ᠣᠯᠣᠰ᠎ᠤᠨ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ ᠵᠢᠨ 《ᠪᠦᠬᠦ ᠣᠯᠣᠰ᠎ᠤᠨ ᠴᠦᠬᠡᠨ ᠳᠣᠭ᠋ᠠᠳᠣ ᠦᠨᠳᠦᠰᠦᠳᠡᠨ᠎ᠤ ᠤᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠤ ᠵᠣᠬᠢᠶᠠᠨ ᠪᠠᠢ᠌ᠭᠣᠯᠣᠯᠳᠠ ᠬᠠᠮᠢᠶᠠᠷᠣᠯᠳᠠ ᠵᠢᠨ ᠠᠷᠭ᠎ᠠ》 ᠵᠢ ᠳᠠᠷᠣᠮᠯᠠᠨ ᠳᠠᠷᠬᠠᠭ᠋ᠠᠬᠣ ᠳᠣᠬᠠᠢ ᠮᠡᠳᠡᠭᠳᠡᠯ
ᠡᠯ᠎ᠡ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠡ ᠬᠣᠳᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠠᠯ ᠪᠦᠳᠦᠬᠡᠨ ᠪᠠᠢ᠌ᠭᠣᠯᠣᠯᠳᠠ ᠵᠢᠨ ᠪᠢᠩᠲ᠋ᠣᠸᠠᠨᠤ ᠬᠡᠷᠡᠭ ᠡᠷᠬᠢᠯᠡᠬᠦ ᠵᠦᠪᠯᠡᠯ (ᠳᠢᠩᠬᠢᠮ᠂ ᠳᠣᠪᠴᠢᠶ᠎ᠠ)᠂ ᠪᠡᠶ᠎ᠡ ᠵᠢᠨ ᠳᠠᠮᠢᠷ᠎ᠤᠨ ᠲᠣᠪᠴᠢᠶ᠎ᠠ᠄
ᠡᠳᠦᠬᠡ 《ᠪᠦᠬᠦ ᠣᠯᠣᠰ᠎ᠤᠨ ᠴᠦᠬᠡᠨ ᠳᠣᠭ᠋ᠠᠳᠣ ᠦᠨᠳᠦᠰᠦᠳᠡᠨ᠎ᠤ ᠤᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠤ ᠵᠣᠬᠢᠶᠠᠨ ᠪᠠᠢ᠌ᠭᠣᠯᠣᠯᠳᠠ ᠬᠠᠮᠢᠶᠠᠷᠣᠯᠳᠠ ᠵᠢᠨ ᠠᠷᠭ᠎ᠠ》 ᠵᠢ ᠲᠠ ᠨᠠᠷ᠎ᠲᠤ ᠳᠠᠷᠣᠮᠠᠯᠯᠠᠨ ᠳᠠᠷᠬᠠᠭ᠋ᠠᠪᠠ᠃ ᠵᠢᠷᠣᠮᠯᠠᠨ ᠬᠡᠷᠡᠭᠵᠢᠬᠦᠯᠬᠦ ᠪᠣᠯᠪᠠᠤ!
ᠣᠯᠣᠰ᠎ᠤᠨ ᠬᠡᠷᠡᠭ ᠡᠷᠬᠢᠯᠡᠬᠦ ᠵᠦᠪᠯᠡᠯ
ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ
2018 ᠣᠨ᠎ᠤ 5 ᠰᠠᠷ᠎ᠠ ᠵᠢᠨ 29᠎ᠤ ᠡᠳᠦᠷ
ᠳᠠᠭ᠋ᠠᠯᠳᠣᠭᠣᠯᠣᠯ᠄ 《ᠪᠦᠬᠦ ᠣᠯᠣᠰ᠎ᠤᠨ ᠴᠦᠬᠡᠨ ᠳᠣᠭ᠋ᠠᠳᠣ ᠦᠨᠳᠦᠰᠦᠳᠡᠨ᠎ᠤ ᠤᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠤ ᠵᠣᠬᠢᠶᠠᠨ ᠪᠠᠢ᠌ᠭᠣᠯᠣᠯᠳᠠ ᠬᠠᠮᠢᠶᠠᠷᠣᠯᠳᠠ ᠵᠢᠨ ᠠᠷᠭ᠎ᠠ》
ᠪᠦᠬᠦ ᠣᠯᠣᠰ᠎ᠤᠨ ᠴᠦᠬᠡᠨ ᠳᠣᠭ᠋ᠠᠳᠣ ᠦᠨᠳᠦᠰᠦᠳᠡᠨ᠎ᠤ ᠤᠯᠠᠮᠵᠢᠯᠠᠯᠳᠣ ᠪᠡᠶ᠎ᠡ ᠵᠢᠨ
ᠳᠠᠮᠢᠷ᠎ᠤᠨ ᠴᠣᠭᠯᠠᠭ᠋ᠠᠨ᠎ᠤ ᠵᠣᠬᠢᠶᠠᠨ ᠪᠠᠢ᠌ᠭᠣᠯᠣᠯᠳᠠ ᠬᠠᠮᠢᠶᠠᠷᠣᠯᠳᠠ ᠵᠢᠨ ᠠᠷᠭ᠎ᠠ
ᠨᠢᠬᠡᠳᠦᠬᠡᠷ ᠪᠦᠯᠦᠭ ᠶᠡᠷᠦᠩᠬᠡᠢ ᠳᠦᠷᠢᠮ
ᠨᠢᠬᠡᠳᠦᠬᠡᠷ ᠵᠣᠷᠪᠣᠰ ᠪᠦᠬᠦ ᠣᠯᠣᠰ᠎ᠤᠨ ᠴᠦᠬᠡᠨ ᠳᠣᠭ᠋ᠠᠳᠣ ᠦᠨᠳᠦᠰᠦᠳᠡᠨ᠎ᠤ ᠤᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠤ ᠵᠣᠬᠢᠶᠠᠨ ᠪᠠᠢ᠌ᠭᠣᠯᠣᠯᠳᠠ ᠵᠢᠨ ᠠᠵᠢᠯ᠎ᠢ ᠤᠯᠠᠮ ᠨᠢᠬᠡ ᠠᠯᠬᠤᠮ ᠳᠦᠷᠢᠮᠵᠢᠬᠦᠯᠵᠣ᠂ ᠬᠠᠮᠢᠶᠠᠷᠣᠯᠳᠠ ᠵᠢᠨ ᠳᠦᠪᠰᠢᠨ ᠵᠶ᠋ᠡᠨ ᠳᠡᠬᠡᠭᠰᠢᠯᠡᠬᠦᠯᠬᠦ ᠵᠢᠨ ᠳᠣᠯᠠᠳᠠ᠂ 《ᠪᠦᠬᠦᠳᠠ ᠨᠠᠢ᠌ᠷᠠᠮᠳᠠᠬᠣ ᠳᠣᠮᠳᠠᠳᠣ ᠠᠷᠠᠳ ᠣᠯᠣᠰ᠎ᠤᠨ ᠪᠡᠶ᠎ᠡ ᠵᠢᠨ ᠳᠠᠮᠢᠷ᠎ᠤᠨ ᠬᠠᠤᠯᠢ》 ᠪᠠ 《ᠳᠦᠷᠦ ᠵᠢᠨ ᠶᠠᠪᠣᠳᠠᠯ᠎ᠤᠨ ᠬᠣᠷᠢᠶᠠᠠᠤ ᠬᠡᠷᠡᠭᠵᠢᠬᠦᠯᠦᠭᠰᠡᠨ 〈ᠪᠦᠬᠦᠳᠠ ᠨᠠᠢ᠌ᠷᠠᠮᠳᠠᠬᠣ ᠳᠣᠮᠳᠠᠳᠣ ᠠᠷᠠᠳ ᠣᠯᠣᠰ᠎ᠤᠨ ᠦᠨᠳᠦᠰᠦᠳᠡᠨ᠎ᠤ ᠣᠷᠣᠨ ᠨᠣᠳᠣᠭ᠎ᠤᠨ ᠦᠪᠡᠷᠳᠡᠬᠡᠨ ᠵᠠᠰᠠᠬᠣ ᠬᠠᠤᠯᠢ〉 ᠵᠢᠨ ᠳᠣᠭᠳᠠᠭ᠋ᠠᠯ》᠎ᠢ ᠦᠨᠳᠦᠰᠦᠯᠡᠨ᠂ ᠳᠣᠰ ᠠᠷᠭ᠎ᠠ ᠵᠢ ᠳᠣᠭᠳᠠᠭ᠋ᠠᠭᠰᠠᠨ ᠪᠠᠢ᠌ᠨ᠎ᠠ᠃
ᠬᠣᠶᠠᠳᠣᠭ᠋ᠠᠷ ᠵᠣᠷᠪᠣᠰ᠂ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨᠢ ᠣᠯᠣᠰ᠎ᠤᠨ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠠᠴᠠ ᠭᠣᠣᠯᠯᠠᠨ ᠡᠷᠬᠢᠯᠡᠵᠣ᠂ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠡ ᠬᠣᠳᠠ ᠵᠢᠨ ᠠᠷᠠᠳ᠎ᠤᠨ ᠵᠠᠰᠠᠭ᠎ᠤᠨ ᠣᠷᠳᠣᠨ ᠳᠠᠭ᠋ᠠᠭ᠋ᠠᠴᠢᠯᠠᠨ ᠡᠷᠬᠢᠯᠡᠵᠣ᠂ ᠳᠦᠷᠪᠡᠨ ᠵᠢᠯ ᠪᠣᠯᠭ᠋ᠠᠨ᠎ᠳᠤ ᠨᠢᠬᠡ ᠣᠳᠠᠭ᠎ᠠ ᠵᠣᠬᠢᠶᠠᠨ ᠪᠠᠢ᠌ᠭᠣᠯᠣᠨ᠎ᠠ᠃
