᠠᠷᠬᠠᠭ᠋ᠠᠬᠤ ᠬᠡᠷᠡᠭᠲᠡᠢ᠃
ᠪᠦᠬᠦ ᠣᠯᠣᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠠᠴᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠰᠢᠢ᠍ᠳᠪᠦᠷᠢ ᠵᠢ ᠦᠨᠳᠦᠰᠦᠯᠡᠨ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠ᠋ᠳ᠋᠎ᠤᠨ ᠵᠠᠰᠠᠭ ᠠᠵᠤ ᠠᠬᠤᠢ ᠵᠢᠨ ᠵᠥᠪᠯᠡᠯ ᠪᠤᠶᠤ ᠬᠣᠯᠪᠣᠭᠳᠠᠯ ᠪᠦᠬᠦᠢ ᠲᠤᠰᠬᠠᠢ ᠵᠥᠪᠯᠡᠯ᠎ᠢ ᠬᠠᠪᠰᠦᠷᠣᠨ ᠲᠥᠰᠦᠪ᠎ᠤᠨ ᠲᠥᠰᠦᠯ᠂ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠂ ᠲᠥᠰᠦᠪ᠎ᠤᠨ ᠭᠦᠢ᠍ᠴᠡᠳᠬᠡᠯ᠎ᠤᠨ ᠲᠥᠰᠦᠯ ᠪᠠ ᠲᠥᠰᠦᠪ᠎ᠢ ᠭᠦᠢ᠍ᠴᠡᠳᠬᠡᠬᠦ᠎ᠳᠤ ᠬᠢᠨᠠᠯᠲᠠ ᠲᠠᠯᠪᠢᠬᠤ ᠵᠡᠷᠭᠡ ᠪᠣᠳᠠᠲᠠᠢ ᠠᠵᠢᠯ᠎ᠢ ᠳᠠᠭ᠋ᠠᠭ᠋ᠠᠨ ᠬᠢᠨ᠎ᠠ᠃
ᠬᠣᠷᠢᠨ ᠭᠤᠷᠪᠠᠳᠤᠭ᠋ᠠᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠥᠪ᠎ᠤᠨ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ; ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠦᠭᠡᠲᠡ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠤᠨ ᠲᠥᠰᠦᠯ᠎ᠤᠨ ᠲᠤᠬᠠᠶ ᠮᠡᠳᠡᠭᠦᠯᠦᠯᠲᠡ ᠬᠢᠨ᠎ᠡ; ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ᠎ᠠᠴᠠ ᠮᠡᠳᠡᠭᠦᠯᠵᠦ ᠳᠠᠩᠰᠠᠯᠠᠭᠤᠯᠤᠭᠰᠠᠨ ᠲᠥᠰᠦᠪ᠎ᠢ ᠠ᠋ᠮᠬᠢᠳᠬᠡᠨ ᠨᠡᠶ᠋ᠢᠯᠡᠭᠦᠯᠦᠭᠡᠳ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠮᠡᠳᠡᠭᠦᠯᠵᠦ ᠳᠠᠩᠰᠠᠯᠠᠭᠤᠯᠤᠨ᠎ᠠ; ᠲᠥᠪ᠎ᠤᠨ ᠪᠠ ᠣᠷᠣᠨ ᠨᠤᠲᠤᠭ᠎ᠤᠨ ᠲᠥᠰᠦᠪ᠎ᠢ ᠭᠦᠢ᠍ᠴᠡᠳᠬᠡᠬᠦ ᠵᠢ ᠵᠣᠬᠢᠶᠠᠨ ᠪᠠᠶ᠋ᠢᠭᠤᠯᠤᠨ᠎ᠠ; ᠲᠥᠪ᠎ᠤᠨ ᠲᠥᠰᠦᠪ᠎ᠤᠨ ᠪᠡᠯᠡᠳᠬᠡᠯ ᠵᠠᠷᠤᠳᠠᠯ᠎ᠢ ᠬᠡᠷᠡᠭᠯᠡᠬᠦ ᠵᠢ ᠲᠣᠭᠲᠠᠭ᠋ᠠᠨ᠎ᠠ; ᠲᠥᠪ᠎ᠤᠨ ᠲᠥᠰᠦᠪ᠎ᠤᠨ ᠲᠤᠬᠢᠷᠡᠭᠤᠯᠦᠯᠳᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ; ᠲᠥᠪ᠎ᠤᠨ ᠡᠯ᠎ᠡ ᠰᠠᠯᠠᠭ᠎ᠠ ᠮᠥᠴᠢᠷ᠎ᠤᠨ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠥᠰᠦᠪ᠎ᠢ ᠭᠦᠢ᠍ᠴᠡᠳᠬᠡᠬᠦ᠎ᠳᠤ ᠬᠢᠨᠠᠯᠲᠠ ᠲᠠᠯᠪᠢᠨ᠎ᠠ; ᠲᠥᠪ᠎ᠤᠨ ᠡᠯ᠎ᠡ ᠰᠠᠯᠠᠭ᠎ᠠ ᠮᠥᠴᠢᠷ ᠪᠣᠯᠤᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠠᠴᠠ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠤᠬᠠᠢ ᠵᠤᠬᠢᠰ ᠤᠢ᠍ᠭᠡᠢ ᠲᠣᠭᠲᠠᠭ᠋ᠠᠯ᠂ ᠵᠠᠷᠯᠢᠭ᠎ᠢ ᠬᠤᠪᠢᠷᠠᠭᠤᠯᠬᠤ ᠪᠤᠶᠤ ᠬᠦᠴᠦᠨ ᠤᠢ᠍ᠭᠡᠢ ᠪᠣᠯᠭ᠋ᠠᠨ᠎ᠠ; ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠢ ᠮᠡᠳᠡᠭᠦᠯᠦᠨ᠎ᠡ᠃
ᠬᠣᠷᠢᠨ ᠳᠥᠷᠪᠡᠳᠦᠭᠡᠷ ᠵᠦᠢ᠍ᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠲᠤᠰ ᠱᠠᠲᠤᠨ᠎ᠤ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ; ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠲᠤᠰ ᠱᠠᠲᠤᠨ᠎ᠤ ᠶᠡᠷᠦᠩᠬᠡᠶ ᠲᠥᠰᠦᠪ᠎ᠤᠨ ᠲᠥᠰᠦᠯ᠎ᠤᠨ ᠲᠤᠬᠠᠶ ᠮᠡᠳᠡᠭᠦᠯᠦᠯᠲᠡ ᠬᠢᠨ᠎ᠡ; ᠳᠣᠣᠷ᠎ᠠ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠮᠡᠳᠡᠭᠦᠯᠵᠦ ᠳᠠᠩᠰᠠᠯᠠᠭᠤᠯᠤᠭᠰᠠᠨ ᠲᠥᠰᠦᠪ᠎ᠢ ᠬᠤᠷᠢᠶᠠᠩᠭᠤᠶ᠋ᠢᠯᠠᠭᠰᠠᠨ᠎ᠤ ᠳᠠᠷᠠᠭ᠎ᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠮᠡᠳᠡᠭᠦᠯᠵᠦ ᠳᠠᠩᠰᠠᠯᠠᠭᠤᠯᠤᠨ᠎ᠠ; ᠲᠤᠰ ᠱᠠᠲᠤᠨ᠎ᠤ ᠶᠡᠷᠦᠩᠬᠡᠶ ᠲᠥᠰᠦᠪ᠎ᠢ ᠭᠦᠢ᠍ᠴᠡᠳᠬᠡᠬᠦ ᠵᠢ ᠵᠣᠬᠢᠶᠠᠨ ᠪᠠᠶ᠋ᠢᠭᠤᠯᠤᠨ᠎ᠠ; ᠲᠤᠰ ᠱᠠᠲᠤᠨ᠎ᠤ ᠲᠥᠰᠦᠪ᠎ᠤᠨ ᠪᠡᠯᠡᠳᠬᠡᠯ ᠵᠠᠷᠤᠳᠠᠯ᠎ᠢ ᠬᠡᠷᠡᠭᠯᠡᠬᠦ ᠵᠢ ᠲᠣᠭᠲᠠᠭ᠋ᠠᠨ᠎ᠠ; ᠲᠤᠰ ᠱᠠᠲᠤᠨ᠎ᠤ ᠲᠥᠰᠦᠪ᠎ᠤᠨ ᠲᠤᠬᠢᠷᠡᠭᠤᠯᠦᠯᠳᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ; ᠲᠤᠰ ᠱᠠᠲᠤᠨ᠎ᠤ ᠡᠯ᠎ᠡ ᠰᠠᠯᠠᠭ᠎ᠠ ᠮᠥᠴᠢᠷ ᠪᠣᠯᠤᠨ ᠲᠤᠤᠷᠡᠳᠦ ᠱᠠᠲᠤᠨ᠎ᠤ ᠵᠠᠰᠠᠭ᠎ᠤᠨ ᠣᠷᠳᠣᠨ᠎ᠤ ᠲᠥᠰᠦᠪ᠎ᠢ ᠭᠦᠢ᠍ᠴᠡᠳᠬᠡᠬᠦ᠎ᠳᠤ ᠬᠢᠨᠠᠯᠲᠠ ᠲᠠᠯᠪᠢᠨ᠎ᠠ; ᠲᠤᠰ ᠱᠠᠲᠤᠨ᠎ᠤ ᠡᠯ᠎ᠡ ᠰᠠᠯᠠᠭ᠎ᠠ ᠮᠥᠴᠢᠷ ᠪᠣᠯᠤᠨ ᠲᠤᠤᠷᠡᠳᠦ ᠱᠠᠲᠤᠨ᠎ᠤ ᠵᠠᠰᠠᠭ᠎ᠤᠨ ᠣᠷᠳᠣᠨ᠎ᠤ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠤᠬᠠᠢ ᠵᠤᠬᠢᠰ ᠤᠢ᠍ᠭᠡᠢ ᠲᠣᠭᠲᠠᠭ᠋ᠠᠯ᠂ ᠵᠠᠷᠯᠢᠭ᠎ᠢ ᠬᠤᠪᠢᠷᠠᠭᠤᠯᠬᠤ ᠪᠤᠶᠤ ᠬᠦᠴᠦᠨ ᠤᠢ᠍ᠭᠡᠢ ᠪᠣᠯᠭ᠋ᠠᠨ᠎ᠠ; ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠲᠤᠰ ᠱᠠᠲᠤᠨ᠎ᠤ ᠶᠡᠷᠦᠩᠬᠡᠢ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠢ ᠮᠡᠳᠡᠭᠦᠯᠦᠨ᠎ᠡ᠃
ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠵᠠᠰᠠᠭ᠎ᠤᠨ ᠣᠷᠳᠣᠨ ᠲᠤᠰ ᠱᠠᠲᠤᠨ᠎ᠤ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ; ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠲᠤᠰ ᠱᠠᠲᠤᠨ᠎ᠤ ᠲᠥᠰᠦᠪ᠎ᠤᠨ ᠲᠥᠰᠦᠯ᠎ᠤᠨ ᠲᠤᠬᠠᠶ ᠮᠡᠳᠡᠭᠦᠯᠦᠯᠲᠡ ᠬᠢᠨ᠎ᠡ; ᠲᠤᠰ ᠱᠠᠲᠤᠨ᠎ᠤ ᠲᠥᠰᠦᠪ᠎ᠢ ᠭᠦᠢ᠍ᠴᠡᠳᠬᠡᠬᠦ ᠵᠢ ᠵᠣᠬᠢᠶᠠᠨ ᠪᠠᠶ᠋ᠢᠭᠤᠯᠤᠨ᠎ᠠ; ᠲᠤᠰ ᠱᠠᠲᠤᠨ᠎ᠤ ᠲᠥᠰᠦᠪ᠎ᠤᠨ ᠪᠡᠯᠡᠳᠬᠡᠯ ᠵᠠᠷᠤᠳᠠᠯ᠎ᠢ ᠬᠡᠷᠡᠭᠯᠡᠬᠦ ᠵᠢ ᠲᠣᠭᠲᠠᠭ᠋ᠠᠨ᠎ᠠ; ᠲᠤᠰ ᠱᠠᠲᠤᠨ᠎ᠤ ᠲᠥᠰᠦᠪ᠎ᠤᠨ ᠲᠤᠬᠢᠷᠡᠭᠤᠯᠦᠯᠳᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ; ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠲᠤᠰ ᠱᠠᠲᠤᠨ᠎ᠤ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠢ ᠮᠡᠳᠡᠭᠦᠯᠦᠨ᠎ᠡ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠦᠭᠰᠡᠨ᠎ᠤ ᠳᠠᠷᠠᠭ᠎ᠠ᠂ ᠰᠢᠶᠠᠩ ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠲᠤᠰ ᠱᠠᠲᠤᠨ᠎ᠤ ᠲᠥᠰᠦᠪ᠎ᠤᠨ ᠲᠥᠰᠦᠯ᠂ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠳᠡᠭᠡᠷ᠎ᠡ ᠨᠢᠭᠡ ᠱᠠᠲᠤᠨ᠎ᠤ ᠵᠠᠰᠠᠭ᠎ᠤᠨ ᠣᠷᠳᠣᠨ ᠵᠶ᠋ᠠᠷ ᠣᠷᠣᠯᠠᠨ ᠵᠣᠬᠢᠶᠠᠯᠭ᠋ᠠᠵᠤ ᠪᠣᠯᠬᠣ ᠪᠦᠭᠡᠳ ᠲᠤᠰ ᠬᠠᠤᠯᠢ ᠵᠢᠨ ᠬᠣᠷᠢᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠤᠨ ᠶᠣᠰᠣᠭ᠋ᠠᠷ ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠮᠡᠳᠡᠭᠦᠯᠦᠨ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠬᠦ ᠬᠡᠷᠡᠭᠲᠡᠶ᠃
ᠬᠣᠷᠢᠨ ᠲᠠᠪᠤᠳᠤᠭ᠋ᠠᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠥᠪ᠎ᠤᠨ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠪᠣᠳᠠᠲᠠᠢ᠎ᠪᠠᠷ ᠨᠠᠶ᠋ᠢᠷᠠᠭᠤᠯᠤᠨ ᠵᠣᠬᠢᠶᠠᠨ᠎ᠠ; ᠲᠥᠪ᠎ᠤᠨ ᠪᠣᠯᠤᠨ ᠣᠷᠣᠨ ᠨᠤᠲᠤᠭ᠎ᠤᠨ ᠲᠥᠰᠦᠪ᠎ᠢ ᠭᠦᠢ᠍ᠴᠡᠳᠬᠡᠬᠦ ᠵᠢ ᠪᠣᠳᠠᠲᠠᠶ᠎ᠪᠠᠷ ᠵᠣᠬᠢᠶᠠᠨ ᠪᠠᠶ᠋ᠢᠭᠤᠯᠤᠨ᠎ᠠ; ᠲᠥᠪ᠎ᠤᠨ ᠲᠥᠰᠦᠪ᠎ᠤᠨ ᠪᠡᠯᠡᠳᠬᠡᠯ ᠵᠠᠷᠤᠳᠠᠯ᠎ᠢ ᠬᠡᠷᠡᠭᠯᠡᠬᠦ ᠲᠥᠰᠦᠯ᠎ᠢ ᠳᠤᠷᠠᠳᠤᠨ᠎ᠠ; ᠲᠥᠪ᠎ᠤᠨ ᠲᠥᠰᠦᠪ᠎ᠤᠨ ᠲᠤᠬᠢᠷᠡᠭᠤᠯᠦᠯᠳᠠ ᠵᠢᠨ ᠲᠥᠰᠦᠯ᠎ᠢ ᠪᠣᠳᠠᠲᠠᠶ᠎ᠪᠠᠷ ᠨᠠᠶ᠋ᠢᠷᠠᠭᠤᠯᠤᠨ ᠵᠣᠬᠢᠶᠠᠨ᠎ᠠ; ᠲᠥᠪ᠎ᠤᠨ ᠪᠠ ᠣᠷᠣᠨ ᠨᠤᠲᠤᠭ᠎ᠤᠨ ᠲᠥᠰᠦᠪ᠎ᠢ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠢ ᠲᠣᠭᠲᠠᠭᠰᠠᠨ ᠬᠤᠭᠤᠴᠠᠭ᠋ᠠᠨ᠎ᠳᠤ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠦᠨ᠎ᠡ᠃
ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠪᠣᠳᠠᠲᠠᠶ᠎ᠪᠠᠷ ᠨᠠᠶ᠋ᠢᠷᠠᠭᠤᠯᠤᠨ ᠵᠣᠬᠢᠶᠠᠨ᠎ᠠ; ᠲᠤᠰ ᠱᠠᠲᠤᠨ᠎ᠤ ᠶᠡᠷᠦᠩᠬᠡᠶ ᠲᠥᠰᠦᠪ᠎ᠢ ᠭᠦᠢ᠍ᠴᠡᠳᠬᠡᠬᠦ ᠵᠢ ᠪᠣᠳᠠᠲᠠᠶ᠎ᠪᠠᠷ ᠵᠣᠬᠢᠶᠠᠨ ᠪᠠᠶ᠋ᠢᠭᠤᠯᠤᠨ᠎ᠠ; ᠲᠤᠰ ᠱᠠᠲᠤᠨ᠎ᠤ ᠲᠥᠰᠦᠪ᠎ᠤᠨ ᠪᠡᠯᠡᠳᠬᠡᠯ ᠵᠠᠷᠤᠳᠠᠯ᠎ᠢ ᠬᠡᠷᠡᠭᠯᠡᠬᠦ ᠲᠥᠰᠦᠯ ᠳᠤᠷᠠᠳᠤᠨ᠎ᠠ; ᠲᠤᠰ ᠱᠠᠲᠤᠨ᠎ᠤ ᠲᠥᠰᠦᠪ᠎ᠤᠨ ᠲᠤᠬᠢᠷᠡᠭᠤᠯᠦᠯᠳᠠ ᠵᠢᠨ ᠲᠥᠰᠦᠯ᠎ᠢ ᠪᠣᠳᠠᠲᠠᠶ᠎ᠪᠠᠷ ᠨᠠᠶ᠋ᠢᠷᠠᠭᠤᠯᠤᠨ ᠵᠣᠬᠢᠶᠠᠨ᠎ᠠ; ᠲᠤᠰ ᠱᠠᠲᠤᠨ᠎ᠤ ᠵᠠᠰᠠᠭ᠎ᠤᠨ ᠣᠷᠳᠣᠨ ᠪᠣᠯᠤᠨ ᠳᠡᠭᠡᠷ᠎ᠡ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠲᠤᠰ ᠱᠠᠲᠤᠨ᠎ᠤ ᠶᠡᠷᠦᠩᠬᠡᠢ ᠲᠥᠰᠦᠪ᠎ᠢ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ᠎ᠡ᠃
ᠬᠣᠷᠢᠨ ᠵᠢᠷᠭᠤᠳᠤᠭ᠋ᠠᠷ ᠵᠦᠢ᠍ᠯ᠂ ᠡᠯ᠎ᠡ ᠰᠠᠯᠠᠭ᠎ᠠ ᠮᠥᠴᠢᠷ ᠲᠤᠰ ᠰᠠᠯᠠᠭ᠎ᠠ ᠮᠥᠴᠢᠷ᠎ᠤᠨ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ; ᠲᠤᠰ ᠰᠠᠯᠠᠭ᠎ᠠ ᠮᠥᠴᠢᠷ᠎ᠤᠨ ᠲᠥᠰᠦᠪ᠎ᠢ ᠭᠦᠢ᠍ᠴᠡᠳᠬᠡᠬᠦ ᠵᠢ ᠵᠣᠬᠢᠶᠠᠨ ᠪᠠᠶ᠋ᠢᠭᠤᠯᠵᠤ᠂ ᠲᠡᠭᠦᠨ᠎ᠳᠤ ᠬᠢᠨᠠᠯᠲᠠ ᠲᠠᠯᠪᠢᠨ᠎ᠠ; ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠲᠥᠰᠦᠪ᠎ᠢ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ᠎ᠡ᠃
ᠡᠯ᠎ᠡ ᠨᠢᠭᠡᠴᠢ᠎ᠠᠴᠠ ᠲᠤᠰ ᠨᠢᠭᠡᠴᠢ ᠵᠢᠨ ᠲᠥᠰᠦᠪ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ; ᠤᠯᠤᠰ᠎ᠤᠨ ᠲᠣᠭᠲᠠᠭ᠋ᠠᠯ ᠶᠣᠰᠣᠭ᠋ᠠᠷ ᠲᠥᠰᠦᠪ᠎ᠤᠨ ᠣᠷᠣᠯᠭ᠎ᠠ᠎ᠪᠠᠨ ᠳᠡᠭᠡᠭᠰᠢ ᠲᠤᠰᠢᠶᠠᠵᠤ᠂ ᠲᠥᠰᠦᠪ᠎ᠤᠨ ᠵᠠᠷᠤᠯᠭ᠎ᠠ ᠵᠢ ᠲᠤᠬᠢᠷᠡᠭᠤᠯᠬᠤ ᠪᠥᠭᠡᠳ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠵᠢ ᠬᠦᠯᠢᠶᠡᠨ᠎ᠡ᠃
ᠭᠤᠷᠪᠠᠳᠤᠭ᠋ᠠᠷ ᠪᠦᠯᠦᠭ ᠲᠦᠰᠦᠪ᠎ᠤᠨ ᠣᠷᠣᠯᠭ᠎ᠠ ᠵᠠᠷᠤᠯᠭ᠎ᠠ ᠵᠢᠨ ᠬᠡᠪᠴᠢᠶ᠎ᠡ
ᠬᠣᠷᠢᠨ ᠳᠣᠯᠣᠳᠤᠭ᠋ᠠᠷ ᠵᠦᠢ᠍ᠯ᠂ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠣᠷᠣᠯᠭ᠎ᠠ᠎ᠳᠤ ᠡᠯ᠎ᠡ ᠲᠦᠷᠦᠯ᠎ᠤᠨ ᠭᠠᠶ᠋ᠢᠯᠢ ᠲᠠᠲᠠᠪᠤᠷᠢ ᠵᠢᠨ ᠣᠷᠣᠯᠭ᠎ᠠ᠂ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠵᠠᠷᠤᠳᠠᠯ ᠬᠤᠷᠢᠶᠠᠯᠲᠠ ᠵᠢᠨ ᠣᠷᠣᠯᠭ᠎ᠠ᠂ ᠤᠯᠤᠰ᠎ᠤᠨ ᠥᠮᠴᠢᠯᠡᠯ᠎ᠤᠨ ᠠ᠋ᠬᠢ ᠪᠠᠶᠠᠯᠢᠭ (ᠠ᠋ᠳ᠋ ᠬᠦᠷᠦᠨᠭᠭᠡ)᠎ᠢ ᠲᠥᠯᠥᠪᠦᠷᠢ᠎ᠲᠠᠢ᠎ᠪᠠᠷ ᠬᠡᠷᠡᠭᠯᠡᠬᠦ ᠣᠷᠣᠯᠭ᠎ᠠ᠂ ᠰᠢᠯᠵᠢᠭᠦᠯᠦᠯᠲᠡ ᠵᠢᠨ ᠴᠢᠨᠠᠷᠲᠠᠢ ᠣᠷᠣᠯᠭ᠎ᠠ ᠪᠣᠯᠤᠨ ᠪᠤᠰᠤᠳ ᠣᠷᠣᠯᠭ᠎ᠠ ᠵᠢ ᠪᠠᠭᠲᠠᠨ᠎ᠠ᠃
ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠵᠠᠷᠤᠯᠭ᠎ᠠ ᠵᠢ ᠴᠢᠳᠠᠮᠵᠢ᠎ᠪᠠᠷ᠎ᠨᠢ ᠬᠣᠪᠢᠶᠠᠷᠯᠠᠪᠠᠯ᠂ ᠤᠯᠠᠨ ᠨᠡᠶ᠋ᠢᠲᠡ ᠵᠢᠨ ᠠ᠋ᠩ᠎ᠤᠨ ᠦᠢ᠍ᠯᠡᠴᠢᠯᠡᠭᠡᠨ᠎ᠤ ᠵᠠᠷᠤᠯᠭ᠎ᠠ᠂ ᠭᠠᠳᠠᠭ᠋ᠠᠳᠤ ᠬᠠᠷᠢᠯᠴᠠᠭ᠎ᠠ᠂ ᠨᠡᠶ᠋ᠢᠲᠡ ᠵᠢᠨ ᠠᠮᠤᠷ ᠲᠦᠪᠰᠢᠨ᠂ ᠤᠯᠤᠰ᠎ᠤᠨ ᠬᠠᠮᠠᠭ᠋ᠠᠯᠠᠯᠲᠠ ᠵᠢᠨ ᠵᠠᠷᠤᠯᠭ᠎ᠠ᠂ ᠲᠠᠷᠢᠶᠠᠯᠠᠩ᠂ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠵᠠᠷᠤᠯᠭ᠎ᠠ᠂ ᠰᠣᠷᠢᠭ᠋ᠠᠨ ᠬᠦᠮᠦᠵᠢᠯ᠂ ᠰᠢᠨᠵᠢᠯᠡᠭᠡ ᠲᠧᠭᠨᠢᠭ᠂ ᠰᠣᠶᠣᠯ ᠪᠣᠯᠪᠠᠰᠣᠷᠠᠯ᠂ ᠠ᠋ᠷᠡᠭᠦᠯ ᠬᠠᠮᠠᠭ᠋ᠠᠯᠠᠯ᠂ ᠪᠡᠶ᠎ᠡ ᠵᠢᠨ ᠲᠠᠮᠢᠷ᠎ᠤᠨ ᠵᠠᠷᠤᠯᠭ᠎ᠠ᠂ ᠨᠡᠶ᠋ᠢᠭᠡᠮ᠎ᠤᠨ ᠪᠠᠲᠤᠯᠠᠭ᠎ᠠ ᠵᠢᠴᠢ ᠠᠵᠢᠯ ᠣᠯᠭᠣᠯᠲᠠ ᠵᠢᠨ ᠵᠠᠷᠤᠯᠭ᠎ᠠ ᠪᠣᠯᠤᠨ ᠪᠤᠰᠤᠳ ᠵᠠᠷᠤᠯᠭ᠎ᠠ ᠵᠢ ᠪᠠᠬᠳᠠᠭ᠋ᠠᠨ᠎ᠠ᠃
ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠵᠠᠷᠤᠯᠭ᠎ᠠ ᠵᠢ ᠠᠵᠤ ᠠᠬᠤᠢ ᠵᠢᠨ ᠰᠢᠨᠵᠢ ᠴᠢᠨᠠᠷ ᠵᠶ᠋ᠠᠷ᠎ᠨᠢ ᠬᠣᠪᠢᠶᠠᠷᠯᠠᠪᠠᠯ᠂ ᠴᠠᠯᠢᠩ ᠠᠰᠠᠷᠠᠮᠵᠢ ᠵᠢᠨ ᠵᠠᠷᠤᠯᠭ᠎ᠠ᠂ ᠲᠠᠸᠠᠷ ᠪᠠ ᠦᠢ᠍ᠯᠡᠴᠢᠯᠡᠭᠡᠨ᠎ᠤ ᠵᠠᠷᠤᠯᠭ᠎ᠠ᠂ ᠬᠦᠷᠦᠨᠭᠭᠡ ᠵᠢᠨ ᠴᠢᠨᠠᠷᠲᠠᠢ ᠵᠠᠷᠤᠯᠭ᠎ᠠ ᠪᠣᠯᠤᠨ ᠪᠤᠰᠤᠳ ᠵᠠᠷᠤᠯᠭ᠎ᠠ ᠵᠢ ᠪᠠᠬᠳᠠᠭ᠋ᠠᠨ᠎ᠠ᠃
ᠬᠣᠷᠢᠨ ᠨᠠᠢ᠍ᠮᠠᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠲᠥᠰᠦᠪ᠂ ᠤᠯᠤᠰ᠎ᠤᠨ ᠥᠮᠴᠢᠯᠡᠯ᠎ᠤᠨ ᠪᠡᠯᠡ ᠬᠦᠷᠦᠨᠭᠭᠡ ᠵᠢᠨ ᠡᠵᠡᠩᠨᠡᠯᠲᠡ ᠵᠢᠨ ᠲᠥᠰᠦᠪ ᠪᠣᠯᠤᠨ ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠥᠰᠦᠪ᠎ᠤᠨ ᠣᠷᠣᠯᠭ᠎ᠠ ᠵᠠᠷᠤᠯᠭ᠎ᠠ ᠵᠢᠨ ᠬᠡᠪᠴᠢᠶ᠎ᠡ ᠵᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠬᠣᠷᠢ ᠶᠢᠰᠦᠳᠦᠭᠡᠷ ᠵᠦᠢ᠍ᠯ᠂ ᠲᠥᠪ᠎ᠤᠨ ᠲᠥᠰᠦᠪ ᠪᠣᠯᠤᠨ ᠣᠷᠣᠨ ᠨᠤᠲᠤᠭ᠎ᠤᠨ ᠲᠥᠰᠦᠪ᠎ᠤᠨ ᠣᠷᠣᠯᠭ᠎ᠠ ᠪᠣᠯᠤᠨ ᠵᠠᠷᠤᠯᠭ᠎ᠠ ᠵᠢᠨ ᠵᠦᠢ᠍ᠯ᠎ᠢ ᠢᠯᠭ᠋ᠠᠪᠤᠷᠢᠯᠠᠬᠤ᠂ ᠣᠷᠣᠨ ᠨᠤᠲᠤᠭ᠎ᠠᠴᠠ ᠲᠥᠪ᠎ᠲᠤ ᠳᠡᠭᠡᠭᠰᠢ ᠲᠤᠰᠢᠶᠠᠬᠤ ᠣᠷᠣᠯᠭ᠎ᠠ᠂ ᠲᠥᠪ᠎ᠠᠴᠠ ᠣᠷᠣᠨ ᠨᠤᠲᠤᠭ᠎ᠲᠤ ᠭᠠᠶ᠋ᠢᠯᠢ ᠲᠠᠲᠠᠪᠤᠷᠢ ᠪᠤᠴᠠᠭ᠋ᠠᠬᠤ ᠪᠤᠶᠤ ᠰᠢᠯᠵᠢᠭᠦᠯᠦᠨ ᠥᠭᠬᠦ ᠪᠣᠳᠠᠲᠠᠶ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠳᠣᠬᠳᠠᠭ᠋ᠠᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠭᠤᠴᠢᠳᠤᠭ᠋ᠠᠷ ᠵᠦᠢ᠍ᠯ᠂ ᠳᠡᠭᠡᠳᠦ ᠱᠠᠲᠤᠨ᠎ᠤ ᠵᠠᠰᠠᠭ᠎ᠤᠨ ᠣᠷᠳᠣᠨ ᠲᠥᠰᠦᠪ᠎ᠠᠴᠠ ᠭᠠᠳᠠᠭᠤᠷ ᠲᠤᠤᠷᠡᠳᠦ ᠱᠠᠲᠤᠨ᠎ᠤ ᠵᠠᠰᠠᠭ᠎ᠤᠨ ᠣᠷᠳᠣᠨ᠎ᠤ ᠲᠥᠰᠦᠪ᠎ᠤᠨ ᠪᠡᠯᠠ ᠮᠥᠩᠭᠥ ᠵᠢ ᠰᠢᠯᠵᠢᠭᠦᠯᠦᠨ ᠬᠡᠷᠡᠭᠯᠡᠵᠦ ᠪᠣᠯᠬᠤ ᠤᠢ᠍ᠭᠡᠢ᠃ ᠲᠤᠤᠷᠡᠳᠦ ᠱᠠᠲᠤᠨ᠎ᠤ ᠵᠠᠰᠠᠭ᠎ᠤᠨ ᠣᠷᠳᠣᠨ᠎ᠠᠴᠠ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠤ ᠲᠥᠰᠦᠪ᠎ᠲᠤ ᠬᠠᠷᠢᠶᠠᠯᠠᠭᠳᠠᠬᠤ ᠪᠡᠯᠠ ᠮᠥᠩᠭᠥ ᠵᠢ ᠰᠢᠬᠠᠵᠤ ᠠᠪᠬᠤ ᠪᠤᠶᠤ ᠦᠯᠡᠳᠡᠭᠡᠨ ᠠᠪᠴᠤ ᠪᠣᠯᠬᠤ ᠤᠢ᠍ᠭᠡᠢ᠃
ᠳᠥᠷᠪᠡᠳᠦᠭᠡᠷ ᠪᠦᠯᠦᠭ ᠲᠦᠰᠦᠪ᠎ᠢ ᠨᠠᠶ᠋ᠢᠷᠠᠭᠤᠯᠤᠨ ᠵᠣᠬᠢᠶᠠᠬᠤ
ᠭᠤᠴᠢᠨ ᠨᠢᠭᠡᠳᠦᠭᠡᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ ᠴᠠᠭ ᠲᠤᠬᠠᠢᠳᠤᠨᠢ ᠲᠡᠷᠡᠭ᠎ᠠ ᠨᠢᠭᠡ ᠵᠢᠯ᠎ᠤᠨ ᠲᠥᠰᠦᠪ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠬᠤ ᠲᠤᠬᠠᠢ ᠮᠡᠳᠡᠭᠳᠡᠯ᠎ᠢ ᠪᠠᠭᠤᠯᠭ᠋ᠠᠬᠤ ᠬᠡᠷᠡᠭᠲᠡᠢ᠃ ᠲᠥᠰᠦᠪ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠬᠤ ᠪᠣᠳᠠᠲᠠᠢ ᠶᠠᠪᠤᠳᠠᠯ᠎ᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠪᠠᠶ᠋ᠢᠷᠢᠯᠠᠭᠤᠯᠤᠨ᠎ᠠ᠃
ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠨᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠭᠰᠠᠨ ᠴᠠᠭ᠎ᠲᠤ ᠲᠥᠰᠦᠪ᠎ᠤᠨ ᠲᠥᠰᠦᠯ ᠵᠶ᠋ᠡᠨ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃
ᠭᠤᠴᠢᠨ ᠬᠣᠶᠠᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠨᠢ ᠣᠨ᠎ᠤ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ᠂ ᠤᠯᠤᠰ᠎ᠤᠨ ᠬᠤᠷᠪᠠ ᠲᠤᠬᠢᠷᠠᠭᠤᠯᠤᠯ ᠡᠵᠡᠮᠳᠡᠯ᠎ᠤᠨ ᠶᠡᠷᠦᠩᠬᠡᠢ ᠱᠠᠭ᠋ᠠᠷᠳᠠᠯᠭ᠎ᠠ ᠪᠠ ᠵᠢᠯ ᠠᠯᠤᠰᠯᠠᠭᠰᠠᠨ ᠲᠥᠰᠦᠪ᠎ᠤᠨ ᠲᠡᠩᠴᠡᠭᠦᠷᠢ ᠵᠢᠨ ᠬᠡᠷᠡᠭᠴᠡᠭᠡ ᠵᠢ ᠦᠨᠳᠦᠰᠦᠯᠡᠵᠦ᠂ ᠳᠡᠭᠡᠷ᠎ᠡ ᠨᠢᠭᠡ ᠵᠢᠯ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠂ ᠬᠣᠯᠪᠣᠭᠳᠠᠯ ᠪᠦᠬᠦᠢ ᠵᠠᠷᠤᠯᠭ᠎ᠠ ᠵᠢᠨ ᠦᠷ᠎ᠡ ᠪᠦᠲᠦᠮᠵᠢ ᠵᠢᠨ ᠦᠨᠡᠯᠡᠯᠲᠡ ᠵᠢᠨ ᠳ᠋ᠦᠩ ᠪᠠ ᠲᠤᠰ ᠵᠢᠯ᠎ᠤᠨ ᠣᠷᠣᠯᠭ᠎ᠠ ᠵᠠᠷᠤᠯᠭ᠎ᠠ ᠵᠢᠨ ᠵᠢᠱ᠌ᠢᠯᠲᠡ᠎ᠪᠠᠷ ᠯᠠᠪᠯᠠᠯᠲᠠ ᠪᠣᠯᠭ᠋ᠠᠵᠦ ᠪᠠᠶ᠋ᠢᠭ᠋ᠠᠳ ᠲᠣᠭᠲᠠᠭ᠋ᠠᠭᠰᠠᠨ ᠶᠠᠪᠣᠴᠠ ᠵᠢᠨ ᠶᠣᠰᠣᠭ᠋ᠠᠷ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠬᠤᠷᠢᠶᠠᠭᠰᠠᠨ᠎ᠤ ᠳᠠᠷᠠᠭ᠎ᠠ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃
ᠡᠯ᠎ᠡ ᠱᠠᠲᠤᠨ᠎ᠤ ᠵᠠᠰᠠᠭ᠎ᠤᠨ ᠣᠷᠳᠣᠨ ᠬᠠᠤᠯᠢ᠎ᠪᠠᠷ ᠲᠣᠭᠲᠠᠭ᠋ᠠᠭᠰᠠᠨ ᠠ᠋ᠷᠬᠡ ᠵᠢᠨ ᠬᠢᠵᠠᠭ᠋ᠠᠷᠯᠠᠯ᠎ᠢ ᠦᠨᠳᠦᠰᠦᠯᠡᠵᠦ ᠰᠢᠢ᠍ᠳᠪᠦᠷᠢ ᠭᠠᠷᠭ᠋ᠠᠬᠤ ᠪᠤᠶᠤ ᠵᠠᠰᠠᠭ ᠵᠠᠬᠢᠷᠭ᠋ᠠᠨ᠎ᠤ ᠠᠷᠭ᠎ᠠ ᠬᠡᠮᠵᠢᠶ᠎ᠡ᠎ᠪᠠᠨ ᠲᠣᠭᠲᠠᠭ᠋ᠠᠬᠤ᠎ᠳᠤ᠂ ᠠ᠋ᠳ᠋᠎ᠤᠨ ᠵᠠᠰᠠᠭ᠎ᠤᠨ ᠣᠷᠣᠯᠭ᠎ᠠ ᠪᠤᠶᠤ ᠵᠠᠷᠤᠯᠭ᠎ᠠ ᠵᠢ ᠨᠡᠮᠡᠭᠳᠡᠭᠦᠯᠬᠦ ᠪᠤᠶᠤ ᠪᠠᠭ᠋ᠠᠰᠬᠠᠬᠤ᠎ᠲᠠᠢ ᠬᠣᠯᠪᠣᠭᠳᠠᠭᠰᠠᠨ ᠪᠦᠬᠦᠨ ᠪᠠᠶ᠋ᠢᠪᠠᠯ᠂ ᠲᠥᠰᠦᠪ᠎ᠢ ᠵᠥᠪᠰᠢᠶᠡᠷᠡᠬᠦ᠎ᠠᠴᠠ ᠠ᠋ᠮᠦᠨ᠎ᠡ ᠳᠤᠷᠠᠳᠤᠨ ᠭᠠᠷᠭ᠋ᠠᠬᠤ ᠮᠦᠷᠲᠡᠭᠡᠨ ᠲᠥᠰᠦᠪ᠎ᠤᠨ ᠲᠥᠰᠦᠯ᠎ᠳᠤ ᠵᠣᠬᠢᠴᠠᠩᠭᠤᠢ ᠲᠤᠭᠢᠷᠠᠭᠤᠯᠤᠯᠳᠠ ᠬᠢᠬᠦ ᠬᠡᠷᠡᠭᠲᠡᠢ᠃
ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠠᠰᠠᠭ᠎ᠤᠨ ᠣᠷᠳᠣᠨ᠎ᠤ ᠣᠷᠣᠯᠭ᠎ᠠ ᠵᠠᠷᠤᠯᠭ᠎ᠠ ᠵᠢᠨ ᠲᠦᠷᠦᠯ ᠬᠤᠪᠢᠶᠠᠬᠤ ᠵᠦᠢ᠍ᠯ ᠢᠯᠭ᠋ᠠᠯ᠂ ᠲᠥᠰᠦᠪ᠎ᠤᠨ ᠵᠠᠷᠤᠯᠭ᠎ᠠ ᠵᠢᠨ ᠪᠠᠷᠢᠮᠵᠢᠶ᠎ᠠ ᠪᠣᠯᠤᠨ ᠱᠠᠭ᠋ᠠᠷᠳᠠᠯᠭ᠎ᠠ᠂ ᠵᠢᠴᠢ ᠦᠷ᠎ᠡ ᠪᠦᠲᠦᠮᠵᠢ ᠵᠢᠨ ᠬᠠᠷᠠᠯᠲᠠ ᠵᠢᠨ ᠬᠠᠮᠢᠶᠠᠷᠤᠯᠲᠠ ᠵᠡᠷᠭᠡ ᠲᠥᠰᠦᠪ᠎ᠢ ᠨᠠᠶ᠋ᠢᠷᠠᠭᠤᠯᠤᠨ ᠵᠣᠬᠢᠶᠠᠬᠤ ᠲᠣᠭᠲᠠᠭ᠋ᠠᠯ᠎ᠤᠨ ᠶᠣᠰᠣᠭ᠋ᠠᠷ᠂ ᠲᠡᠭᠦᠨ᠎ᠤ ᠬᠠᠤᠯᠢ ᠶᠣᠰᠣᠭ᠋ᠠᠷ ᠠ᠋ᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠ ᠠᠵᠢᠯ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠵᠢᠴᠢ ᠬᠠᠳᠠᠭ᠋ᠠᠯᠠᠵᠤ ᠪᠠᠶ᠋ᠢᠭ᠎ᠠ ᠠ᠋ᠳ᠋ ᠬᠦᠷᠦᠨᠭᠭᠡ ᠵᠢᠨ ᠪᠠᠶ᠋ᠢᠳᠠᠯ ᠵᠶ᠋ᠠᠨ ᠦᠨᠳᠦᠰᠦᠯᠡᠵᠦ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠵᠢᠨ ᠲᠥᠰᠦᠪ᠎ᠤᠨ ᠲᠥᠰᠦᠯ᠎ᠢ ᠨᠠᠢ᠌ᠷᠠᠭᠣᠯᠣᠨ ᠵᠣᠬᠢᠶᠠᠨ᠎ᠠ᠃
ᠠ᠋ᠮᠦᠨᠡᠬᠢ ᠪᠠᠳᠠᠭ᠎ᠲᠤ ᠬᠡᠯᠡᠵᠦ ᠪᠠᠶ᠋ᠢᠭ᠎ᠠ ᠵᠠᠰᠠᠭ᠎ᠤᠨ ᠣᠷᠳᠣᠨ᠎ᠤ ᠣᠷᠣᠯᠭ᠎ᠠ ᠵᠠᠷᠤᠯᠭ᠎ᠠ ᠵᠢᠨ ᠲᠦᠷᠦᠯ ᠬᠤᠪᠢᠶᠠᠬᠤ ᠵᠦᠢ᠍ᠯ ᠢᠯᠭ᠋ᠠᠯ ᠭᠡᠳᠡᠭ᠎ᠤᠨ ᠣᠷᠣᠯᠭ᠎ᠠ ᠵᠢ ᠲᠦᠷᠦᠯ᠂ ᠪᠠᠳᠠᠭ᠂ ᠵᠦᠢ᠍ᠯ᠂ ᠵᠤᠷᠪᠤᠰ ᠭᠡᠵᠦ ᠬᠤᠪᠢᠶᠠᠨ᠎ᠠ; ᠵᠠᠷᠤᠯᠭ᠎ᠠ ᠵᠢ ᠴᠢᠳᠠᠮᠵᠢ ᠵᠢᠨ ᠢᠯᠭ᠋ᠠᠯ ᠵᠶ᠋ᠠᠷ᠎ᠨᠢ ᠲᠦᠷᠦᠯ᠂ ᠪᠠᠳᠠᠭ᠂ ᠵᠦᠢ᠍ᠯ ᠭᠡᠵᠦ ᠬᠤᠪᠢᠶᠠᠨ᠎ᠠ᠂ ᠠᠵᠤ ᠠᠬᠤᠢ ᠵᠢᠨ ᠰᠢᠨᠵᠢ ᠴᠢᠨᠠᠷ᠎ᠤᠨ ᠢᠯᠭ᠋ᠠᠯ ᠵᠶ᠋ᠠᠷ᠎ᠨᠢ ᠲᠦᠷᠦᠯ᠂ ᠪᠠᠳᠠᠭ ᠭᠡᠵᠦ ᠬᠤᠪᠢᠶᠠᠨ᠎ᠠ᠃
ᠭᠤᠴᠢᠨ ᠭᠤᠷᠪᠠᠳᠤᠭ᠋ᠠᠷ ᠵᠦᠢ᠍ᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ᠎ᠨᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠭᠰᠠᠨ ᠴᠠᠭ᠎ᠲᠤ ᠲᠤᠰ ᠱᠠᠲᠤᠨ᠎ᠤ ᠶᠡᠷᠦᠩᠬᠡᠢ ᠲᠥᠰᠦᠪ᠎ᠤᠨ ᠲᠥᠰᠦᠯ ᠵᠶ᠋ᠡᠨ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠦᠨ ᠬᠢᠨᠠᠭᠤᠯᠵᠤ ᠬᠤᠷᠢᠶᠠᠩᠭᠤᠶ᠋ᠢᠯᠠᠭᠤᠯᠬᠤ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ᠂ ᠲᠥᠪ᠎ᠤᠨ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠲᠤ ᠵᠠᠪᠠᠯ ᠬᠡᠷᠡᠭᠰᠡᠬᠦ ᠬᠡᠰᠡᠭ ᠪᠡᠯᠡ ᠮᠥᠩᠭᠥ ᠵᠢ ᠤᠯᠤᠰ᠎ᠤᠨ ᠳᠣᠲᠣᠭ᠋ᠠᠳᠤ᠎ᠠᠴᠠ ᠪᠠ ᠤᠯᠤᠰ᠎ᠤᠨ ᠭᠠᠳᠠᠭ᠋ᠠᠳᠤ᠎ᠠᠴᠠ ᠵᠢᠭᠡᠯᠡᠯᠭᠡ ᠠᠪᠬᠤ ᠵᠡᠷᠭᠡ ᠠᠷᠭ᠎ᠠ ᠮᠠᠶᠢᠭ ᠵᠶ᠋ᠠᠷ ᠴᠤᠭᠯᠠᠭᠤᠯᠵᠤ ᠪᠣᠯᠤᠨ᠎ᠠ᠂ ᠵᠢᠭᠡᠯᠡᠯᠭᠡ ᠠᠪᠬᠤ᠎ᠳᠤ ᠵᠣᠬᠢᠬᠤ ᠬᠡᠪᠴᠢᠶᠡᠨ᠎ᠳᠤ ᠬᠢᠵᠠᠭ᠋ᠠᠷᠯᠠᠵᠤ᠂ ᠵᠣᠬᠢᠰᠲᠠᠢ ᠪᠦᠲᠦᠴᠡ᠎ᠲᠠᠢ ᠪᠠᠶ᠋ᠢᠯᠭ᠋ᠠᠬᠤ ᠬᠡᠷᠡᠭᠲᠡᠢ᠃
ᠲᠥᠪ᠎ᠤᠨ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠲᠠᠬᠢ ᠵᠢᠭᠡᠯᠡᠭᠰᠡᠨ ᠵᠢᠭᠡᠯᠡᠯᠭᠡ᠎ᠳᠤ ᠦᠯᠡᠳᠡᠪᠦᠷᠢ ᠲᠣᠭ᠎ᠠ ᠵᠢᠨ ᠬᠠᠮᠢᠶᠠᠷᠤᠯᠲᠠ ᠬᠡᠷᠡᠭᠵᠢᠭᠦᠯᠦᠨ᠎ᠡ᠂ ᠦᠯᠡᠳᠡᠪᠦᠷᠢ ᠲᠣᠭ᠎ᠠ ᠵᠢᠨ ᠬᠡᠪᠴᠢᠶ᠎ᠡ᠎ᠨᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠥᠪᠰᠢᠶᠡᠷᠡᠭᠰᠡᠨ ᠬᠢᠵᠠᠭ᠋ᠠᠷᠲᠤ ᠲᠣᠭ᠋ᠠᠨ᠎ᠠᠴᠠ ᠬᠡᠲᠦᠷᠡᠭᠦᠯᠵᠦ ᠪᠣᠯᠬᠤ ᠦᠭᠡᠢ᠃
ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠥᠪ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠨᠢᠭᠡᠳᠦᠯᠲᠡᠢ ᠬᠠᠮᠢᠶᠠᠷᠤᠯᠲᠠ ᠵᠢ ᠪᠣᠳᠠᠲᠠᠢ᠎ᠪᠠᠷ ᠬᠠᠷᠢᠭᠤᠴᠠᠨ᠎ᠠ᠃
ᠭᠤᠴᠢᠨ ᠲᠠᠪᠤᠳᠤᠭ᠋ᠠᠷ ᠵᠦᠢ᠍ᠯ᠂ ᠣᠷᠣᠨ ᠨᠤᠲᠤᠭ᠎ᠤᠨ ᠡᠯ᠎ᠡ ᠱᠠᠲᠤᠨ᠎ᠤ ᠲᠥᠰᠦᠪ᠎ᠢ ᠣᠷᠣᠯᠭ᠎ᠠ᠎ᠪᠠᠨ ᠦᠵᠡᠵᠦ ᠵᠠᠷᠤᠯᠭ᠎ᠠ᠎ᠪᠠᠨ ᠲᠤᠬᠢᠷᠡᠭᠤᠯᠬᠤ᠂ ᠣᠷᠣᠯᠭ᠎ᠠ ᠵᠠᠷᠤᠯᠭ᠎ᠠ ᠵᠢ ᠲᠡᠩᠴᠡᠭᠦᠷᠢᠲᠡᠢ ᠪᠠᠶ᠋ᠢᠯᠭ᠋ᠠᠬᠤ ᠵᠠᠷᠴᠢᠮ ᠵᠶ᠋ᠠᠷ ᠨᠠᠶ᠋ᠢᠷᠠᠭᠤᠯᠤᠨ ᠵᠣᠬᠢᠶᠠᠨ᠎ᠠ᠂ ᠲᠤᠰ ᠬᠠᠤᠯᠢ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠬᠤ ᠵᠢ ᠭᠠᠷᠭ᠋ᠠᠪᠠᠯ᠂ ᠤᠯᠠᠭ᠋ᠠᠨ ᠲᠣᠭ᠎ᠠ ᠵᠢᠭᠰᠠᠭ᠋ᠠᠬᠤ ᠤᠢ᠍ᠭᠡᠢ᠃
ᠲᠦᠷᠦ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠰᠡᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠲᠥᠰᠦᠪ᠎ᠲᠠᠬᠢ ᠵᠠᠪᠠᠯ ᠬᠡᠷᠡᠭᠰᠡᠬᠦ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠬᠡᠰᠡᠭ ᠪᠡᠯᠡ ᠮᠥᠩᠭᠥ ᠵᠢ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠭᠰᠠᠨ ᠬᠢᠵᠠᠭ᠋ᠠᠷᠲᠤ ᠲᠣᠭ᠋ᠠᠨ᠎ᠤ ᠳᠣᠲᠣᠷ᠎ᠠ᠂ ᠭᠠᠵᠠᠷ ᠣᠷᠣᠨ᠎ᠤ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠵᠤ ᠵᠢᠭᠡᠯᠡᠯᠭᠡ ᠠᠪᠬᠤ ᠠᠷᠭ᠎ᠠ ᠮᠠᠶᠢᠭ ᠵᠶ᠋ᠠᠷ ᠳᠠᠮᠵᠢᠵᠦ ᠴᠤᠭᠯᠠᠭᠤᠯᠵᠤ ᠪᠣᠯᠤᠨ᠎ᠠ᠃ ᠵᠢᠭᠡᠯᠡᠯᠭᠡ ᠠᠪᠬᠤ ᠬᠡᠪᠴᠢᠶ᠎ᠡ ᠵᠢ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠶᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠭᠤᠯᠭ᠋ᠠᠭᠰᠠᠨ ᠬᠢᠵᠠᠭ᠋ᠠᠷ ᠲᠣᠭ᠎ᠠ ᠶᠣᠰᠣᠭ᠋ᠠᠷ ᠠᠪᠤᠭᠰᠠᠨ ᠵᠢᠭᠡᠯᠡᠯᠭᠡ ᠵᠢ ᠲᠤᠰ ᠱᠠᠲᠤᠨ᠎ᠤ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠎ᠳᠤ ᠣᠷᠣᠭᠤᠯᠵᠤ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠠᠪᠤᠭᠰᠠᠨ ᠵᠢᠭᠡᠯᠡᠯᠭᠡ᠎ᠳᠤ ᠡᠷᠬᠡᠪᠰᠢ ᠲᠦᠯᠦᠭᠦ ᠲᠥᠯᠥᠪᠯᠡᠭᠡ ᠪᠠ ᠲᠦᠯᠦᠭᠦ ᠪᠡᠯᠡ ᠮᠥᠩᠭᠥ ᠵᠢᠨ ᠲᠣᠭᠲᠠᠪᠤᠷᠢᠲᠠᠢ ᠢᠷᠡᠯᠳᠡ ᠪᠠᠶ᠋ᠢᠬᠤ ᠬᠡᠷᠡᠭᠲᠡᠢ᠂ ᠲᠡᠭᠦᠨ᠎ᠢ ᠵᠥᠪᠬᠡᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠦᠷᠦᠨᠭᠭᠡ ᠵᠢᠨ ᠵᠠᠷᠤᠯᠭ᠎ᠠ᠎ᠳᠤ ᠬᠡᠷᠡᠭᠯᠡᠵᠦ᠂ ᠪᠠᠶ᠋ᠢᠩᠭᠤ ᠵᠢᠨ ᠴᠢᠨᠠᠷᠲᠠᠢ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠢ᠃
ᠠ᠋ᠮᠦᠨᠡᠬᠢ ᠪᠠᠳᠠᠭ᠎ᠤᠨ ᠲᠣᠭᠲᠠᠭ᠋ᠠᠯ᠎ᠠᠴᠠ ᠭᠠᠳᠠᠨ᠎ᠠ᠂ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠶ᠎ᠠ ᠰᠠᠯᠠᠭ᠎ᠠ ᠮᠥᠴᠢᠷ ᠶᠠᠮᠠᠷᠪᠠ ᠠᠷᠭ᠎ᠠ ᠮᠠᠶᠢᠭ ᠵᠶ᠋ᠠᠷ ᠵᠢᠭᠡᠯᠡᠯᠭᠡ ᠠᠪᠴᠤ ᠪᠣᠯᠬᠤ ᠦᠭᠡᠢ᠃
ᠬᠠᠤᠯᠢ ᠴᠠᠭ᠋ᠠᠵᠠ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠬᠤ ᠵᠢ ᠭᠠᠷᠭ᠋ᠠᠪᠠᠯ᠂ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠶ᠎ᠠ ᠰᠠᠯᠠᠭ᠎ᠠ ᠮᠥᠴᠢᠷ᠎ᠠᠴᠠ ᠶᠠᠮᠠᠷᠪᠠ ᠨᠢᠭᠡᠴᠢ ᠪᠠ ᠬᠤᠪᠢ ᠬᠥᠮᠦᠨ᠎ᠤ ᠥᠷᠢ ᠥᠭᠴᠡᠭᠡᠨ᠎ᠳᠤ ᠶᠠᠮᠠᠷᠪᠠ ᠠᠷᠭ᠎ᠠ ᠮᠠᠶᠢᠭ ᠵᠶ᠋ᠠᠷ ᠳᠠᠭ᠋ᠠᠭ᠋ᠠᠯᠲᠠ ᠬᠠᠩᠭ᠋ᠠᠵᠤ ᠪᠣᠯᠬᠤ ᠦᠭᠡᠢ᠃
ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠣᠭᠲᠠᠴᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠶ᠋ᠢᠭᠤᠯᠤᠨ᠎ᠠ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ᠎ᠳᠤ ᠬᠢᠨᠠᠯᠲᠠ ᠲᠠᠯᠪᠢᠨ᠎ᠠ᠃
ᠭᠤᠴᠢᠨ ᠵᠢᠷᠭᠤᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠤᠨ ᠣᠷᠣᠯᠭ᠎ᠠ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ᠎ᠲᠠᠢ ᠵᠣᠬᠢᠴᠠᠭᠤᠯᠵᠤ᠂ ᠠ᠋ᠳ᠋᠎ᠤᠨ ᠵᠠᠰᠠᠭ᠎ᠤᠨ ᠲᠦᠷᠦ ᠵᠢᠨ ᠪᠤᠳᠤᠯᠭ᠎ᠠ᠎ᠲᠠᠢ ᠵᠣᠯᠭ᠋ᠠᠯᠳᠤᠭᠤᠯᠬᠤ ᠬᠡᠷᠡᠭᠲᠡᠢ᠃
ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠤᠰ ᠬᠠᠤᠯᠢ ᠵᠢᠨ ᠲᠣᠭᠲᠠᠭ᠋ᠠᠯ᠎ᠢ ᠵᠢᠷᠤᠮᠯᠠᠨ᠂ ᠵᠠᠰᠠᠭ᠎ᠤᠨ ᠣᠷᠳᠣᠨ᠎ᠤ ᠪᠦᠬᠦ ᠣᠷᠣᠯᠭ᠎ᠠ ᠵᠢ ᠴᠥᠮ ᠲᠥᠰᠦᠪ᠎ᠲᠤ ᠣᠷᠣᠭᠤᠯᠬᠤ ᠬᠡᠷᠡᠭᠲᠡᠢ᠂ ᠨᠢᠭᠤᠨ ᠳᠠᠯᠳᠠᠯᠠᠵᠤ᠂ ᠳᠤᠲᠠᠭᠤ ᠵᠢᠭᠰᠠᠭ᠋ᠠᠵᠤ ᠪᠣᠯᠬᠤ ᠦᠭᠡᠢ᠃
ᠭᠤᠴᠢᠨ ᠳᠣᠯᠣᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠤᠨ ᠵᠠᠷᠤᠯᠭ᠎ᠠ ᠵᠢ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ᠂ ᠴᠢᠳᠠᠮᠵᠢ ᠪᠣᠯᠤᠨ ᠠᠵᠤ ᠠᠬᠤᠢ ᠵᠢᠨ ᠰᠢᠨᠵᠢ ᠴᠢᠨᠠᠷ ᠵᠶ᠋ᠠᠷ᠎ᠨᠢ ᠲᠦᠷᠦᠯ ᠬᠤᠪᠢᠶᠠᠵᠤ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃
ᠡᠯ᠎ᠡ ᠱᠠᠲᠤᠨ᠎ᠤ ᠲᠥᠰᠦᠪ᠎ᠤᠨ ᠵᠠᠷᠤᠯᠭ᠎ᠠ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠠᠷᠴᠢᠮ᠎ᠢ ᠲᠤᠤᠱᠯᠠᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ ᠪᠠ ᠠᠰᠠᠷ ᠲᠠᠩᠬᠢᠮ ᠣᠷᠳᠣᠨ ᠪᠠᠭᠤᠳᠠᠯ ᠵᠡᠷᠭᠡ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠵᠠᠷᠤᠯᠭ᠎ᠠ ᠵᠢ ᠴᠢᠩᠭ᠎ᠠ ᠬᠢᠵᠠᠭ᠋ᠠᠷᠯᠠᠬᠤ ᠬᠡᠷᠡᠭᠲᠡᠢ᠃
ᠡᠯ᠎ᠡ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠵᠠᠷᠤᠯᠭ᠎ᠠ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠨᠢᠭᠡᠳᠦᠯᠲᠡᠢ ᠲᠥᠯᠥᠪᠯᠡᠨ ᠨᠡᠢ᠍ᠢ᠍ᠳᠡ᠎ᠳᠤᠨᠢ ᠬᠠᠷᠠᠭ᠋ᠠᠯᠵᠠᠵᠤ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠵᠦᠢ ᠵᠣᠬᠢᠰᠲᠠᠢ ᠬᠡᠷᠡᠭᠴᠡᠭᠡ ᠵᠢ ᠪᠠᠲᠤᠯᠠᠬᠤ ᠤᠷᠢᠲᠠᠯ᠎ᠤᠨ ᠳᠣᠣᠷ᠎ᠠ᠂ ᠤᠯᠤᠰ᠎ᠠᠴᠠ ᠲᠣᠭᠲᠠᠭ᠋ᠠᠭᠰᠠᠨ ᠭᠣᠣᠯᠳᠠᠯᠭ᠎ᠠ᠎ᠲᠠᠢ ᠵᠠᠷᠤᠯᠭ᠎ᠠ ᠵᠢ ᠤᠷᠢᠳ ᠵᠶ᠋ᠠᠷ ᠲᠤᠭᠢᠷᠠᠭᠤᠯᠬᠤ ᠬᠡᠷᠡᠭᠲᠡᠢ᠃
ᠭᠤᠴᠢᠨ ᠨᠠᠢ᠍ᠮᠠᠳᠤᠭ᠋ᠠᠷ ᠵᠦᠢ᠍ᠯ᠂ ᠠ᠋ᠩ᠎ᠤᠨ ᠴᠢᠨᠠᠷᠲᠠᠢ ᠰᠢᠯᠵᠢᠭᠦᠯᠦᠨ ᠥᠭᠬᠦ ᠵᠢ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠭᠰᠠᠨ ᠦᠨᠳᠦᠰᠦᠨ ᠪᠠᠷᠢᠮᠵᠢᠶ᠎ᠠ ᠪᠠ ᠪᠤᠳᠤᠬᠤ ᠠᠷᠭ᠎ᠠ ᠵᠢᠨ ᠶᠣᠰᠣᠭ᠋ᠠᠷ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠵᠢ ᠭᠠᠵᠠᠷ ᠣᠷᠣᠨ ᠬᠤᠪᠢᠶᠠᠨ᠂ ᠲᠦᠷᠦᠯ ᠵᠦᠢ᠍ᠯ ᠬᠤᠪᠢᠶᠠᠨ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠳᠤ ᠰᠢᠯᠵᠢᠭᠦᠯᠦᠨ ᠥᠭᠬᠦ ᠵᠢᠱ᠌ᠢᠯᠲᠡ ᠲᠣᠭ᠎ᠠ ᠵᠢ ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠳᠤ ᠤᠷᠢᠳᠴᠢᠯᠠᠨ ᠪᠠᠭᠤᠯᠭ᠋ᠠᠬᠤ ᠬᠡᠷᠡᠭᠲᠡᠢ᠃
ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠤ ᠤᠷᠢᠳᠴᠢᠯᠠᠨ ᠪᠠᠭᠤᠯᠭ᠋ᠠᠭᠰᠠᠨ ᠰᠢᠯᠵᠢᠭᠦᠯᠦᠨ ᠥᠭᠬᠦ ᠵᠢᠱ᠌ᠢᠯᠲᠡ ᠲᠣᠭ᠎ᠠ ᠵᠢ ᠲᠤᠰ ᠱᠠᠲᠤᠨ᠎ᠤ ᠲᠥᠰᠦᠪ᠎ᠲᠤ ᠨᠠᠶ᠋ᠢᠷᠠᠭᠤᠯᠤᠨ ᠣᠷᠣᠭᠤᠯᠬᠤ ᠬᠡᠷᠡᠭᠲᠡᠢ᠃
ᠭᠤᠴᠢ ᠶᠢᠰᠦᠳᠦᠭᠡᠷ ᠵᠦᠢ᠍ᠯ᠂ ᠲᠥᠪ᠎ᠤᠨ ᠲᠥᠰᠦᠪ ᠬᠢᠭᠡᠳ ᠬᠣᠯᠪᠣᠭᠳᠠᠯ ᠪᠦᠬᠦᠢ ᠣᠷᠣᠨ ᠨᠤᠲᠤᠭ᠎ᠤᠨ ᠲᠥᠰᠦᠪ᠎ᠲᠤ ᠴᠢᠬᠤᠯᠠ ᠪᠦᠬᠦᠢ ᠪᠡᠯᠠ ᠮᠥᠩᠭᠥ ᠵᠢ ᠲᠤᠬᠢᠷᠡᠭᠤᠯᠵᠦ᠂ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠣᠷᠣᠨ᠂ ᠬᠢᠯᠢ ᠬᠢᠵᠠᠭ᠋ᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠪᠦᠳᠦᠭᠡᠠ ᠪᠠᠶ᠋ᠢᠭᠤᠯᠤᠯᠲᠠ ᠵᠢᠨ ᠦᠢ᠍ᠯᠡᠰ᠎ᠢ ᠲᠡᠳᠬᠦᠨ ᠲᠤᠰᠠᠯᠠᠬᠤ᠎ᠳᠤ ᠬᠡᠷᠡᠭᠯᠡᠨ᠎ᠡ᠃
ᠳᠥᠴᠢᠳᠦᠭᠡᠷ ᠵᠦᠢ᠍ᠯ᠂ ᠡᠯ᠎ᠡ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠨᠢ ᠲᠤᠰ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠵᠠᠷᠤᠯᠭ᠎ᠠ ᠵᠢᠨ ᠲᠣᠭ᠋ᠠᠨ᠎ᠤ ᠵᠠᠭᠣᠨ᠎ᠤ ᠨᠢᠭᠡ᠎ᠠᠴᠠ ᠵᠠᠭᠣᠨ᠎ᠤ ᠭᠤᠷᠪᠠ᠎ᠪᠠᠷ ᠪᠡᠯᠡᠳᠬᠡᠯ ᠵᠠᠷᠤᠳᠠᠯ ᠳᠣᠬᠢᠷᠠᠭᠣᠯᠬᠣ ᠵᠢᠨ ᠶᠤᠰᠤᠭ᠋ᠠᠷ ᠲᠤᠰ ᠵᠢᠯ᠎ᠤᠨ ᠲᠥᠰᠦᠪ᠎ᠢ ᠭᠦᠢ᠍ᠴᠡᠳᠬᠡᠬᠦ ᠳᠤᠮᠳᠠᠬᠢ ᠪᠠᠶ᠋ᠢᠭ᠋ᠠᠯᠢ ᠵᠢᠨ ᠭᠠᠮᠰᠢᠭ ᠵᠡᠷᠭᠡ ᠭᠡᠨᠡᠳᠲᠡ ᠠ᠋ᠭᠦᠰᠬᠦ ᠬᠡᠷᠡᠭ᠎ᠢ ᠰᠢᠢ᠍ᠳᠪᠦᠷᠢᠯᠡᠬᠦ᠎ᠳᠤ ᠨᠡᠮᠡᠭᠳᠡᠭᠰᠡᠨ ᠵᠠᠷᠤᠯᠭ᠎ᠠ ᠵᠢᠴᠢ ᠤᠷᠢᠳᠴᠢᠯᠠᠨ ᠮᠡᠳᠡᠬᠦ ᠵᠢᠨ ᠠᠷᠭ᠎ᠠ ᠤᠢ᠍ᠭᠡᠢ ᠪᠤᠰᠤᠳ ᠵᠠᠷᠤᠳᠠᠯ ᠭᠠᠷᠬᠤ᠎ᠳᠤ ᠬᠡᠷᠡᠭᠯᠡᠨ᠎ᠡ᠃
ᠳᠥᠴᠢᠨ ᠨᠢᠭᠡᠳᠦᠭᠡᠷ ᠵᠦᠢ᠍ᠯ᠂ ᠡᠯ᠎ᠡ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠲᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠶᠣᠰᠣᠭ᠋ᠠᠷ᠂ ᠲᠥᠰᠦᠪ᠎ᠤᠨ ᠠ᠋ᠷᠭᠢᠯᠲᠡ ᠵᠢᠨ ᠮᠥᠩᠭᠥ ᠲᠤᠭᠢᠷᠠᠭᠤᠯᠵᠦ ᠪᠣᠯᠤᠨ᠎ᠠ᠂ ᠲᠡᠭᠦᠨ᠎ᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠲᠥᠰᠦᠪ᠎ᠤᠨ ᠣᠨ᠎ᠤ ᠵᠢᠯ᠎ᠤᠨ ᠤᠯᠠᠷᠢᠯ᠎ᠤᠨ ᠴᠢᠨᠠᠷᠲᠠᠢ ᠣᠷᠣᠯᠭ᠎ᠠ ᠵᠠᠷᠤᠯᠭ᠎ᠠ ᠵᠢᠨ ᠵᠦᠷᠢᠶ᠎ᠡ ᠲᠣᠭ᠎ᠠ ᠵᠢ ᠲᠤᠭᠢᠷᠠᠭᠤᠯᠬᠤ᠎ᠳᠤ ᠬᠡᠷᠡᠭᠯᠡᠵᠦ ᠪᠣᠯᠤᠨ᠎ᠠ .