ᠭᠣᠷᠪᠠᠳᠣᠭ᠋ᠠᠷ ᠵᠣᠷᠪᠣᠰ᠂ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠨᠢ 《ᠡᠷᠬᠡ ᠳᠡᠭᠰᠢ᠂ ᠪᠦᠯᠬᠦᠮᠳᠡᠯ᠂ ᠮᠠᠷᠡᠢ᠌ᠨ ᠳᠡᠮᠡᠴᠡᠬᠦ᠂ ᠡᠷᠡᠯᠬᠡᠭᠯᠡᠨ ᠣᠷᠣᠭᠰᠢᠯᠠᠬᠣ》 ᠵᠣᠷᠢᠯᠭ᠎ᠠ᠎ᠪᠠᠷ ᠪᠦᠬᠦᠳᠠ ᠨᠠᠢ᠌ᠷᠠᠮᠳᠠᠬᠣ ᠳᠣᠮᠳᠠᠳᠣ ᠠᠷᠠᠳ ᠣᠯᠣᠰ᠎ᠤᠨ ᠦᠨᠳᠦᠰᠦᠳᠡᠨ᠎ᠤ ᠬᠠᠮᠳᠣ ᠵᠢᠨ ᠴᠣᠭᠴᠠ ᠵᠢᠨ ᠣᠬᠠᠮᠰᠠᠷ᠎ᠢ ᠪᠡᠬᠢᠵᠢᠬᠦᠯᠬᠦ ᠵᠢ ᠬᠦᠷᠢᠶᠡᠯᠡᠨ᠂ ᠡᠯ᠎ᠡ ᠦᠨᠳᠦᠰᠦᠳᠡᠨ᠎ᠤ ᠶᠠᠪᠣᠯᠴᠠᠭ᠎ᠠ ᠰᠣᠯᠢᠯᠴᠠᠭ᠎ᠠ ᠠᠭᠣᠰᠣᠯᠴᠠᠯ᠎ᠢ ᠴᠢᠩᠭ᠋ᠠᠳᠬᠠᠨ᠂ ᠦᠨᠳᠦᠰᠦᠳᠡᠨ᠎ᠤ ᠪᠦᠯᠬᠦᠮᠳᠡᠯ ᠳᠡᠪᠰᠢᠯᠳᠠ ᠪᠣᠯᠣᠨ ᠪᠦᠬᠦ ᠠᠷᠠᠳ᠎ᠤᠨ ᠪᠡᠶ᠎ᠡ ᠴᠢᠬᠢᠷᠠᠭᠵᠢᠭᠣᠯᠬᠣ ᠦᠢ᠍ᠯᠡᠰ᠎ᠤᠨ ᠬᠦᠭᠵᠢᠯᠳᠡ ᠵᠢ ᠠᠬᠢᠭᠣᠯᠬᠣ᠎ᠪᠠᠷ ᠬᠠᠷᠠᠯᠳᠠ ᠪᠣᠯᠭ᠋ᠠᠵᠣ᠂ 《ᠦᠪᠡᠷᠮᠢᠴᠠ ᠳᠣᠳᠣ ᠣᠨᠴᠠᠯᠢᠭ᠂ ᠪᠣᠳᠠᠳᠠᠢ ᠵᠢ ᠡᠷᠬᠢᠮᠯᠡᠨ ᠠᠷᠪᠢᠯᠠᠨ ᠭᠠᠮᠨᠠᠬᠣ》 ᠴᠣᠭᠯᠠᠭ᠋ᠠᠨ ᠵᠣᠬᠢᠶᠠᠨ ᠪᠠᠢ᠌ᠭᠣᠯᠬᠣ ᠵᠠᠷᠴᠢᠮ᠎ᠢ ᠪᠠᠷᠢᠮᠳᠠᠯᠠᠨ᠎ᠠ᠃
ᠳᠦᠷᠪᠡᠳᠦᠬᠡᠷ ᠵᠣᠷᠪᠣᠰ᠂ ᠭᠣᠣᠯᠯᠠᠨ ᠡᠷᠬᠢᠯᠡᠭᠰᠡᠨ ᠪᠠᠢ᠌ᠭᠣᠯᠣᠯᠭ᠎ᠠ ᠪᠠ ᠳᠠᠭ᠋ᠠᠭ᠋ᠠᠴᠢᠯᠠᠨ ᠡᠷᠬᠢᠯᠡᠭᠰᠡᠨ ᠪᠠᠢ᠌ᠭᠣᠯᠣᠯᠭ᠎ᠠ ᠡᠷᠬᠡᠪᠰᠢ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠵᠣᠬᠢᠶᠠᠨ ᠪᠠᠢ᠌ᠭᠣᠯᠣᠯᠳᠠ ᠬᠠᠮᠢᠶᠠᠷᠣᠯᠳᠠ ᠵᠢᠨ ᠠᠵᠢᠯ᠎ᠤᠨ ᠭᠣᠣᠯ ᠴᠣᠭᠴᠠ ᠵᠢᠨ ᠡᠬᠦᠷᠬᠡ ᠬᠠᠷᠢᠭᠣᠴᠠᠯᠭ᠎ᠠ ᠵᠢ ᠪᠦᠬᠦ ᠲᠠᠯ᠎ᠠ᠎ᠪᠠᠷ ᠬᠡᠷᠡᠭᠵᠢᠬᠦᠯᠦᠨ᠂ ᠨᠠᠮ᠎ᠤᠨ ᠰᠣᠷᠳᠠᠯ ᠴᠢᠬᠡᠴᠢ ᠵᠠᠰᠠᠭ᠎ᠤᠨ ᠪᠠᠢ᠌ᠭᠣᠯᠣᠯᠳᠠ ᠪᠠ ᠢᠯᠵᠢᠷᠠᠯ᠎ᠢ ᠡᠰᠡᠷᠬᠦᠴᠡᠬᠦ ᠠᠵᠢᠯ᠎ᠢ ᠴᠢᠩᠭ᠋ᠠᠳᠬᠠᠨ᠂ ᠠᠷᠢᠭᠤᠨ ᠴᠢᠬᠡᠴᠢ᠎ᠪᠠᠷ ᠣᠷᠣᠯᠳᠣᠭ᠋ᠠᠨ ᠬᠢᠬᠦ ᠳᠦᠷᠢᠮ ᠪᠣᠯᠣᠨ ᠳᠣᠭᠳᠠᠯᠴᠠᠭ᠎ᠠ ᠵᠢ ᠪᠠᠢ᠌ᠭᠣᠯᠣᠨ ᠳᠡᠬᠦᠯᠳᠡᠷᠵᠢᠬᠦᠯᠵᠣ᠂ ᠨᠠᠮ᠎ᠤᠨ ᠰᠠᠬᠢᠯᠭ᠎ᠠ ᠨᠠᠮ᠎ᠤᠨ ᠳᠦᠷᠢᠮ ᠪᠣᠯᠣᠨ ᠣᠯᠣᠰ᠎ᠤᠨ ᠡᠯ᠎ᠡ ᠲᠦᠷᠦᠯ᠎ᠤᠨ ᠬᠠᠤᠯᠢ ᠴᠠᠭ᠋ᠠᠵᠠ ᠳᠦᠷᠢᠮ ᠳᠣᠭᠳᠠᠭ᠋ᠠᠯ᠎ᠢ ᠳᠦᠪ ᠴᠢᠩᠭ᠎ᠠ᠎ᠪᠠᠷ ᠬᠡᠷᠡᠭᠵᠢᠬᠦᠯᠦᠨ᠂ ᠪᠡᠯᠡᠳᠬᠡᠯ ᠠᠵᠢᠯ᠎ᠤᠨ ᠠᠷᠢᠭᠣᠨ ᠴᠢᠬᠡᠴᠢ ᠦᠷ᠎ᠡ ᠪᠦᠳᠦᠮᠵᠢ᠎ᠲᠠᠢ ᠪᠠᠢ᠌ᠬᠣ ᠵᠢ ᠪᠠᠳᠣᠯᠠᠨ᠎ᠠ᠃
ᠬᠣᠶᠠᠳᠣᠭ᠋ᠠᠷ ᠪᠦᠯᠦᠭ ᠵᠣᠬᠢᠶᠠᠨ ᠪᠠᠢ᠌ᠭᠣᠯᠣᠯᠳᠠ ᠵᠢᠨ ᠪᠠᠢ᠌ᠭᠣᠯᠣᠮᠵᠢ
ᠳᠠᠪᠣᠳᠣᠭ᠋ᠠᠷ ᠵᠣᠷᠪᠣᠰ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠨᠢ ᠵᠣᠬᠢᠶᠠᠨ ᠪᠠᠢ᠌ᠭᠣᠯᠬᠣ ᠺᠣᠮᠢᠰ ᠭᠠᠷᠭ᠋ᠠᠨ᠎ᠠ᠃ ᠵᠣᠬᠢᠶᠠᠨ ᠪᠠᠢ᠌ᠭᠣᠯᠬᠣ ᠺᠣᠮᠢᠰ᠎ᠤᠨ ᠠᠵᠢᠯ᠎ᠤᠨ ᠪᠠᠢ᠌ᠭᠣᠯᠣᠮᠵᠢ᠎ᠨᠢ ᠡᠷᠬᠡᠪᠰᠢ ᠣᠷᠣᠯᠳᠣᠭ᠋ᠠᠨ ᠦᠵᠡᠬᠦᠯᠦᠯᠬᠡ ᠵᠢᠨ ᠬᠡᠯᠳᠡᠰ᠂ ᠬᠦᠯᠢᠶᠡᠨ ᠠᠪᠣᠯᠳᠠ ᠪᠠᠳᠣᠯᠠᠭ᠎ᠠ ᠵᠢᠨ ᠬᠡᠯᠳᠡᠰ᠂ ᠰᠣᠨᠢᠨ ᠮᠡᠳᠡᠬᠡᠨ᠎ᠤ ᠣᠬᠠᠭᠣᠯᠭ᠎ᠠ ᠵᠢᠨ ᠬᠡᠯᠳᠡᠰ᠂ ᠲᠣᠮᠣ ᠬᠡᠯᠪᠡᠷᠢ ᠵᠢᠨ ᠠᠵᠢᠯᠯᠠᠭ᠎ᠠ ᠵᠢᠨ ᠬᠡᠯᠳᠡᠰ ᠪᠠ ᠰᠠᠬᠢᠯᠭ᠎ᠠ ᠪᠠᠳᠣ ᠪᠠᠢ᠌ᠴᠠᠭ᠋ᠠᠬᠣ ᠬᠡᠯᠳᠡᠰ ᠳᠣᠬᠢᠷᠠᠭᠣᠯᠤᠨᠠ᠂ ᠪᠣᠰᠣᠳ ᠠᠵᠢᠯ᠎ᠤᠨ ᠪᠠᠢ᠌ᠭᠣᠯᠣᠮᠵᠢ ᠵᠢ ᠪᠣᠳᠠᠳᠣ ᠱᠠᠭ᠋ᠠᠷᠳᠠᠯᠭ᠎ᠠ᠎ᠪᠠᠨ ᠦᠨᠳᠦᠰᠦᠯᠡᠨ ᠭᠠᠷᠭ᠋ᠠᠵᠣ᠂ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠪᠡᠯᠡᠳᠬᠡᠯ ᠠᠵᠢᠯ᠎ᠤᠨ ᠪᠠᠢ᠌ᠭᠣᠯᠣᠮᠵᠢ᠎ᠲᠠᠢ ᠦᠨᠳᠦᠰᠦᠨ᠎ᠳᠡᠭᠡᠨ ᠠᠮᠠ ᠰᠡᠬᠡᠷ᠎ᠢ᠎ᠨᠢ ᠵᠣᠯᠭ᠋ᠠᠯᠴᠠᠭᠣᠯᠣᠨᠠ᠃
ᠵᠢᠷᠭᠣᠳᠣᠭ᠋ᠠᠷ ᠵᠣᠷᠪᠣᠰ ᠵᠣᠬᠢᠶᠠᠨ ᠪᠠᠢ᠌ᠭᠣᠯᠬᠣ ᠺᠣᠮᠢᠰ ᠪᠣᠯᠣᠨ ᠪᠣᠰᠣᠳ ᠠᠵᠢᠯ᠎ᠤᠨ ᠪᠠᠢ᠌ᠭᠣᠯᠣᠮᠵᠢ ᠵᠢ ᠭᠣᠣᠯᠯᠠᠨ ᠡᠷᠬᠢᠯᠡᠬᠦ ᠪᠠᠢ᠌ᠭᠣᠯᠣᠯᠭ᠎ᠠ ᠪᠠ ᠳᠠᠭ᠋ᠠᠭ᠋ᠠᠴᠢᠯᠠᠨ ᠡᠷᠬᠢᠯᠡᠬᠦ ᠪᠠᠢ᠌ᠭᠣᠯᠣᠯᠭ᠎ᠠ ᠵᠢᠨ ᠠᠵᠢᠯᠳᠠᠨ᠎ᠠᠴᠠ ᠬᠠᠮᠳᠣᠷᠠᠨ ᠪᠦᠷᠢᠯᠳᠦᠬᠦᠯᠦᠨ᠎ᠠ᠃
ᠳᠣᠯᠣᠳᠣᠭ᠋ᠠᠷ ᠵᠣᠷᠪᠣᠰ ᠡᠯ᠎ᠡ ᠣᠷᠣᠯᠳᠣᠭ᠋ᠠᠨ᠎ᠤ ᠳᠦᠷᠦᠯ ᠵᠦᠢ᠍ᠯ᠎ᠳᠤ ᠬᠦᠨᠳᠡᠯᠡᠨ᠎ᠠᠴᠠ ᠳᠠᠰᠣᠯᠬᠣ ᠵᠦᠪᠯᠡᠯ᠎ᠢ ᠪᠠᠢ᠌ᠭᠣᠯᠣᠨ᠎ᠠ᠃
ᠭᠣᠷᠪᠠᠳᠣᠭ᠋ᠠᠷ ᠪᠦᠯᠦᠭ ᠭᠣᠣᠯᠯᠠᠨ ᠡᠷᠬᠢᠯᠡᠬᠦ ᠪᠠᠢ᠌ᠭᠣᠯᠣᠯᠭ᠎ᠠ ᠵᠢᠨ ᠡᠷᠬᠡ ᠠᠰᠢᠭ ᠪᠠ ᠡᠬᠦᠷᠬᠡ ᠳᠣᠰᠢᠶᠡᠯ
ᠨᠠᠢ᠍ᠮᠠᠳᠣᠭ᠋ᠠᠷ ᠵᠣᠷᠪᠣᠰ ᠣᠯᠣᠰ᠎ᠤᠨ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ ᠪᠣᠯ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠡᠷᠬᠡ ᠠᠰᠢᠭ᠎ᠢ ᠡᠳ᠋ᠯᠡᠨ᠎ᠡ᠂ ᠪᠡᠶ᠎ᠡ ᠵᠢᠨ ᠳᠠᠮᠢᠷ᠎ᠤᠨ ᠴᠣᠭᠯᠠᠭ᠋ᠠᠨ ᠲᠠᠢ ᠬᠣᠯᠪᠣᠭ᠋ᠠᠳᠠᠢ ᠠᠯᠢᠪᠠ ᠡᠷᠬᠡ ᠠᠰᠢᠭ᠎ᠢ ᠡᠳ᠋ᠯᠡᠨ᠎ᠡ᠂ ᠡᠬᠦᠨ᠎ᠳᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠵᠣᠬᠢᠶᠠᠨ ᠪᠠᠢ᠌ᠭᠣᠯᠬᠤ᠂ ᠠᠰᠢᠭᠯᠠᠬᠣ᠂ ᠳᠠᠮᠵᠢᠭᠣᠯᠬᠣ᠂ ᠰᠢᠩᠬᠡᠬᠡᠨ ᠦᠢ᠍ᠯᠡᠳᠬᠦ᠂ ᠳᠣᠭ᠋ᠠᠴᠢᠬᠣ᠂ ᠳᠠᠬᠢᠨ ᠦᠢ᠍ᠯᠡᠳᠬᠦ᠂ ᠬᠦᠷᠳᠡᠬᠦ᠂ ᠳᠠᠷᠬᠠᠭ᠋ᠠᠬᠣ ᠪᠦᠬᠦ ᠡᠷᠬᠡ᠎ᠳᠤ ᠬᠢᠵᠠᠭ᠋ᠠᠷᠯᠠᠭᠳᠠᠬᠣ ᠦᠬᠡᠢ᠎ᠪᠠᠷ ᠦᠯᠦ ᠪᠠᠷᠠᠮ᠂ ᠶᠠᠮᠠᠷᠪᠠ ᠬᠡᠯᠪᠡᠷᠢ ᠵᠢᠨ᠂ ᠣᠳᠣ ᠵᠢᠨ ᠪᠠᠢ᠌ᠬᠣ ᠡᠰᠡᠬᠦᠯ᠎ᠡ ᠢᠷᠡᠬᠡᠳᠦᠢ᠎ᠳᠤ ᠪᠣᠢ ᠪᠣᠯᠬᠣ ᠪᠦᠬᠦᠢ᠌ᠯᠡ ᠡᠷᠬᠡ ᠠᠰᠢᠭ ᠪᠠᠭᠳᠠᠨ᠎ᠠ᠃
ᠶᠢᠰᠦᠳᠦᠬᠡᠷ ᠵᠣᠷᠪᠣᠰ ᠣᠷᠣᠯᠳᠣᠭ᠋ᠠᠨ᠎ᠤ ᠵᠣᠬᠢᠶᠠᠨ ᠪᠠᠢ᠌ᠭᠣᠯᠣᠯᠳᠠ ᠬᠠᠮᠢᠶᠠᠷᠣᠯᠳᠠ
(ᠨᠢᠬᠡ) ᠶᠡᠷᠦᠩᠬᠡᠢ ᠳᠦᠷᠢᠮ ᠪᠠ ᠳᠠᠩ ᠲᠦᠷᠦᠯ᠎ᠤᠨ ᠳᠦᠷᠢᠮ᠎ᠢ ᠭᠠᠷᠭ᠋ᠠᠨ᠎ᠠ᠃
(ᠬᠣᠶᠠᠷ) ᠣᠷᠣᠯᠳᠣᠭ᠋ᠠᠨ᠎ᠤ ᠳᠦᠷᠦᠯ ᠵᠦᠢ᠍ᠯ᠎ᠤᠨ ᠳᠦᠷᠢᠮ ᠪᠠ ᠳᠠᠰᠣᠯᠣᠨ ᠳᠣᠭᠳᠠᠭ᠋ᠠᠬᠣ ᠠᠷᠭ᠎ᠠ ᠵᠢ ᠳᠣᠭᠳᠠᠭ᠋ᠠᠨᠠ᠃
(ᠭᠣᠷᠪᠠ)ᠣᠷᠣᠯᠳᠣᠭ᠋ᠠᠨ᠎ᠤ ᠬᠡᠷᠡᠭᠰᠡᠯ ᠳᠦᠬᠦᠬᠡᠷᠦᠮᠵᠢ ᠵᠢᠨ ᠵᠢᠭᠰᠠᠭ᠋ᠠᠯᠳᠠ ᠵᠢ ᠭᠠᠷᠭ᠋ᠠᠨ᠎ᠠ᠃
(ᠳᠦᠷᠪᠡ) ᠪᠡᠶ᠎ᠡ ᠵᠢᠨ ᠳᠠᠮᠢᠷ᠎ᠤᠨ ᠮᠣᠷᠠᠯ ᠰᠣᠷᠳᠠᠬᠣᠨᠤ ᠱᠠᠩᠨᠠᠯ᠎ᠢ ᠰᠣᠩᠭᠣᠨ ᠰᠢᠯᠭ᠋ᠠᠷᠠᠭᠣᠯᠬᠣ ᠠᠷᠭ᠎ᠠ ᠪᠠ ᠣᠷᠣᠯᠳᠣᠭ᠋ᠠᠨ᠂ ᠦᠵᠡᠬᠦᠯᠦᠯᠬᠡ ᠵᠢᠨ ᠰᠠᠬᠢᠯᠭ᠎ᠠ ᠪᠠᠳᠣ ᠳᠦᠷᠢᠮ ᠳᠣᠭᠳᠠᠭ᠋ᠠᠯ ᠵᠢᠴᠢ ᠬᠡᠷᠡᠭᠵᠢᠬᠦᠯᠦᠯᠳᠠ ᠵᠢ ᠳᠣᠭᠳᠠᠭ᠋ᠠᠬᠣ
(ᠳᠠᠪᠣ) ᠣᠷᠣᠯᠳᠣᠭ᠋ᠠᠨ᠎ᠤ ᠳᠦᠷᠦᠯ ᠵᠦᠢ᠍ᠯ᠎ᠤᠨ ᠬᠢᠨᠠᠭᠴᠢᠳ᠎ᠤᠨ ᠳᠠᠷᠣᠭ᠎ᠠ᠂ ᠳᠡᠳ᠋ ᠳᠠᠷᠣᠭ᠎ᠠ ᠵᠢ ᠳᠣᠭᠳᠠᠭ᠋ᠠᠨ᠂ ᠬᠢᠨᠠᠨ ᠰᠢᠬᠦᠬᠦ ᠬᠢᠨᠠᠭᠴᠢᠳ ᠵᠶ᠋ᠠᠨ ᠭᠠᠷᠭ᠋ᠠᠵᠣ᠂ ᠳᠠᠭ᠋ᠠᠭ᠋ᠠᠴᠢᠯᠠᠨ ᠡᠷᠬᠢᠯᠡᠭᠰᠡᠨ ᠪᠠᠢ᠌ᠭᠣᠯᠣᠯᠭ᠎ᠠ ᠵᠢ ᠵᠢᠭ᠋ᠠᠨ ᠵᠢᠯᠣᠭᠣᠳᠴᠣ ᠬᠢᠨᠠᠭᠴᠢᠳ᠎ᠲᠠᠭᠠᠨ ᠪᠣᠯᠪᠠᠰᠣᠷᠠᠯ ᠬᠦᠷᠳᠡᠭᠡᠨ᠎ᠠ᠃
(ᠵᠢᠷᠭᠣᠭ᠎ᠠ) ᠣᠷᠣᠯᠳᠣᠭ᠋ᠠᠨ᠎ᠤ ᠳᠦᠷᠦᠯ ᠵᠦᠢ᠍ᠯ᠎ᠤᠨ ᠬᠦᠨᠳᠡᠯᠡᠨ᠎ᠠᠴᠠ ᠳᠠᠰᠣᠯᠬᠣ ᠵᠦᠪᠯᠡᠯ᠎ᠤᠨ ᠬᠡᠰᠢᠬᠦᠨ᠎ᠢ ᠳᠣᠭᠳᠠᠭ᠋ᠠᠨᠠ᠃
(ᠳᠣᠯᠣᠭ᠎ᠠ) ᠳᠠᠮᠢᠷᠴᠢᠨ᠎ᠢ ᠪᠦᠷᠢᠳᠭᠡᠨ ᠨᠡᠷ᠎ᠡ ᠮᠡᠳᠡᠬᠦᠯᠬᠦ᠂ ᠰᠣᠯᠢᠯᠴᠠᠬᠤ ᠠᠵᠢᠯ ᠢ ᠵᠣᠬᠢᠶᠠᠨ ᠪᠠᠢ᠌ᠭᠣᠯᠵᠣ᠂ ᠳᠠᠮᠢᠷᠴᠢᠨ ᠤ ᠣᠷᠣᠯᠳᠣᠭ᠋ᠠᠨ᠎ᠳᠤ ᠣᠷᠣᠬᠣ ᠬᠢᠷᠢ ᠬᠡᠮ᠎ᠢ ᠬᠢᠨᠠᠨ᠎ᠠ᠃
(ᠨᠠᠢ᠍ᠮᠠ) ᠣᠷᠣᠯᠳᠣᠭ᠋ᠠᠨ᠎ᠤ ᠳᠦᠷᠦᠯ ᠵᠦᠢ᠍ᠯ᠎ᠤᠨ ᠰᠢᠪᠠᠭ᠎ᠠ ᠳᠠᠳᠠᠬᠣ ᠠᠵᠢᠯ᠎ᠢ ᠵᠣᠬᠢᠶᠠᠨ ᠪᠠᠢ᠌ᠭᠣᠯᠣᠨ᠎ᠠ᠃
(ᠶᠢᠰᠦ)ᠣᠷᠣᠯᠳᠣᠭ᠋ᠠᠨ᠎ᠤ ᠳᠠᠯᠠᠪᠣᠷ᠂ ᠬᠡᠷᠡᠭᠰᠡᠯ ᠳᠦᠬᠦᠬᠡᠷᠦᠮᠵᠢ ᠵᠢ ᠰᠢᠯᠭ᠋ᠠᠬᠣ ᠠᠵᠢᠯ᠎ᠢ ᠵᠣᠬᠢᠶᠠᠨ ᠪᠠᠢ᠌ᠭᠣᠯᠣᠨ᠎ᠠ᠃
(ᠠᠷᠪᠠ) ᠱᠠᠩᠨᠠᠯ ᠤᠨ ᠬᠣᠨᠳᠠᠭ᠎ᠠ᠂ ᠱᠠᠩᠨᠠᠯ ᠤᠨ ᠮᠸᠳᠠᠯ᠂ ᠦᠨᠡᠮᠯᠠᠯ᠎ᠤᠨ ᠪᠢᠴᠢᠭ᠎ᠤᠨ ᠵᠢᠷᠣᠵᠤ ᠲᠦᠯᠦᠪᠯᠡᠬᠦ ᠳᠦᠰᠦᠯ᠎ᠢ ᠬᠢᠨᠠᠨ ᠳᠣᠭᠳᠠᠭ᠋ᠠᠨᠠ᠃