ᠡᠯ᠎ᠡ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠲᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠶᠣᠰᠣᠭ᠋ᠠᠷ᠂ ᠲᠥᠰᠦᠪ᠎ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠥ ᠵᠢ ᠪᠠᠶ᠋ᠢᠭᠤᠯᠵᠤ᠂ ᠳᠠᠷᠠᠭ᠋ᠠᠴᠢ ᠵᠢᠨ ᠣᠨ᠎ᠤ ᠵᠢᠯ᠎ᠤᠨ ᠲᠥᠰᠦᠪ᠎ᠤᠨ ᠪᠡᠯᠡ ᠮᠥᠩᠭᠥᠨ᠎ᠤ ᠳᠤᠲᠠᠭᠳᠠᠯ᠎ᠢ ᠨᠥᠬᠥᠪᠥᠷᠢᠯᠡᠬᠦ᠎ᠳᠤ ᠬᠡᠷᠡᠭᠯᠡᠵᠦ ᠪᠣᠯᠤᠨ᠎ᠠ᠃
ᠳᠥᠴᠢᠨ ᠬᠣᠶᠠᠳᠤᠭ᠋ᠠᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠲᠦᠷᠦᠭᠦᠦ ᠨᠢᠭᠡ ᠵᠢᠯ᠎ᠤᠨ ᠲᠥᠰᠦᠪ᠎ᠤᠨ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠥ ᠵᠢ ᠳᠠᠷᠠᠭ᠎ᠠ ᠨᠢᠭᠡ ᠵᠢᠯ᠎ᠳᠤ ᠳ᠋ᠦᠩᠨᠡᠨ ᠰᠢᠯᠵᠢᠭᠦᠯᠦᠭᠰᠡᠨ ᠵᠦᠢ᠍ᠯᠡᠰ᠎ᠤᠨ ᠵᠠᠷᠤᠯᠭ᠎ᠠ᠎ᠳᠤ ᠬᠡᠷᠡᠭᠯᠡᠬᠦ ᠬᠡᠷᠡᠭᠲᠡᠢ; ᠬᠣᠶᠠᠷ ᠵᠢᠯ ᠳᠠᠷᠠᠭ᠋ᠠᠯᠠᠨ ᠬᠡᠷᠡᠭᠯᠡᠵᠦ ᠳᠠᠭᠤᠰᠤᠭᠰᠠᠨ ᠦᠭᠡᠢ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠥ ᠵᠢ ᠦᠯᠡᠳᠡᠪᠦᠷᠢ ᠪᠡᠯᠡ ᠮᠥᠩᠭᠥ ᠪᠣᠯᠭ᠋ᠠᠨ ᠬᠠᠮᠢᠶᠠᠷᠬᠤ ᠬᠡᠷᠡᠭᠲᠡᠢ᠃
ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ ᠲᠦᠷᠦᠭᠦᠦ ᠨᠢᠭᠡ ᠵᠢᠯ᠎ᠤᠨ ᠲᠥᠰᠦᠪ᠎ᠤᠨ ᠳ᠋ᠦᠩᠨᠡᠨ ᠰᠢᠯᠵᠢᠭᠦᠯᠦᠭᠰᠡᠨ᠂ ᠦᠯᠡᠳᠡᠭᠰᠡᠨ ᠪᠡᠯᠡ ᠮᠥᠩᠭᠥ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠲᠠᠪᠤᠳᠤᠭ᠋ᠠᠷ ᠪᠦᠯᠦᠭ ᠲᠦᠰᠦᠪ᠎ᠢ ᠬᠢᠨᠠᠨ ᠪᠠᠶ᠋ᠢᠴᠠᠭ᠋ᠠᠬᠤ ᠪᠠ ᠵᠥᠪᠰᠢᠶᠡᠷᠡᠬᠦ
ᠳᠥᠴᠢᠨ ᠭᠤᠷᠪᠠᠳᠤᠭ᠋ᠠᠷ ᠵᠦᠢ᠍ᠯ᠂ ᠲᠥᠪ᠎ᠤᠨ ᠲᠥᠰᠦᠪ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠬᠢᠨᠠᠨ ᠪᠠᠶ᠋ᠢᠴᠠᠭ᠋ᠠᠵᠤ ᠵᠥᠪᠰᠢᠶᠡᠷᠡᠨ᠎ᠡ᠃
ᠣᠷᠣᠨ ᠨᠤᠲᠤᠭ᠎ᠤᠨ ᠡᠯ᠎ᠡ ᠱᠠᠲᠤᠨ᠎ᠤ ᠲᠥᠰᠦᠪ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠬᠢᠨᠠᠨ ᠪᠠᠶ᠋ᠢᠴᠠᠭ᠋ᠠᠵᠤ ᠵᠥᠪᠰᠢᠶᠡᠷᠡᠨ᠎ᠡ᠃
ᠳᠥᠴᠢᠨ ᠳᠥᠷᠪᠡᠳᠦᠭᠡᠷ ᠵᠦᠢ᠍ᠯ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠵᠢᠯ ᠪᠦᠷᠢ ᠵᠢᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠤᠷᠠᠯᠳᠤᠬᠤ᠎ᠠᠴᠠ ᠳᠥᠴᠢᠨ ᠲᠠᠪᠤᠨ ᠠ᠋ᠳᠦᠷ᠎ᠤᠨ ᠠ᠋ᠮᠦᠨ᠎ᠡ᠂ ᠲᠥᠪ᠎ᠤᠨ ᠲᠥᠰᠦᠪ᠎ᠤᠨ ᠲᠥᠰᠦᠯ᠎ᠤᠨ ᠠᠩᠬᠠᠨ᠎ᠤ ᠲᠥᠰᠦᠯ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠ᠋ᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶ᠋ᠢᠴᠠᠭ᠋ᠠᠯᠭ᠋ᠠᠬᠤ ᠬᠡᠷᠡᠭᠲᠡᠢ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠤᠷᠠᠯᠳᠤᠬᠤ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠤᠰ ᠱᠠᠲᠤᠨ᠎ᠤ ᠲᠥᠰᠦᠪ᠎ᠤᠨ ᠲᠥᠰᠦᠯ᠎ᠤᠨ ᠠᠩᠬᠠᠨ᠎ᠤ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠢ ᠵᠥᠪᠯᠡᠯ᠎ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶ᠋ᠢᠴᠠᠭ᠋ᠠᠯᠭ᠋ᠠᠬᠤ ᠬᠡᠷᠡᠭᠲᠡᠢ᠃
ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠵᠢᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠤᠷᠠᠯ ᠬᠤᠷᠠᠯᠳᠤᠬᠤ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠤᠰ ᠱᠠᠲᠤᠨ᠎ᠤ ᠲᠥᠰᠦᠪ᠎ᠤᠨ ᠲᠥᠰᠦᠯ᠎ᠤᠨ ᠠᠩᠬᠠᠨ᠎ᠤ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠢ ᠵᠥᠪᠯᠡᠯ᠎ᠳᠤ ᠳᠡᠪᠰᠢᠭᠦᠯᠵᠦ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠯᠭᠡᠬᠦ ᠪᠤᠶᠤ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠳᠤ ᠬᠦᠷᠭᠡᠨ ᠰᠠᠨᠠᠯ ᠬᠤᠷᠢᠶᠠᠬᠤ ᠬᠡᠷᠡᠭᠲᠡᠢ᠃
ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠣᠷᠢᠭ ᠦᠭᠡᠢ ᠬᠤᠲᠠ᠂ ᠬᠤᠳᠠ ᠵᠢᠨ ᠬᠠᠷᠢᠶ᠎ᠠ ᠲᠣᠭᠣᠷᠢᠭ᠎ᠤᠨ ᠵᠠᠰᠠᠭ᠎ᠤᠨ ᠣᠷᠳᠣᠨ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠤᠷᠠᠯ ᠬᠤᠷᠠᠯᠳᠤᠬᠤ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠤᠰ ᠱᠠᠲᠤᠨ᠎ᠤ ᠲᠥᠰᠦᠪ᠎ᠤᠨ ᠲᠥᠰᠦᠯ᠎ᠤᠨ ᠠᠩᠬᠠᠨ᠎ᠤ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠳᠣᠰᠢᠶᠠᠵᠦ᠂ ᠠᠩᠬ᠎ᠠ ᠠᠯᠬᠤᠮ ᠬᠢᠨᠠᠨ ᠪᠠᠶ᠋ᠢᠴᠠᠭ᠋ᠠᠯᠭ᠋ᠠᠬᠤ ᠬᠡᠷᠡᠭᠲᠡᠢ᠃
ᠳᠥᠴᠢᠨ ᠲᠠᠪᠤᠳᠤᠭ᠋ᠠᠷ ᠵᠦᠢ᠍ᠯ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠣᠷᠢᠭ ᠦᠭᠡᠢ ᠬᠤᠲᠠ᠂ ᠬᠣᠲᠠ ᠵᠢᠨ ᠬᠠᠷᠢᠶ᠎ᠠ ᠲᠣᠭᠣᠷᠢᠭ᠂ ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠬᠤᠷᠠᠯ ᠬᠤᠷᠠᠯᠳᠤᠵᠤ ᠲᠥᠰᠦᠪ᠎ᠤᠨ ᠲᠥᠰᠦᠯ᠎ᠢ ᠬᠢᠨᠠᠨ ᠪᠠᠶ᠋ᠢᠴᠠᠭ᠋ᠠᠬᠤ᠎ᠠᠴᠠ ᠠ᠋ᠮᠦᠨ᠎ᠡ᠂ ᠤᠯᠠᠨ ᠵᠦᠢ᠍ᠯ᠎ᠤᠨ ᠬᠡᠯᠪᠡᠷᠢ᠎ᠪᠠᠷ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢ ᠵᠣᠬᠢᠶᠠᠨ ᠪᠠᠢ᠌ᠭᠣᠯᠣᠨ᠂ ᠰᠣᠩᠭᠣᠭᠤᠯᠢ ᠵᠢᠨ ᠠᠷᠠᠳ ᠪᠣᠯᠤᠨ ᠨᠡᠶ᠋ᠢᠭᠡᠮ᠎ᠤᠨ ᠡᠯ᠎ᠡ ᠠ᠋ᠲᠡᠭᠡᠳᠤᠨᠬᠢᠨᠤ ᠰᠠᠨᠠᠯ᠎ᠢ ᠰᠣᠨᠣᠰᠬᠤ ᠬᠡᠷᠡᠭᠲᠡᠶ᠃
ᠳᠥᠴᠢᠨ ᠵᠢᠷᠭᠤᠳᠤᠭ᠋ᠠᠷ ᠵᠦᠢ᠍ᠯ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠮᠡᠳᠡᠭᠦᠯᠦᠨ ᠬᠦᠷᠭᠡᠵᠦ ᠬᠢᠨᠠᠨ ᠪᠠᠶ᠋ᠢᠴᠠᠭ᠋ᠠᠯᠭ᠋ᠠᠬᠤ ᠪᠠ ᠵᠥᠪᠰᠢᠶᠡᠷᠡᠭᠦᠯᠬᠦ ᠲᠥᠰᠦᠪ᠎ᠤᠨ ᠲᠥᠰᠦᠯ᠎ᠢ ᠨᠠᠷᠢᠯᠢᠬ᠍ᠵᠢᠭᠤᠯᠬᠤ ᠬᠡᠷᠡᠭᠲᠡᠢ᠃ ᠲᠤᠰ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠵᠠᠷᠤᠯᠭ᠎ᠠ ᠵᠢ ᠴᠢᠳᠠᠮᠵᠢ᠎ᠪᠠᠷ᠎ᠨᠢ ᠲᠦᠷᠦᠯ ᠬᠤᠪᠢᠶᠠᠬᠤ᠎ᠳᠠᠭᠠᠨ ᠵᠣᠷᠪᠣᠰ ᠪᠦᠬᠦᠨ᠎ᠢ ᠨᠠᠶ᠋ᠢᠷᠠᠭᠤᠯᠤᠨ ᠵᠢᠬᠰᠠᠭ᠋ᠠᠬᠣ ᠬᠡᠷᠡᠭᠲᠡᠢ; ᠠᠵᠤ ᠠᠬᠤᠢ ᠵᠢᠨ ᠰᠢᠨᠵᠢ ᠴᠢᠨᠠᠷ ᠵᠶ᠋ᠠᠷ᠎ᠨᠢ ᠲᠦᠷᠦᠯ ᠬᠤᠪᠢᠶᠠᠬᠤ᠎ᠳᠠᠭᠠᠨ ᠦᠨᠳᠦᠰᠦᠨ ᠵᠠᠷᠤᠯᠭ᠎ᠠ ᠵᠢ ᠪᠠᠳᠠᠭ ᠪᠦᠬᠦᠨ᠎ᠢ ᠨᠠᠶ᠋ᠢᠷᠠᠭᠤᠯᠤᠨ ᠵᠢᠬᠰᠠᠭ᠋ᠠᠬᠣ ᠬᠡᠷᠡᠭᠲᠡᠢ᠃ ᠲᠤᠰ ᠱᠠᠲᠤᠨ᠎ᠤ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠲᠥᠰᠦᠪ᠂ ᠤᠯᠤᠰ᠎ᠤᠨ ᠥᠮᠴᠢᠯᠡᠯ᠎ᠤᠨ ᠪᠡᠯᠡ ᠬᠦᠷᠦᠨᠭᠭᠡ ᠵᠢᠨ ᠡᠵᠡᠩᠨᠡᠯᠲᠡ ᠵᠢᠨ ᠲᠥᠰᠦᠪ᠂ ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠥᠰᠦᠪ᠎ᠤᠨ ᠵᠠᠷᠤᠯᠭ᠎ᠠ ᠵᠢ ᠴᠢᠳᠠᠮᠵᠢ᠎ᠪᠠᠷ᠎ᠨᠢ ᠲᠦᠷᠦᠯ ᠬᠤᠪᠢᠶᠠᠬᠤ᠎ᠳᠠᠭᠠᠨ ᠵᠣᠷᠪᠣᠰ ᠪᠦᠬᠦᠨ᠎ᠢ ᠨᠠᠶ᠋ᠢᠷᠠᠭᠤᠯᠤᠨ ᠵᠢᠬᠰᠠᠭ᠋ᠠᠬᠣ ᠬᠡᠷᠡᠭᠲᠡᠢ᠃
ᠳᠥᠴᠢᠨ ᠳᠣᠯᠣᠳᠤᠭ᠋ᠠᠷ ᠵᠦᠢ᠍ᠯ᠂ ᠲᠦᠷᠤ ᠵᠢᠨ ᠶᠠᠪᠤᠳᠠᠯ᠎ᠤᠨ ᠬᠣᠷᠢᠶ᠎ᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠤᠷᠠᠯᠳᠤᠬᠤ ᠦᠶ᠎ᠡ᠎ᠳᠤ᠂ ᠶᠡᠬᠡ ᠬᠤᠷᠠᠯ᠎ᠳᠤ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠤᠨ ᠲᠥᠰᠦᠯ ᠵᠢᠴᠢ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠤᠨ ᠮᠡᠳᠡᠭᠦᠯᠦᠯᠲᠡ ᠬᠢᠬᠦ ᠬᠡᠷᠡᠭᠲᠡᠶ᠃
ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠤᠷᠠᠯ ᠬᠤᠷᠠᠯᠳᠤᠬᠤ ᠦᠶ᠎ᠡ᠎ᠳᠤ᠂ ᠶᠡᠬᠡ ᠬᠤᠷᠠᠯ᠎ᠳᠤ ᠶᠡᠷᠦᠩᠬᠡᠢ ᠲᠥᠰᠦᠪ᠎ᠤᠨ ᠲᠥᠰᠦᠯ ᠪᠣᠯᠤᠨ ᠶᠡᠷᠦᠩᠬᠡᠢ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠬᠢᠨ᠎ᠡ᠃
ᠳᠥᠴᠢᠨ ᠨᠠᠢ᠍ᠮᠠᠳᠤᠭ᠋ᠠᠷ ᠵᠦᠢ᠍ᠯ᠂ ᠪᠦᠬᠦ ᠣᠯᠣᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠲᠥᠰᠦᠪ᠎ᠤᠨ ᠲᠥᠰᠦᠯ ᠵᠢᠴᠢ ᠲᠡᠭᠦᠨ᠎ᠤ ᠮᠡᠳᠡᠭᠦᠯᠦᠯᠲᠡ᠂ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠤᠨ ᠮᠡᠳᠡᠭᠦᠯᠦᠯᠲᠡ ᠵᠢᠨ ᠳᠣᠣᠷ᠎ᠠ ᠵᠢᠭᠰᠠᠭ᠋ᠠᠭᠰᠠᠨ ᠠᠭᠤᠯᠭ᠎ᠠ ᠵᠢ ᠭᠣᠣᠯᠳᠠᠯᠭ᠎ᠠ᠎ᠲᠠᠢ ᠬᠢᠨᠠᠨ ᠪᠠᠶ᠋ᠢᠴᠠᠭ᠋ᠠᠨ᠎ᠠ᠄
(ᠨᠢᠭᠡ) ᠲᠦᠷᠦᠭᠦᠦ ᠨᠢᠭᠡ ᠵᠢᠯ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠰᠦᠪ᠎ᠤᠨ ᠰᠢᠢ᠍ᠳᠪᠦᠷᠢ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠠ᠋ᠰᠡᠬᠦ;
(ᠬᠣᠶᠠᠷ) ᠲᠥᠰᠦᠪ᠎ᠤᠨ ᠲᠤᠭᠢᠷᠠᠭᠤᠯᠤᠯᠳᠠ᠎ᠨᠢ ᠲᠤᠰ ᠬᠠᠤᠯᠢ ᠵᠢᠨ ᠲᠣᠭᠲᠠᠭ᠋ᠠᠯ᠎ᠳᠤ ᠨᠡᠶ᠋ᠢᠴᠡᠬᠦ ᠠ᠋ᠰᠡᠬᠦ;
(ᠭᠤᠷᠪᠠ) ᠲᠥᠰᠦᠪ᠎ᠤᠨ ᠲᠤᠭᠢᠷᠠᠭᠤᠯᠤᠯᠳᠠ᠎ᠨᠢ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠴᠢᠭᠯᠡᠯᠲᠡ ᠲᠦᠷᠦ ᠵᠢᠨ ᠪᠤᠳᠤᠯᠭ᠎ᠠ ᠵᠢ ᠲᠤᠤᠱᠯᠠᠭᠤᠯᠤᠭᠰᠠᠨ ᠠ᠋ᠰᠡᠬᠦ᠂ ᠣᠷᠣᠯᠭ᠎ᠠ ᠵᠠᠷᠤᠯᠭ᠎ᠠ ᠵᠢᠨ ᠲᠦᠷᠦ ᠵᠢᠨ ᠪᠤᠳᠤᠯᠭ᠎ᠠ᠎ᠨᠢ ᠦᠨᠡᠨ ᠬᠦ᠌ ᠬᠡᠷᠡᠭᠵᠢᠭᠦᠯᠵᠦ ᠪᠣᠯᠬᠤ ᠠ᠋ᠰᠡᠬᠦ;
(ᠳᠦᠷᠪᠡ) ᠭᠣᠣᠯᠳᠠᠯᠭ᠎ᠠ᠎ᠲᠠᠢ ᠵᠠᠷᠤᠯᠭ᠎ᠠ ᠪᠠ ᠴᠢᠬᠤᠯᠠ ᠶᠡᠬᠡ ᠪᠡᠯᠡ ᠣᠷᠣᠭᠤᠯᠤᠯᠲᠠ ᠵᠢᠨ ᠵᠦᠢ᠍ᠯᠡᠰ᠎ᠤᠨ ᠲᠥᠰᠦᠪ᠎ᠤᠨ ᠲᠤᠭᠢᠷᠠᠭᠤᠯᠤᠯᠳᠠ᠎ᠨᠢ ᠵᠣᠬᠢᠰᠲᠠᠢ ᠠ᠋ᠰᠡᠬᠦ;
(ᠲᠠᠪᠤ) ᠲᠥᠰᠦᠪ᠎ᠢ ᠨᠠᠶ᠋ᠢᠷᠠᠭᠤᠯᠤᠨ ᠵᠣᠬᠢᠶᠠᠭᠰᠠᠨ᠎ᠨᠢ ᠪᠦᠷᠢᠨ ᠲᠡᠭᠦᠯᠳᠡᠷ ᠪᠠᠶ᠋ᠢᠬᠤ ᠠ᠋ᠰᠡᠬᠦ᠂ ᠲᠤᠰ ᠬᠠᠤᠯᠢ ᠵᠢᠨ ᠳᠥᠴᠢᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ ᠠ᠋ᠰᠡᠬᠦ;
(ᠵᠢᠷᠭᠤᠭ᠎ᠠ) ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠳᠤ ᠰᠢᠯᠵᠢᠭᠦᠯᠦᠨ ᠥᠭᠬᠦ ᠴᠢᠨᠠᠷᠲᠠᠢ ᠵᠠᠷᠤᠯᠭ᠎ᠠ ᠵᠢᠨ ᠲᠥᠰᠦᠪ᠎ᠨᠢ ᠵᠢᠷᠦᠮᠵᠢᠭᠤᠨ᠂ ᠵᠣᠬᠢᠰᠲᠠᠢ ᠠ᠋ᠰᠡᠬᠦ;
(ᠳᠤᠯᠤᠭ᠎ᠠ) ᠲᠥᠰᠦᠪ᠎ᠤᠨ ᠲᠤᠭᠢᠷᠠᠭᠤᠯᠤᠯᠳᠠ᠎ᠳᠠᠬᠢ ᠵᠢᠭᠡᠯᠡᠭᠰᠡᠨ ᠵᠢᠭᠡᠯᠡᠯᠭᠡ᠎ᠨᠢ ᠬᠠᠤᠯᠢ᠎ᠳᠤ ᠨᠡᠶ᠋ᠢᠴᠡᠬᠦ ᠠ᠋ᠰᠡᠬᠦ᠂ ᠵᠦᠢ ᠵᠣᠬᠢᠰᠲᠠᠢ ᠠ᠋ᠰᠡᠬᠦ᠂ ᠲᠦᠯᠦᠭᠦ ᠲᠥᠯᠥᠪᠯᠡᠭᠡ ᠪᠠ ᠲᠦᠯᠦᠭᠦ ᠪᠡᠯᠡ ᠮᠥᠩᠭᠥ ᠵᠢᠨ ᠲᠣᠭᠲᠠᠪᠤᠷᠢᠲᠠᠢ ᠢᠷᠡᠯᠳᠡ᠎ᠲᠠᠢ ᠪᠠᠶ᠋ᠢᠬᠤ ᠠ᠋ᠰᠡᠬᠦ;
(ᠨᠠᠢ᠍ᠮᠠ) ᠲᠥᠰᠦᠪ᠎ᠲᠠᠢ ᠬᠣᠯᠪᠣᠭᠳᠠᠯ ᠪᠦᠬᠦᠢ ᠴᠢᠬᠤᠯᠠ ᠵᠦᠢ᠍ᠯᠡᠰ᠎ᠤᠨ ᠲᠣᠳᠣᠷᠬᠠᠶ᠋ᠢᠯᠠᠯᠲᠠ᠎ᠨᠢ ᠲᠣᠳᠣᠷᠬᠠᠢ ᠪᠠᠶ᠋ᠢᠬᠤ ᠠ᠋ᠰᠡᠬᠦ᠃
ᠳᠥᠴᠢ ᠶᠢᠰᠦᠳᠦᠭᠡᠷ ᠵᠦᠢ᠍ᠯ᠂ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠ᠋ᠳ᠋᠎ᠤᠨ ᠵᠠᠰᠠᠭ ᠠᠵᠤ ᠠᠬᠤᠶ ᠵᠢᠨ ᠺᠣᠮᠢᠰ᠎ᠠᠴᠠ ᠪᠦᠬᠦ ᠣᠯᠣᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠳᠤᠷᠠᠳᠤᠭᠰᠠᠨ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠤᠨ ᠲᠥᠰᠦᠯ ᠬᠢᠭᠡᠳ ᠲᠥᠪ᠎ᠤᠨ ᠪᠠ ᠣᠷᠣᠨ ᠨᠣᠲᠣᠭ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠢ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠤᠨ ᠲᠤᠬᠠᠶ ᠮᠡᠳᠡᠭᠦᠯᠦᠯᠲᠡ ᠳᠡᠪᠰᠢᠭᠦᠯᠦᠨ᠎ᠡ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠶ ᠺᠣᠮᠢᠰ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠣᠷᠢᠭ ᠦᠭᠡᠢ ᠬᠤᠲᠠ᠂ ᠬᠤᠳᠠ ᠵᠢᠨ ᠬᠠᠷᠢᠶ᠎ᠠ ᠲᠣᠭᠣᠷᠢᠭ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠳᠤᠷᠠᠳᠤᠭᠰᠠᠨ ᠶᠡᠷᠦᠩᠬᠡᠢ ᠲᠥᠰᠦᠪ᠎ᠤᠨ ᠲᠥᠰᠦᠯ ᠵᠢᠴᠢ ᠲᠦᠷᠦᠭᠦᠦ ᠨᠢᠭᠡ ᠵᠢᠯ᠎ᠤᠨ ᠶᠡᠷᠦᠩᠬᠡᠢ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠢ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠤᠨ ᠲᠤᠬᠠᠶ ᠮᠡᠳᠡᠭᠦᠯᠦᠯᠲᠡ ᠳᠡᠪᠰᠢᠭᠦᠯᠦᠨ᠎ᠡ᠃
ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠤᠨ ᠮᠡᠳᠡᠭᠦᠯᠦᠯᠲᠡ᠎ᠳᠤ ᠳᠣᠣᠷ᠎ᠠ ᠵᠢᠭᠰᠠᠭ᠋ᠠᠭᠰᠠᠨ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠢ᠄
(ᠨᠢᠭᠡ) ᠲᠦᠷᠦᠭᠦᠦ ᠨᠢᠭᠡ ᠵᠢᠯ᠎ᠤᠨ ᠲᠥᠰᠦᠪ᠎ᠢ ᠭᠦᠢ᠍ᠴᠡᠳᠬᠡᠭᠰᠡᠨ ᠪᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠰᠦᠪ᠎ᠤᠨ ᠰᠢᠢ᠍ᠳᠪᠦᠷᠢ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠦᠨᠡᠯᠡᠯᠲᠡ ᠬᠢᠨ᠎ᠠ;
(ᠬᠣᠶᠠᠷ) ᠲᠤᠰ ᠣᠨ᠎ᠤ ᠵᠢᠯ᠎ᠤᠨ ᠲᠥᠰᠦᠪ᠎ᠤᠨ ᠲᠥᠰᠦᠯ᠎ᠨᠢ ᠲᠤᠰ ᠬᠠᠤᠯᠢ ᠵᠢᠨ ᠲᠣᠭᠲᠠᠭ᠋ᠠᠯ᠎ᠳᠤ ᠨᠡᠶ᠋ᠢᠴᠡᠬᠦ ᠠ᠋ᠰᠡᠬᠦ᠂ ᠭᠦᠢ᠍ᠴᠡᠳᠬᠡᠵᠦ ᠪᠣᠯᠬᠤ ᠠ᠋ᠰᠡᠬᠦ᠎ᠳᠤ ᠦᠨᠡᠯᠡᠯᠲᠡ ᠬᠢᠨ᠎ᠠ;
(ᠭᠤᠷᠪᠠ) ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠰᠦᠪ᠎ᠤᠨ ᠲᠥᠰᠦᠯ ᠪᠠ ᠲᠥᠰᠦᠪ᠎ᠤᠨ ᠮᠡᠳᠡᠭᠦᠯᠦᠯᠲᠡ ᠵᠢ ᠵᠥᠪᠰᠢᠶᠡᠷᠡᠬᠦ᠎ᠳᠤ ᠰᠠᠨᠠᠭᠤᠯᠭ᠎ᠠ ᠳᠤᠷᠠᠳᠤᠨ᠎ᠠ;
(ᠳᠦᠷᠪᠡ) ᠣᠨ᠎ᠤ ᠵᠢᠯ᠎ᠤᠨ ᠲᠥᠰᠦᠪ᠎ᠢ ᠭᠦᠢ᠍ᠴᠡᠳᠬᠡᠬᠦ᠂ ᠲᠥᠰᠦᠪ᠎ᠤᠨ ᠬᠠᠮᠢᠶᠠᠷᠤᠯᠲᠠ ᠵᠢ ᠰᠠᠶ᠋ᠢᠵᠢᠷᠠᠭᠤᠯᠬᠤ᠂ ᠲᠥᠰᠦᠪ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠲᠥᠰᠦᠪ᠎ᠤᠨ ᠬᠢᠨᠠᠯᠲᠠ ᠵᠢ ᠴᠢᠩᠭ᠋ᠠᠳᠬᠠᠬᠤ ᠵᠡᠷᠭᠡ᠎ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃
ᠲᠠᠪᠢᠳᠤᠭ᠋ᠠᠷ ᠵᠦᠢ᠍ᠯ᠂ ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠵᠠᠰᠠᠭ᠎ᠤᠨ ᠣᠷᠳᠣᠨ ᠴᠠᠭ ᠲᠤᠬᠠᠢᠳᠤᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠵᠥᠪᠰᠢᠶᠡᠷᠡᠭᠦᠯᠦᠭᠰᠡᠨ ᠲᠤᠰ ᠱᠠᠲᠤᠨ᠎ᠤ ᠲᠥᠰᠦᠪ᠎ᠢ ᠳᠡᠭᠡᠷ᠎ᠡ ᠨᠢᠭᠡ ᠱᠠᠲᠤᠨ᠎ᠤ ᠵᠠᠰᠠᠭ᠎ᠤᠨ ᠣᠷᠳᠣᠨ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠴᠠᠭ ᠲᠤᠬᠠᠶ᠎ᠳᠤᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠵᠥᠪᠰᠢᠶᠡᠷᠡᠭᠦᠯᠦᠭᠰᠡᠨ ᠲᠤᠰ ᠱᠠᠲᠤᠨ᠎ᠤ ᠲᠥᠰᠦᠪ ᠵᠢᠴᠢ ᠳᠣᠣᠷ᠎ᠠ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠮᠡᠳᠡᠭᠦᠯᠵᠦ ᠳᠠᠩᠰᠠᠯᠠᠭᠤᠯᠤᠭᠰᠠᠨ ᠲᠥᠰᠦᠪ᠎ᠤᠳ᠎ᠢ ᠠ᠋ᠮᠬᠢᠳᠬᠡᠨ ᠨᠡᠶ᠋ᠢᠯᠡᠭᠦᠯᠦᠭᠡᠳ᠂ ᠳᠡᠭᠡᠷ᠎ᠡ ᠨᠢᠭᠡ ᠱᠠᠲᠤᠨ᠎ᠤ ᠵᠠᠰᠠᠭ᠎ᠤᠨ ᠣᠷᠳᠣᠨ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠳᠣᠣᠷ᠎ᠠ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠠ᠋ᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠮᠡᠳᠡᠭᠦᠯᠵᠦ ᠳᠠᠩᠰᠠᠯᠠᠭᠤᠯᠤᠭᠰᠠᠨ ᠲᠥᠰᠦᠪ᠎ᠤᠳ᠎ᠢ ᠠ᠋ᠮᠬᠢᠳᠬᠡᠨ ᠨᠡᠶ᠋ᠢᠯᠡᠭᠦᠯᠦᠭᠡᠳ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠮᠡᠳᠡᠭᠦᠯᠵᠦ ᠳᠠᠩᠰᠠᠯᠠᠭᠤᠯᠤᠨ᠎ᠠ᠃ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ᠎ᠤ ᠠ᠋ᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠮᠡᠳᠡᠭᠦᠯᠵᠦ ᠳᠠᠩᠰᠠᠯᠠᠭᠤᠯᠤᠭᠰᠠᠨ ᠲᠥᠰᠦᠪ᠎ᠤᠳ᠎ᠢ ᠠ᠋ᠮᠬᠢᠳᠬᠡᠨ ᠨᠡᠶ᠋ᠢᠯᠡᠭᠦᠯᠦᠭᠡᠳ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠮᠡᠳᠡᠭᠦᠯᠵᠦ ᠳᠠᠩᠰᠠᠯᠠᠭᠤᠯᠤᠨ᠎ᠠ᠃
ᠲᠠᠪᠢᠨ ᠨᠢᠭᠡᠳᠦᠭᠡᠷ ᠵᠦᠢ᠍ᠯ᠂ ᠲᠦᠷᠦ ᠵᠢᠨ ᠶᠠᠪᠤᠳᠠᠯ᠎ᠤᠨ ᠬᠣᠷᠢᠶ᠎ᠠ ᠪᠣᠯᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠳᠣᠣᠷ᠎ᠠ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠲᠤᠰ ᠬᠠᠤᠯᠢ ᠵᠢᠨ ᠲᠠᠪᠢᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠮᠡᠳᠡᠭᠦᠯᠵᠦ ᠳᠠᠩᠰᠠᠯᠠᠭᠤᠯᠤᠭᠰᠠᠨ ᠲᠥᠰᠦᠪ᠎ᠤᠳ᠎ᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠲᠠᠢ ᠬᠠᠷᠰᠢᠯᠳᠤᠬᠤ ᠪᠤᠶᠤ ᠪᠤᠰᠤᠳ ᠵᠤᠬᠢᠰ ᠤᠢ᠍ᠭᠡᠢ ᠵᠦᠢ᠍ᠯ ᠪᠠᠢ᠌ᠨ᠎ᠠ ᠭᠡᠵᠦ ᠦᠵᠡᠵᠦ᠂ ᠲᠥᠰᠦᠪ᠎ᠢ ᠵᠥᠪᠰᠢᠶᠡᠷᠡᠭᠰᠡᠨ ᠰᠢᠢ᠍ᠳᠪᠦᠷᠢ ᠵᠢ ᠬᠦᠴᠦᠨ ᠦᠭᠡᠢ ᠪᠣᠯᠭ᠋ᠠᠬᠤ ᠴᠢᠬᠤᠯᠠᠲᠠᠶ ᠪᠠᠶ᠋ᠢᠪᠠᠯ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠲᠣᠭᠲᠠᠭ᠋ᠠᠯᠭ᠋ᠠᠨ᠎ᠠ᠃
ᠲᠠᠪᠢᠨ ᠬᠣᠶᠠᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠬᠣᠷᠢᠨ ᠠ᠋ᠳᠦᠷ᠎ᠤᠨ ᠳᠣᠲᠣᠷ᠎ᠠ ᠲᠤᠰ ᠱᠠᠲᠤᠨ᠎ᠤ ᠡᠯ᠎ᠡ ᠰᠠᠯᠠᠭ᠎ᠠ ᠮᠥᠴᠢᠷ᠎ᠲᠤ ᠲᠥᠰᠦᠪ᠎ᠢ ᠴᠤᠬᠤᠯᠠᠪᠤᠷᠢᠯᠠᠨ ᠬᠠᠷᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠴᠤᠬᠤᠯᠠᠪᠤᠷᠢᠯᠠᠨ ᠬᠠᠷᠢᠭᠤᠯᠤᠭᠰᠠᠨ ᠲᠤᠰ ᠰᠠᠯᠠᠭ᠎ᠠ ᠮᠥᠴᠢᠷ᠎ᠤᠨ ᠲᠥᠰᠦᠪ᠎ᠢ ᠬᠦᠯᠢᠶᠡᠨ ᠠᠪᠤᠭᠰᠠᠨ᠎ᠤ ᠳᠠᠷᠠᠭ᠎ᠠ᠂ ᠠᠷᠪᠠᠨ ᠲᠠᠪᠤᠨ ᠠ᠋ᠳᠦᠷ᠎ᠤᠨ ᠳᠣᠲᠣᠷ᠎ᠠ ᠬᠠᠷᠢᠶ᠎ᠠ ᠨᠢᠭᠡᠴᠢ᠎ᠳᠡᠭᠡᠨ ᠲᠥᠰᠦᠪ᠎ᠢ ᠴᠤᠬᠤᠯᠠᠪᠤᠷᠢᠯᠠᠨ ᠬᠠᠷᠢᠭᠤᠯᠬᠤ ᠬᠡᠷᠡᠭᠲᠡᠢ᠃
ᠲᠥᠪ᠎ᠠᠴᠠ ᠣᠷᠣᠨ ᠨᠤᠲᠤᠭ᠎ᠲᠤ ᠠ᠋ᠩ᠎ᠤᠨ ᠴᠢᠨᠠᠷᠲᠠᠢ ᠰᠢᠯᠵᠢᠭᠦᠯᠦᠨ ᠥᠭᠬᠦ ᠵᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠲᠥᠰᠦᠪ᠎ᠢ ᠵᠥᠪᠰᠢᠶᠡᠷᠡᠭᠰᠡᠨ᠎ᠤ ᠳᠠᠷᠠᠭ᠎ᠠ ᠭᠤᠴᠢᠨ ᠠ᠋ᠳᠦᠷ᠎ᠤᠨ ᠳᠣᠲᠣᠷ᠎ᠠ ᠠᠯᠪᠠᠨ ᠶᠣᠰᠣ᠎ᠪᠠᠷ ᠪᠠᠭᠤᠯᠭ᠋ᠠᠬᠤ ᠬᠡᠷᠡᠭᠲᠡᠢ᠃ ᠲᠥᠪ᠎ᠠᠴᠠ ᠣᠷᠣᠨ ᠨᠤᠲᠤᠭ᠎ᠲᠤ ᠲᠤᠰᠬᠠᠢ ᠵᠦᠢ᠍ᠯᠡᠰ ᠵᠶ᠋ᠡᠷ ᠰᠢᠯᠵᠢᠭᠦᠯᠦᠨ ᠥᠭᠬᠦ ᠵᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠲᠥᠰᠦᠪ᠎ᠢ ᠵᠥᠪᠰᠢᠶᠡᠷᠡᠭᠰᠡᠨ᠎ᠤ ᠳᠠᠷᠠᠭ᠎ᠠ ᠶᠡᠷᠡᠨ ᠠ᠋ᠳᠦᠷ᠎ᠤᠨ ᠳᠣᠲᠣᠷ᠎ᠠ ᠠᠯᠪᠠᠨ ᠶᠣᠰᠣ᠎ᠪᠠᠷ ᠪᠠᠭᠤᠯᠭ᠋ᠠᠬᠤ ᠬᠡᠷᠡᠭᠲᠡᠢ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ᠎ᠨᠢ ᠲᠥᠪ᠎ᠤᠨ ᠠ᠋ᠩ᠎ᠤᠨ ᠴᠢᠨᠠᠷᠲᠠᠢ ᠰᠢᠯᠵᠢᠭᠦᠯᠦᠨ ᠥᠭᠬᠦ ᠪᠠ ᠲᠤᠰᠬᠠᠢ ᠵᠦᠢ᠍ᠯᠡᠰ ᠵᠶ᠋ᠡᠷ ᠰᠢᠯᠵᠢᠭᠦᠯᠦᠨ ᠥᠭᠬᠦ ᠵᠢ ᠬᠦᠯᠢᠶᠡᠨ ᠠᠪᠣᠬᠰᠡᠨᠤ ᠳᠠᠷᠠᠭ᠎ᠠ᠂ ᠭᠤᠴᠢᠨ ᠠ᠋ᠳᠦᠷ᠎ᠤᠨ ᠳᠣᠲᠣᠷ᠎ᠠ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠳᠤ ᠠᠯᠪᠠᠨ ᠶᠣᠰᠣ᠎ᠪᠠᠷ ᠪᠠᠭᠤᠯᠭ᠋ᠠᠬᠤ ᠬᠡᠷᠡᠭᠲᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠲᠥᠰᠦᠪ ᠳᠣᠬᠢᠷᠠᠭᠣᠯᠭ᠎ᠠ᠎ᠳᠤ ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠳᠤ ᠠ᠋ᠩ᠎ᠤᠨ ᠴᠢᠨᠠᠷᠲᠠᠢ ᠰᠢᠯᠵᠢᠭᠦᠯᠦᠨ ᠥᠭᠬᠦ ᠪᠠ ᠲᠤᠰᠬᠠᠢ ᠵᠦᠢ᠍ᠯᠡᠰ ᠵᠶ᠋ᠡᠷ ᠰᠢᠯᠵᠢᠭᠦᠯᠦᠨ ᠥᠭᠬᠦ᠎ᠳᠤ᠂ ᠲᠤᠰ ᠲᠤᠰᠲᠤᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠲᠥᠰᠦᠪ᠎ᠢ ᠵᠥᠪᠰᠢᠶᠡᠷᠡᠭᠰᠡᠨ᠎ᠤ ᠳᠠᠷᠠᠭ᠎ᠠ ᠭᠤᠴᠢᠨ ᠠ᠋ᠳᠦᠷ ᠪᠠ ᠵᠢᠷᠠᠨ ᠠ᠋ᠳᠦᠷ ᠤᠨ ᠳᠣᠲᠣᠷ᠎ᠠ ᠠᠯᠪᠠᠨ ᠶᠣᠰᠣ ᠪᠠᠷ ᠪᠠᠭᠤᠯᠭ᠋ᠠᠬᠤ ᠬᠡᠷᠡᠭᠲᠡᠢ᠃
ᠪᠠᠶ᠋ᠢᠭ᠋ᠠᠯᠢ ᠵᠢᠨ ᠭᠠᠮᠰᠢᠭ ᠵᠡᠷᠭᠡ ᠭᠡᠨᠡᠳᠲᠡ ᠠ᠋ᠭᠦᠰᠦᠭᠰᠡᠨ ᠬᠡᠷᠡᠭ᠎ᠢ ᠰᠢᠢ᠍ᠳᠪᠦᠷᠢᠯᠡᠬᠦ᠎ᠳᠤ ᠰᠢᠯᠵᠢᠭᠦᠯᠦᠨ ᠥᠭᠬᠦ᠎ᠳᠡᠭᠡᠨ ᠲᠥᠰᠦᠪ᠎ᠢ ᠴᠠᠭ ᠲᠤᠬᠠᠢᠳᠤᠨᠢ ᠪᠠᠭᠤᠯᠭ᠋ᠠᠬᠤ ᠬᠡᠷᠡᠭᠲᠡᠢ; ᠪᠣᠳᠠᠲᠠᠢ᠎ᠪᠠᠷ ᠳ᠋ᠦᠩᠨᠡᠨ ᠪᠤᠳᠤᠬᠤ ᠵᠡᠷᠭᠡ ᠣᠨᠴᠠᠭ᠋ᠠᠢ ᠵᠦᠢ᠍ᠯᠡᠰ᠎ᠤᠨ ᠰᠢᠯᠵᠢᠭᠦᠯᠦᠨ ᠥᠭᠬᠦ ᠵᠢ ᠬᠤᠭᠤᠴᠠᠭ᠎ᠠ ᠬᠤᠪᠢᠶᠠᠨ ᠲᠥᠰᠦᠪ ᠪᠠᠭᠤᠯᠭ᠋ᠠᠵᠤ ᠪᠣᠯᠤᠨ᠎ᠠ᠂ ᠠ᠋ᠰᠡᠬᠦᠯ᠎ᠡ ᠤᠷᠢᠳ ᠵᠶ᠋ᠠᠷ ᠤᠷᠢᠳᠴᠢᠯᠠᠨ ᠥᠭᠴᠦ ᠬᠣᠶ᠋ᠢᠨ᠎ᠠ᠎ᠨᠢ ᠳ᠋ᠦᠩᠨᠡᠨ ᠪᠤᠳᠤᠵᠦ ᠪᠣᠯᠤᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠴᠤᠬᠤᠯᠠᠪᠤᠷᠢᠯᠠᠨ ᠬᠠᠷᠢᠭᠤᠯᠤᠭᠰᠠᠨ ᠲᠤᠰ ᠱᠠᠲᠤᠨ᠎ᠤ ᠡᠯ᠎ᠡ ᠰᠠᠯᠠᠭ᠎ᠠ ᠮᠥᠴᠢᠷ᠎ᠤᠨ ᠲᠥᠰᠦᠪ ᠪᠣᠯᠤᠨ ᠴᠤᠬᠤᠯᠠᠪᠤᠷᠢᠯᠠᠨ ᠬᠠᠷᠢᠭᠤᠯᠤᠭᠰᠠᠨ ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠳᠤ ᠰᠢᠯᠵᠢᠭᠦᠯᠦᠨ ᠥᠭᠬᠦ ᠲᠥᠰᠦᠪ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠ᠋ᠳ᠋᠎ᠤᠨ ᠵᠠᠰᠠᠭ ᠠᠵᠤ ᠠᠬᠤᠢ ᠵᠢᠨ ᠵᠥᠪᠯᠡᠯ᠂ ᠬᠣᠯᠪᠣᠭᠳᠠᠯ ᠪᠦᠬᠦᠢ ᠲᠤᠰᠬᠠᠢ ᠵᠥᠪᠯᠡᠯ ᠪᠣᠯᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠳᠤ ᠬᠠᠭᠤᠯᠤᠨ ᠬᠦᠷᠭᠡᠨ᠎ᠡ᠃
ᠵᠢᠷᠭᠤᠳᠤᠭ᠋ᠠᠷ ᠪᠦᠯᠦᠭ ᠲᠦᠰᠦᠪ᠎ᠢ ᠭᠦᠢ᠍ᠴᠡᠳᠬᠡᠬᠦ
ᠲᠠᠪᠢᠨ ᠭᠤᠷᠪᠠᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠢ ᠲᠤᠰ ᠱᠠᠲᠤᠨ᠎ᠤ ᠵᠠᠰᠠᠭ᠎ᠤᠨ ᠣᠷᠳᠣᠨ ᠵᠣᠬᠢᠶᠠᠨ ᠪᠠᠶ᠋ᠢᠭᠤᠯᠵᠤ ᠭᠦᠢ᠍ᠴᠡᠳᠬᠡᠨ᠎ᠡ᠂ ᠪᠣᠳᠠᠲᠠᠢ ᠠᠵᠢᠯ᠎ᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠬᠠᠷᠢᠭᠤᠴᠠᠨ᠎ᠠ᠃
ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠪᠣᠯ ᠲᠤᠰ ᠰᠠᠯᠠᠭ᠎ᠠ ᠮᠥᠴᠢᠷ᠂ ᠲᠤᠰ ᠨᠢᠭᠡᠴᠢ ᠵᠢᠨ ᠲᠥᠰᠦᠪ᠎ᠢ ᠭᠦᠢ᠍ᠴᠡᠳᠬᠡᠬᠦ ᠪᠡᠶᠡᠴᠢ ᠴᠣᠭᠴᠠ ᠮᠥᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠵᠢᠨ ᠲᠥᠰᠦᠪ᠎ᠢ ᠭᠦᠢ᠍ᠴᠡᠳᠬᠡᠬᠦ ᠵᠢ ᠬᠠᠷᠢᠭᠤᠴᠠᠬᠤ ᠵᠢᠨ ᠬᠠᠮᠲᠤ ᠭᠦᠢ᠍ᠴᠡᠳᠬᠡᠭᠰᠡᠨ ᠦᠷ᠎ᠡ ᠳ᠋ᠦᠩ᠎ᠳᠤ ᠬᠠᠷᠢᠭᠤᠴᠠᠨ᠎ᠠ᠃
ᠲᠠᠪᠢᠨ ᠳᠥᠷᠪᠡᠳᠦᠭᠡᠷ ᠵᠦᠢ᠍ᠯ᠂ ᠲᠥᠰᠦᠪ᠎ᠤᠨ ᠣᠨ᠎ᠳᠤ ᠤᠷᠤᠭᠰᠠᠨ᠎ᠤ ᠳᠠᠷᠠᠭ᠎ᠠ᠂ ᠡᠯ᠎ᠡ ᠱᠠᠲᠤᠨ᠎ᠤ ᠲᠥᠰᠦᠪ᠎ᠤᠨ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠥᠪᠰᠢᠶᠡᠷᠡᠬᠦ᠎ᠠᠴᠠ ᠠ᠋ᠮᠦᠨ᠎ᠡ ᠳᠣᠣᠷ᠎ᠠ ᠵᠢᠭᠰᠠᠭ᠋ᠠᠭᠰᠠᠨ ᠵᠠᠷᠤᠯᠭ᠎ᠠ ᠵᠢ ᠲᠤᠭᠢᠷᠠᠭᠤᠯᠵᠦ ᠪᠣᠯᠤᠨ᠎ᠠ᠄
(ᠨᠢᠭᠡ) ᠲᠦᠷᠦᠭᠦᠦ ᠨᠢᠭᠡ ᠵᠢᠯ᠎ᠤᠨ ᠳ᠋ᠦᠩᠨᠡᠨ ᠰᠢᠯᠵᠢᠭᠦᠯᠦᠭᠰᠡᠨ ᠵᠠᠷᠤᠯᠭ᠎ᠠ;
(ᠬᠣᠶᠠᠷ) ᠲᠦᠷᠦᠭᠦᠦ ᠨᠢᠭᠡ ᠵᠢᠯ᠎ᠤᠨ ᠠᠳᠠᠯᠢ ᠬᠤᠭᠤᠴᠠᠭ᠋ᠠᠨ᠎ᠤ ᠲᠥᠰᠦᠪ᠎ᠤᠨ ᠵᠠᠷᠤᠯᠭ᠎ᠠ ᠵᠢᠨ ᠲᠣᠭ᠎ᠠ᠎ᠪᠠᠷ ᠯᠠᠪᠯᠠᠯᠲᠠ ᠪᠣᠯᠭ᠋ᠠᠵᠤ᠂ ᠵᠠᠪᠠᠯ ᠥᠭᠬᠦ ᠲᠤᠰ ᠵᠢᠯ᠎ᠤᠨ ᠰᠠᠯᠠᠭ᠎ᠠ ᠮᠥᠴᠢᠷ᠎ᠤᠨ ᠦᠨᠳᠦᠰᠦᠨ ᠵᠠᠷᠤᠯᠭ᠎ᠠ᠂ ᠵᠦᠢ᠍ᠯᠡᠰ᠎ᠤᠨ ᠵᠠᠷᠤᠯᠭ᠎ᠠ ᠵᠢᠴᠢ ᠳᠤᠤᠷᠠᠳᠤ ᠱᠠᠲᠤᠨ᠎ᠤ ᠵᠠᠰᠠᠭ᠎ᠤᠨ ᠣᠷᠳᠣᠨ᠎ᠳᠤ ᠰᠢᠯᠵᠢᠭᠦᠯᠦᠨ ᠥᠭᠬᠦ ᠴᠢᠨᠠᠷᠲᠠᠢ ᠵᠠᠷᠤᠯᠭ᠎ᠠ ᠵᠢ ᠳᠣᠬᠢᠷᠠᠭᠣᠯᠣᠨᠠ;
(ᠭᠤᠷᠪᠠ) ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠵᠠᠪᠠᠯ ᠭᠦᠢ᠍ᠴᠡᠳᠬᠡᠬᠦ ᠥᠭᠬᠦ ᠠ᠋ᠭᠦᠷᠭᠡ ᠵᠢᠨ ᠵᠠᠷᠤᠯᠭ᠎ᠠ ᠵᠢᠴᠢ ᠪᠠᠶ᠋ᠢᠭ᠋ᠠᠯᠢ ᠵᠢᠨ ᠭᠠᠮᠰᠢᠭ ᠵᠡᠷᠭᠡ ᠭᠡᠨᠡᠳᠲᠡ ᠠ᠋ᠭᠦᠰᠦᠭᠰᠡᠨ ᠬᠡᠷᠡᠭ᠎ᠢ ᠰᠢᠢ᠍ᠳᠪᠦᠷᠢᠯᠡᠬᠦ᠎ᠳᠤ ᠬᠡᠷᠡᠭᠯᠡᠬᠦ ᠵᠠᠷᠤᠯᠭ᠎ᠠ᠃
ᠠ᠋ᠮᠦᠨᠡᠬᠢ ᠪᠠᠳᠠᠭ᠎ᠤᠨ ᠲᠣᠭᠲᠠᠭ᠋ᠠᠯ᠎ᠢ ᠦᠨᠳᠦᠰᠦᠯᠡᠨ ᠵᠠᠷᠤᠯᠭ᠎ᠠ ᠲᠤᠭᠢᠷᠠᠭᠤᠯᠤᠭᠰᠠᠨ ᠪᠠᠶ᠋ᠢᠳᠠᠯ ᠵᠶ᠋ᠠᠨ ᠲᠥᠰᠦᠪ᠎ᠤᠨ ᠲᠥᠰᠦᠯ᠎ᠤᠨ ᠮᠡᠳᠡᠭᠦᠯᠦᠯᠲᠡ᠎ᠳᠤ ᠲᠣᠳᠣᠷᠬᠠᠶ᠋ᠢᠯᠠᠯᠲᠠ ᠬᠢᠬᠦ ᠬᠡᠷᠡᠭᠲᠡᠢ᠃
ᠲᠥᠰᠦᠪ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠥᠪᠰᠢᠶᠡᠷᠡᠭᠰᠡᠨ᠎ᠤ ᠲᠡᠷᠡᠭ᠎ᠠ ᠵᠥᠪᠰᠢᠶᠡᠷᠡᠭᠰᠡᠨ ᠲᠥᠰᠦᠪ᠎ᠤᠨ ᠶᠣᠰᠣᠭ᠋ᠠᠷ ᠭᠦᠢ᠍ᠴᠡᠳᠬᠡᠨ᠎ᠡ᠃
ᠲᠠᠪᠢᠨ ᠲᠠᠪᠤᠳᠤᠭ᠋ᠠᠷ ᠵᠦᠢ᠍ᠯ᠂ ᠲᠥᠰᠦᠪ᠎ᠤᠨ ᠣᠷᠣᠯᠭ᠎ᠠ ᠵᠢ ᠬᠤᠷᠢᠶᠠᠬᠤ ᠰᠠᠯᠠᠭ᠎ᠠ ᠮᠥᠴᠢᠷ ᠪᠠ ᠨᠢᠭᠡᠴᠢ᠎ᠨᠢ ᠠ᠋ᠷᠬᠡᠪᠰᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠨ᠂ ᠬᠤᠷᠢᠶᠠᠬᠤ ᠶᠣᠰᠣᠲᠠᠢ ᠲᠥᠰᠦᠪ᠎ᠤᠨ ᠣᠷᠣᠯᠭ᠎ᠠ ᠵᠢ ᠴᠠᠭ ᠲᠤᠬᠠᠢᠳᠤᠨᠢ ᠲᠣᠭ᠎ᠠ ᠶᠣᠰᠣᠭ᠋ᠠᠷ ᠬᠤᠷᠢᠶᠠᠵᠤ ᠠᠪᠬᠤ ᠬᠡᠷᠡᠭᠲᠡᠢ᠃ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠥᠷᠢᠴᠡᠵᠦ᠂ ᠬᠤᠷᠢᠶᠠᠬᠤ ᠶᠣᠰᠣᠲᠠᠢ ᠲᠥᠰᠦᠪ᠎ᠤᠨ ᠣᠷᠣᠯᠭ᠎ᠠ ᠵᠢ ᠢᠯᠡᠭᠦᠦ ᠬᠤᠷᠢᠶᠠᠬᠤ᠂ ᠤᠷᠢᠳᠴᠢᠯᠠᠨ ᠬᠤᠷᠢᠶᠠᠬᠤ ᠪᠤᠶᠤ ᠬᠥᠩᠭᠡᠯᠡᠨ ᠬᠤᠷᠢᠶᠠᠬᠤ᠂ ᠬᠤᠷᠢᠶᠠᠬᠤ᠎ᠠᠴᠠ ᠭᠡᠯᠳᠦᠷᠢᠬᠦᠯᠬᠦ ᠪᠤᠶᠤ ᠬᠣᠶ᠋ᠢᠰᠢᠯᠠᠭᠤᠯᠤᠨ ᠬᠤᠷᠢᠶᠠᠵᠤ ᠪᠣᠯᠬᠤ ᠤᠢ᠍ᠭᠡᠢ᠂ ᠲᠥᠰᠦᠪ᠎ᠤᠨ ᠣᠷᠣᠯᠭ᠎ᠠ ᠵᠢ ᠦᠯᠡᠳᠡᠭᠡᠨ ᠠᠪᠬᠤ᠂ ᠡᠵᠡᠯᠡᠨ ᠬᠡᠷᠡᠭᠯᠡᠬᠦ ᠪᠤᠶᠤ ᠨᠡᠭᠦᠯᠭᠡᠨ ᠬᠡᠷᠡᠭᠯᠡᠵᠦ ᠪᠣᠯᠬᠤ ᠤᠢ᠍ᠭᠡᠢ᠃
ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠲᠥᠰᠦᠪ᠎ᠤᠨ ᠣᠷᠣᠯᠭ᠎ᠠ ᠵᠢ ᠬᠤᠷᠢᠶᠠᠬᠤ ᠰᠠᠯᠠᠭ᠎ᠠ ᠮᠥᠴᠢᠷ ᠪᠠ ᠨᠢᠭᠡᠴᠢ᠎ᠳᠤ ᠣᠷᠣᠯᠭ᠎ᠠ ᠵᠢᠨ ᠭᠦᠢ᠍ᠴᠡᠳᠬᠡᠯ ᠲᠣᠭ᠎ᠠ ᠪᠠᠭᠤᠯᠭ᠋ᠠᠵᠤ ᠪᠣᠯᠬᠤ ᠦᠭᠡᠢ᠃
ᠲᠠᠪᠢᠨ ᠵᠢᠷᠭᠤᠳᠤᠭ᠋ᠠᠷ ᠵᠦᠢ᠍ᠯ᠂ ᠵᠠᠰᠠᠭ᠎ᠤᠨ ᠣᠷᠳᠣᠨ᠎ᠤ ᠪᠦᠭᠦ ᠣᠷᠣᠯᠭ᠎ᠠ ᠵᠢ ᠤᠯᠤᠰ᠎ᠤᠨ ᠮᠥᠩᠭᠥᠨ ᠰᠡᠡᠭ (ᠳᠣᠷᠣᠭᠰᠢ ᠤᠯᠤᠰ᠎ᠤᠨ ᠰᠡᠡᠭ ᠭᠡᠵᠦ ᠲᠣᠪᠴᠢᠯᠠᠨ᠎ᠠ)᠎ᠳᠤ ᠲᠤᠰᠢᠶᠠᠬᠤ ᠬᠡᠷᠡᠭᠲᠡᠢ᠂ ᠶᠠᠮᠠᠷᠪᠠ ᠰᠠᠯᠠᠭ᠎ᠠ ᠮᠥᠴᠢᠷ᠂ ᠨᠢᠭᠡᠴᠢ ᠪᠠ ᠬᠤᠪᠢ ᠬᠥᠮᠦᠨ ᠦᠯᠡᠳᠡᠭᠡᠨ ᠠᠪᠬᠤ᠂ ᠡᠵᠡᠯᠡᠨ ᠬᠡᠷᠡᠭᠯᠡᠬᠦ᠂ ᠨᠡᠭᠦᠯᠭᠡᠨ ᠬᠡᠷᠡᠭᠯᠡᠬᠦ ᠪᠤᠶᠤ ᠤᠳᠠᠭ᠋ᠠᠰᠢᠷᠠᠭᠤᠯᠤᠨ ᠥᠷᠢᠲᠦᠵᠦ ᠪᠣᠯᠬᠤ ᠤᠢ᠍ᠭᠡᠢ᠃
ᠬᠠᠤᠯᠢ ᠴᠠᠭ᠋ᠠᠵᠠ᠎ᠳᠤ ᠲᠣᠳᠣᠷᠬᠠᠢ ᠲᠣᠭᠲᠠᠭ᠋ᠠᠯ᠎ᠲᠠᠢ ᠪᠤᠶᠤ ᠲᠦᠷᠦ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠰᠡᠨ ᠲᠤᠰᠬᠠᠢ ᠲᠣᠭᠲᠠᠭ᠋ᠠᠭᠰᠠᠨ ᠲᠤᠰᠬᠠᠢ ᠪᠡᠯᠡ ᠮᠥᠩᠭᠥ ᠵᠢ ᠪᠣᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ᠎ᠢ ᠵᠢᠷᠤᠮᠯᠠᠨ ᠠ᠋ᠳ᠋᠎ᠤᠨ ᠵᠠᠰᠠᠭ᠎ᠤᠨ ᠲᠤᠰᠬᠠᠢ ᠲᠠᠨᠭ᠌ᠰᠠ ᠪᠠᠶ᠋ᠢᠭᠤᠯᠵᠤ ᠪᠣᠯᠤᠨ᠎ᠠ᠃
ᠲᠠᠪᠢᠨ ᠳᠣᠯᠣᠳᠤᠭ᠋ᠠᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠠ᠋ᠷᠬᠡᠪᠰᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ᠂ ᠦᠳᠲᠡᠷ ᠲᠦᠷᠭᠡᠨ᠂ ᠪᠦᠷᠢᠨ ᠲᠣᠭ᠎ᠠ᠎ᠪᠠᠷ ᠲᠥᠰᠦᠪ᠎ᠤᠨ ᠵᠠᠷᠤᠯᠭ᠎ᠠ ᠵᠢᠨ ᠪᠡᠯᠡ ᠮᠥᠩᠭᠥ ᠵᠢ ᠰᠢᠯᠵᠢᠭᠦᠯᠦᠨ ᠥᠭᠴᠦ᠂ ᠲᠥᠰᠦᠪ᠎ᠤᠨ ᠵᠠᠷᠤᠯᠭ᠎ᠠ ᠵᠢᠨ ᠬᠠᠮᠢᠶᠠᠷᠤᠯᠲᠠ ᠬᠢᠨᠠᠯᠲᠠ᠎ᠪᠠᠨ ᠴᠢᠩᠭ᠋ᠠᠳᠬᠠᠬᠤ ᠬᠡᠷᠡᠭᠲᠡᠶ᠃
ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ ᠵᠠᠷᠤᠯᠭ᠎ᠠ ᠵᠢ ᠠ᠋ᠷᠬᠡᠪᠰᠢ ᠲᠥᠰᠦᠪ᠎ᠤᠨ ᠶᠣᠰᠣᠭ᠋ᠠᠷ ᠭᠦᠢ᠍ᠴᠡᠳᠬᠡᠬᠦ ᠬᠡᠷᠡᠭᠲᠡᠢ᠂ ᠬᠤᠳᠠᠯ ᠬᠠᠭᠤᠷᠮᠠᠭ ᠵᠶ᠋ᠠᠷ ᠵᠠᠷᠤᠯᠭ᠎ᠠ ᠵᠢᠭᠰᠠᠭ᠋ᠠᠵᠤ ᠪᠣᠯᠬᠤ ᠦᠭᠡᠢ᠃
ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠥᠰᠦᠪ᠎ᠤᠨ ᠵᠠᠷᠤᠯᠭ᠎ᠠ ᠵᠢᠨ ᠪᠠᠶ᠋ᠢᠳᠠᠯ᠎ᠳᠤ ᠦᠷ᠎ᠡ ᠪᠦᠲᠦᠮᠵᠢ ᠵᠢᠨ ᠦᠨᠡᠯᠡᠯᠲᠡ ᠬᠢᠬᠦ ᠬᠡᠷᠡᠭᠲᠡᠢ᠃
ᠲᠠᠪᠢᠨ ᠨᠠᠢ᠍ᠮᠠᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠤᠨ ᠣᠷᠣᠯᠭ᠎ᠠ ᠪᠠ ᠵᠠᠷᠤᠯᠭ᠎ᠠ᠎ᠳᠤ ᠬᠤᠷᠢᠶᠠᠬᠤ ᠪᠠ ᠥᠭᠬᠦ ᠵᠢ ᠭᠦᠢ᠍ᠴᠡᠳᠬᠡᠬᠦ ᠳᠦᠷᠢᠮ᠎ᠢ ᠬᠡᠷᠡᠭᠵᠢᠭᠦᠯᠦᠨ᠎ᠡ᠃