(ᠠᠷᠪᠠᠨ ᠨᠢᠬᠡ) ᠬᠢᠨᠠᠭᠴᠢ᠂ ᠬᠦᠨᠳᠡᠯᠡᠨ ᠠᠴᠠ ᠳᠠᠰᠣᠯᠬᠣ ᠬᠢᠨᠠᠭᠴᠢ ᠵᠢᠨ ᠬᠣᠪᠴᠠᠰᠣ ᠵᠢ ᠵᠢᠷᠣᠵᠣ ᠳᠦᠯᠦᠪᠯᠡᠬᠦ ᠳᠦᠰᠦᠯ᠎ᠢ ᠬᠢᠨᠠᠨ ᠳᠣᠭᠳᠠᠭ᠋ᠠᠨᠠ᠃
(ᠠᠷᠪᠠᠨ ᠬᠣᠶᠠᠷ) ᠣᠷᠣᠯᠳᠣᠭ᠋ᠠᠨ᠎ᠤ ᠳᠡᠰ ᠳᠠᠷᠠᠭ᠋ᠠᠯᠠᠯ᠎ᠤᠨ ᠳᠡᠪᠳᠡᠷᠢ ᠬᠢᠨᠠᠨ ᠳᠣᠭᠳᠠᠭ᠋ᠠᠨᠠ᠃
ᠠᠷᠪᠠᠳᠣᠭ᠋ᠠᠷ ᠵᠣᠷᠪᠣᠰ ᠣᠷᠣᠯᠳᠣᠭ᠋ᠠᠨ ᠤ ᠪᠣᠰᠣ ᠠᠵᠢᠯ ᠤᠨ ᠵᠣᠬᠢᠶᠠᠨ ᠪᠠᠢ᠌ᠭᠣᠯᠣᠯᠳᠠ ᠬᠠᠮᠢᠶᠠᠷᠣᠯᠳᠠ᠃
(ᠨᠢᠬᠡ) ᠨᠠᠮ ᠳᠦᠷᠦ ᠵᠢᠨ ᠣᠳᠣᠷᠢᠳᠣᠯᠭ᠎ᠠ ᠵᠢ ᠣᠷᠢᠨ᠎ᠠ᠃
(ᠬᠣᠶᠠᠷ) ᠪᠡᠶ᠎ᠡ ᠳᠠᠮᠢᠷ᠎ᠤᠨ ᠴᠣᠭᠯᠠᠭ᠋ᠠᠨ᠎ᠤ ᠡᠳᠦᠷ ᠬᠣᠭᠣᠴᠠᠭ᠎ᠠ᠂ ᠡᠬᠢᠯᠡᠯᠳᠡ ᠪᠠ ᠬᠠᠭ᠋ᠠᠯᠲᠠ ᠵᠢᠨ ᠶᠤᠰᠤᠯᠠᠯ᠎ᠤᠨ ᠴᠠᠭ᠎ᠢ ᠳᠣᠭᠳᠠᠭ᠋ᠠᠨᠠ᠃
(ᠭᠣᠷᠪᠠ) ᠪᠦᠬᠦ ᠣᠯᠣᠰ᠎ᠤᠨ ᠪᠡᠯᠡᠳᠬᠡᠯ ᠠᠵᠢᠯ᠎ᠤᠨ ᠬᠣᠷᠠᠯ᠎ᠢ ᠬᠢᠨ᠎ᠡ᠃ ᠨᠢᠬᠡᠳᠦᠬᠡᠷ ᠣᠳᠠᠭ᠋ᠠᠨ᠎ᠤ ᠪᠡᠯᠡᠳᠬᠡᠯ ᠠᠵᠢᠯ᠎ᠤᠨ ᠬᠣᠷᠠᠯ᠎ᠢ ᠪᠡᠶ᠎ᠡ ᠳᠠᠮᠢᠷ᠎ᠤᠨ ᠴᠣᠭᠯᠠᠭ᠋ᠠᠨ᠎ᠤ ᠡᠬᠢᠯᠡᠯᠳᠠ ᠵᠢᠨ ᠶᠣᠰᠣᠯᠠᠯ᠎ᠠᠴᠠ 20 ᠰᠠᠷ᠎ᠠ ᠵᠢᠨ ᠡᠮᠣᠨ᠎ᠠ ᠬᠢᠨ᠎ᠡ᠃ ᠬᠣᠶᠠᠳᠣᠭ᠋ᠠᠷ ᠣᠳᠠᠭ᠋ᠠᠨ᠎ᠤ ᠪᠡᠯᠡᠳᠬᠡᠯ ᠠᠵᠢᠯ᠎ᠤᠨ ᠬᠣᠷᠠᠯ᠎ᠢ ᠡᠬᠢᠯᠡᠯᠳᠠ ᠵᠢᠨ ᠶᠣᠰᠣᠯᠠᠯ᠎ᠠᠴᠠ 8 ᠰᠠᠷ᠎ᠠ ᠵᠢᠨ ᠡᠮᠣᠨ᠎ᠠ ᠬᠢᠨ᠎ᠡ᠃ ᠭᠣᠷᠪᠠᠳᠣᠭ᠋ᠠᠷ ᠣᠳᠠᠭ᠋ᠠᠨ᠎ᠤ ᠪᠡᠯᠡᠳᠬᠡᠯ ᠠᠵᠢᠯ᠎ᠤᠨ ᠬᠣᠷᠠᠯ᠎ᠢ ᠡᠬᠢᠯᠡᠯᠳᠠ ᠵᠢᠨ ᠶᠣᠰᠣᠯᠠᠯ᠎ᠠᠴᠠ 2 ᠰᠠᠷ᠎ᠠ ᠵᠢᠨ ᠡᠮᠣᠨ᠎ᠠ ᠬᠢᠨ᠎ᠡ᠃
(ᠳᠦᠷᠪᠡ) ᠵᠣᠬᠢᠶᠠᠨ ᠪᠠᠢ᠌ᠭᠣᠯᠬᠣ ᠺᠣᠮᠢᠰ ᠪᠠᠢ᠌ᠭᠣᠯᠣᠭᠳᠠᠭᠰᠠᠨ ᠶᠡᠬᠡ ᠬᠣᠷᠠᠯ ᠬᠣᠷᠠᠯᠳᠣᠭᠣᠯᠣᠨᠠ᠃
(ᠳᠠᠪᠣ) ᠴᠣᠭᠯᠠᠭ᠋ᠠᠨ᠎ᠤ ᠰᠦᠯᠳᠠ᠂ ᠪᠡᠯᠬᠡᠳᠡᠯ ᠪᠣᠳᠠᠰ᠂ ᠭᠣᠣᠯ ᠰᠡᠳᠦᠪᠳᠣ ᠳᠠᠭᠣᠣ᠂ ᠰᠣᠷᠳᠠᠯᠴᠢᠯᠠᠭ᠋ᠠᠨᠤ ᠵᠢᠷᠣᠭ ᠳᠦᠯᠦᠪᠯᠡᠬᠡᠨᠤ ᠳᠦᠰᠦᠯ᠎ᠢ ᠬᠢᠨ᠎ᠠ ᠳᠣᠭᠳᠠᠭ᠋ᠠᠨᠠ᠃
(ᠵᠢᠷᠭᠣᠭ᠎ᠠ) ᠡᠬᠢᠯᠡᠯᠳᠠ ᠵᠢᠨ ᠶᠣᠰᠣᠯᠠᠯ᠂ ᠬᠠᠭ᠋ᠠᠯᠳᠠ ᠵᠢᠨ ᠶᠣᠰᠣᠯᠠᠯ᠂ ᠦᠨᠳᠦᠰᠦᠳᠡᠨ᠎ᠤ ᠶᠡᠬᠡ ᠨᠠᠢ᠌ᠷ ᠨᠠᠭ᠋ᠠᠳᠣᠮ᠂ ᠭᠠᠯ ᠪᠠᠮᠪᠠᠷ ᠳᠠᠮᠵᠢᠭᠣᠯᠬᠣ ᠵᠡᠷᠬᠡ ᠳᠣᠮᠣ ᠬᠡᠯᠪᠡᠷᠢ ᠵᠢᠨ ᠠᠵᠢᠯᠯᠠᠭ᠎ᠠ ᠵᠢᠨ ᠳᠦᠰᠦᠯ᠎ᠢ ᠬᠢᠨᠠᠨ ᠳᠣᠭᠳᠠᠭ᠋ᠠᠨᠠ᠃
(ᠳᠣᠯᠣᠭ᠎ᠠ) ᠬᠦᠯᠢᠶᠡᠨ ᠠᠪᠣᠯᠳᠠ ᠪᠠᠳᠣᠯᠠᠭ᠎ᠠ ᠂ ᠵᠠᠮ ᠳᠡᠬᠡᠬᠡᠪᠣᠷᠢ᠂ ᠠᠮᠣᠷ ᠢ ᠬᠠᠮᠠᠭ᠋ᠠᠯᠠᠬᠣ ᠠᠵᠢᠯᠳᠠᠳ᠎ᠤᠨ ᠵᠡᠬᠦᠬᠦ ᠳᠡᠮᠳᠡᠭ ᠢ ᠬᠢᠯᠬᠡᠬᠦ ᠵᠡᠷᠬᠡ ᠳᠦᠰᠦᠯ᠎ᠢ ᠬᠢᠨᠠᠨ ᠳᠣᠭᠳᠠᠭ᠋ᠠᠨᠠ᠃
(ᠨᠠᠢ᠍ᠮᠠ) ᠰᠣᠨᠢᠨ ᠮᠡᠳᠡᠬᠡ ᠵᠢᠨ ᠣᠬᠠᠭᠣᠯᠭ᠎ᠠ ᠵᠢᠨ ᠳᠦᠰᠦᠯ᠎ᠢ ᠬᠢᠨᠠᠨ ᠳᠣᠭᠳᠠᠭ᠋ᠠᠵᠣ᠂ ᠣᠬᠠᠭᠣᠯᠬᠣ ᠠᠵᠢᠯ᠎ᠢ ᠨᠢᠬᠡᠳᠣᠯᠳᠠᠢ ᠳᠦᠯᠦᠪᠯᠡᠨ᠂ ᠳᠦᠪ ᠤᠨ ᠬᠡᠪᠯᠡᠯ ᠮᠡᠳᠡᠬᠡᠯᠡᠯ᠎ᠤᠨ ᠵᠠᠭᠣᠴᠢᠯᠠᠭᠣᠷᠢ ᠵᠣᠬᠢᠶᠠᠨ ᠪᠠᠢ᠌ᠭᠣᠯᠵᠣ ᠰᠣᠷᠳᠠᠯᠴᠢᠯᠠᠨ ᠣᠬᠠᠭᠣᠯᠣᠨᠠ᠃
(ᠶᠢᠰᠦ) ᠰᠣᠨᠢᠨ ᠮᠡᠳᠡᠬᠡ ᠨᠡᠢ᠌ᠳᠡᠯᠡᠬᠦ ᠬᠣᠷᠠᠯ ᠬᠢᠵᠣ᠂ ᠶᠡᠷᠦᠩᠬᠡᠢ ᠳᠦᠷᠢᠮ᠂ ᠳᠠᠩ ᠲᠦᠷᠦᠯ᠎ᠤᠨ ᠳᠦᠷᠢᠮ᠂ ᠴᠣᠭᠯᠠᠭ᠋ᠠᠨ᠎ᠤ ᠰᠦᠯᠳᠠ᠂ ᠪᠡᠯᠬᠡᠳᠡᠯ ᠪᠣᠳᠠᠰ᠂ ᠭᠣᠣᠯ ᠰᠡᠳᠦᠪᠳᠣ ᠳᠠᠭᠣᠣ᠂ ᠰᠣᠷᠳᠠᠯᠴᠢᠯᠠᠭ᠋ᠠᠨᠤ ᠵᠢᠷᠣᠭ ᠵᠡᠷᠬᠡ ᠪᠡᠶ᠎ᠡ ᠳᠠᠮᠢᠷ᠎ᠤᠨ ᠴᠣᠭᠯᠠᠭ᠋ᠠᠨ᠎ᠤ ᠪᠡᠯᠡᠳᠬᠡᠯ ᠠᠵᠢᠯ ᠳᠣᠮᠳᠠᠬᠢ ᠴᠢᠬᠣᠯᠠ ᠳᠣᠮᠣ ᠬᠡᠷᠡᠭ ᠣᠴᠢᠷ᠎ᠢ ᠨᠡᠢ᠌ᠳᠡᠯᠡᠨ᠎ᠡ᠃
(ᠠᠷᠪᠠ) ᠬᠠᠮᠢᠶ᠎ᠠ ᠪᠦᠬᠦᠢ ᠰᠣᠶᠣᠯ᠎ᠤᠨ ᠠᠵᠢᠯᠯᠠᠭ᠎ᠠ ᠵᠢ ᠳᠦᠯᠦᠪᠯᠡᠨ ᠵᠣᠬᠢᠶᠠᠨ ᠪᠠᠢ᠌ᠭᠣᠯᠣᠨ᠎ᠠ᠃
(ᠠᠷᠪᠠᠨ ᠨᠢᠬᠡ) ᠳᠠᠭ᠋ᠠᠭ᠋ᠠᠴᠢᠯᠠᠨ ᠡᠷᠬᠢᠯᠡᠬᠦ ᠪᠠᠢ᠌ᠭᠣᠯᠣᠯᠭ᠎ᠠ ᠵᠢ ᠵᠢᠭ᠋ᠠᠨ ᠵᠢᠯᠣᠭᠣᠳᠴᠤ᠂ ᠱᠠᠯᠠᠪᠳᠠᠭᠤᠯᠤᠨa ᠱᠠᠭ᠋ᠠᠷᠳᠠᠵᠦ᠂ ᠬᠢᠨᠠᠨ ᠰᠢᠯᠭ᠋ᠠᠵᠣ᠂ ᠬᠠᠮᠵᠢᠨ ᠲᠤᠰᠠᠯᠠᠵᠦ ᠡᠯ᠎ᠠ ᠳᠦᠷᠦᠯ᠎ᠤᠨ ᠪᠡᠯᠡᠳᠬᠡᠯ ᠠᠵᠢᠯ᠎ᠤᠨ ᠡᠬᠦᠷᠬᠡ ᠵᠢ ᠨᠠᠢ᠌ᠳᠠᠪᠣᠷᠢᠵᠢᠭᠣᠯᠣᠨᠠ᠃
(ᠠᠷᠪᠠᠨ ᠬᠣᠶᠠᠷ) ᠡᠯ᠎ᠡ ᠳᠦᠯᠦᠬᠡᠯᠡᠭᠴᠢᠳ᠎ᠤᠨ ᠪᠦᠯᠬᠦᠮ ᠢ ᠵᠣᠬᠢᠶᠠᠨ ᠪᠠᠢ᠌ᠭᠣᠯᠣᠨ ᠵᠣᠬᠢᠴᠠᠭᠣᠯᠵᠣ᠂ ᠬᠠᠮᠢᠶ᠎ᠠ ᠪᠦᠬᠦᠢ ᠡᠬᠦᠷᠬᠡ ᠵᠢ ᠨᠠᠢ᠌ᠳᠠᠪᠣᠷᠢᠵᠢᠭᠣᠯᠣᠨᠠ᠃
ᠳᠦᠷᠪᠡᠳᠦᠬᠡᠷ ᠪᠦᠯᠦᠭ ᠳᠠᠭ᠋ᠠᠭ᠋ᠠᠴᠢᠯᠠᠨ ᠡᠷᠬᠢᠯᠡᠬᠦ ᠪᠠᠢ᠌ᠭᠣᠯᠣᠯᠭ᠎ᠠ ᠨᠢᠬᠡᠴᠠ ᠵᠢᠨ ᠡᠷᠬᠡ ᠠᠰᠢᠭ ᠪᠠ ᠡᠬᠦᠷᠬᠡ ᠳᠣᠰᠢᠶᠠᠯ
ᠠᠷᠪᠠᠨ ᠨᠢᠬᠡᠳᠦᠬᠡᠷ ᠵᠣᠷᠪᠣᠰ ᠳᠠᠭ᠋ᠠᠭ᠋ᠠᠴᠢᠯᠠᠨ ᠡᠷᠬᠢᠯᠡᠬᠦ ᠪᠠᠢ᠌ᠭᠣᠯᠣᠯᠭ᠎ᠠ᠎ᠨᠢ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠠᠴᠠ ᠣᠯᠭᠣᠭᠰᠠᠨ ᠳᠣᠰ ᠬᠣᠭᠣᠴᠠᠭ᠋ᠠᠨ᠎ᠤ ᠪᠡᠶ᠎ᠡ ᠳᠠᠮᠢᠷ᠎ᠤᠨ ᠴᠣᠭᠯᠠᠭ᠋ᠠᠨ ᠢ ᠳᠠᠭ᠋ᠠᠭ᠋ᠠᠴᠢᠯᠠᠨ ᠡᠷᠬᠢᠯᠡᠬᠦ ᠠᠷᠠᠯᠵᠢᠶ᠎ᠠ ᠬᠣᠳᠠᠯᠳᠣᠭ᠋ᠠᠨ᠎ᠤ ᠨᠡᠬᠡᠬᠡᠯᠳᠠ ᠵᠢᠨ ᠡᠷᠬᠡ ᠵᠢ ᠡᠳ᠋ᠯᠡᠨ᠎ᠡ᠃
ᠠᠷᠪᠠᠨ ᠬᠣᠶᠠᠳᠣᠭ᠋ᠠᠷ ᠵᠣᠷᠪᠣᠰ ᠳᠠᠭ᠋ᠠᠭ᠋ᠠᠴᠢᠯᠠᠨ ᠡᠷᠬᠢᠯᠡᠬᠦ ᠪᠠᠢ᠌ᠭᠣᠯᠣᠯᠭ᠎ᠠ᠎ᠨᠢ ᠣᠳᠣ ᠪᠠᠢ᠌ᠭ᠎ᠠ ᠣᠷᠣᠯᠳᠣᠭ᠋ᠠᠨ᠎ᠤ ᠳᠠᠯᠠᠪᠣᠷ ᠵᠶ᠋ᠠᠨ ᠬᠦᠢ᠍ᠴᠡᠳ ᠠᠰᠢᠭᠯᠠᠵᠣ᠂ ᠵᠠᠰᠠᠬᠣ᠂ ᠦᠬᠡᠷᠡᠴᠢᠯᠡᠬᠦ᠂ ᠦᠷᠬᠡᠳᠬᠡᠨ ᠪᠠᠢ᠌ᠭᠣᠯᠬᠣ᠂ ᠠᠳᠠᠯᠢ ᠪᠣᠰᠣ ᠳᠦᠷᠦᠯ ᠵᠦᠢ᠍ᠯ᠎ᠳᠤ ᠨᠡᠢ᠌ᠳᠡᠮ ᠬᠡᠷᠡᠭᠯᠡᠬᠦ ᠵᠡᠷᠬᠡ ᠬᠡᠯᠪᠡᠷᠢ᠎ᠪᠠᠷ ᠳᠠᠮᠵᠢᠨ᠂ ᠣᠷᠣᠯᠳᠣᠭ᠋ᠠᠨ᠎ᠤ ᠳᠠᠯᠠᠪᠣᠷᠢ ᠠᠰᠢᠭᠯᠠᠬᠣ ᠦᠷ᠎ᠡ ᠠᠰᠢᠭ ᠵᠢᠡᠨ ᠳᠡᠬᠡᠭᠰᠢᠯᠡᠬᠦᠯᠦᠨ᠎ᠠ᠃
ᠳᠦᠷ ᠴᠠᠭ᠎ᠤᠨ ᠳᠠᠯᠠᠪᠠᠢ ᠣᠷᠳᠣᠨ ᠪᠠ ᠳᠦᠬᠦᠬᠡᠷᠦᠮᠵᠢ ᠪᠠᠢ᠌ᠭᠣᠯᠬᠣ ᠵᠢ ᠰᠠᠨᠠᠭ᠋ᠠᠴᠢᠯᠠᠨ᠎ᠠ᠃ ᠭᠣᠣᠯᠯᠠᠨ ᠡᠷᠬᠢᠯᠡᠬᠦ ᠪᠠᠢ᠌ᠭᠣᠯᠣᠯᠭ᠎ᠠ ᠨᠢᠬᠡᠴᠠ᠎ᠪᠠᠷ ᠵᠦᠪᠰᠢᠶᠡᠷᠡᠬᠦᠯᠦᠭᠰᠡᠨ᠎ᠤ ᠳᠠᠷᠠᠭ᠎ᠠ᠂ ᠳᠠᠭ᠋ᠠᠭ᠋ᠠᠴᠢᠯᠠᠨ ᠡᠷᠬᠢᠯᠡᠬᠦ ᠪᠠᠢ᠌ᠭᠣᠯᠣᠯᠭ᠎ᠠ ᠨᠢᠬᠡᠴᠠ᠎ᠨᠢ ᠬᠢᠬᠦ ᠨᠦᠬᠦᠴᠡᠯ ᠦᠬᠡᠢ ᠣᠷᠣᠯᠳᠣᠭ᠋ᠠᠨ᠎ᠤ ᠳᠦᠷᠦᠯ ᠵᠦᠢ᠍ᠯ ᠵᠶ᠋ᠡᠨ ᠦᠬᠡᠷ᠎ᠡ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ᠎ᠳᠤ ᠶᠠᠪᠣᠭᠳᠠᠭᠣᠯᠵᠣ ᠪᠣᠯᠣᠨ᠎ᠠ᠃
ᠠᠷᠪᠠᠨ ᠭᠣᠷᠪᠠᠳᠣᠭ᠋ᠠᠷ ᠵᠣᠷᠪᠣᠰ ᠣᠷᠣᠯᠳᠣᠭ᠋ᠠᠨ᠎ᠢ ᠳᠠᠭ᠋ᠠᠭ᠋ᠠᠴᠢᠯᠠᠨ ᠡᠷᠬᠢᠯᠡᠬᠦ
( ᠨᠢᠬᠡ) ᠣᠷᠣᠯᠳᠣᠭ᠋ᠠᠨ᠎ᠤ ᠳᠦᠷᠦᠯ ᠵᠦᠢ᠍ᠯ᠎ᠤᠨ ᠳᠠᠯᠠᠪᠠᠢ ᠣᠷᠳᠣᠨ᠎ᠢ ᠳᠣᠬᠢᠷᠠᠭᠣᠯᠣᠭᠰᠠᠨ ᠳᠦᠰᠦᠯ᠎ᠢ ᠭᠠᠷᠭ᠋ᠠᠵᠣ᠂ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠨᠡᠬᠡᠬᠡᠯᠳᠠ ᠵᠢᠨ ᠶᠣᠰᠣᠯᠠᠯ ᠠᠴᠠ ᠡᠮᠣᠨ᠎ᠠ 12 ᠰᠠᠷ᠎ᠠ᠎ᠳᠤ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠳᠤ ᠮᠡᠳᠡᠬᠦᠯᠵᠣ ᠬᠢᠨᠡᠨ ᠵᠦᠪᠰᠢᠶᠡᠷᠡᠬᠦᠯᠦᠨ᠎ᠠ᠃
(ᠬᠣᠶᠠᠷ) ᠵᠦᠪᠰᠢᠶᠡᠷᠡᠬᠦᠯᠦᠭᠰᠡᠨ ᠣᠷᠣᠯᠳᠣᠭ᠋ᠠᠨ᠎ᠤ ᠳᠦᠷᠦᠯ ᠵᠦᠢ᠍ᠯ᠎ᠤᠨ ᠳᠠᠯᠠᠪᠠᠢ ᠣᠷᠳᠣᠨ᠎ᠢ ᠳᠣᠬᠢᠷᠠᠭᠣᠯᠣᠭᠰᠠᠨ ᠳᠦᠰᠦᠯ᠎ᠢ ᠦᠨᠳᠦᠰᠦᠯᠡᠨ᠂ ᠣᠷᠣᠯᠳᠣᠭ᠋ᠠᠨ ᠤ ᠳᠦᠷᠢᠮ ᠳᠣᠭᠳᠠᠭ᠋ᠠᠯᠳᠤ ᠨᠡᠢ᠌ᠴᠡᠭᠰᠡᠨ ᠣᠷᠣᠯᠳᠣᠭ᠋ᠠᠨ᠎ᠤ ᠳᠠᠯᠠᠪᠠᠢ ᠣᠷᠳᠣᠨ ᠪᠣᠯᠣᠨ ᠣᠷᠣᠯᠳᠣᠭ᠋ᠠᠨ ᠳᠤ ᠬᠡᠷᠡᠭᠰᠡᠬᠦ ᠬᠠᠮᠢᠶ᠎ᠠ ᠪᠦᠬᠦᠢ ᠬᠡᠷᠡᠭᠰᠡᠯ ᠳᠦᠬᠦᠬᠡᠷᠦᠮᠵᠢ ᠵᠢ ᠬᠠᠩᠭ᠋ᠠᠵᠣ᠂ ᠪᠡᠶ᠎ᠡ ᠳᠠᠮᠢᠷ᠎ᠤᠨ ᠴᠣᠭᠯᠠᠭ᠋ᠠᠨ ᠤ ᠨᠡᠬᠡᠬᠡᠯᠳᠠ ᠵᠢᠨ ᠶᠣᠰᠣᠯᠠᠯ᠎ᠠᠴᠠ ᠡᠮᠣᠨ᠎ᠠ 3 ᠰᠠᠷ᠎ᠠ᠎ᠳᠤ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠪᠠᠷ ᠰᠢᠯᠭ᠋ᠠᠭᠣᠯᠣᠨᠠ᠃