ᠲᠤᠰᠬᠠᠢ ᠲᠣᠭᠲᠠᠭ᠋ᠠᠭᠰᠠᠨ ᠬᠡᠷᠡᠭ ᠶᠠᠪᠤᠳᠠᠯ᠎ᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠶᠣᠰᠣᠭ᠋ᠠᠷ᠂ ᠠ᠋ᠷᠬᠡ ᠬᠠᠷᠢᠭᠤᠴᠠᠯᠭ᠎ᠠ ᠠ᠋ᠭᠦᠰᠬᠦ ᠳᠦᠷᠢᠮ᠎ᠢ ᠬᠡᠷᠡᠭᠵᠢᠭᠦᠯᠬᠦ ᠬᠣᠯᠪᠣᠭᠳᠠᠯ ᠪᠦᠬᠦᠢ ᠪᠠᠶ᠋ᠢᠳᠠᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠮᠡᠳᠡᠭᠦᠯᠬᠦ ᠬᠡᠷᠡᠭᠲᠡᠢ᠃
ᠲᠠᠪᠢ ᠶᠢᠰᠦᠳᠦᠭᠡᠷ ᠵᠦᠢ᠍ᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠲᠥᠰᠦᠪ᠎ᠲᠤ ᠠ᠋ᠷᠬᠡᠪᠰᠢ ᠤᠯᠤᠰ᠎ᠤᠨ ᠰᠡᠡᠭ ᠭᠠᠷᠭ᠋ᠠᠬᠤ ᠬᠡᠷᠡᠭᠲᠡᠢ; ᠨᠥᠬᠥᠴᠡᠯ ᠪᠦᠬᠦᠢ ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤ᠎ᠠᠴᠠ ᠤᠯᠤᠰ᠎ᠤᠨ ᠰᠡᠡᠭ ᠭᠠᠷᠭ᠋ᠠᠬᠤ ᠬᠡᠷᠡᠭᠲᠡᠶ᠃
ᠲᠥᠪ᠎ᠤᠨ ᠤᠯᠤᠰ᠎ᠤᠨ ᠰᠡᠡᠭ᠎ᠤᠨ ᠲᠤᠬᠠᠶ᠋ᠢᠯᠠᠭᠰᠠᠨ ᠠᠵᠢᠯ᠎ᠢ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠠᠴᠠ ᠠ᠋ᠷᠬᠢᠯᠡᠵᠦ ᠬᠢᠨ᠎ᠡ᠂ ᠣᠷᠣᠨ ᠨᠤᠲᠤᠭ᠎ᠤᠨ ᠤᠯᠤᠰ᠎ᠤᠨ ᠰᠡᠡᠭ᠎ᠤᠨ ᠲᠤᠬᠠᠶ᠋ᠢᠯᠠᠭᠰᠠᠨ ᠠᠵᠢᠯ᠎ᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
ᠡᠯ᠎ᠡ ᠱᠠᠲᠤᠨ᠎ᠤ ᠤᠯᠤᠰ᠎ᠤᠨ ᠰᠡᠡᠭᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠲᠥᠰᠦᠪ᠎ᠤᠨ ᠣᠷᠣᠯᠭ᠎ᠠ ᠵᠢ ᠴᠠᠭ ᠲᠤᠬᠠᠢᠳᠤᠨᠢ ᠣᠨᠣᠪᠴᠢᠲᠠᠢ᠎ᠪᠠᠷ ᠬᠤᠷᠢᠶᠠᠵᠤ ᠠᠪᠬᠤ᠂ ᠬᠤᠪᠢᠶᠠᠷᠢᠯᠠᠬᠤ᠂ ᠦᠯᠡᠳᠡᠭᠡᠨ ᠲᠤᠰᠢᠶᠠᠬᠤ᠂ ᠪᠤᠴᠠᠭ᠋ᠠᠵᠤ ᠥᠭᠬᠦ ᠪᠠ ᠲᠥᠰᠦᠪ᠎ᠤᠨ ᠵᠠᠷᠤᠯᠭ᠎ᠠ ᠵᠢ ᠰᠠᠯᠭ᠋ᠠᠨ ᠥᠭᠬᠦ ᠠᠵᠢᠯ᠎ᠢ ᠭᠦᠢ᠍ᠴᠡᠳᠬᠡᠬᠦ ᠬᠡᠷᠡᠭᠲᠡᠢ᠃
ᠡᠯ᠎ᠡ ᠱᠠᠲᠤᠨ᠎ᠤ ᠤᠯᠤᠰ᠎ᠤᠨ ᠰᠡᠡᠭ᠎ᠤᠨ ᠵᠣᠭᠣᠰ᠎ᠢ ᠵᠠᠬᠢᠷᠬᠤ ᠠ᠋ᠷᠬᠡ᠎ᠨᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠬᠠᠷᠢᠶᠠᠯᠠᠭᠳᠠᠨ᠎ᠠ᠃ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠬᠤ ᠵᠢ ᠭᠠᠷᠭ᠋ᠠᠪᠠᠯ᠂ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠥᠪᠰᠢᠶᠡᠷᠡᠯ ᠦᠭᠡᠢ ᠪᠣᠯ ᠶᠠᠮᠠᠷᠪᠠ ᠰᠠᠯᠠᠭ᠎ᠠ ᠮᠥᠴᠢᠷ᠂ ᠨᠢᠭᠡᠴᠢ ᠪᠠ ᠬᠤᠪᠢ ᠬᠥᠮᠦᠨ ᠠᠴᠠ ᠤᠯᠤᠰ᠎ᠤᠨ ᠰᠡᠡᠭ᠎ᠤᠨ ᠵᠣᠭᠣᠰ᠎ᠢ ᠬᠥᠳᠡᠯᠭᠡᠨ ᠬᠡᠷᠡᠭᠯᠡᠬᠦ᠂ ᠴᠡᠪᠳᠡᠭᠯᠡᠬᠦ ᠪᠤᠶᠤ ᠪᠤᠰᠤᠳ ᠠᠷᠭ᠎ᠠ ᠮᠠᠶᠢᠭ ᠵᠶ᠋ᠠᠷ ᠨᠢᠭᠡᠨᠲᠡ ᠤᠯᠤᠰ᠎ᠤᠨ ᠰᠡᠡᠭᠳᠤ ᠤᠷᠦᠭ᠍ᠰᠡᠠ ᠵᠣᠭᠣᠰ᠎ᠢ ᠬᠡᠷᠡᠭᠯᠡᠬᠦ ᠡᠷᠬᠡ ᠦᠭᠡᠢ᠃
ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠲᠤᠰ ᠱᠠᠲᠤᠨ᠎ᠤ ᠤᠯᠤᠰ᠎ᠤᠨ ᠰᠡᠡᠭ᠎ᠤᠨ ᠬᠠᠮᠢᠶᠠᠷᠣᠯᠲᠠ ᠬᠢᠨᠠᠯᠲᠠ ᠵᠢ ᠡᠷᠬᠡᠪᠰᠢ ᠴᠢᠨᠭ᠌ᠭ᠋ᠠᠳᠬᠠᠨ᠂ ᠲᠥᠷᠦ ᠵᠢᠨ ᠶᠠᠪᠣᠳᠠᠯ᠎ᠤᠨ ᠬᠣᠷᠢᠶᠠᠨ᠎ᠤ ᠳᠣᠬᠳᠠᠭ᠋ᠠᠯ ᠶᠤᠰᠣᠭ᠋ᠠᠷ ᠣᠯᠤᠰ᠎ᠤᠨ ᠰᠡᠡᠭ᠎ᠤᠨ ᠵᠣᠭᠣᠰᠤ ᠬᠠᠮᠢᠶᠠᠷᠣᠯᠲᠠ ᠵᠢ ᠲᠡᠭᠦᠯᠳᠡᠷᠵᠢᠭᠦᠯᠦᠨ᠂ ᠣᠯᠤᠰ᠎ᠤᠨ ᠰᠡᠡᠭ᠎ᠤᠨ ᠵᠣᠭᠣᠰᠤ ᠦᠯᠡᠳᠡᠪᠦᠷᠢ ᠵᠣᠭᠣᠰ ᠳᠣᠭ᠎ᠠ ᠵᠢ ᠵᠣᠬᠢᠰᠲᠠᠢ ᠳᠣᠬᠢᠷᠠᠭᠣᠯᠣᠨᠠ᠃
ᠵᠢᠷᠠᠳᠤᠭ᠋ᠠᠷ ᠵᠦᠢ᠍ᠯ᠂ ᠨᠢᠭᠡᠨᠲᠡ ᠤᠯᠤᠰ᠎ᠤᠨ ᠰᠠᠩ᠎ᠳᠤ ᠲᠤᠰᠢᠶᠠᠭᠰᠠᠨ ᠪᠡᠯᠡ ᠮᠥᠩᠭᠥ ᠵᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠵᠶ᠋ᠡᠷ ᠪᠤᠴᠠᠭ᠋ᠠᠨ ᠥᠭᠬᠦ ᠴᠢᠬᠤᠯᠠᠲᠠᠢ ᠪᠠᠶ᠋ᠢᠪᠠᠯ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠪᠤᠶᠤ ᠲᠡᠭᠦᠨ᠎ᠤ ᠠ᠋ᠷᠬᠡ ᠣᠯᠭᠣᠭᠰᠠᠨ ᠪᠠᠶ᠋ᠢᠭᠤᠯᠤᠮᠵᠢ ᠴᠠᠭ ᠲᠤᠬᠠᠢᠳᠤᠨᠢ ᠪᠤᠴᠠᠭ᠋ᠠᠨ ᠥᠭᠬᠦ ᠵᠢ ᠭᠦᠢ᠍ᠴᠡᠳᠬᠡᠬᠦ ᠬᠡᠷᠡᠭᠲᠡᠢ᠃ ᠲᠣᠭᠲᠠᠭ᠋ᠠᠯ ᠶᠣᠰᠣᠭ᠋ᠠᠷ ᠠ᠋ᠳ᠋᠎ᠤᠨ ᠵᠠᠰᠠᠭ᠎ᠤᠨ ᠵᠠᠷᠤᠯᠭ᠎ᠠ᠎ᠪᠠᠷ ᠲᠤᠭᠢᠷᠠᠭᠤᠯᠬᠤ ᠶᠣᠰᠣᠲᠠᠢ ᠵᠦᠢ᠍ᠯᠡᠰ᠎ᠢ ᠬᠥᠮᠥᠷᠭᠡ᠎ᠠᠴᠠ ᠪᠤᠴᠠᠭ᠋ᠠᠬᠤ᠎ᠪᠠᠷ ᠰᠢᠢ᠍ᠳᠪᠦᠷᠢᠯᠡᠵᠦ ᠪᠣᠯᠬᠤ ᠦᠭᠡᠢ᠃
ᠵᠢᠷᠠᠨ ᠨᠢᠭᠡᠳᠦᠭᠡᠷ ᠵᠦᠢ᠍ᠯ᠂ ᠤᠯᠤᠰ᠎ᠠᠴᠠ ᠤᠯᠤᠰ᠎ᠤᠨ ᠰᠠᠩ᠎ᠤᠨ ᠲᠥᠪᠯᠡᠷᠡᠭᠦᠯᠦᠨ ᠬᠤᠷᠢᠶᠠᠵᠤ ᠠᠪᠬᠤ ᠪᠠ ᠲᠥᠪᠯᠡᠷᠡᠭᠦᠯᠦᠨ ᠥᠭᠬᠦ ᠳᠦᠷᠢᠮ᠎ᠢ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠪᠦᠬᠦ ᠣᠷᠣᠯᠭ᠎ᠠ ᠪᠠ ᠵᠠᠷᠤᠯᠭ᠎ᠠ᠎ᠳᠤ ᠤᠯᠤᠰ᠎ᠤᠨ ᠰᠠᠩ᠎ᠤᠨ ᠲᠥᠪᠯᠡᠷᠡᠭᠦᠯᠦᠨ ᠬᠤᠷᠢᠶᠠᠬᠤ ᠪᠠ ᠥᠭᠬᠦ ᠬᠠᠮᠢᠶᠠᠷᠤᠯᠲᠠ ᠵᠢ ᠬᠡᠷᠡᠭᠵᠢᠭᠦᠯᠦᠨ᠎ᠡ᠃
ᠵᠢᠷᠠᠨ ᠬᠣᠶᠠᠳᠤᠭ᠋ᠠᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ ᠲᠥᠰᠦᠪ᠎ᠢ ᠭᠦᠢ᠍ᠴᠡᠳᠬᠡᠬᠦ ᠲᠠᠯ᠎ᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠂ ᠭᠠᠶ᠋ᠢᠯᠢ᠂ ᠪᠣᠭᠣᠮᠲᠠ ᠵᠡᠷᠭᠡ ᠲᠥᠰᠦᠪ᠎ᠤᠨ ᠣᠷᠣᠯᠭ᠎ᠠ ᠵᠢ ᠬᠤᠷᠢᠶᠠᠬᠤ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠲᠥᠰᠦᠪ᠎ᠤᠨ ᠣᠷᠣᠯᠭ᠎ᠠ ᠵᠢ ᠵᠣᠬᠢᠶᠠᠨ ᠪᠠᠶ᠋ᠢᠭᠤᠯᠬᠤ᠎ᠳᠤ᠎ᠨᠢ ᠳᠡᠮᠵᠢᠯᠭᠡ ᠦᠵᠡᠭᠦᠯᠵᠦ᠂ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠥᠰᠦᠪ᠎ᠤᠨ ᠵᠠᠷᠤᠯᠭ᠎ᠠ ᠵᠢ ᠴᠢᠩᠭ᠎ᠠ ᠬᠠᠮᠢᠶᠠᠷᠬᠤ᠎ᠳᠤᠨᠢ ᠳᠡᠮᠵᠢᠯᠭᠡ ᠦᠵᠡᠭᠦᠯᠦᠨ᠎ᠡ᠃
ᠠ᠋ᠳ᠋᠎ᠤᠨ ᠵᠠᠰᠠᠭ᠂ ᠭᠠᠶ᠋ᠢᠯᠢ ᠵᠢᠨ ᠶᠠᠪᠤᠳᠠᠯ᠂ ᠪᠣᠭᠣᠮᠲᠠ ᠵᠡᠷᠭᠡ ᠰᠠᠯᠠᠭ᠎ᠠ ᠮᠥᠴᠢᠷ᠎ᠤᠳ ᠲᠥᠰᠦᠪ᠎ᠢ ᠭᠦᠢ᠍ᠴᠡᠳᠬᠡᠬᠦ ᠳᠤᠮᠳᠠ᠎ᠪᠠᠨ ᠲᠥᠰᠦᠪ᠎ᠢ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠳᠤ ᠵᠠᠳᠠᠯᠤᠯᠲᠠ ᠬᠢᠬᠦ᠎ᠪᠠᠨ ᠴᠢᠩᠭ᠋ᠠᠳᠬᠠᠬᠤ ᠬᠡᠷᠡᠭᠲᠡᠶ; ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠲᠤᠰ ᠱᠠᠲᠤᠨ᠎ᠤ ᠵᠠᠰᠠᠭ᠎ᠤᠨ ᠣᠷᠳᠣᠨ᠎ᠳᠠᠭᠠᠨ ᠰᠠᠨᠠᠭᠤᠯᠭ᠎ᠠ ᠭᠠᠷᠭ᠋ᠠᠵᠤ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠬᠦᠯᠬᠦ ᠬᠡᠷᠡᠭᠲᠡᠶ᠃
ᠵᠢᠷᠠᠨ ᠭᠤᠷᠪᠠᠳᠤᠭ᠋ᠠᠷ ᠵᠦᠢ᠍ᠯ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠥᠰᠦᠪ᠎ᠤᠨ ᠣᠷᠣᠯᠭ᠎ᠠ ᠵᠠᠷᠤᠯᠭ᠎ᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠤᠰᠢᠶᠠᠬᠤ ᠶᠣᠰᠣᠲᠠᠢ ᠲᠥᠰᠦᠪ᠎ᠤᠨ ᠣᠷᠣᠯᠭ᠎ᠠ ᠵᠢ ᠦᠯᠡᠳᠡᠭᠡᠨ ᠠᠪᠬᠤ ᠪᠤᠶᠤ ᠬᠥᠳᠡᠯᠭᠡᠨ ᠬᠡᠷᠡᠭᠯᠡᠵᠦ ᠪᠣᠯᠬᠤ ᠤᠢ᠍ᠭᠡᠢ᠂ ᠲᠥᠰᠦᠪ᠎ᠤᠨ ᠵᠠᠷᠤᠯᠭ᠎ᠠ ᠵᠢᠨ ᠬᠡᠷᠡᠭᠴᠡᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠦᠭᠡᠢ᠃
ᠵᠢᠷᠠᠨ ᠳᠥᠷᠪᠡᠳᠦᠭᠡᠷ ᠵᠦᠢ᠍ᠯ᠂ ᠡᠯ᠎ᠡ ᠱᠠᠲᠤᠨ᠎ᠤ ᠲᠥᠰᠦᠪ᠎ᠤᠨ ᠪᠡᠯᠡᠳᠬᠡᠯ ᠵᠠᠷᠤᠳᠠᠯ᠎ᠢ ᠬᠥᠳᠡᠯᠭᠡᠨ ᠬᠡᠷᠡᠭᠯᠡᠬᠦ ᠲᠥᠰᠦᠯ᠎ᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠳᠤᠷᠠᠳᠴᠤ᠂ ᠲᠤᠰ ᠱᠠᠲᠤᠨ᠎ᠤ ᠵᠠᠰᠠᠭ᠎ᠤᠨ ᠣᠷᠳᠣᠨ᠎ᠳᠤ ᠮᠡᠳᠡᠭᠦᠯᠵᠦ ᠲᠣᠭᠲᠠᠭ᠋ᠠᠯᠭ᠋ᠠᠨ᠎ᠠ᠃
ᠵᠢᠷᠠᠨ ᠲᠠᠪᠤᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠤᠨ ᠠ᠋ᠷᠭᠢᠯᠲᠡ ᠵᠢᠨ ᠮᠥᠩᠭᠥ ᠵᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠬᠠᠮᠢᠶᠠᠷᠤᠨ᠎ᠠ᠂ ᠥᠭᠡᠷ᠎ᠡ ᠵᠦᠢ᠍ᠯ᠎ᠳᠤ ᠰᠢᠯᠵᠢᠭᠦᠯᠦᠨ ᠬᠡᠷᠡᠭᠯᠡᠵᠦ ᠪᠣᠯᠬᠤ ᠤᠢ᠍ᠭᠡᠢ᠃
ᠵᠢᠷᠠᠨ ᠵᠢᠷᠭᠤᠳᠤᠭ᠋ᠠᠷ ᠵᠦᠢ᠍ᠯ᠂ ᠡᠯ᠎ᠡ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠣᠨ᠎ᠤ ᠭᠦᠢ᠍ᠴᠡᠳᠬᠡᠯ ᠳᠤᠮᠳᠠ ᠳᠠᠪᠠᠭᠤᠯᠤᠨ ᠬᠤᠷᠢᠶᠠᠭᠰᠠᠨ ᠣᠷᠣᠯᠭ᠎ᠠ᠎ᠲᠠᠢ ᠪᠠᠶ᠋ᠢᠪᠠᠯ᠂ ᠲᠡᠭᠦᠨ᠎ᠢ ᠵᠥᠪᠬᠡᠨ ᠤᠯᠠᠭ᠋ᠠᠨ ᠲᠣᠭ᠎ᠠ ᠵᠢ ᠲᠤᠯᠭ᠋ᠠᠨ ᠬᠠᠰᠤᠬᠤ ᠪᠤᠶᠤ ᠲᠥᠰᠦᠪ᠎ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠥ ᠵᠢ ᠨᠥᠬᠥᠪᠥᠷᠢᠯᠡᠬᠦ᠎ᠳᠤ ᠬᠡᠷᠡᠭᠯᠡᠨ᠎ᠡ᠃
ᠡᠯ᠎ᠡ ᠱᠠᠲᠤᠨ᠎ᠤ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠦᠯᠡᠳᠡᠪᠦᠷᠢ ᠪᠡᠯᠡ ᠮᠥᠩᠭᠥ᠎ᠪᠠᠷ ᠲᠥᠰᠦᠪ᠎ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠥ ᠵᠢ ᠨᠥᠬᠥᠪᠥᠷᠢᠯᠡᠬᠦ ᠬᠡᠷᠡᠭᠲᠡᠢ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠣᠨ᠎ᠤ ᠭᠦᠢ᠍ᠴᠡᠳᠬᠡᠯ ᠳᠤᠮᠳᠠ ᠳᠤᠲᠠᠭᠤ ᠬᠤᠷᠢᠶᠠᠯᠲᠠ ᠭᠠᠷᠴᠤ᠂ ᠰᠢᠯᠵᠢᠭᠦᠯᠦᠨ ᠣᠷᠣᠭᠤᠯᠤᠭᠰᠠᠨ ᠲᠥᠰᠦᠪ᠎ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠥ᠂ ᠵᠠᠷᠤᠯᠭ᠎ᠠ ᠵᠢ ᠪᠠᠭ᠋ᠠᠰᠬᠠᠬᠤ ᠵᠡᠷᠭᠡ ᠠᠷᠭ᠎ᠠ ᠮᠠᠶᠢᠭ ᠵᠶ᠋ᠠᠷ ᠮᠥᠨ ᠬᠦ᠌ ᠣᠷᠣᠯᠭ᠎ᠠ ᠵᠠᠷᠤᠯᠭ᠎ᠠ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠪᠡᠶᠡᠯᠡᠭᠦᠯᠵᠦ ᠴᠢᠳᠠᠬᠤ ᠦᠭᠡᠢ ᠪᠠᠢ᠌ᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ᠎ᠠᠴᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠶᠤ ᠲᠡᠭᠦᠨ᠎ᠤ ᠪᠠᠶ᠋ᠢᠩᠭᠤ ᠵᠢᠨ ᠬᠣᠷᠢᠶ᠎ᠠ᠎ᠳᠤ ᠮᠡᠳᠡᠭᠦᠯᠦᠨ ᠵᠥᠪᠰᠢᠶᠡᠷᠡᠭᠦᠯᠵᠦ᠂ ᠤᠯᠠᠭ᠋ᠠᠨ ᠲᠣᠭ᠎ᠠ ᠨᠡᠮᠡᠨ ᠵᠢᠭᠰᠠᠭ᠋ᠠᠵᠤ᠂ ᠲᠦᠷᠤ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠣᠯᠬᠣ ᠵᠢᠨ ᠬᠠᠮᠲᠤ ᠳᠠᠷᠠᠭ᠎ᠠ ᠨᠢᠭᠡ ᠵᠢᠯ᠎ᠤᠨ ᠣᠨ᠎ᠤ ᠲᠥᠰᠦᠪ᠎ᠲᠤ ᠨᠥᠬᠥᠪᠥᠷᠢᠯᠡᠵᠦ ᠥᠭᠬᠦ ᠬᠡᠷᠡᠭᠲᠡᠢ᠃
ᠳᠣᠯᠣᠳᠤᠭ᠋ᠠᠷ ᠪᠦᠯᠦᠭ ᠲᠦᠰᠦᠪ᠎ᠲᠤ ᠲᠤᠬᠢᠷᠡᠭᠤᠯᠤᠯᠳᠠ ᠬᠢᠬᠦ
ᠵᠢᠷᠠᠨ ᠳᠣᠯᠣᠳᠤᠭ᠋ᠠᠷ ᠵᠦᠢ᠍ᠯ᠂ ᠪᠦᠬᠦ ᠣᠯᠣᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠵᠥᠪᠰᠢᠶᠡᠷᠡᠭᠦᠯᠦᠭᠰᠡᠨ ᠲᠥᠪ᠎ᠤᠨ ᠲᠥᠰᠦᠪ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠵᠥᠪᠰᠢᠶᠡᠷᠡᠭᠦᠯᠦᠭᠰᠡᠨ ᠣᠷᠣᠨ ᠨᠤᠲᠤᠭ᠎ᠤᠨ ᠡᠯ᠎ᠡ ᠱᠠᠲᠤᠨ᠎ᠤ ᠲᠥᠰᠦᠪ᠎ᠢ ᠭᠦᠢ᠍ᠴᠡᠳᠬᠡᠬᠦ ᠶᠠᠪᠤᠴᠠ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠲᠥᠰᠦᠪ᠎ᠤᠨ ᠲᠤᠬᠢᠷᠠᠭᠤᠯᠤᠯᠳᠠ ᠬᠢᠬᠦ ᠬᠡᠷᠡᠭᠲᠡᠢ᠄
(ᠨᠢᠭᠡ) ᠲᠥᠰᠦᠪ᠎ᠤᠨ ᠶᠡᠷᠦᠩᠬᠡᠢ ᠵᠠᠷᠤᠯᠭ᠎ᠠ ᠵᠢ ᠨᠡᠮᠡᠬᠦ ᠪᠤᠶᠤ ᠪᠠᠭ᠋ᠠᠰᠬᠠᠬᠤ ᠴᠢᠬᠤᠯᠠᠲᠠᠢ ᠪᠠᠶ᠋ᠢᠬᠤ;
(ᠬᠣᠶᠠᠷ) ᠲᠥᠰᠦᠪ᠎ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠥ ᠵᠢ ᠰᠢᠯᠵᠢᠭᠦᠯᠦᠨ ᠣᠷᠣᠭᠤᠯᠬᠤ ᠴᠢᠬᠤᠯᠠᠲᠠᠢ ᠪᠠᠶ᠋ᠢᠬᠤ;
(ᠭᠤᠷᠪᠠ) ᠲᠥᠰᠦᠪ᠎ᠲᠤ ᠲᠤᠬᠢᠷᠠᠭᠤᠯᠤᠭᠰᠠᠨ ᠭᠣᠣᠯᠳᠠᠯᠭ᠎ᠠ᠎ᠲᠠᠢ ᠵᠠᠷᠤᠯᠭ᠎ᠠ ᠵᠢᠨ ᠲᠣᠭ᠎ᠠ ᠵᠢ ᠲᠤᠭᠢᠷᠠᠭᠤᠯᠤᠨ ᠬᠠᠰᠤᠬᠤ ᠴᠢᠬᠤᠯᠠᠲᠠᠢ ᠪᠠᠶ᠋ᠢᠬᠤ;
(ᠳᠦᠷᠪᠡ) ᠵᠢᠭᠡᠯᠡᠯᠭᠡ ᠠᠪᠬᠤ ᠲᠣᠭ᠎ᠠ ᠵᠢ ᠨᠡᠮᠡᠭᠳᠡᠭᠦᠯᠬᠦ ᠴᠢᠬᠤᠯᠠᠲᠠᠢ ᠪᠠᠶ᠋ᠢᠬᠤ᠃
ᠵᠢᠷᠠᠨ ᠨᠠᠢ᠍ᠮᠠᠳᠤᠭ᠋ᠠᠷ ᠵᠦᠢ᠍ᠯ᠂ ᠲᠥᠰᠦᠪ᠎ᠢ ᠭᠦᠢ᠍ᠴᠡᠳᠬᠡᠬᠦ ᠳᠤᠮᠳᠠ᠂ ᠡᠯ᠎ᠡ ᠱᠠᠲᠤᠨ᠎ᠤ ᠵᠠᠰᠠᠭ᠎ᠤᠨ ᠣᠷᠳᠣᠨ ᠠ᠋ᠩ᠎ᠤᠨ ᠪᠠᠶ᠋ᠢᠳᠠᠯ᠎ᠳᠤ ᠠ᠋ᠳ᠋᠎ᠤᠨ ᠵᠠᠰᠠᠭ᠎ᠤᠨ ᠣᠷᠣᠯᠭ᠎ᠠ ᠪᠤᠶᠤ ᠵᠠᠷᠤᠯᠭ᠎ᠠ ᠵᠢ ᠨᠡᠮᠡᠭᠳᠡᠭᠦᠯᠬᠦ ᠰᠢᠨ᠎ᠡ ᠲᠦᠷᠦ ᠵᠢᠨ ᠪᠤᠳᠤᠯᠭ᠎ᠠ ᠪᠠ ᠠᠷᠭ᠎ᠠ ᠬᠡᠮᠵᠢᠶ᠎ᠡ ᠵᠢ ᠲᠣᠭᠲᠠᠭ᠋ᠠᠬᠤ ᠦᠭᠡᠢ᠂ ᠪᠠᠰᠠ ᠠ᠋ᠳ᠋᠎ᠤᠨ ᠵᠠᠰᠠᠭ᠎ᠤᠨ ᠣᠷᠣᠯᠭ᠎ᠠ ᠵᠢ ᠪᠠᠭ᠋ᠠᠰᠬᠠᠬᠤ ᠲᠦᠷᠦ ᠵᠢᠨ ᠪᠤᠳᠤᠯᠭ᠎ᠠ ᠪᠠ ᠠᠷᠭ᠎ᠠ ᠬᠡᠮᠵᠢᠶ᠎ᠡ ᠵᠢ ᠲᠣᠭᠲᠠᠭ᠋ᠠᠬᠤ ᠦᠭᠡᠢ; ᠲᠥᠰᠦᠪ᠎ᠤᠨ ᠲᠤᠭᠢᠷᠠᠭᠤᠯᠤᠯᠳᠠ ᠵᠢ ᠠ᠋ᠷᠬᠡᠪᠰᠢ ᠬᠢᠬᠦ ᠮᠥᠷᠲᠡᠭᠡᠨ ᠬᠢᠬᠦ ᠴᠢᠬᠤᠯᠠᠲᠠᠢ ᠪᠠᠶ᠋ᠢᠪᠠᠯ᠂ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠎ᠳᠤ ᠲᠤᠭᠢᠷᠠᠭᠤᠯᠤᠯᠳᠠ ᠬᠢᠬᠦ ᠬᠡᠷᠡᠭᠲᠡᠢ᠃
ᠵᠢᠷᠠ ᠶᠢᠰᠦᠳᠦᠭᠡᠷ ᠵᠦᠢ᠍ᠯ᠂ ᠲᠥᠰᠦᠪ᠎ᠢ ᠭᠦᠢ᠍ᠴᠡᠳᠬᠡᠬᠦ ᠳᠤᠮᠳᠠ᠂ ᠡᠯ᠎ᠡ ᠱᠠᠲᠤᠨ᠎ᠤ ᠵᠠᠰᠠᠭ᠎ᠤᠨ ᠣᠷᠳᠣᠨ ᠠ᠋ᠷᠬᠡᠪᠰᠢ ᠲᠥᠰᠦᠪ᠎ᠤᠨ ᠲᠤᠭᠢᠷᠠᠭᠤᠯᠤᠯᠳᠠ ᠬᠢᠬᠦ ᠬᠡᠷᠡᠭᠲᠡᠢ ᠪᠣᠯ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠎ᠳᠤ ᠲᠥᠰᠦᠪ᠎ᠤᠨ ᠲᠤᠭᠢᠷᠠᠭᠤᠯᠤᠯᠳᠠ ᠵᠢᠨ ᠰᠢᠯᠲᠠᠭ᠋ᠠᠨ᠂ ᠵᠦᠢ᠍ᠯᠡᠰ ᠪᠠ ᠲᠣᠭ᠎ᠠ ᠵᠢ ᠲᠣᠳᠣᠷᠬᠠᠶ᠋ᠢᠯᠠᠬᠤ ᠬᠡᠷᠡᠭᠲᠡᠢ᠃
ᠲᠥᠰᠦᠪ᠎ᠢ ᠭᠦᠢ᠍ᠴᠡᠳᠬᠡᠬᠦ ᠳᠤᠮᠳᠠ᠂ ᠪᠠᠶ᠋ᠢᠭ᠋ᠠᠯᠢ ᠵᠢᠨ ᠭᠠᠮᠰᠢᠭ ᠵᠡᠷᠭᠡ ᠭᠡᠨᠡᠳᠲᠡ ᠵᠢᠨ ᠬᠡᠷᠡᠭ ᠠ᠋ᠭᠦᠰᠦᠭᠰᠡᠨ᠎ᠠᠴᠠ ᠪᠤᠯᠵᠦ ᠠ᠋ᠷᠬᠡᠪᠰᠢ ᠴᠠᠭ ᠲᠤᠬᠠᠢᠳᠤᠨᠢ ᠲᠥᠰᠦᠪ᠎ᠤᠨ ᠵᠠᠷᠤᠯᠭ᠎ᠠ ᠵᠢ ᠨᠡᠮᠡᠭᠳᠡᠭᠦᠯᠬᠦ ᠴᠢᠬᠤᠯᠠᠲᠠᠢ ᠪᠠᠶ᠋ᠢᠪᠠᠯ᠂ ᠤᠷᠢᠳ ᠵᠶ᠋ᠠᠷ ᠪᠡᠯᠡᠳᠬᠡᠯ ᠵᠠᠷᠤᠳᠠᠯ᠎ᠢ ᠬᠥᠳᠡᠯᠭᠡᠨ ᠵᠠᠷᠤᠬᠤ ᠬᠡᠷᠡᠭᠲᠡᠢ; ᠪᠡᠯᠡᠳᠬᠡᠯ ᠵᠠᠷᠤᠳᠠᠯ ᠵᠠᠷᠤᠯᠭ᠎ᠠ᠎ᠳᠤ ᠬᠦᠷᠦᠯᠴᠡᠭᠦ ᠦᠭᠡᠢ ᠪᠠᠶ᠋ᠢᠪᠠᠯ᠂ ᠡᠯ᠎ᠡ ᠱᠠᠲᠤᠨ᠎ᠤ ᠵᠠᠰᠠᠭ᠎ᠤᠨ ᠣᠷᠳᠣᠨ ᠤᠷᠢᠳ ᠵᠶ᠋ᠠᠷ ᠵᠠᠷᠤᠯᠭ᠎ᠠ᠎ᠪᠠᠨ ᠲᠤᠭᠢᠷᠠᠭᠤᠯᠵᠦ ᠪᠣᠯᠤᠨ᠎ᠠ᠂ ᠲᠥᠰᠦᠪ᠎ᠤᠨ ᠲᠤᠭᠢᠷᠠᠭᠤᠯᠤᠯᠳᠠ᠎ᠳᠤ ᠪᠠᠭᠲᠠᠬᠤ ᠵᠢ᠎ᠨᠢ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠎ᠳᠤ ᠣᠷᠣᠭᠤᠯᠤᠨ᠎ᠠ᠃
ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠤᠷᠠᠯ ᠬᠤᠷᠠᠯᠳᠤᠵᠤ ᠲᠥᠰᠦᠪ᠎ᠲᠤ ᠲᠤᠬᠢᠷᠡᠭᠤᠯᠦᠯᠳᠠ ᠬᠢᠬᠦ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠬᠦ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠥᠰᠦᠪ᠎ᠤᠨ ᠲᠤᠭᠢᠷᠠᠭᠤᠯᠤᠯᠳᠠ ᠵᠢᠨ ᠠᠩᠬᠠᠨ᠎ᠤ ᠲᠥᠰᠦᠯ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠ᠋ᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠳᠤ ᠬᠦᠷᠭᠡᠨ ᠲᠤᠰᠢᠶᠠᠵᠤ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠯᠭᠡᠨ᠎ᠡ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠤᠷᠠᠯ ᠬᠤᠷᠠᠯᠳᠤᠵᠤ ᠲᠥᠰᠦᠪ᠎ᠲᠤ ᠲᠤᠬᠢᠷᠡᠭᠤᠯᠦᠯᠳᠠ ᠬᠢᠬᠦ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠬᠦ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠥᠰᠦᠪ᠎ᠤᠨ ᠲᠤᠭᠢᠷᠠᠭᠤᠯᠤᠯᠳᠠ ᠵᠢᠨ ᠠᠩᠬᠠᠨ᠎ᠤ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠢ ᠵᠥᠪᠯᠡᠯ᠎ᠳᠤ ᠬᠦᠷᠭᠡᠨ ᠲᠤᠰᠢᠶᠠᠵᠤ᠂ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠯᠭᠡᠬᠦ ᠬᠡᠷᠡᠭᠲᠡᠶ᠃
ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠵᠢᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠤᠷᠠᠯ ᠬᠤᠷᠠᠯᠳᠤᠵᠤ ᠲᠥᠰᠦᠪ᠎ᠲᠤ ᠲᠤᠬᠢᠷᠡᠭᠤᠯᠦᠯᠳᠠ ᠬᠢᠬᠦ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠬᠦ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠥᠰᠦᠪ᠎ᠤᠨ ᠲᠤᠭᠢᠷᠠᠭᠤᠯᠤᠯᠳᠠ ᠵᠢᠨ ᠠᠩᠬᠠᠨ᠎ᠤ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠢ ᠵᠥᠪᠯᠡᠯ᠎ᠳᠤ ᠬᠦᠷᠭᠡᠨ ᠲᠤᠰᠢᠶᠠᠵᠤ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠯᠭᠡᠬᠦ᠂ ᠪᠤᠶᠤ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃
ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠣᠷᠢᠭ ᠦᠭᠡᠢ ᠬᠤᠲᠠ᠂ ᠬᠤᠳᠠ ᠵᠢᠨ ᠬᠠᠷᠢᠶ᠎ᠠ ᠲᠣᠭᠣᠷᠢᠭ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠤᠷᠠᠯ ᠬᠤᠷᠠᠯᠳᠤᠵᠤ ᠲᠥᠰᠦᠪ᠎ᠲᠤ ᠲᠤᠬᠢᠷᠡᠭᠤᠯᠦᠯᠳᠠ ᠬᠢᠬᠦ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠬᠦ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠥᠰᠦᠪ᠎ᠤᠨ ᠲᠤᠭᠢᠷᠠᠭᠤᠯᠤᠯᠳᠠ ᠵᠢᠨ ᠠᠩᠬᠠᠨ᠎ᠤ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃
ᠲᠥᠪ᠎ᠤᠨ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠎ᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠳᠡᠪᠰᠢᠭᠦᠯᠦᠨ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠬᠦ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠳᠡᠪᠰᠢᠭᠦᠯᠦᠨ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠬᠦ ᠬᠡᠷᠡᠭᠲᠡᠢ; ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠳᠡᠪᠰᠢᠭᠦᠯᠦᠨ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠬᠦ ᠬᠡᠷᠡᠭᠲᠡᠢ᠂ ᠵᠥᠪᠰᠢᠶᠡᠷᠡᠯ ᠤᠢ᠍ᠭᠡᠢ᠎ᠪᠠᠷ ᠲᠥᠰᠦᠪ᠎ᠲᠤ ᠲᠤᠬᠢᠷᠡᠭᠤᠯᠦᠯᠳᠠ ᠬᠢᠵᠦ ᠪᠣᠯᠬᠤ ᠤᠢ᠍ᠭᠡᠢ᠃
ᠳᠠᠯᠠᠳᠤᠭ᠋ᠠᠷ ᠵᠦᠢ᠍ᠯ᠂ ᠵᠥᠪᠰᠢᠶᠡᠷᠡᠭᠦᠯᠦᠭᠰᠡᠨ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠎ᠢ ᠡᠯ᠎ᠡ ᠱᠠᠲᠤᠨ᠎ᠤ ᠵᠠᠰᠠᠭ᠎ᠤᠨ ᠣᠷᠳᠣᠨ ᠴᠢᠩᠭ᠎ᠠ ᠬᠡᠷᠡᠭᠵᠢᠭᠦᠯᠬᠦ ᠬᠡᠷᠡᠭᠲᠡᠢ᠃ ᠲᠤᠰ ᠬᠠᠤᠯᠢ ᠵᠢᠨ ᠵᠢᠷᠠ ᠶᠢᠰᠦᠳᠦᠭᠡᠷ ᠵᠦᠢ᠍ᠯ᠎ᠳᠤ ᠲᠣᠭᠲᠠᠭ᠋ᠠᠭᠰᠠᠨ ᠶᠠᠪᠣᠴᠠ ᠵᠢ ᠳᠠᠮᠵᠢᠭᠰᠠᠨ ᠦᠭᠡᠢ ᠪᠠᠶ᠋ᠢᠪᠠᠯ᠂ ᠡᠯ᠎ᠡ ᠱᠠᠲᠤᠨ᠎ᠤ ᠵᠠᠰᠠᠭ᠎ᠤᠨ ᠣᠷᠳᠣᠨ ᠲᠥᠰᠦᠪ᠎ᠲᠤ ᠲᠤᠭᠢᠷᠠᠭᠤᠯᠤᠯᠳᠠ ᠬᠢᠬᠦ ᠰᠢᠢ᠍ᠳᠪᠦᠷᠢ ᠭᠠᠷᠭ᠋ᠠᠵᠤ ᠪᠣᠯᠬᠤ ᠦᠭᠡᠢ᠃
ᠠ᠋ᠮᠦᠨ᠎ᠡ ᠪᠠᠳᠠᠭ᠎ᠲᠠᠬᠢ ᠲᠣᠭᠲᠠᠭ᠋ᠠᠯ᠎ᠢ ᠵᠥᠷᠢᠴᠡᠵᠦ ᠭᠠᠷᠭ᠋ᠠᠭᠰᠠᠨ ᠰᠢᠢ᠍ᠳᠪᠦᠷᠢ ᠵᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠪᠤᠶᠤ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠠᠴᠠ ᠵᠠᠷᠯᠢᠭᠳᠠᠵᠤ ᠬᠤᠪᠢᠷᠠᠭᠤᠯᠬᠤ ᠪᠤᠶᠤ ᠬᠦᠴᠦᠨ ᠤᠢ᠍ᠭᠡᠢ ᠪᠣᠯᠭ᠋ᠠᠨ᠎ᠠ᠃
ᠲᠡᠯᠡᠠ ᠨᠢᠭᠡᠳᠦᠭᠡᠷ ᠵᠦᠢ᠍ᠯ᠂ ᠲᠥᠰᠦᠪ᠎ᠢ ᠭᠦᠢ᠍ᠴᠡᠳᠬᠡᠬᠦ ᠳᠤᠮᠳᠠ᠂ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠠᠴᠠ ᠲᠤᠰ ᠱᠠᠲᠤᠨ᠎ᠤ ᠵᠠᠰᠠᠭ᠎ᠤᠨ ᠣᠷᠳᠣᠨ᠎ᠠᠴᠠ ᠢᠵᠢ ᠪᠦᠷᠢᠳᠦᠭᠦᠯᠭᠦ ᠪᠡᠯᠡ ᠮᠥᠩᠭᠥ ᠬᠠᠩᠭ᠋ᠠᠬᠤ ᠴᠢᠬᠤᠯᠠ ᠦᠭᠡᠢ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ᠎ᠠᠴᠠ ᠪᠣᠯᠤᠭᠰᠠᠨ ᠲᠥᠰᠦᠪ᠎ᠤᠨ ᠵᠠᠷᠤᠯᠭ᠎ᠠ ᠵᠢᠨ ᠬᠤᠪᠢᠷᠠᠯᠲᠠ᠎ᠨᠢ ᠲᠥᠰᠦᠪ᠎ᠤᠨ ᠲᠤᠬᠢᠷᠡᠭᠤᠯᠦᠯᠳᠠ᠎ᠳᠤ ᠪᠠᠭᠲᠠᠬᠤ ᠤᠢ᠍ᠭᠡᠢ᠃
ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠵᠢ ᠨᠡᠮᠡᠭᠳᠡᠭᠦᠯᠬᠦ ᠵᠢ ᠬᠦᠯᠢᠶᠡᠨ ᠠᠪᠤᠭᠰᠠᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠬᠣᠯᠪᠣᠭᠳᠠᠯ ᠪᠦᠬᠦᠢ ᠪᠠᠶ᠋ᠢᠳᠠᠯ᠎ᠢ ᠮᠡᠳᠡᠭᠦᠯᠬᠦ ᠬᠡᠷᠡᠭᠲᠡᠢ; ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠵᠢ ᠨᠡᠮᠡᠭᠳᠡᠭᠦᠯᠬᠦ ᠵᠢ ᠬᠦᠯᠢᠶᠡᠨ ᠠᠪᠤᠭᠰᠠᠨ ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠵᠠᠰᠠᠭ᠎ᠤᠨ ᠣᠷᠳᠣᠨ᠎ᠠᠴᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠬᠣᠯᠪᠣᠭᠳᠠᠯ ᠪᠦᠬᠦᠢ ᠪᠠᠶ᠋ᠢᠳᠠᠯ᠎ᠢ ᠮᠡᠳᠡᠭᠦᠯᠬᠦ ᠬᠡᠷᠡᠭᠲᠡᠢ᠃
ᠳᠠᠯᠠᠨ ᠬᠣᠶᠠᠳᠤᠭ᠋ᠠᠷ ᠵᠦᠢ᠍ᠯ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ ᠲᠥᠰᠦᠪ᠎ᠤᠨ ᠵᠠᠷᠤᠯᠭ᠎ᠠ ᠵᠢ ᠲᠥᠰᠦᠪ᠎ᠤᠨ ᠵᠦᠢ᠍ᠯ ᠢᠯᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠢ᠃ ᠠᠳᠠᠯᠢ ᠪᠤᠰᠤ ᠲᠥᠰᠦᠪ᠎ᠤᠨ ᠵᠦᠢ᠍ᠯ ᠢᠯᠭ᠋ᠠᠯ᠂ ᠲᠥᠰᠦᠪ᠎ᠤᠨ ᠵᠡᠷᠭᠡ ᠳᠡᠰ ᠪᠤᠶᠤ ᠵᠦᠢ᠍ᠯᠡᠰ᠎ᠤᠨ ᠬᠣᠭᠣᠷᠣᠨᠳᠣᠬᠢ ᠲᠥᠰᠦᠪ᠎ᠤᠨ ᠪᠡᠯᠡ ᠮᠥᠩᠭᠥᠨ᠎ᠤ ᠲᠤᠭᠢᠷᠠᠭᠤᠯᠤᠯᠳᠠ ᠵᠢ ᠴᠢᠩᠭ᠎ᠠ ᠬᠢᠵᠠᠭ᠋ᠠᠷᠯᠠᠵᠤ᠂ ᠦᠨᠡᠬᠡᠷ ᠲᠤᠭᠢᠷᠠᠭᠤᠯᠤᠨ ᠬᠡᠷᠡᠭᠯᠡᠬᠦ ᠴᠢᠬᠤᠯᠠᠲᠠᠢ ᠪᠠᠶ᠋ᠢᠪᠠᠯ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
ᠳᠠᠯᠠᠨ ᠭᠤᠷᠪᠠᠳᠤᠭ᠋ᠠᠷ ᠵᠦᠢ᠍ᠯ᠂ ᠣᠷᠣᠨ ᠨᠤᠲᠤᠭ᠎ᠤᠨ ᠡᠯ᠎ᠡ ᠱᠠᠲᠤᠨ᠎ᠤ ᠲᠥᠰᠦᠪ᠎ᠤᠨ ᠲᠤᠬᠢᠷᠡᠭᠤᠯᠦᠯᠳᠠ ᠵᠢᠨ ᠲᠥᠰᠦᠯ᠎ᠢ ᠵᠥᠪᠰᠢᠶᠡᠷᠡᠭᠦᠯᠦᠭᠰᠡᠨ᠎ᠤ ᠲᠡᠷᠡᠭ᠎ᠠ᠂ ᠲᠤᠰ ᠱᠠᠲᠤᠨ᠎ᠤ ᠵᠠᠰᠠᠭ᠎ᠤᠨ ᠣᠷᠳᠣᠨ᠎ᠠᠴᠠ ᠳᠡᠭᠡᠷ᠎ᠡ ᠨᠢᠭᠡ ᠱᠠᠲᠤᠨ᠎ᠤ ᠵᠠᠰᠠᠭ᠎ᠤᠨ ᠣᠷᠳᠣᠨ᠎ᠳᠤ ᠮᠡᠳᠡᠭᠦᠯᠦᠨ ᠳᠠᠩᠰᠠᠯᠠᠭᠤᠯᠤᠨ᠎ᠠ᠃
ᠨᠠᠢ᠍ᠮᠠᠳᠤᠭ᠋ᠠᠷ ᠪᠦᠯᠦᠭ ᠲᠦᠰᠦᠪ᠎ᠤᠨ ᠭᠦᠢ᠍ᠴᠡᠳᠬᠡᠯ
ᠳᠠᠯᠠᠨ ᠳᠥᠷᠪᠡᠳᠦᠭᠡᠷ ᠵᠦᠢ᠍ᠯ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠠᠴᠠ ᠲᠥᠰᠦᠪ᠎ᠤᠨ ᠣᠨ ᠨᠢᠭᠡᠪᠦᠷᠢ ᠳᠠᠭᠤᠰᠤᠭᠰᠠᠨ᠎ᠤ ᠲᠡᠷᠡᠭ᠎ᠠ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠭᠰᠠᠨ ᠴᠠᠭ ᠵᠶ᠋ᠠᠷ ᠨᠠᠶ᠋ᠢᠷᠠᠭᠤᠯᠤᠨ ᠵᠣᠬᠢᠶᠠᠨ᠎ᠠ᠃
ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠬᠤ ᠪᠣᠳᠠᠲᠠᠶ ᠶᠠᠪᠤᠳᠠᠯ᠎ᠤᠳ᠎ᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠪᠠᠶ᠋ᠢᠷᠢᠯᠠᠭᠤᠯᠤᠨ᠎ᠠ᠃
ᠳᠠᠯᠠᠨ ᠲᠠᠪᠤᠳᠤᠭ᠋ᠠᠷ ᠵᠦᠢ᠍ᠯ᠂ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠬᠤ᠎ᠳᠤ ᠠ᠋ᠷᠬᠡᠪᠰᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠨᠡᠶ᠋ᠢᠴᠡᠭᠦᠯᠵᠦ᠂ ᠣᠷᠣᠯᠭ᠎ᠠ ᠵᠠᠷᠤᠯᠭ᠎ᠠ᠎ᠨᠢ ᠦᠨᠡᠨ ᠪᠣᠳᠠᠲᠠᠢ᠂ ᠲᠣᠭ᠎ᠠ᠎ᠨᠢ ᠣᠨᠣᠪᠴᠢᠲᠠᠢ᠂ ᠠᠭᠤᠯᠭ᠎ᠠ᠎ᠨᠢ ᠪᠦᠷᠢᠨ ᠲᠡᠭᠦᠯᠳᠡᠷ ᠪᠠᠶ᠋ᠢᠵᠤ᠂ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃
ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠨᠢ ᠲᠥᠰᠦᠪ᠎ᠲᠠᠢ ᠬᠠᠷᠢᠯᠴᠠᠨ ᠵᠣᠬᠢᠴᠠᠯᠳᠤᠭᠰᠠᠨ ᠪᠠᠶ᠋ᠢᠵᠤ᠂ ᠲᠥᠰᠦᠪ᠎ᠤᠨ ᠲᠣᠭ᠎ᠠ᠂ ᠲᠥᠰᠦᠪ᠎ᠤᠨ ᠲᠤᠭᠢᠷᠠᠭᠤᠯᠤᠯᠳᠠ ᠵᠢᠨ ᠲᠣᠭ᠎ᠠ᠂ ᠲᠥᠰᠦᠪ᠎ᠤᠨ ᠭᠦᠢ᠍ᠴᠡᠳᠬᠡᠯ᠎ᠤᠨ ᠲᠣᠭ᠎ᠠ᠎ᠪᠠᠷ ᠲᠤᠰ ᠲᠤᠰ ᠵᠢᠭᠰᠠᠭ᠋ᠠᠨ ᠭᠠᠷᠭ᠋ᠠᠬᠤ ᠬᠡᠷᠡᠭᠲᠡᠢ᠃ ᠤᠯᠠᠨ ᠨᠡᠶ᠋ᠢᠲᠡ ᠵᠢᠨ ᠠ᠋ᠩ᠎ᠤᠨ ᠲᠥᠰᠦᠪ᠎ᠤᠨ ᠵᠠᠷᠤᠯᠭ᠎ᠠ ᠵᠢ ᠴᠢᠳᠠᠮᠵᠢ᠎ᠪᠠᠷ᠎ᠨᠢ ᠲᠦᠷᠦᠯ ᠬᠤᠪᠢᠶᠠᠬᠤ᠎ᠳᠠᠭᠠᠨ ᠵᠤᠷᠪᠤᠰ ᠬᠦᠷᠲᠡᠯ᠎ᠡ ᠨᠠᠶ᠋ᠢᠷᠠᠭᠤᠯᠤᠨ ᠵᠢᠭᠰᠠᠭ᠋ᠠᠵᠤ᠂ ᠠᠵᠤ ᠠᠬᠤᠢ ᠵᠢᠨ ᠰᠢᠨᠵᠢ ᠴᠢᠨᠠᠷ ᠵᠶ᠋ᠠᠷ᠎ᠨᠢ ᠲᠦᠷᠦᠯ ᠬᠤᠪᠢᠶᠠᠬᠤ᠎ᠳᠠᠭᠠᠨ ᠪᠠᠳᠠᠭ ᠬᠦᠷᠲᠡᠯ᠎ᠡ ᠨᠠᠶ᠋ᠢᠷᠠᠭᠤᠯᠤᠨ ᠵᠢᠭᠰᠠᠭ᠋ᠠᠬᠤ ᠬᠡᠷᠡᠭᠲᠡᠢ᠃
ᠳᠠᠯᠠᠨ ᠵᠢᠷᠭᠤᠳᠤᠭ᠋ᠠᠷ ᠵᠦᠢ᠍ᠯ᠂ ᠡᠯ᠎ᠡ ᠰᠠᠯᠠᠭ᠎ᠠ ᠮᠥᠴᠢᠷ᠎ᠠᠴᠠ ᠬᠠᠷᠢᠶ᠎ᠠ ᠨᠢᠭᠡᠴᠡ᠎ᠨᠦᠭᠦᠳ᠎ᠤᠨ ᠵᠶ᠋ᠡᠨ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠬᠢᠨᠠᠨ ᠲᠣᠭᠲᠠᠭ᠋ᠠᠬᠤ ᠪᠦᠭᠡᠳ ᠠ᠋ᠮᠬᠢᠳᠬᠡᠨ ᠨᠡᠢ᠌ᠯᠡᠭᠦᠯᠦᠨ ᠲᠣᠰ ᠰᠠᠯᠠᠭ᠎ᠠ ᠮᠥᠴᠢᠷ᠎ᠤᠨ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ᠂ ᠲᠣᠭᠲᠠᠭᠰᠠᠨ ᠬᠤᠭᠤᠴᠠᠭ᠋ᠠᠨ ᠳᠣᠲᠣᠷ᠎ᠠ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠵᠶ᠋ᠡᠷ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃
ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠡᠯ᠎ᠡ ᠰᠠᠯᠠᠭ᠎ᠠ ᠮᠥᠴᠢᠷ᠎ᠤᠨ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠬᠢᠨᠠᠨ ᠲᠣᠭᠲᠠᠭ᠋ᠠᠭᠰᠠᠨ᠎ᠤ ᠲᠡᠷᠡᠭ᠎ᠠ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠢ᠍ᠷᠢᠮ᠎ᠤᠨ ᠲᠣᠭᠲᠠᠭ᠋ᠠᠯ᠎ᠲᠠᠢ ᠨᠡᠶ᠋ᠢᠴᠡᠬᠦ ᠤᠢ᠍ᠭᠡᠢ ᠵᠦᠢ᠍ᠯ ᠪᠠᠶ᠋ᠢᠬᠤ ᠵᠢ ᠣᠯᠵᠤ ᠮᠡᠳᠡᠪᠡᠯ ᠵᠠᠯᠠᠷᠠᠭᠤᠯᠬᠤ ᠠ᠋ᠷᠬᠡ᠎ᠲᠠᠢ᠃
ᠲᠡᠯᠡᠠ ᠳᠣᠯᠣᠳᠤᠭ᠋ᠠᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠥᠪ᠎ᠤᠨ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠬᠤ᠎ᠳᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠢᠨᠠᠨ ᠪᠤᠳᠤᠬᠤ ᠰᠠᠯᠠᠭ᠎ᠠ ᠮᠥᠴᠢᠷ ᠵᠶ᠋ᠡᠷ ᠬᠢᠨᠠᠨ ᠪᠤᠳᠤᠭᠤᠯᠤᠭᠰᠠᠨ᠎ᠤ ᠳᠠᠷᠠᠭ᠎ᠠ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠠᠴᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠪᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠬᠦ ᠬᠡᠷᠡᠭᠲᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠬᠤ᠂ ᠲᠤᠰ ᠱᠠᠲᠤᠨ᠎ᠤ ᠵᠠᠰᠠᠭ᠎ᠤᠨ ᠣᠷᠳᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠵᠶ᠋ᠡᠷ ᠬᠢᠨᠠᠨ ᠪᠤᠳᠤᠭᠤᠯᠤᠭᠰᠠᠨ᠎ᠤ ᠳᠠᠷᠠᠭ᠎ᠠ᠂ ᠲᠤᠰ ᠱᠠᠲᠤᠨ᠎ᠤ ᠵᠠᠰᠠᠭ᠎ᠤᠨ ᠣᠷᠳᠣᠨ᠎ᠳᠤ ᠮᠡᠳᠡᠭᠦᠯᠦᠨ ᠬᠢᠨᠠᠨ ᠲᠣᠭᠲᠠᠭ᠋ᠠᠯᠭ᠋ᠠᠵᠤ᠂ ᠲᠤᠰ ᠱᠠᠲᠤᠨ᠎ᠤ ᠵᠠᠰᠠᠭ᠎ᠤᠨ ᠣᠷᠳᠣᠨ᠎ᠠᠴᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠪᠠᠷ ᠬᠢᠨᠠᠭᠤᠯᠤᠨ ᠵᠥᠪᠰᠢᠶᠡᠷᠡᠭᠦᠯᠬᠦ ᠬᠡᠷᠡᠭᠲᠡᠶ᠃
ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠵᠠᠰᠠᠭ᠎ᠤᠨ ᠣᠷᠳᠣᠨ ᠲᠤᠰ ᠱᠠᠲᠤᠨ᠎ᠤ᠎ᠪᠠᠨ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠭ᠋ᠠᠳ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠳᠡᠪᠰᠢᠭᠦᠯᠦᠨ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠨ᠎ᠡ᠃
ᠲᠡᠯᠡᠠ ᠨᠠᠢ᠍ᠮᠠᠳᠤᠭ᠋ᠠᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠤᠷᠠᠯ ᠬᠤᠷᠠᠯᠳᠤᠵᠤ ᠲᠥᠪ᠎ᠤᠨ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠬᠦ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠦᠷᠦᠭᠦᠦ ᠨᠢᠭᠡ ᠵᠢᠯ᠎ᠤᠨ ᠲᠥᠪ᠎ᠤᠨ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠ᠋ᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶ᠋ᠢᠴᠠᠭ᠋ᠠᠯᠭ᠋ᠠᠬᠤ ᠬᠡᠷᠡᠭᠲᠡᠢ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠤᠷᠠᠯ ᠬᠤᠷᠠᠯᠳᠤᠵᠤ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠬᠦ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠦᠷᠦᠭᠦᠦ ᠨᠢᠭᠡ ᠵᠢᠯ᠎ᠤᠨ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠢ ᠵᠥᠪᠯᠡᠯ᠎ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶ᠋ᠢᠴᠠᠭ᠋ᠠᠯᠭ᠋ᠠᠬᠤ ᠬᠡᠷᠡᠭᠲᠡᠢ᠃
ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠵᠢᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠤᠷᠠᠯ ᠬᠤᠷᠠᠯᠳᠤᠵᠤ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠬᠦ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠦᠷᠦᠭᠦᠦ ᠨᠢᠭᠡ ᠵᠢᠯ᠎ᠤᠨ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠢ ᠵᠥᠪᠯᠡᠯ᠎ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠢ᠌ᠴᠠᠭ᠋ᠠᠯᠭ᠋ᠠᠬᠣ ᠪᠤᠶᠤ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃
ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠣᠷᠢᠭ ᠦᠭᠡᠢ ᠬᠤᠲᠠ᠂ ᠬᠤᠳᠠ ᠵᠢᠨ ᠬᠠᠷᠢᠶ᠎ᠠ ᠲᠣᠭᠣᠷᠢᠭ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠤᠷᠠᠯ ᠬᠤᠷᠠᠯᠳᠤᠵᠤ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠬᠦ᠎ᠠᠴᠠ ᠭᠤᠴᠢᠨ ᠠ᠋ᠳᠦᠷ᠎ᠤᠨ ᠠ᠋ᠮᠦᠨ᠎ᠡ᠂ ᠲᠦᠷᠦᠭᠦᠦ ᠨᠢᠭᠡ ᠵᠢᠯ᠎ᠤᠨ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠭᠤᠯᠤᠮᠵᠢ᠎ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠ᠋ᠳ᠋᠎ᠤᠨ ᠵᠠᠰᠠᠭ ᠠᠵᠤ ᠠᠬᠤᠢ ᠵᠢᠨ ᠵᠥᠪᠯᠡᠯ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠯᠪᠣᠭᠳᠠᠯ ᠪᠦᠬᠦᠢ ᠲᠤᠰᠬᠠᠶ ᠺᠣᠮᠢᠰ᠎ᠠᠴᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠤᠨ ᠲᠤᠬᠠᠶ ᠮᠡᠳᠡᠭᠦᠯᠦᠯᠲᠡ ᠵᠢ ᠳᠣᠷᠠᠳᠣᠨ ᠭᠠᠷᠭ᠋ᠠᠨ᠎ᠠ᠃
ᠳᠠᠯ᠎ᠠ ᠶᠢᠰᠦᠳᠦᠭᠡᠷ ᠵᠦᠢ᠍ᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠪᠠ ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠤᠨ ᠳᠣᠣᠷ᠎ᠠ ᠵᠢᠭᠰᠠᠭ᠋ᠠᠭᠰᠠᠨ ᠠᠭᠤᠯᠭ᠎ᠠ ᠵᠢ ᠭᠣᠣᠯᠳᠠᠯᠭ᠎ᠠ᠎ᠲᠠᠢ ᠬᠢᠨᠠᠨ ᠪᠠᠶ᠋ᠢᠴᠠᠭ᠋ᠠᠨ᠎ᠠ᠄
(ᠨᠢᠭᠡ) ᠲᠥᠰᠦᠪ᠎ᠤᠨ ᠣᠷᠣᠯᠭ᠎ᠠ ᠵᠢᠨ ᠪᠠᠶ᠋ᠢᠳᠠᠯ;
(ᠬᠣᠶᠠᠷ) ᠵᠠᠷᠤᠯᠭ᠎ᠠ ᠵᠢᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ ᠪᠣᠯᠤᠨ ᠭᠣᠣᠯᠳᠠᠯᠭ᠎ᠠ᠎ᠲᠠᠢ ᠵᠠᠷᠤᠯᠭ᠎ᠠ᠂ ᠴᠢᠬᠤᠯᠠ ᠶᠡᠬᠡ ᠪᠡᠯᠡ ᠣᠷᠣᠭᠤᠯᠤᠯᠲᠠ ᠵᠢᠨ ᠵᠦᠢ᠍ᠯᠡᠰ᠎ᠤᠨ ᠪᠡᠯᠡ ᠮᠥᠩᠭᠥ ᠵᠢ ᠬᠡᠷᠡᠭᠯᠡᠭᠰᠡᠨ ᠵᠢᠴᠢ ᠦᠷ᠎ᠡ ᠪᠦᠲᠦᠮᠵᠢ ᠵᠢᠨ ᠪᠠᠶ᠋ᠢᠳᠠᠯ;
(ᠭᠤᠷᠪᠠ) ᠳ᠋ᠦᠩᠨᠡᠨ ᠰᠢᠯᠵᠢᠭᠦᠯᠦᠭᠰᠡᠨ ᠪᠡᠯᠡ ᠮᠥᠩᠭᠥ ᠵᠢ ᠬᠡᠷᠡᠭᠯᠡᠭᠰᠡᠨ ᠪᠠᠶ᠋ᠢᠳᠠᠯ;
(ᠳᠦᠷᠪᠡ) ᠪᠡᠯᠡ ᠮᠥᠩᠭᠥᠨ᠎ᠤ ᠦᠯᠡᠳᠡᠪᠦᠷᠢ ᠵᠢᠨ ᠪᠠᠶ᠋ᠢᠳᠠᠯ;
(ᠲᠠᠪᠤ) ᠲᠤᠰ ᠱᠠᠲᠤᠨ᠎ᠤ ᠲᠥᠰᠦᠪ᠎ᠲᠤ ᠲᠤᠭᠢᠷᠠᠭᠤᠯᠤᠯᠳᠡ ᠬᠢᠭᠰᠡᠨ ᠵᠢᠴᠢ ᠭᠦᠢ᠍ᠴᠡᠳᠬᠡᠭᠰᠡᠨ ᠪᠠᠶ᠋ᠢᠳᠠᠯ;
(ᠵᠢᠷᠭᠤᠭ᠎ᠠ) ᠠ᠋ᠳ᠋᠎ᠤᠨ ᠵᠠᠰᠠᠭ᠎ᠤᠨ ᠰᠢᠯᠵᠢᠭᠦᠯᠦᠨ ᠥᠭᠬᠦ ᠵᠢ ᠲᠤᠭᠢᠷᠠᠭᠤᠯᠵᠦ ᠭᠦᠢ᠍ᠴᠡᠳᠬᠡᠭᠰᠡᠨ ᠪᠠᠶ᠋ᠢᠳᠠᠯ;
(ᠳᠤᠯᠤᠭ᠎ᠠ) ᠵᠥᠪᠰᠢᠶᠡᠷᠡᠭᠦᠯᠦᠭᠰᠡᠨ ᠵᠢᠭᠡᠯᠡᠯᠭᠡ ᠠᠪᠬᠤ ᠬᠡᠪᠴᠢᠶ᠎ᠡ᠂ ᠪᠦᠲᠦᠴᠡ᠂ ᠬᠡᠷᠡᠭᠯᠡᠭᠡ᠂ ᠲᠦᠯᠦᠭᠰᠡᠨ ᠵᠡᠷᠭᠡ ᠪᠠᠶ᠋ᠢᠳᠠᠯ;
(ᠨᠠᠢ᠍ᠮᠠ) ᠲᠤᠰ ᠱᠠᠲᠤᠨ᠎ᠤ ᠲᠥᠰᠦᠪ᠎ᠤᠨ ᠠ᠋ᠷᠭᠢᠯᠲᠡ ᠵᠢᠨ ᠮᠥᠩᠭᠥᠨ᠎ᠤ ᠬᠡᠪᠴᠢᠶ᠎ᠡ ᠪᠣᠯᠤᠨ ᠬᠡᠷᠡᠭᠯᠡᠭᠰᠡᠨ ᠪᠠᠶ᠋ᠢᠳᠠᠯ;
(ᠶᠢᠰᠦ) ᠲᠤᠰ ᠱᠠᠲᠤᠨ᠎ᠤ ᠪᠡᠯᠡᠳᠬᠡᠯ ᠵᠠᠷᠤᠳᠠᠯ᠎ᠢ ᠬᠡᠷᠡᠭᠯᠡᠭᠰᠡᠨ ᠪᠠᠶ᠋ᠢᠳᠠᠯ;
(ᠠᠷᠪᠠ) ᠳᠠᠪᠠᠭᠤᠯᠤᠨ ᠬᠤᠷᠢᠶᠠᠭᠰᠠᠨ ᠣᠷᠣᠯᠭ᠎ᠠ ᠵᠢ ᠲᠤᠭᠢᠷᠠᠭᠤᠯᠤᠭᠰᠠᠨ ᠪᠠᠶ᠋ᠢᠳᠠᠯ᠂ ᠲᠥᠰᠦᠪ᠎ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠥᠨ᠎ᠤ ᠬᠡᠪᠴᠢᠶ᠎ᠡ ᠪᠠ ᠬᠡᠷᠡᠭᠯᠡᠭᠰᠡᠨ ᠪᠠᠶ᠋ᠢᠳᠠᠯ;
(ᠠᠷᠪᠠᠨ ᠨᠢᠭᠡ) ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠥᠪᠰᠢᠶᠡᠷᠡᠭᠰᠡᠨ ᠲᠥᠰᠦᠪ᠎ᠤᠨ ᠰᠢᠢ᠍ᠳᠪᠦᠷᠢ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
(ᠠᠷᠪᠠᠨ ᠬᠣᠶᠠᠷ) ᠲᠥᠰᠦᠪ᠎ᠤᠨ ᠭᠦᠢ᠍ᠴᠡᠳᠬᠡᠯ᠎ᠲᠠᠢ ᠬᠣᠯᠪᠣᠭᠳᠠᠬᠤ ᠪᠤᠰᠤᠳ ᠴᠢᠬᠤᠯᠠ ᠪᠠᠶ᠋ᠢᠳᠠᠯ᠃
ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠠᠴᠠ ᠲᠤᠰ ᠱᠠᠲᠤᠨ᠎ᠤ ᠵᠠᠰᠠᠭ᠎ᠤᠨ ᠣᠷᠳᠣᠨ᠎ᠤ ᠳᠤᠷᠠᠳᠤᠨ ᠭᠠᠷᠭ᠋ᠠᠭᠰᠠᠨ ᠲᠦᠷᠦᠭᠦᠦ ᠨᠢᠭᠡ ᠵᠢᠯ᠎ᠤᠨ ᠲᠥᠰᠦᠪ᠎ᠢ ᠭᠦᠢ᠍ᠴᠡᠳᠬᠡᠭᠰᠡᠨ ᠪᠠ ᠠ᠋ᠳ᠋᠎ᠤᠨ ᠵᠠᠰᠠᠭ᠎ᠤᠨ ᠪᠤᠰᠤᠳ ᠣᠷᠣᠯᠭ᠎ᠠ ᠵᠠᠷᠤᠯᠭ᠎ᠠ ᠵᠢᠨ ᠬᠢᠨᠠᠨ ᠪᠣᠳᠣᠭᠰᠠᠨ ᠠᠵᠢᠯ᠎ᠤᠨ ᠮᠡᠳᠡᠭᠦᠯᠦᠯᠲᠡ᠎ᠲᠠᠢ ᠤᠶᠠᠯᠳᠤᠭᠤᠯᠵᠤ᠂ ᠲᠤᠰ ᠱᠠᠲᠤᠨ᠎ᠤ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠳᠤ ᠬᠢᠨᠠᠨ ᠪᠠᠢ᠌ᠴᠠᠭ᠋ᠠᠯᠲᠠ ᠬᠢᠨ᠎ᠡ᠃
ᠨᠠᠶᠠᠳᠤᠭ᠋ᠠᠷ ᠵᠦᠢ᠍ᠯ᠂ ᠡᠯ᠎ᠡ ᠱᠠᠲᠤᠨ᠎ᠤ ᠲᠥᠰᠦᠪ᠎ᠤᠨ ᠭᠦᠢ᠍ᠴᠡᠳᠬᠡᠯ᠎ᠢ ᠵᠥᠪᠰᠢᠶᠡᠷᠡᠭᠦᠯᠦᠭᠰᠡᠨ᠎ᠤ ᠲᠡᠷᠡᠭ᠎ᠠ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠬᠣᠷᠢᠨ ᠠ᠋ᠳᠦᠷ᠎ᠤᠨ ᠳᠣᠲᠣᠷ᠎ᠠ ᠲᠤᠰ ᠱᠠᠲᠤᠨ᠎ᠤ ᠡᠯ᠎ᠡ ᠰᠠᠯᠠᠭ᠎ᠠ ᠮᠥᠴᠢᠷ᠎ᠲᠤ ᠲᠥᠰᠦᠪ᠎ᠤᠨ ᠭᠦᠢ᠍ᠴᠡᠳᠬᠡᠯ᠎ᠢ ᠴᠤᠬᠤᠯᠡᠪᠦᠷᠢᠯᠡᠠ ᠬᠠᠷᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠴᠤᠬᠤᠯᠠᠪᠤᠷᠢᠯᠠᠨ ᠬᠠᠷᠢᠭᠤᠯᠤᠭᠰᠠᠨ ᠲᠤᠰ ᠰᠠᠯᠠᠭ᠎ᠠ ᠮᠥᠴᠢᠷ᠎ᠤᠨ ᠲᠥᠰᠦᠪ᠎ᠤᠨ ᠭᠦᠢ᠍ᠴᠡᠳᠬᠡᠯ᠎ᠢ ᠣᠯᠤᠭᠰᠠᠨ᠎ᠤ ᠳᠠᠷᠠᠭ᠎ᠠ ᠠᠷᠪᠠᠨ ᠲᠠᠪᠤᠨ ᠠ᠋ᠳᠦᠷ᠎ᠤᠨ ᠳᠣᠲᠣᠷ᠎ᠠ ᠬᠠᠷᠢᠶ᠎ᠠ ᠨᠢᠭᠡᠴᠢ᠎ᠳᠡᠭᠡᠨ ᠲᠥᠰᠦᠪ᠎ᠤᠨ ᠭᠦᠢ᠍ᠴᠡᠳᠬᠡᠯ᠎ᠢ ᠴᠤᠬᠤᠯᠠᠪᠤᠷᠢᠯᠠᠨ ᠬᠠᠷᠢᠭᠤᠯᠬᠤ ᠬᠡᠷᠡᠭᠲᠡᠢ᠃
ᠨᠠᠶᠠᠨ ᠨᠢᠭᠡᠳᠦᠭᠡᠷ ᠵᠦᠢ᠍ᠯ᠂ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠵᠥᠪᠰᠢᠶᠡᠷᠡᠭᠦᠯᠦᠭᠰᠡᠨ ᠲᠥᠰᠦᠪ᠎ᠤᠨ ᠭᠦᠢ᠍ᠴᠡᠳᠬᠡᠯ ᠵᠢᠴᠢ ᠳᠣᠣᠷ᠎ᠠ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠮᠡᠳᠡᠭᠦᠯᠵᠦ ᠳᠠᠩᠰᠠᠯᠠᠭᠤᠯᠤᠭᠰᠠᠨ ᠲᠥᠰᠦᠪ᠎ᠤᠨ ᠭᠦᠢ᠍ᠴᠡᠳᠬᠡᠯ᠎ᠢ ᠬᠤᠷᠢᠶᠠᠩᠭᠤᠶ᠋ᠢᠯᠠᠵᠤ᠂ ᠳᠡᠭᠡᠷ᠎ᠡ ᠨᠢᠭᠡ ᠱᠠᠲᠤᠨ᠎ᠤ ᠵᠠᠰᠠᠭ᠎ᠤᠨ ᠣᠷᠳᠣᠨ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠵᠠᠰᠠᠭ᠎ᠤᠨ ᠣᠷᠳᠣᠨ ᠳᠣᠣᠷ᠎ᠠ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠲᠥᠰᠦᠪ᠎ᠤᠨ ᠭᠦᠢ᠍ᠴᠡᠳᠬᠡᠯ᠎ᠢ ᠬᠤᠷᠢᠶᠠᠩᠭᠤᠶ᠋ᠢᠯᠠᠭᠰᠠᠨ᠎ᠤ ᠳᠠᠷᠠᠭ᠎ᠠ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠨᠠᠶᠠᠨ ᠬᠣᠶᠠᠳᠤᠭ᠋ᠠᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ ᠪᠣᠯᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠳᠣᠣᠷ᠎ᠠ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠲᠤᠰ ᠬᠠᠤᠯᠢ ᠵᠢᠨ ᠨᠠᠶᠠᠨ ᠨᠢᠭᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠮᠡᠳᠡᠭᠦᠯᠵᠦ ᠳᠠᠩᠰᠠᠯᠠᠭᠤᠯᠤᠭᠰᠠᠨ ᠲᠥᠰᠦᠪ᠎ᠤᠨ ᠭᠦᠢ᠍ᠴᠡᠳᠬᠡᠯ᠎ᠳᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠲᠠᠢ ᠬᠠᠷᠰᠢᠯᠳᠤᠬᠤ ᠪᠤᠶᠤ ᠪᠤᠰᠤᠳ ᠵᠤᠬᠢᠰ ᠤᠢ᠍ᠭᠡᠢ ᠵᠦᠢ᠍ᠯ ᠪᠠᠢ᠌ᠨ᠎ᠠ ᠭᠡᠵᠦ ᠦᠵᠡᠵᠦ᠂ ᠲᠤᠰ ᠲᠥᠰᠦᠪ᠎ᠤᠨ ᠭᠦᠢ᠍ᠴᠡᠳᠬᠡᠯ᠎ᠢ ᠵᠥᠪᠰᠢᠶᠡᠷᠡᠭᠰᠡᠨ ᠰᠢᠢ᠍ᠳᠪᠦᠷᠢ ᠵᠢ ᠬᠦᠴᠦᠨ ᠦᠭᠡᠢ ᠪᠣᠯᠭ᠋ᠠᠬᠤ ᠴᠢᠬᠤᠯᠠᠲᠠᠶ ᠪᠠᠶ᠋ᠢᠪᠠᠯ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠵᠦᠪᠳᠦᠯᠴᠡᠨ ᠲᠣᠭᠲᠠᠭ᠋ᠠᠯᠭ᠋ᠠᠨ᠎ᠠ; ᠬᠢᠨᠠᠨ ᠵᠦᠪᠳᠦᠨ ᠬᠦᠴᠦᠨ ᠦᠭᠡᠢ ᠪᠣᠯᠭ᠋ᠠᠬᠤ᠎ᠪᠠᠷ ᠳᠣᠬᠳᠠᠪᠠᠯ᠂ ᠲᠤᠰ ᠲᠤᠤᠷᠡᠳᠦ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠠᠴᠠ ᠲᠤᠰ ᠱᠠᠲᠤᠨ᠎ᠤ ᠵᠠᠰᠠᠭ᠎ᠤᠨ ᠣᠷᠳᠣᠨ ᠵᠶ᠋ᠠᠷ ᠬᠠᠷᠢᠭᠣᠴᠠᠭᠣᠯᠣᠨ᠂ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠳᠠᠬᠢᠨ ᠰᠢᠨ᠎ᠡ᠎ᠪᠠᠷ ᠨᠠᠶ᠋ᠢᠷᠠᠭᠤᠯᠤᠨ ᠵᠣᠬᠢᠶᠠᠨ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠪᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠬᠦ ᠬᠡᠷᠡᠭᠲᠡᠶ᠃
ᠶᠢᠰᠦᠳᠦᠭᠡᠷ ᠪᠦᠯᠦᠭ ᠬᠢᠨᠠᠯᠲᠠ ᠲᠠᠯᠪᠢᠬᠤ
ᠨᠠᠶᠠᠨ ᠭᠤᠷᠪᠠᠳᠤᠭ᠋ᠠᠷ ᠵᠦᠢ᠍ᠯ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠣᠷᠢᠶ᠎ᠠ᠎ᠨᠢ ᠲᠥᠪ᠎ᠤᠨ ᠪᠠ ᠣᠷᠣᠨ ᠨᠤᠲᠤᠭ᠎ᠤᠨ ᠲᠥᠰᠦᠪ᠂ ᠲᠥᠰᠦᠪ᠎ᠤᠨ ᠭᠦᠢ᠍ᠴᠡᠳᠬᠡᠯ᠎ᠳᠤ ᠬᠢᠨᠠᠯᠲᠠ ᠲᠠᠯᠪᠢᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠣᠷᠢᠶ᠎ᠠ᠎ᠨᠢ ᠲᠤᠰ ᠱᠠᠲᠤᠨ᠎ᠤ ᠪᠠ ᠲᠤᠤᠷᠡᠳᠦ ᠱᠠᠲᠤᠨ᠎ᠤ ᠲᠥᠰᠦᠪ᠂ ᠲᠥᠰᠦᠪ᠎ᠤᠨ ᠭᠦᠢ᠍ᠴᠡᠳᠬᠡᠯ᠎ᠳᠤ ᠬᠢᠨᠠᠯᠲᠠ ᠲᠠᠯᠪᠢᠨ᠎ᠠ᠃
ᠰᠢᠶᠠᠩ᠂ ᠦᠨᠳᠦᠰᠦᠲᠡᠨ᠎ᠤ ᠰᠢᠶᠠᠩ᠂ ᠪᠠᠯᠭ᠋ᠠᠰᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠨᠢ ᠲᠤᠰ ᠱᠠᠲᠤᠨ᠎ᠤ ᠲᠥᠰᠦᠪ᠂ ᠲᠥᠰᠦᠪ᠎ᠤᠨ ᠭᠦᠢ᠍ᠴᠡᠳᠬᠡᠯ᠎ᠳᠤ ᠬᠢᠨᠠᠯᠲᠠ ᠲᠠᠯᠪᠢᠨ᠎ᠠ᠃
ᠨᠠᠶᠠᠨ ᠳᠥᠷᠪᠡᠳᠦᠭᠡᠷ ᠵᠦᠢ᠍ᠯ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠠᠴᠠ ᠲᠥᠰᠦᠪ᠂ ᠲᠥᠰᠦᠪ᠎ᠤᠨ ᠭᠦᠢ᠍ᠴᠡᠳᠬᠡᠯ᠎ᠳᠠᠬᠢ ᠴᠢᠬᠤᠯᠠ ᠶᠡᠬᠡ ᠶᠠᠪᠤᠳᠠᠯ ᠪᠤᠶᠤ ᠣᠨᠴᠠᠭ᠋ᠠᠢ ᠠᠰᠠᠭᠤᠳᠠᠯ᠎ᠳᠤ ᠵᠣᠬᠢᠶᠠᠨ ᠪᠠᠢ᠌ᠭᠣᠯᠣᠨ ᠪᠠᠶ᠋ᠢᠴᠠᠭ᠋ᠠᠯᠲᠠ ᠬᠢᠬᠦ ᠡᠷᠬᠡ᠎ᠲᠠᠢ᠂ ᠬᠣᠯᠪᠣᠭᠳᠠᠯ ᠪᠦᠬᠦᠢ ᠵᠠᠰᠠᠭ᠎ᠤᠨ ᠣᠷᠳᠣᠨ᠂ ᠰᠠᠯᠠᠭ᠎ᠠ ᠮᠦᠴᠢᠷ᠂ ᠨᠢᠭᠡᠴᠢ ᠪᠠ ᠬᠤᠪᠢ ᠬᠥᠮᠦᠨ ᠪᠠᠶ᠋ᠢᠳᠠᠯ ᠵᠶ᠋ᠠᠨ ᠦᠨᠡᠨ ᠮᠥᠨ ᠵᠶ᠋ᠡᠷ᠎ᠨᠢ ᠲᠤᠰᠬᠠᠵᠤ᠂ ᠴᠢᠬᠤᠯᠠ ᠪᠦᠬᠦᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃
ᠨᠠᠶᠠᠨ ᠲᠠᠪᠤᠳᠤᠭ᠋ᠠᠷ ᠵᠦᠢ᠍ᠯ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠤᠷᠠᠯ ᠬᠢᠬᠦ ᠦᠶ᠎ᠡ᠎ᠳᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠤᠶᠤ ᠪᠠᠶ᠋ᠢᠩᠭᠤ ᠵᠢᠨ ᠬᠣᠷᠢᠶᠠᠨ᠎ᠤ ᠪᠦᠷᠢᠯᠳᠦᠬᠦᠨ ᠨᠡᠷ᠂ ᠬᠠᠤᠯᠢ᠎ᠳᠤ ᠲᠣᠭᠲᠠᠭ᠋ᠠᠭᠰᠠᠨ ᠶᠠᠪᠣᠴᠠ ᠶᠣᠰᠣᠭ᠋ᠠᠷ ᠲᠥᠰᠦᠪ᠂ ᠲᠥᠰᠦᠪ᠎ᠤᠨ ᠭᠦᠢ᠍ᠴᠡᠳᠬᠡᠯ᠎ᠳᠠᠬᠢ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠯᠠᠪᠯᠠᠨ ᠠᠰᠠᠭᠤᠬᠤ ᠪᠤᠶᠤ ᠲᠤᠯᠭ᠋ᠠᠨ ᠠᠰᠠᠭᠤᠪᠠᠯ᠂ ᠯᠠᠪᠯᠠᠨ ᠠᠰᠠᠭᠤᠭᠳᠠᠭᠰᠠᠨ ᠪᠤᠶᠤ ᠲᠤᠯᠭ᠋ᠠᠨ ᠠᠰᠠᠭᠤᠭᠳᠠᠭᠰᠠᠨ ᠬᠣᠯᠪᠣᠭᠳᠠᠯ ᠪᠦᠬᠦᠢ ᠵᠠᠰᠠᠭ᠎ᠤᠨ ᠣᠷᠳᠣᠨ ᠪᠤᠶᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠠ᠋ᠷᠬᠡᠪᠰᠢ ᠴᠠᠭ ᠲᠤᠬᠠᠶ᠎ᠳᠤᠨᠢ ᠬᠠᠷᠢᠭᠤᠯᠲᠠ ᠥᠭᠬᠦ ᠬᠡᠷᠡᠭᠲᠡᠶ᠃
ᠨᠠᠶᠠᠨ ᠵᠢᠷᠭᠤᠳᠤᠭ᠋ᠠᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ ᠪᠣᠯᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠯ ᠪᠦᠷᠢ ᠵᠢᠨ ᠵᠢᠷᠭᠤᠭ᠋ᠠᠨ ᠰᠠᠷ᠎ᠠ᠎ᠠᠴᠠ ᠶᠢᠰᠦᠨ ᠰᠠᠷ᠎ᠠ ᠬᠦᠷᠲᠡᠯᠡᠬᠢ ᠬᠤᠭᠤᠴᠠᠭ᠋ᠠᠨ᠎ᠳᠤ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠲᠥᠰᠦᠪ᠎ᠢ ᠭᠦᠢ᠍ᠴᠡᠳᠭᠡᠵᠦ ᠪᠠᠢ᠌ᠭ᠎ᠠ ᠪᠠᠶ᠋ᠢᠳᠠᠯ᠎ᠢ ᠮᠡᠳᠡᠭᠦᠯᠦᠯᠲᠡ ᠬᠢᠨ᠎ᠡ᠃
ᠨᠠᠶᠠᠨ ᠳᠣᠯᠣᠳᠤᠭ᠋ᠠᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠲᠤᠤᠷᠡᠳᠦ ᠱᠠᠲᠤᠨ᠎ᠤ ᠵᠠᠰᠠᠭ᠎ᠤᠨ ᠣᠷᠳᠣᠨ᠎ᠤ ᠲᠥᠰᠦᠪ᠎ᠢ ᠭᠦᠢ᠍ᠴᠡᠳᠬᠡᠬᠦ᠎ᠳᠤ ᠬᠢᠨᠠᠯᠲᠠ ᠲᠠᠯᠪᠢᠨ᠎ᠠ; ᠲᠤᠤᠷᠡᠳᠦ ᠱᠠᠲᠤᠨ᠎ᠤ ᠵᠠᠰᠠᠭ᠎ᠤᠨ ᠣᠷᠳᠣᠨ᠎ᠨᠢ ᠲᠥᠰᠦᠪ᠎ᠢ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ ᠵᠶ᠋ᠠᠨ ᠲᠣᠭᠲᠠᠭᠰᠠᠨ ᠬᠤᠭᠤᠴᠠᠭ᠎ᠠ᠎ᠲᠠᠢ᠎ᠪᠠᠷ ᠳᠡᠭᠡᠷ᠎ᠡ ᠨᠢᠭᠡ ᠱᠠᠲᠤᠨ᠎ᠤ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠶ᠃
ᠨᠠᠶᠠᠨ ᠨᠠᠢ᠍ᠮᠠᠳᠤᠭ᠋ᠠᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠡᠯ᠎ᠡ ᠰᠠᠯᠠᠭ᠎ᠠ ᠮᠥᠴᠢᠷ ᠪᠠ ᠬᠠᠷᠢᠶ᠎ᠠ ᠨᠢᠭᠡᠴᠢ ᠵᠢᠨ ᠵᠶ᠋ᠡᠨ ᠲᠥᠰᠦᠪ᠎ᠢ ᠨᠠᠶ᠋ᠢᠷᠠᠭᠤᠯᠤᠨ ᠵᠣᠬᠢᠶᠠᠬᠤ᠂ ᠭᠦᠢ᠍ᠴᠡᠳᠬᠡᠬᠦ ᠵᠢ ᠬᠢᠨᠠᠵᠤ ᠪᠠᠢ᠌ᠴᠠᠭ᠋ᠠᠵᠦ᠂ ᠠ᠋ᠭᠦᠨ᠎ᠤ ᠵᠡᠷᠭᠡᠴᠡᠬᠡᠪᠠᠷ ᠲᠤᠰ ᠱᠠᠲᠤᠨ᠎ᠤ ᠵᠠᠰᠠᠭ᠎ᠤᠨ ᠣᠷᠳᠣᠨ ᠪᠠ ᠳᠡᠭᠡᠷ᠎ᠡ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠲᠥᠰᠦᠪ᠎ᠢ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠢ ᠮᠡᠳᠡᠭᠦᠯᠦᠨ᠎ᠡ᠃
ᠨᠠᠶᠠ ᠶᠢᠰᠦᠳᠦᠭᠡᠷ ᠵᠦᠢ᠍ᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ᠎ᠤᠨ ᠣᠷᠳᠣᠨ᠎ᠤ ᠬᠢᠨᠠᠨ ᠪᠤᠳᠤᠬᠤ ᠰᠠᠯᠠᠭ᠎ᠠ ᠮᠥᠴᠢᠷ᠎ᠨᠢ ᠬᠠᠤᠯᠢ ᠶᠣᠰᠣᠭ᠋ᠠᠷ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ ᠪᠠ ᠲᠥᠰᠦᠪ᠎ᠤᠨ ᠭᠦᠢ᠍ᠴᠡᠳᠬᠡᠯ᠎ᠳᠤ ᠬᠢᠨᠠᠨ ᠪᠤᠳᠤᠯᠳᠠ ᠵᠢᠨ ᠬᠢᠨᠠᠯᠲᠠ ᠵᠢ ᠲᠠᠯᠪᠢᠨ᠎ᠠ᠃
ᠲᠥᠰᠦᠪ᠎ᠢ ᠭᠦᠢ᠍ᠴᠡᠳᠬᠡᠭᠰᠡᠨ ᠪᠠ ᠪᠤᠰᠤᠳ ᠠ᠋ᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢ ᠬᠢᠨᠠᠨ ᠪᠤᠳᠤᠬᠰᠠᠨ ᠠᠵᠢᠯ᠎ᠤᠨ ᠮᠡᠳᠡᠭᠦᠯᠦᠯᠲᠡ ᠵᠢ ᠨᠡᠶ᠋ᠢᠭᠡᠮ᠎ᠳᠤ ᠢᠯᠠ᠎ᠪᠠᠷ ᠵᠠᠷᠯᠠᠬᠤ ᠬᠡᠷᠡᠭᠲᠡᠢ᠃