(ᠭᠣᠷᠪᠠ) ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠠᠴᠠ ᠭᠠᠷᠭ᠋ᠠᠭᠰᠠᠨ ᠣᠷᠣᠯᠳᠣᠭ᠋ᠠᠨ᠎ᠤ ᠬᠡᠷᠡᠭᠰᠡᠯ ᠳᠦᠬᠦᠬᠡᠷᠦᠮᠵᠢ ᠵᠢᠨ ᠵᠢᠭᠰᠠᠭ᠋ᠠᠯᠳᠠ ᠵᠢ ᠦᠨᠳᠦᠰᠦᠯᠡᠨ᠂ ᠣᠷᠣᠯᠳᠣᠭ᠋ᠠᠨ ᠤ ᠳᠦᠷᠢᠮ ᠳᠣᠭᠳᠠᠭ᠋ᠠᠯᠳᠤ ᠨᠡᠢ᠌ᠴᠡᠭᠰᠡᠨ ᠣᠷᠣᠯᠳᠣᠭ᠋ᠠᠨ᠎ᠤ ᠬᠡᠷᠡᠭᠰᠡᠯᠤᠳᠢ ᠬᠠᠩᠭ᠋ᠠᠵᠣ᠂ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠤ ᠨᠡᠬᠡᠬᠡᠯᠳᠠ ᠵᠢᠨ ᠶᠣᠰᠣᠯᠠᠯ ᠠᠴᠠ ᠡᠮᠣᠨ᠎ᠠ 2 ᠰᠠᠷ᠎ᠠ᠎ᠳᠤ ᠪᠡᠯᠡᠬᠡᠨ ᠪᠣᠯᠭ᠋ᠠᠵᠣ᠂ ᠭᠣᠣᠯᠯᠠᠨ ᠡᠷᠬᠢᠯᠡᠬᠦ ᠪᠠᠢ᠌ᠭᠣᠯᠣᠯᠭ᠎ᠠ ᠪᠠᠷ ᠰᠢᠯᠭ᠋ᠠᠭᠣᠯᠣᠨᠠ᠃ ᠳᠣᠭᠳᠠᠭᠰᠠᠨ ᠦᠢ᠍ᠯᠡᠳᠪᠦᠷᠢ ᠦᠬᠡᠢ ᠣᠷᠣᠯᠳᠣᠭ᠋ᠠᠨ᠎ᠤ ᠬᠡᠷᠡᠭᠰᠡᠯ᠎ᠢ ᠵᠣᠬᠢᠶᠠᠨ ᠪᠠᠢ᠌ᠭᠣᠯᠣᠨ ᠦᠢ᠍ᠯᠡᠳᠪᠦᠷᠢᠯᠡᠬᠦᠯᠬᠦ ᠵᠢ ᠬᠠᠷᠢᠭᠣᠴᠠᠵᠣ ᠣᠷᠣᠯᠳᠣᠭ᠋ᠠᠨ᠎ᠳᠤ ᠬᠡᠷᠡᠭᠯᠡᠬᠦ ᠵᠢ ᠪᠠᠳᠣᠯᠠᠨ᠎ᠠ᠃
(ᠳᠦᠷᠪᠡ) ᠱᠠᠩᠨᠠᠯ᠎ᠤᠨ ᠬᠣᠨᠳᠠᠭ᠎ᠠ᠂ ᠱᠠᠩᠨᠠᠯ᠎ᠤᠨ ᠮᠸᠲᠠᠯ᠂ ᠦᠨᠡᠮᠯᠠᠯ᠎ᠤᠨ ᠪᠢᠴᠢᠭ᠎ᠤᠨ ᠵᠢᠷᠣᠭ᠎ᠢ ᠵᠢᠷᠤᠵᠤ ᠲᠦᠯᠦᠪᠯᠡᠬᠦ ᠳᠦᠰᠦᠯ᠎ᠢ ᠭᠠᠷᠭ᠋ᠠᠵᠣ᠂ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠳᠤ ᠮᠡᠳᠡᠬᠦᠯᠵᠣ ᠬᠢᠨᠠᠨ ᠵᠦᠪᠰᠢᠶᠡᠷᠡᠬᠦᠯᠦᠨ᠎ᠠ᠃ ᠱᠠᠩᠨᠠᠯ᠎ᠤᠨ ᠬᠣᠨᠳᠠᠭ᠎ᠠ᠂ ᠱᠠᠩᠨᠠᠯ᠎ᠤᠨ ᠮᠸᠲᠠᠯ᠂ ᠦᠨᠡᠮᠯᠠᠯ᠎ᠤᠨ ᠪᠢᠴᠢᠭ᠎ᠢ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠨᠡᠬᠡᠬᠡᠯᠳᠠ ᠵᠢᠨ ᠶᠣᠰᠣᠯᠠᠯ᠎ᠠᠴᠠ ᠡᠮᠣᠨ᠎ᠠ 1 ᠰᠠᠷ᠎ᠠ᠎ᠳᠤ ᠪᠡᠯᠡᠨ ᠪᠣᠯᠭ᠋ᠠᠨ᠎ᠠ᠃
(ᠳᠠᠪᠣ) ᠬᠢᠨᠠᠭᠴᠢ ᠪᠣᠯᠣᠨ ᠬᠦᠨᠳᠡᠯᠡᠨ᠎ᠠᠴᠠ ᠳᠠᠰᠣᠯᠬᠣ ᠬᠢᠨᠠᠭᠴᠢ ᠵᠢᠨ ᠬᠣᠪᠴᠠᠰᠣ ᠵᠢ ᠵᠢᠷᠣᠵᠣ ᠳᠦᠯᠦᠪᠯᠡᠬᠦ ᠳᠦᠰᠦᠯ᠎ᠢ ᠭᠠᠷᠭ᠋ᠠᠵᠣ᠂ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠳᠤ ᠮᠡᠳᠡᠬᠦᠯᠵᠣ ᠬᠢᠨᠠᠨ ᠵᠦᠪᠰᠢᠶᠡᠷᠡᠬᠦᠯᠦᠨ᠎ᠠ᠃ ᠬᠢᠨᠠᠭᠴᠢ ᠪᠣᠯᠣᠨ ᠬᠦᠨᠳᠡᠯᠡᠨ᠎ᠠᠴᠠ ᠳᠠᠰᠣᠯᠬᠣ ᠬᠢᠨᠠᠭᠴᠢ ᠵᠢᠨ ᠬᠣᠪᠴᠠᠰᠣ ᠵᠢ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠨᠡᠬᠡᠬᠡᠯᠳᠠ ᠵᠢᠨ ᠶᠣᠰᠣᠯᠠᠯ᠎ᠠᠴᠠ ᠡᠮᠣᠨ᠎ᠠ 1 ᠰᠠᠷ᠎ᠠ᠎ᠳᠤ ᠪᠡᠯᠡᠨ ᠪᠣᠯᠭ᠋ᠠᠨ᠎ᠠ᠃
(ᠵᠢᠷᠭᠣᠭ᠎ᠠ)ᠭᠣᠣᠯᠯᠠᠨ ᠡᠷᠬᠢᠯᠡᠬᠦ ᠪᠠᠢ᠌ᠭᠣᠯᠣᠯᠭ᠎ᠠ ᠵᠢᠨ ᠵᠢᠭ᠋ᠠᠨ ᠵᠢᠯᠣᠭᠣᠳᠣᠯᠭ᠎ᠠ ᠳᠣᠣᠷ᠎ᠠ᠂ ᠣᠷᠣᠯᠳᠣᠭ᠋ᠠᠨ᠎ᠤ ᠵᠣᠬᠢᠶᠠᠨ ᠪᠠᠢ᠌ᠭᠣᠯᠣᠯᠳᠠ ᠬᠠᠮᠢᠶᠠᠷᠣᠯᠳᠠ ᠵᠢᠨ ᠰᠣᠷᠠᠭ ᠵᠠᠩᠬᠢ ᠵᠢᠨ ᠰᠢᠰᠲᠸᠮ ᠤᠨ ᠵᠦᠬᠡᠯᠡᠨ ᠪᠠ ᠬᠠᠳᠠᠭᠣ ᠳᠣᠨᠣᠭᠢ ᠬᠠᠩᠭ᠋ᠠᠵᠣ᠂ ᠡᠷᠬᠡᠪᠰᠢ ᠳᠠᠮᠢᠷᠴᠢᠨ᠎ᠤ ᠳᠠᠩᠰᠠᠯᠠᠭᠣᠯᠬᠣ᠂ ᠨᠡᠷ᠎ᠡ ᠮᠡᠳᠡᠬᠦᠯᠬᠦ᠂ ᠰᠣᠯᠢᠯᠴᠠᠭ᠎ᠠ ᠬᠢᠬᠦ᠂ ᠬᠢᠨᠠᠭᠴᠢ᠂ ᠬᠦᠨᠳᠡᠯᠠᠨ ᠠᠴᠠ ᠳᠠᠰᠣᠯᠬᠣ ᠬᠢᠨᠠᠭᠴᠢ᠂ ᠠᠩᠬᠢ ᠳᠠᠭ᠋ᠠᠭᠣᠯᠣᠭᠴᠢ ᠨᠡᠷ᠎ᠡ ᠮᠡᠳᠡᠬᠦᠯᠬᠦ ᠦᠢ᠍ᠯᠡᠳᠦᠯ ᠴᠢᠳᠠᠪᠬᠢ ᠲᠠᠢ ᠪᠠᠢ᠌ᠬᠤ᠎ᠪᠠᠷ ᠦᠯᠦ ᠪᠠᠷᠠᠮ᠂ ᠣᠷᠣᠯᠳᠣᠭ᠋ᠠᠨ᠎ᠤ ᠳᠠᠷᠠᠭ᠋ᠠᠯᠠᠯ᠎ᠢ ᠨᠠᠢ᠌ᠷᠠᠭᠣᠯᠵᠣ ᠪᠠᠢ᠌ᠷᠢᠯᠠᠭᠣᠯᠬᠣ᠂ ᠣᠷᠣᠯᠳᠣᠭ᠋ᠠᠨ᠎ᠤ ᠬᠢᠷᠢ ᠪᠦᠳᠦᠮᠵᠢ ᠵᠢ ᠪᠦᠷᠢᠳᠬᠡᠬᠦ᠂ ᠨᠡᠢ᠌ᠳᠡᠯᠡᠬᠦ ᠵᠡᠷᠬᠡ ᠦᠢ᠍ᠯᠡᠳᠦᠯ ᠴᠢᠳᠠᠪᠬᠢ ᠵᠢ ᠴᠣ᠌ ᠪᠠᠭᠳᠠᠭ᠋ᠠᠭᠰᠠᠨ ᠪᠠᠢ᠌ᠬᠤ ᠬᠡᠷᠡᠭᠳᠡᠢ ᠃ ᠰᠣᠷᠠᠭ ᠵᠠᠩᠬᠢ ᠵᠢᠨ ᠰᠢᠰᠲᠸᠮ ᠤᠨ ᠵᠦᠬᠡᠯᠡᠨ ᠪᠠ ᠬᠠᠳᠠᠭᠣ ᠳᠣᠨᠣᠭᠢ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠨᠡᠬᠡᠬᠡᠯᠳᠠ ᠵᠢᠨ ᠶᠣᠰᠣᠯᠠᠯ᠎ᠠᠴᠠ ᠡᠮᠣᠨ᠎ᠠ 12 ᠰᠠᠷ᠎ᠠ᠎ᠳᠤ ᠭᠣᠣᠯᠯᠠᠨ ᠡᠷᠬᠢᠯᠡᠬᠦ ᠪᠠᠢ᠌ᠭᠣᠯᠣᠯᠭ᠎ᠠ ᠪᠠᠷ ᠰᠢᠯᠭ᠋ᠠᠭᠣᠯᠣᠨᠠ᠃ ᠰᠣᠷᠠᠭ ᠵᠠᠩᠬᠢ ᠵᠢᠨ ᠰᠢᠰᠲᠸᠮ᠎ᠤᠨ ᠬᠠᠮᠢᠶᠠᠷᠣᠭᠴᠢ᠂ ᠠᠵᠢᠯᠯᠠᠭᠴᠢ᠎ᠳᠤ ᠳᠣᠬᠠᠢ᠌ᠯᠠᠭᠰᠠᠨ ᠠᠵᠢᠯ᠎ᠤᠨ ᠪᠣᠯᠪᠠᠰᠣᠷᠠᠯ᠎ᠢ ᠵᠣᠬᠢᠶᠠᠨ ᠪᠠᠢ᠌ᠭᠣᠯᠣᠨ ᠦᠷᠨᠢᠬᠦᠯᠦᠨ᠎ᠠ᠃
(ᠳᠣᠯᠣᠭ᠎ᠠ) ᠣᠷᠣᠯᠳᠣᠭ᠋ᠠᠨ᠎ᠤ ᠳᠠᠷᠠᠭ᠋ᠠᠯᠠᠯ ᠪᠣᠯᠣᠨ ᠡᠳᠦᠷ ᠬᠣᠭᠣᠴᠠᠭ᠎ᠠ ᠵᠢ ᠡᠮᠬᠢᠯᠠᠨ ᠳᠣᠬᠢᠷᠠᠭᠣᠯᠵᠣ᠂ ᠶᠡᠷᠦᠩᠬᠡᠢ ᠳᠡᠰ ᠳᠠᠷᠠᠭ᠋ᠠᠯᠠᠯ᠎ᠤᠨ ᠳᠡᠪᠳᠡᠷ ᠪᠠ ᠳᠠᠩ ᠳᠦᠷᠦᠯ᠎ᠤᠨ ᠳᠡᠰ ᠳᠠᠷᠠᠭ᠋ᠠᠯᠠᠯ᠎ᠤᠨ ᠳᠡᠪᠳᠡᠷᠢ ᠭᠠᠷᠭ᠋ᠠᠵᠣ᠂ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠪᠠᠷ ᠬᠢᠨᠠᠨ ᠵᠦᠪᠰᠢᠶᠡᠷᠡᠬᠦᠯᠦᠭᠰᠡᠨ᠎ᠤ ᠳᠠᠷᠠᠭ᠎ᠠ ᠳᠠᠷᠣᠮᠠᠯᠯᠠᠨ ᠳᠠᠷᠬᠠᠭ᠋ᠠᠨᠠ᠃ ᠶᠡᠷᠦᠩᠬᠡᠢ ᠡᠮᠬᠢ ᠳᠠᠷᠠᠭ᠋ᠠᠯᠠᠯ᠎ᠤᠨ ᠳᠡᠪᠳᠡᠷ ᠪᠠ ᠳᠠᠩ ᠳᠦᠷᠦᠯ᠎ᠤᠨ ᠡᠮᠬᠢ ᠳᠠᠷᠠᠭ᠋ᠠᠯᠠᠯ᠎ᠤᠨ ᠳᠡᠪᠳᠡᠷᠢ ᠡᠯ᠎ᠡ ᠲᠦᠯᠦᠬᠡᠯᠡᠭᠴᠢᠳ᠎ᠤᠨ ᠪᠦᠯᠬᠦᠮ ᠨᠡᠷ᠎ᠡ ᠮᠡᠳᠡᠬᠦᠯᠬᠦ ᠠᠴᠠ ᠨᠢᠬᠡ ᠭᠠᠷᠠᠭ᠎ᠤᠨ ᠡᠮᠣᠨ᠎ᠠ ᠪᠡᠯᠡᠬᠡᠨ ᠪᠣᠯᠭ᠋ᠠᠨ᠎ᠠ᠃ ᠶᠡᠷᠦᠩᠬᠡᠢ ᠬᠢᠷᠢ ᠪᠦᠳᠦᠮᠵᠢ ᠵᠢᠨ ᠳᠡᠪᠳᠡᠷᠢ ᠪᠡᠶ᠎ᠡ ᠳᠠᠮᠢᠷ᠎ᠤᠨ ᠴᠣᠭᠯᠠᠭ᠋ᠠᠨ᠎ᠤ ᠳᠦᠷᠢᠮ᠎ᠳᠤ ᠳᠣᠭᠳᠠᠭ᠋ᠠᠭᠰᠠᠨ ᠴᠣᠭᠯᠠᠭ᠋ᠠᠨ ᠳᠠᠷᠠᠬᠣ ᠬᠠᠮᠣᠭ ᠰᠡᠬᠦᠯ᠎ᠤᠨ ᠡᠳᠦᠷ᠎ᠠᠴᠠ ᠡᠮᠣᠨ᠎ᠠ ᠬᠣᠷᠢᠶᠠᠩᠭᠣᠢ᠌ᠯᠠᠨ ᠭᠠᠷᠭ᠋ᠠᠵᠤ ᠳᠠᠭᠣᠰᠬᠠᠨᠠ᠃
(ᠨᠠᠢ᠍ᠮᠠ) ᠱᠠᠩᠨᠠᠯ ᠣᠯᠭᠣᠬᠣ ᠳᠦᠰᠦᠯ᠎ᠢ ᠭᠠᠷᠭ᠋ᠠᠵᠣ᠂ ᠱᠠᠩᠨᠠᠯ ᠣᠯᠭᠣᠬᠣ ᠠᠵᠢᠯ ᠢ ᠵᠣᠬᠢᠶᠠᠨ ᠪᠠᠢ᠌ᠭᠣᠯᠣᠨ ᠶᠠᠪᠣᠭᠳᠠᠭᠣᠯᠣᠨᠠ᠃
(ᠶᠢᠰᠦ) ᠪᠣᠢ ᠪᠦᠬᠦᠢ ᠣᠷᠣᠯᠳᠣᠭ᠋ᠠᠨ᠎ᠤ ᠪᠦᠬᠦ ᠶᠠᠪᠣᠴᠠ᠎ᠳᠤ ᠳᠦᠷᠰᠦ ᠰᠢᠩᠬᠡᠬᠡᠯᠳᠡ ᠬᠢᠵᠣ᠂ ᠬᠢᠨᠠᠭᠴᠢ᠂ ᠬᠦᠨᠳᠡᠯᠡᠨ᠎ᠠᠴᠠ ᠳᠠᠰᠣᠯᠬᠣ ᠬᠢᠨᠠᠭᠴᠢ᠎ᠳᠤ ᠵᠦᠪ ᠣᠨᠣᠪᠴᠢᠳᠠᠢ᠂ ᠪᠦᠷᠢᠨ ᠪᠦᠳᠦᠨ ᠬᠡᠷᠡᠴᠢ ᠬᠠᠩᠭ᠋ᠠᠨ᠎ᠠ ᠃ ᠪᠡᠶ᠎ᠡ ᠳᠠᠮᠢᠷ᠎ᠤᠨ ᠴᠣᠭᠯᠠᠭ᠋ᠠᠨᠢ ᠦᠨᠳᠦᠷᠯᠡᠭᠰᠡᠨᠤ ᠳᠠᠷᠠᠭ᠎ᠠ᠂ ᠭᠣᠣᠯᠯᠠᠨ ᠡᠷᠬᠢᠯᠡᠭᠰᠡᠨ ᠪᠠᠢ᠌ᠭᠣᠯᠣᠯᠭ᠎ᠠ᠎ᠳᠤ ᠪᠦᠬᠦ ᠰᠢᠢ᠍ᠳᠪᠦᠷᠢᠳᠣ ᠣᠷᠣᠯᠳᠣᠭ᠋ᠠᠨ᠎ᠤ ᠳᠦᠷᠰᠦ ᠰᠢᠩᠬᠡᠬᠡᠯᠳᠡ ᠵᠢᠨ ᠮᠠᠲᠸᠷᠢᠶᠠᠯ᠎ᠢ ᠳᠣᠰᠢᠶᠠᠨ᠎ᠠ᠃
(ᠠᠷᠪᠠ) ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠨᠡᠬᠡᠬᠡᠯᠳᠠ ᠵᠢᠨ ᠶᠣᠰᠣᠯᠠᠯ᠎ᠠᠴᠠ ᠡᠮᠣᠨ᠎ᠠ᠂ ᠳᠠᠩ ᠳᠦᠷᠦᠯ᠎ᠤᠨ ᠣᠷᠣᠯᠳᠣᠭ᠋ᠠᠨ ᠪᠠ ᠬᠢᠨᠠᠭᠴᠢ᠂ ᠳᠠᠰᠬᠠᠯᠵᠢᠭᠣᠯᠣᠭᠴᠢ ᠵᠢᠨ ᠪᠣᠯᠪᠠᠰᠣᠷᠠᠯ ᠤᠨ ᠠᠩᠬᠢ ᠵᠢ ᠵᠣᠬᠢᠶᠠᠨ ᠪᠠᠢ᠌ᠭᠣᠯᠣᠨ᠎ᠠ᠃
(ᠠᠷᠪᠠᠨ ᠨᠢᠬᠡ) ᠪᠣᠰᠣᠳ ᠬᠠᠮᠢᠶ᠎ᠠ ᠪᠦᠬᠦᠢ ᠡᠬᠦᠷᠬᠡ ᠵᠢ ᠨᠠᠢ᠌ᠳᠠᠪᠣᠷᠢᠵᠢᠭᠣᠯᠣᠨᠠ᠃
ᠠᠷᠪᠠᠨ ᠳᠦᠷᠪᠡᠳᠦᠬᠡᠷ ᠵᠣᠷᠪᠣᠰ ᠣᠷᠣᠯᠳᠣᠭ᠋ᠠᠨ᠎ᠤ ᠪᠣᠰᠣ ᠠᠵᠢᠯ᠎ᠢ ᠬᠦᠢ᠍ᠴᠡᠳᠬᠡᠬᠦ
(ᠨᠢᠬᠡ) ᠴᠤᠭᠯᠠᠭ᠋ᠠᠨ ᠡᠷᠭᠢᠯᠡᠬᠦ ᠭᠠᠵᠠᠷ ᠤᠷᠤᠨ᠎ᠤ ᠴᠠᠭ ᠠᠭᠣᠷ᠂ ᠵᠠᠮ ᠬᠠᠷᠢᠯᠴᠠᠭ᠎ᠠ ᠪᠣᠯᠣᠨ ᠪᠡᠯᠳᠬᠡᠯ ᠠᠵᠢᠯ᠎ᠤᠨ ᠪᠣᠳᠠᠳᠣ ᠪᠠᠢ᠌ᠳᠠᠯ ᠵᠡᠷᠬᠡ ᠡᠯᠸᠮᠸᠨ᠋ᠲ᠎ᠢ ᠶᠡᠷᠦᠩᠬᠡᠢ᠌ᠯᠡᠨ᠂ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠳᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠵᠣᠬᠢᠶᠠᠨ ᠪᠠᠢ᠌ᠭᠣᠯᠬᠣ ᠴᠠᠭ ᠡᠳᠦᠷ ᠪᠣᠯᠣᠨ ᠡᠬᠢᠯᠡᠯᠳᠡ᠂ ᠬᠠᠭ᠋ᠠᠯᠳᠠ ᠵᠢᠨ ᠶᠣᠰᠣᠯᠠᠯ᠎ᠤᠨ ᠴᠠᠭ᠎ᠤᠨ ᠰᠠᠨᠠᠭᠣᠯᠭ᠎ᠠ᠎ᠪᠠᠨ ᠳᠡᠪᠰᠢᠬᠦᠯᠦᠨᠠ᠃
(ᠬᠣᠶᠠᠷ) ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠰᠣᠨᠢᠨ ᠮᠡᠳᠡᠬᠡ ᠣᠬᠠᠭᠣᠯᠭ᠎ᠠ᠂ ᠳᠣᠮᠣ ᠬᠡᠯᠪᠡᠷᠢ ᠵᠢᠨ ᠠᠵᠢᠯᠯᠠᠭ᠎ᠠ ᠂ ᠬᠦᠯᠢᠶᠡᠨ ᠠᠪᠣᠯᠳᠠ ᠪᠠᠳᠣᠯᠠᠭ᠎ᠠ᠂ ᠵᠠᠮ ᠳᠡᠬᠡᠬᠡᠪᠦᠷᠢ᠂ ᠠᠮᠣᠷ ᠢ ᠬᠠᠮᠠᠭ᠋ᠠᠯᠠᠬᠣ ᠠᠵᠢᠯᠳᠠᠨ᠎ᠤ ᠵᠡᠬᠦᠬᠦ ᠳᠡᠮᠳᠡᠭ᠎ᠤᠨ ᠲᠦᠰᠦᠯ᠎ᠢ ᠳᠣᠭᠳᠠᠭ᠋ᠠᠵᠣ᠂ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠳᠤ ᠮᠡᠳᠡᠬᠦᠯᠵᠣ ᠬᠢᠨᠠᠭᠣᠯᠣᠭᠰᠠᠨᠤ ᠳᠠᠷᠠᠭ᠎ᠠ ᠵᠣᠬᠢᠶᠠᠨ ᠪᠠᠢ᠌ᠭᠣᠯᠣᠨ ᠬᠡᠷᠡᠭᠵᠢᠬᠦᠯᠦᠨ᠎ᠠ᠃