ᠶᠡᠷᠡᠳᠦᠭᠡᠷ ᠵᠦᠢ᠍ᠯ᠂ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠬᠠᠷᠢᠶ᠎ᠠ ᠨᠢᠭᠡᠴᠢ ᠵᠢᠨ ᠵᠶ᠋ᠡᠨ ᠲᠥᠰᠦᠪ᠎ᠢ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠢ ᠬᠢᠨᠠᠵᠤ ᠪᠠᠶ᠋ᠢᠴᠠᠭ᠋ᠠᠬᠤ᠂ ᠴᠠᠭ ᠲᠤᠬᠠᠶ᠎ᠳᠤᠨᠢ ᠲᠤᠰ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠲᠤᠰ ᠰᠠᠯᠠᠭ᠎ᠠ ᠮᠥᠴᠢᠷ᠎ᠤᠨ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠎ᠢ ᠲᠤᠰᠬᠠᠵᠤ᠂ ᠲᠥᠰᠦᠪ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠠᠷᠠᠭᠤᠯᠬᠤ ᠬᠡᠷᠡᠭᠲᠡᠶ᠃
ᠶᠡᠷᠡᠨ ᠨᠢᠭᠡᠳᠦᠭᠡᠷ ᠵᠦᠢ᠍ᠯ᠂ ᠠᠷᠠᠳ ᠢᠷᠭᠡᠨ᠂ ᠬᠠᠤᠯᠢ ᠵᠢᠨ ᠬᠥᠮᠦᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠲᠤᠰ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠭᠰᠡᠨ ᠪᠠᠶ᠋ᠢᠪᠠᠯ᠂ ᠬᠣᠯᠪᠣᠭᠳᠠᠯ ᠪᠦᠬᠦᠢ ᠲᠦᠷᠦ ᠵᠢᠨ ᠪᠠᠶ᠋ᠢᠭᠤᠯᠭ᠎ᠠ᠎ᠳᠤ ᠬᠠᠤᠯᠢ ᠶᠣᠰᠣᠭ᠋ᠠᠷ ᠢᠯᠡᠴᠢᠯᠡᠬᠦ ᠪᠠ ᠵᠠᠭ᠋ᠠᠯᠳᠤᠵᠦ ᠪᠣᠯᠤᠨ᠎ᠠ᠃
ᠢᠯᠡᠴᠢᠯᠡᠯᠲᠡ ᠪᠠ ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ ᠲᠦᠷᠦ ᠵᠢᠨ ᠪᠠᠶ᠋ᠢᠭᠤᠯᠭ᠎ᠠ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠵᠢᠨ ᠬᠠᠮᠲᠤ ᠢᠯᠡᠴᠢᠯᠡᠭᠴᠢ᠂ ᠵᠠᠭ᠋ᠠᠯᠳᠤᠭᠴᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠢ᠃ ᠶᠠᠮᠠᠷᠪᠠ ᠨᠢᠭᠡᠴᠢ ᠪᠤᠶᠤ ᠬᠤᠪᠢ ᠬᠥᠮᠦᠨ᠎ᠠᠴᠠ ᠢᠯᠡᠴᠢᠯᠡᠭᠴᠢ᠂ ᠵᠠᠭ᠋ᠠᠯᠳᠤᠭᠴᠢ᠎ᠳᠤ ᠳᠠᠷᠤᠯᠲᠠ ᠦᠵᠡᠭᠦᠯᠬᠦ ᠪᠤᠶᠤ ᠴᠣᠬᠢᠯᠲᠠ ᠥᠭᠴᠦ ᠬᠠᠷᠢᠭᠤ ᠠᠪᠴᠤ ᠪᠣᠯᠬᠤ ᠤᠢ᠍ᠭᠡᠢ᠃
ᠠᠷᠪᠠᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠶᠡᠷᠡᠨ ᠬᠣᠶᠠᠳᠤᠭ᠋ᠠᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠯᠭ᠎ᠠ᠎ᠲᠠᠢ ᠠ᠋ᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠠᠴᠠ ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠲᠤᠰ ᠬᠠᠤᠯᠢ ᠵᠢᠨ ᠲᠣᠭᠲᠠᠭ᠋ᠠᠯ᠎ᠤᠨ ᠶᠣᠰᠣᠭ᠋ᠠᠷ᠂ ᠲᠥᠰᠦᠪ᠎ᠤᠨ ᠲᠥᠰᠦᠯ᠂ ᠲᠥᠰᠦᠪ᠎ᠤᠨ ᠲᠤᠭᠢᠷᠠᠭᠤᠯᠤᠯᠳᠠ ᠵᠢᠨ ᠲᠥᠰᠦᠯ᠂ ᠲᠥᠰᠦᠪ᠎ᠤᠨ ᠭᠦᠢ᠍ᠴᠡᠳᠬᠡᠯ᠎ᠤᠨ ᠲᠥᠰᠦᠯ ᠪᠠ ᠰᠠᠯᠠᠭ᠎ᠠ ᠮᠥᠴᠢᠷ᠎ᠤᠨ ᠲᠥᠰᠦᠪ᠂ ᠲᠥᠰᠦᠪ᠎ᠤᠨ ᠭᠦᠢ᠍ᠴᠡᠳᠬᠡᠯ᠎ᠢ ᠨᠠᠶ᠋ᠢᠷᠠᠭᠤᠯᠤᠨ ᠵᠣᠬᠢᠶᠠᠵᠤ ᠮᠡᠳᠡᠭᠦᠯᠦᠨ ᠬᠦᠷᠭᠡᠭᠰᠡᠨ ᠦᠭᠡᠢ ᠪᠠ ᠲᠥᠰᠦᠪ᠂ ᠲᠥᠰᠦᠪ᠎ᠤᠨ ᠭᠦᠢ᠍ᠴᠡᠳᠬᠡᠯ᠎ᠢ ᠴᠤᠬᠤᠯᠠᠪᠤᠷᠢᠯᠠᠨ ᠬᠠᠷᠢᠭᠤᠯᠤᠭᠰᠠᠨ ᠦᠭᠡᠢ;
(ᠬᠣᠶᠠᠷ) ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠲᠥᠰᠦᠪ᠎ᠤᠨ ᠲᠤᠭᠢᠷᠠᠭᠤᠯᠤᠯᠳᠠ ᠬᠢᠭᠰᠡᠨ;
(ᠭᠤᠷᠪᠠ) ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠲᠥᠰᠦᠪ᠎ᠤᠨ ᠵᠦᠢ᠍ᠯᠡᠰ᠎ᠢ ᠢᠯᠠ ᠵᠠᠷᠯᠠᠵᠤ ᠲᠣᠳᠣᠷᠬᠠᠶ᠋ᠢᠯᠠᠭᠰᠠᠨ ᠦᠭᠡᠢ;
(ᠳᠦᠷᠪᠡ) ᠲᠣᠭᠲᠠᠭ᠋ᠠᠯ᠎ᠢ ᠵᠥᠷᠢᠴᠡᠵᠦ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠵᠦᠢ᠍ᠯᠡᠰ ᠪᠠ ᠪᠤᠰᠤᠳ ᠠ᠋ᠳ᠋᠎ᠤᠨ ᠵᠠᠰᠠᠭ᠎ᠤᠨ ᠣᠷᠣᠯᠭ᠎ᠠ ᠵᠢᠨ ᠵᠦᠢ᠍ᠯᠡᠰ᠎ᠢ ᠪᠠᠶ᠋ᠢᠭᠤᠯᠤᠭᠰᠠᠨ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠥᠷᠢᠴᠡᠵᠦ ᠲᠥᠰᠦᠪ᠎ᠤᠨ ᠪᠡᠯᠡᠳᠬᠡᠯ ᠵᠠᠷᠤᠳᠠᠯ᠂ ᠲᠥᠰᠦᠪ᠎ᠤᠨ ᠠ᠋ᠷᠭᠢᠯᠲᠡ ᠵᠢᠨ ᠮᠥᠩᠭᠥ᠂ ᠲᠥᠰᠦᠪ᠎ᠤᠨ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠥ᠂ ᠳᠠᠪᠠᠭᠤᠯᠤᠨ ᠬᠤᠷᠢᠶᠠᠭᠰᠠᠨ ᠣᠷᠣᠯᠭ᠎ᠠ ᠵᠢ ᠬᠡᠷᠡᠭᠯᠡᠭᠰᠡᠨ;
(ᠵᠢᠷᠭᠤᠭ᠎ᠠ) ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠠ᠋ᠳ᠋᠎ᠤᠨ ᠵᠠᠰᠠᠭ᠎ᠤᠨ ᠲᠤᠰᠬᠠᠢ ᠳᠠᠨᠭ᠌ᠰᠠ ᠪᠠᠶ᠋ᠢᠭᠤᠯᠤᠭᠰᠠᠨ᠃
ᠶᠡᠷᠡᠨ ᠭᠤᠷᠪᠠᠳᠤᠭ᠋ᠠᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠠᠴᠠ ᠳᠣᠣᠷ᠎ᠠ ᠵᠢᠭᠰᠠᠭ᠋ᠠᠭᠰᠠᠨ ᠤᠢ᠍ᠢ᠍ᠯᠠ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠯᠭ᠎ᠠ᠎ᠲᠠᠢ ᠠ᠋ᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠲᠡᠰ᠎ᠢ᠎ᠨᠢ ᠪᠠᠭᠤᠷᠠᠭᠤᠯᠬᠤ᠂ ᠲᠤᠰᠢᠶᠠᠯ᠎ᠠᠴᠠ ᠤᠭᠴᠠᠷᠠᠭᠤᠯᠬᠤ᠂ ᠠᠵᠢᠯ᠎ᠠᠴᠠ᠎ᠨᠢ ᠬᠥᠭᠡᠭᠡᠬᠦ ᠰᠢᠳᠬᠡᠯ ᠥᠭᠭᠦᠨ᠎ᠡ᠄
(ᠨᠢᠭᠡ) ᠵᠠᠰᠠᠭ᠎ᠤᠨ ᠣᠷᠳᠣᠨ᠎ᠤ ᠪᠦᠬᠦ ᠣᠷᠣᠯᠭ᠎ᠠ ᠪᠠ ᠵᠠᠷᠤᠯᠭ᠎ᠠ ᠵᠢ ᠲᠥᠰᠦᠪ᠎ᠲᠤ ᠵᠢᠭᠰᠠᠭ᠋ᠠᠨ ᠣᠷᠣᠭᠤᠯᠤᠭᠰᠠᠨ ᠦᠭᠡᠢ ᠪᠤᠶᠤ ᠣᠷᠣᠯᠭ᠎ᠠ ᠪᠠ ᠵᠠᠷᠤᠯᠭ᠎ᠠ ᠵᠢ ᠬᠤᠳᠠᠯ ᠵᠶ᠋ᠠᠷ ᠵᠢᠭᠰᠠᠭ᠋ᠠᠭᠰᠠᠨ;
(ᠬᠣᠶᠠᠷ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠥᠷᠢᠴᠡᠵᠦ ᠲᠠᠲᠠᠪᠤᠷᠢᠯᠠᠬᠤ ᠶᠣᠰᠣᠲᠠᠢ ᠲᠥᠰᠦᠪ᠎ᠤᠨ ᠣᠷᠣᠯᠭ᠎ᠠ ᠵᠢ ᠢᠯᠡᠭᠦᠦ ᠲᠠᠲᠠᠪᠤᠷᠢᠯᠠᠭᠰᠠᠨ᠂ ᠤᠷᠢᠳᠴᠢᠯᠠᠨ ᠲᠠᠲᠠᠪᠤᠷᠢᠯᠠᠭᠰᠠᠨ ᠪᠤᠶᠤ ᠬᠥᠩᠭᠡᠯᠡᠨ ᠲᠠᠲᠠᠪᠤᠷᠢᠯᠠᠭᠰᠠᠨ᠂ ᠲᠠᠲᠠᠪᠤᠷᠢᠯᠠᠬᠤ᠎ᠠᠴᠠ ᠬᠡᠯᠲᠦᠷᠢᠭᠦᠯᠦᠭᠰᠡᠨ᠂ ᠬᠣᠶ᠋ᠢᠰᠢᠯᠠᠭᠤᠯᠤᠨ ᠲᠠᠲᠠᠪᠤᠷᠢᠯᠠᠭᠰᠠᠨ;
(ᠭᠤᠷᠪᠠ) ᠤᠯᠤᠰ᠎ᠤᠨ ᠰᠠᠩ᠎ᠳᠤ ᠲᠤᠰᠢᠶᠠᠬᠤ ᠶᠣᠰᠣᠲᠠᠢ ᠲᠥᠰᠦᠪ᠎ᠤᠨ ᠣᠷᠣᠯᠭ᠎ᠠ ᠵᠢ ᠦᠯᠡᠳᠡᠭᠡᠨ ᠠᠪᠤᠭᠰᠠᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ ᠪᠤᠶᠤ ᠤᠳᠠᠭ᠋ᠠᠰᠢᠷᠠᠭᠤᠯᠤᠨ ᠥᠷᠢᠲᠦᠭᠰᠡᠨ;
(ᠳᠦᠷᠪᠡ) ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠲᠥᠰᠦᠪ᠎ᠤᠨ ᠵᠠᠷᠤᠯᠭ᠎ᠠ ᠵᠢᠨ ᠬᠡᠷᠡᠭᠴᠡᠭᠡ ᠵᠢ ᠬᠤᠪᠢᠷᠠᠭᠤᠯᠤᠭᠰᠠᠨ;
(ᠲᠠᠪᠤ) ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠤ ᠲᠤᠰᠬᠠᠢ ᠵᠦᠢ᠍ᠯ ᠵᠶ᠋ᠡᠷ ᠰᠢᠯᠵᠢᠭᠦᠯᠦᠨ ᠥᠭᠬᠦ ᠪᠡᠯᠡ ᠮᠥᠩᠭᠥᠨ᠎ᠤ ᠬᠡᠷᠡᠭᠴᠡᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ;
(ᠵᠢᠷᠭᠤᠭ᠎ᠠ) ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠲᠥᠰᠦᠪ᠎ᠤᠨ ᠵᠠᠷᠤᠯᠭ᠎ᠠ ᠵᠢᠨ ᠪᠡᠯᠡ ᠮᠥᠩᠭᠥ ᠵᠢ ᠰᠢᠯᠵᠢᠭᠦᠯᠦᠨ ᠥᠭᠬᠦ᠂ ᠲᠥᠰᠦᠪ᠎ᠤᠨ ᠣᠷᠣᠯᠭ᠎ᠠ ᠵᠢ ᠬᠤᠷᠢᠶᠠᠵᠤ ᠠᠪᠬᠤ᠂ ᠬᠤᠪᠢᠷᠡᠷᠢᠯᠠᠯᠳᠠ᠂ ᠦᠯᠡᠳᠡᠭᠡᠬᠦ ᠲᠤᠰᠢᠶᠠᠬᠤ᠂ ᠪᠤᠴᠠᠭ᠋ᠠᠨ ᠥᠭᠬᠦ ᠪᠤᠶᠤ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠤᠯᠤᠰ᠎ᠤᠨ ᠰᠡᠡᠭ᠎ᠤᠨ ᠵᠣᠭᠣᠰ᠎ᠢ ᠴᠡᠪᠳᠡᠭᠯᠡᠬᠦ᠂ ᠬᠥᠳᠡᠯᠭᠡᠨ ᠬᠡᠷᠡᠭᠯᠡᠬᠦ ᠪᠤᠶᠤ ᠨᠢᠭᠡᠨᠲᠡ ᠤᠯᠤᠰ᠎ᠤᠨ ᠰᠠᠩ᠎ᠳᠤ ᠤᠷᠤᠭᠰᠠᠨ ᠰᠠᠩ᠎ᠤᠨ ᠮᠥᠩᠭᠥ ᠵᠢ ᠪᠤᠰᠤᠳ ᠠᠷᠭ᠎ᠠ ᠮᠠᠶᠢᠭ ᠵᠶ᠋ᠠᠷ ᠲᠤᠭᠢᠷᠠᠭᠤᠯᠤᠨ ᠬᠡᠷᠡᠭᠯᠡᠭᠰᠡᠨ᠃
ᠶᠡᠷᠡᠨ ᠳᠥᠷᠪᠡᠳᠦᠭᠡᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠠᠴᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠵᠢᠭᠡᠯᠡᠯᠭᠡ ᠠᠪᠬᠤ ᠪᠤᠶᠤ ᠪᠤᠰᠤᠳ ᠬᠥᠮᠦᠨ᠎ᠤ ᠥᠷᠢ ᠥᠭᠴᠡᠭᠡᠨ᠎ᠳᠤ ᠳᠠᠭ᠋ᠠᠭ᠋ᠠᠯᠲᠠ ᠬᠠᠩᠭ᠋ᠠᠭᠰᠠᠨ᠂ ᠠ᠋ᠰᠡᠬᠦᠯ᠎ᠡ ᠭᠣᠣᠯᠳᠠᠯᠭ᠎ᠠ᠎ᠲᠠᠢ ᠵᠠᠷᠤᠯᠭ᠎ᠠ ᠵᠢᠨ ᠪᠡᠯᠡ ᠮᠥᠩᠭᠥ ᠵᠢ ᠨᠡᠭᠦᠯᠭᠡᠨ ᠬᠡᠷᠡᠭᠯᠡᠭᠰᠡᠨ᠂ ᠠ᠋ᠰᠡᠬᠦᠯ᠎ᠡ ᠲᠥᠰᠦᠪ᠎ᠠᠴᠠ ᠭᠠᠳᠠᠨ᠎ᠠ ᠪᠤᠶᠤ ᠲᠥᠰᠦᠪ᠎ᠤᠨ ᠪᠠᠷᠢᠮᠵᠢᠶ᠎ᠠ᠎ᠠᠴᠠ ᠬᠡᠲᠦᠷᠡᠭᠦᠯᠵᠦ ᠠᠰᠠᠷ ᠲᠠᠩᠬᠢᠮ ᠣᠷᠳᠣᠨ ᠪᠠᠭᠤᠳᠠᠯ ᠪᠠᠶ᠋ᠢᠭᠤᠯᠤᠭᠰᠠᠨ ᠪᠠᠢ᠌ᠪᠠᠯ᠂ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠯᠭ᠎ᠠ᠎ᠲᠠᠢ ᠠ᠋ᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠲᠤᠰᠢᠶᠠᠯ᠎ᠠᠴᠠ᠎ᠨᠢ ᠤᠭᠴᠠᠷᠠᠭᠤᠯᠬᠤ᠂ ᠠᠵᠢᠯ᠎ᠠᠴᠠ᠎ᠨᠢ ᠬᠥᠭᠡᠭᠡᠬᠦ ᠰᠢᠳᠬᠡᠯ ᠥᠭᠭᠦᠨ᠎ᠡ᠃
ᠶᠡᠷᠡᠨ ᠲᠠᠪᠤᠳᠤᠭ᠋ᠠᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢᠴᠢ ᠲᠡᠭᠦᠨ᠎ᠤ ᠠᠵᠢᠯᠳᠠᠨ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠤᠭᠤᠯᠵᠤ᠂ ᠮᠡᠬᠡᠯᠡᠨ ᠠᠪᠤᠭᠰᠠᠨ ᠪᠠ ᠬᠡᠷᠡᠭᠯᠡᠭᠰᠡᠨ ᠪᠡᠯᠡ ᠮᠥᠩᠭᠥ ᠵᠢ ᠨᠡᠬᠡᠮᠵᠢᠯᠡᠨ ᠠᠪᠴᠢᠷᠠᠵᠤ᠂ ᠬᠠᠤᠯᠢ ᠵᠢ ᠵᠥᠷᠢᠴᠡᠵᠦ ᠣᠯᠵᠠ ᠠᠰᠢᠭ ᠣᠯᠤᠭᠰᠠᠨ ᠪᠠᠶ᠋ᠢᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠣᠷᠢᠶᠠᠨ ᠠᠪᠴᠦ᠂ ᠨᠢᠭᠡᠴᠢ ᠵᠢ᠎ᠨᠢ ᠳᠣᠩᠭᠣᠳᠬᠤ ᠪᠤᠶᠤ ᠵᠠᠷᠯᠠᠨ ᠰᠢᠭᠦᠮᠵᠢᠯᠡᠨ᠎ᠡ; ᠰᠢᠭᠤᠳ ᠬᠠᠷᠢᠭᠤᠴᠠᠵᠤ ᠪᠠᠶ᠋ᠢᠭ᠎ᠠ ᠠ᠋ᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠰ᠎ᠲᠤ ᠬᠠᠤᠯᠢ ᠶᠣᠰᠣᠭ᠋ᠠᠷ ᠰᠢᠳᠬᠡᠯ ᠥᠭᠭᠦᠨ᠎ᠡ᠄
(ᠨᠢᠭᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠥᠷᠢᠴᠡᠵᠦ᠂ ᠲᠥᠰᠦᠪ᠎ᠤᠨ ᠣᠷᠣᠯᠭ᠎ᠠ ᠵᠢᠨ ᠳᠡᠭᠡᠭᠰᠢ ᠲᠤᠰᠢᠶᠠᠬᠤ ᠠᠷᠭ᠎ᠠ ᠮᠠᠶᠢᠭ᠎ᠢ ᠬᠤᠪᠢᠷᠠᠭᠤᠯᠤᠭᠰᠠᠨ;
(ᠬᠣᠶᠠᠷ) ᠬᠤᠳᠠᠯ ᠵᠶ᠋ᠠᠷ ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠠᠷᠭ᠎ᠠ ᠪᠠᠷᠢᠯ ᠵᠶ᠋ᠠᠷ ᠲᠥᠰᠦᠪ᠎ᠤᠨ ᠪᠡᠯᠡ ᠮᠥᠩᠭᠥ ᠵᠢ ᠮᠡᠬᠡᠯᠡᠨ ᠠᠪᠤᠭᠰᠠᠨ;
(ᠭᠤᠷᠪᠠ) ᠲᠣᠭᠲᠠᠭ᠋ᠠᠯ᠎ᠢ ᠵᠥᠷᠢᠴᠡᠵᠦ ᠵᠠᠷᠤᠯᠭ᠎ᠠ ᠵᠢᠨ ᠬᠡᠪᠴᠢᠶ᠎ᠡ ᠵᠢ ᠥᠷᠭᠡᠳᠬᠡᠵᠦ᠂ ᠵᠠᠷᠤᠯᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ;
(ᠳᠦᠷᠪᠡ) ᠠ᠋ᠳ᠋᠎ᠤᠨ ᠵᠠᠰᠠᠭ᠎ᠤᠨ ᠬᠠᠮᠢᠶᠠᠷᠤᠯᠲᠠ ᠵᠢᠨ ᠲᠣᠭᠲᠠᠭ᠋ᠠᠯ᠎ᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠶᠡᠷᠡᠨ ᠵᠢᠷᠭᠤᠳᠤᠭ᠋ᠠᠷ ᠵᠦᠢ᠍ᠯ᠂ ᠲᠤᠰ ᠬᠠᠤᠯᠢ ᠵᠢᠨ ᠶᠡᠷᠡᠨ ᠬᠣᠶᠠᠳᠤᠭ᠋ᠠᠷ ᠵᠦᠢ᠍ᠯ᠂ ᠶᠡᠷᠡᠨ ᠭᠤᠷᠪᠠᠳᠤᠭ᠋ᠠᠷ ᠵᠦᠢ᠍ᠯ᠂ ᠶᠡᠷᠡᠨ ᠳᠥᠷᠪᠡᠳᠦᠭᠡᠷ ᠵᠦᠢ᠍ᠯ᠂ ᠶᠡᠷᠡᠨ ᠲᠠᠪᠤᠳᠤᠭ᠋ᠠᠷ ᠵᠦᠢ᠍ᠯ᠎ᠳᠤ ᠵᠢᠭᠰᠠᠭ᠋ᠠᠭᠰᠠᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ᠂ ᠪᠤᠰᠤᠳ ᠬᠠᠤᠯᠢ ᠴᠠᠭ᠋ᠠᠵᠠ᠎ᠠᠴᠠ ᠲᠡᠭᠦᠨ᠎ᠢ ᠰᠢᠢ᠍ᠳᠪᠦᠷᠢᠯᠡᠵᠦ᠂ ᠰᠢᠳᠬᠡᠬᠦ ᠲᠤᠬᠠᠶ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃
ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠡᠳ᠂ ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠠ᠋ᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠠᠷᠪᠠᠨ ᠨᠢᠭᠡᠳᠦᠭᠡᠷ ᠪᠦᠯᠦᠭ ᠳᠠᠭ᠋ᠠᠯᠳᠤᠭᠤᠯᠤᠭᠰᠠᠨ ᠲᠤᠢ᠍ᠷᠢᠮ
ᠶᠡᠷᠡᠨ ᠳᠣᠯᠣᠳᠤᠭ᠋ᠠᠷ ᠵᠦᠢ᠍ᠯ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠠ᠋ᠷᠬᠡ ᠬᠠᠷᠢᠭᠤᠴᠠᠯᠭ᠎ᠠ᠎ᠪᠠᠷ ᠠ᠋ᠭᠦᠰᠬᠦ ᠳᠦᠷᠢᠮ ᠵᠶ᠋ᠡᠷ ᠰᠠᠭᠤᠷᠢ ᠪᠣᠯᠭ᠋ᠠᠭᠰᠠᠨ ᠵᠠᠰᠠᠭ᠎ᠤᠨ ᠣᠷᠳᠣᠨ᠎ᠤ ᠶᠡᠷᠦᠩᠬᠡᠶ᠋ᠢᠯᠡᠭᠰᠡᠨ ᠠ᠋ᠳ᠋᠎ᠤᠨ ᠶᠠᠪᠤᠳᠠᠯ᠎ᠤᠨ ᠮᠡᠳᠡᠭᠦᠯᠦᠯᠲᠡ ᠵᠢ ᠣᠨ᠎ᠤ ᠵᠢᠯ ᠵᠶ᠋ᠠᠷ ᠨᠠᠶ᠋ᠢᠷᠠᠭᠤᠯᠤᠨ ᠵᠣᠬᠢᠶᠠᠵᠤ᠂ ᠵᠠᠰᠠᠭ᠎ᠤᠨ ᠣᠷᠳᠣᠨ᠎ᠤ ᠠ᠋ᠳ᠋᠎ᠤᠨ ᠶᠠᠪᠤᠳᠠᠯ᠎ᠤᠨ ᠶᠡᠷᠦᠩᠬᠡᠢ ᠪᠠᠶ᠋ᠢᠳᠠᠯ᠂ ᠠᠵᠢᠯᠯᠠᠭ᠋ᠠᠨ᠎ᠤ ᠪᠠᠶ᠋ᠢᠳᠠᠯ ᠪᠠ ᠠ᠋ᠳ᠋᠎ᠤᠨ ᠵᠠᠰᠠᠭ᠎ᠤᠨ ᠤᠷᠲᠤ ᠬᠤᠭᠤᠴᠠᠭ᠋ᠠᠨ᠎ᠤ ᠦᠷᠭᠦᠯᠵᠢᠯᠡᠬᠦ ᠴᠢᠨᠠᠷ᠎ᠢ ᠮᠡᠳᠡᠭᠦᠯᠵᠦ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠶᠡᠷᠡᠨ ᠨᠠᠢ᠍ᠮᠠᠳᠤᠭ᠋ᠠᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ ᠲᠤᠰ ᠬᠠᠤᠯᠢ ᠵᠢ ᠦᠨᠳᠦᠰᠦᠯᠡᠨ ᠬᠡᠷᠡᠭᠵᠢᠭᠦᠯᠬᠦ ᠲᠤᠢ᠍ᠷᠢᠮ ᠲᠣᠭᠲᠠᠭ᠋ᠠᠨ᠎ᠠ᠃
ᠶᠡᠷᠡ ᠶᠢᠰᠦᠳᠦᠭᠡᠷ ᠵᠦᠢ᠍ᠯ᠂ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ᠎ᠤ ᠲᠥᠰᠦᠪ᠎ᠤᠨ ᠬᠠᠮᠢᠶᠠᠷᠤᠯᠲᠠ ᠵᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ; ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ᠎ᠳᠤ ᠲᠣᠭᠲᠠᠭ᠋ᠠᠭᠰᠠᠨ ᠤᠢ᠍ᠭᠡᠢ ᠪᠣᠯ ᠲᠤᠰ ᠬᠠᠤᠯᠢ ᠪᠠ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
ᠵᠠᠭᠤᠳᠤᠭ᠋ᠠᠷ ᠵᠦᠢ᠍ᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠶᠤ ᠲᠡᠭᠦᠨ᠎ᠤ ᠪᠠᠶ᠋ᠢᠩᠭᠤ ᠵᠢᠨ ᠬᠣᠷᠢᠶ᠎ᠠ᠎ᠠᠴᠠ ᠲᠤᠰ ᠬᠠᠤᠯᠢ ᠵᠢ ᠦᠨᠳᠦᠰᠦᠯᠡᠵᠦ᠂ ᠬᠠᠮᠢᠶ᠎ᠠ ᠪᠦᠬᠦᠢ ᠲᠥᠰᠦᠪ᠎ᠢ ᠬᠢᠨᠠᠨ ᠪᠠᠢ᠌ᠴᠠᠭ᠋ᠠᠬᠣ ᠰᠢᠢ᠍ᠳᠪᠦᠷᠢ ᠪᠣᠶᠣ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠲᠣᠭᠲᠠᠭ᠋ᠠᠵᠤ ᠪᠣᠯᠤᠨ᠎ᠠ᠃
ᠵᠠᠭᠤ ᠨᠢᠭᠡᠳᠦᠭᠡᠷ ᠵᠦᠢ᠍ᠯ᠂ ᠲᠤᠰ ᠬᠠᠤᠯᠢ ᠵᠢ 1995 ᠣᠨ᠎ᠤ 1 ᠰᠠᠷ᠎ᠠ ᠵᠢᠨ 1᠎ᠤ ᠠ᠋ᠳᠦᠷ᠎ᠠᠴᠠ ᠠ᠋ᠬᠢᠯᠡᠵᠦ ᠬᠡᠷᠡᠭᠵᠢᠭᠦᠯᠦᠨ᠎ᠡ᠃ 1991 ᠣᠨ᠎ᠤ 10 ᠰᠠᠷ᠎ᠠ ᠵᠢᠨ 21᠎ᠤ ᠠ᠋ᠳᠦᠷ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠠᠴᠠ ᠨᠡᠶ᠋ᠢᠲᠡᠯᠡᠭᠰᠡᠨ 《ᠤᠯᠤᠰ᠎ᠤᠨ ᠲᠥᠰᠦᠪ᠎ᠤᠨ ᠬᠠᠮᠢᠶᠠᠷᠤᠯᠲᠠ ᠵᠢᠨ ᠲᠤᠢ᠍ᠷᠢᠮ》᠎ᠢ ᠳᠠᠭ᠋ᠠᠤ᠎ᠳᠤ᠎ᠨᠢ ᠬᠦᠴᠦᠨ ᠤᠢ᠍ᠭᠡᠢ ᠪᠣᠯᠭ᠋ᠠᠨ᠎ᠠ᠃