(ᠭᠣᠷᠪᠠ) ᠴᠣᠭᠯᠠᠭ᠋ᠠᠨ᠎ᠤ ᠰᠦᠯᠳᠡ᠂ ᠪᠡᠯᠬᠡᠳᠡᠯ ᠪᠣᠳᠠᠰ᠂ ᠭᠣᠣᠯ ᠰᠡᠳᠦᠪᠳᠣ ᠳᠠᠭᠣᠣ᠂ ᠣᠬᠠᠭᠣᠯᠭ᠎ᠠ ᠵᠢᠨ ᠵᠢᠷᠣᠭ ᠳᠦᠰᠦᠪ ᠵᠶ᠋ᠠᠨ ᠭᠠᠷᠭ᠋ᠠᠵᠣ᠂ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠳᠤ ᠮᠡᠳᠡᠬᠦᠯᠵᠣ ᠬᠢᠨᠠᠨ ᠵᠦᠪᠰᠢᠶᠡᠷᠡᠬᠦᠯᠦᠨ᠎ᠡ᠃
( ᠳᠦᠷᠪᠠ) ᠪᠦᠬᠦ ᠣᠯᠣᠰ᠎ᠤᠨ ᠪᠡᠯᠡᠳᠬᠡᠯ ᠠᠵᠢᠯ ᠤᠨ ᠬᠣᠷᠠᠯ ᠬᠢᠨ᠎ᠠ᠃
(ᠳᠠᠪᠣ) ᠵᠣᠬᠢᠶᠠᠨ ᠪᠠᠢ᠌ᠭᠣᠯᠬᠣ ᠺᠣᠮᠢᠰ ᠪᠠᠢ᠌ᠭᠣᠯᠣᠭᠳᠠᠭᠰᠠᠨ ᠶᠡᠬᠡ ᠬᠣᠷᠠᠯ ᠬᠢᠨ᠎ᠠ᠃
(ᠵᠢᠷᠭᠣᠭ᠎ᠠ) ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠲᠠᠢ ᠬᠠᠮᠵᠢᠯᠴᠠᠨ ᠰᠣᠨᠢᠨ ᠮᠡᠳᠡᠬᠡ ᠨᠡᠢ᠌ᠳᠡᠯᠡᠬᠦ ᠬᠣᠷᠠᠯ᠎ᠢ ᠬᠢᠨ᠎ᠠ᠃
(ᠳᠣᠯᠣᠭ᠎ᠠ) ᠭᠣᠣᠯᠯᠠᠨ ᠡᠷᠬᠢᠯᠡᠬᠦ ᠪᠠᠢ᠌ᠭᠣᠯᠣᠯᠭ᠎ᠠ ᠵᠢᠨ ᠵᠢᠯᠣᠭᠣᠳᠣᠯᠭ᠎ᠠ ᠳᠣᠣᠷ᠎ᠠ᠂ ᠡᠯ᠎ᠡ ᠲᠦᠯᠦᠬᠡᠯᠡᠭᠴᠢᠳ᠎ᠤᠨ ᠪᠦᠯᠬᠦᠮ᠎ᠤᠨ ᠬᠡᠰᠢᠬᠦᠨ᠂ ᠠᠵᠢᠯᠳᠠᠨ᠂ ᠵᠠᠭᠣᠴᠢᠯᠠᠭᠣᠷ᠎ᠤᠨ ᠰᠣᠷᠪᠣᠯᠵᠢᠯᠠᠭᠴᠢ᠂ ᠣᠨᠴᠠ ᠣᠷᠢᠭᠰᠠᠨ ᠵᠣᠴᠢᠨ᠂ ᠳᠣᠭᠣᠷᠢᠨ ᠦᠵᠡᠬᠦ ᠬᠦᠮᠦᠰ᠎ᠤᠨ ᠨᠡᠷ᠎ᠡ ᠮᠡᠳᠡᠬᠦᠯᠬᠦ ᠠᠵᠢᠯ᠎ᠢ ᠬᠠᠷᠢᠭᠣᠴᠠᠨ᠎ᠠ᠃
(ᠨᠠᠢ᠍ᠮᠠ)ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠭᠠᠷ ᠠᠪᠣᠯᠭ᠎ᠠ ᠵᠢᠨ ᠳᠡᠪᠳᠡᠷᠢ ᠨᠠᠢ᠌ᠷᠠᠭᠣᠯᠣᠨ ᠳᠠᠷᠬᠠᠭ᠋ᠠᠨᠠ᠃
(ᠶᠢᠰᠦ)ᠬᠠᠮᠢᠶ᠎ᠠ ᠪᠦᠬᠦᠢ ᠰᠣᠶᠣᠯ᠎ᠤᠨ ᠠᠵᠢᠯᠯᠠᠭ᠎ᠠ ᠵᠢ ᠳᠦᠰᠦᠪᠯᠡᠨ ᠵᠣᠬᠢᠶᠠᠨ ᠪᠠᠢ᠌ᠭᠣᠯᠣᠨ᠎ᠠ᠃
(ᠠᠷᠪᠠ)ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠠᠴᠠ ᠣᠷᠣᠯᠳᠣᠭ᠋ᠠᠨ ᠬᠢᠬᠦ ᠵᠠᠷᠣᠳᠠᠯ ᠨᠦᠬᠦᠪᠦᠷᠢ ᠵᠢ ᠭᠣᠶᠣᠴᠢᠯᠠᠨᠠ᠃
(ᠠᠷᠪᠠᠨ ᠨᠢᠬᠡ)ᠪᠡᠶ᠎ᠡ ᠵᠢᠨ ᠳᠠᠮᠢᠷ᠎ᠤᠨ ᠴᠣᠭᠯᠠᠭ᠋ᠠᠨᠢ ᠡᠷᠬᠢᠯᠡᠬᠦ ᠬᠣᠭᠣᠴᠠᠭ᠋ᠠᠨ᠎ᠳᠠᠬᠢ ᠳᠠᠩᠰᠠ ᠡᠪᠬᠡᠮᠡᠯ᠎ᠤᠨ ᠠᠵᠢᠯ᠎ᠢ ᠰᠠᠢ᠌ᠳᠣᠷ ᠬᠢᠨ᠎ᠡ᠃ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠳᠠᠭᠣᠰᠣᠭᠰᠠᠨᠤ ᠳᠠᠷᠠᠭ᠎ᠠ 6 ᠰᠠᠷ᠎ᠠ ᠵᠢᠨ ᠳᠣᠳᠣᠷ᠎ᠠ᠂ ᠭᠣᠣᠯᠯᠠᠨ ᠡᠷᠬᠢᠯᠡᠭᠰᠡᠨ ᠪᠠᠢ᠌ᠭᠣᠯᠣᠯᠭ᠎ᠠ᠎ᠳᠤ ᠪᠦᠬᠦ ᠪᠢᠴᠢᠭ ᠮᠠᠲᠸᠷᠢᠶᠠᠯ᠂ ᠳᠦᠰᠦᠪ ᠳᠦᠰᠦᠯ᠂ ᠣᠳᠣᠷᠢᠳᠣᠯᠭ᠎ᠠ ᠵᠢᠨ ᠶᠠᠷᠢᠶ᠎ᠠ ᠵᠡᠷᠬᠡ ᠠᠯᠪᠠᠨ ᠶᠣᠰᠣᠨ᠎ᠤ ᠡᠮᠬᠢᠳᠬᠡᠯ ᠢ ᠳᠣᠰᠢᠶᠠᠨ᠎ᠠ᠃
(ᠠᠷᠪᠠᠨ ᠬᠣᠶᠠᠷ) ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠪᠡᠯᠳᠬᠡᠯ ᠬᠣᠭᠣᠴᠠᠭ᠋ᠠᠨ᠎ᠳᠠᠬᠢ ᠣᠯᠠᠨ ᠵᠠᠭᠣᠴᠢᠳᠣ ᠮᠠᠲᠸᠷᠢᠶᠠᠯ᠎ᠢ ᠴᠣᠭᠯᠠᠭᠣᠯᠣᠨ ᠳᠢᠭᠯᠡᠬᠦ ᠠᠵᠢᠯ᠎ᠢ ᠰᠠᠢ᠌ᠳᠣᠷ ᠬᠢᠨ᠎ᠡ᠃ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠳᠠᠭᠣᠰᠣᠭᠰᠠᠨᠤ ᠳᠠᠷᠠᠭ᠎ᠠ 6 ᠰᠠᠷ᠎ᠠ ᠵᠢᠨ ᠳᠣᠳᠣᠷ᠎ᠠ᠂ ᠭᠣᠣᠯᠯᠠᠨ ᠡᠷᠬᠢᠯᠡᠭᠰᠡᠨ ᠪᠠᠢ᠌ᠭᠣᠯᠣᠯᠭ᠎ᠠ᠎ᠳᠤ ᠲᠣᠮᠣ ᠬᠡᠯᠪᠡᠷᠢ ᠵᠢᠨ ᠠᠵᠢᠯᠯᠠᠭ᠎ᠠ᠂ ᠴᠢᠬᠣᠯᠠ ᠬᠣᠷᠠᠯ᠂ ᠣᠬᠠᠭᠣᠯᠭ᠎ᠠ ᠰᠣᠨᠢᠨ ᠮᠡᠳᠡᠬᠡᠨ᠎ᠤ ᠳᠦᠷᠰᠦ ᠪᠢᠴᠢᠯᠬᠡ᠂ ᠵᠢᠷᠣᠭ ᠰᠡᠬᠦᠳᠡᠷ ᠵᠡᠷᠬᠡ ᠣᠯᠠᠨ ᠵᠠᠭᠣᠴᠢᠳᠣ ᠮᠠᠲᠸᠷᠢᠶᠠᠯ᠎ᠤᠨ ᠡᠮᠬᠢᠳᠬᠡᠯ ᠵᠶ᠋ᠡᠨ ᠬᠠᠩᠭ᠋ᠠᠨ᠎ᠠ᠃ ᠡᠬᠦᠨ᠎ᠳᠤ᠂ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠡᠬᠢᠯᠡᠯᠳᠡ ᠬᠠᠭ᠋ᠠᠯᠳᠠ ᠵᠢᠨ ᠶᠣᠰᠣᠯᠠᠯ ᠢ ᠡᠷᠬᠡᠪᠰᠢ ᠳᠦᠷᠰᠦ ᠰᠢᠩᠬᠡᠬᠡᠯᠳᠡ ᠵᠢᠨ ᠬᠡᠷᠡᠯᠯᠢᠭ ᠳᠠᠪᠠᠭ ᠪᠠ ᠵᠢᠷᠣᠭᠳᠣ ᠳᠡᠪᠳᠡᠷ᠎ᠤᠨ ᠬᠡᠯᠪᠡᠷᠢ᠎ᠪᠠᠷ ᠭᠠᠷᠭ᠋ᠠᠨ᠎ᠠ᠃
(ᠠᠷᠪᠠᠨ ᠭᠣᠷᠪᠠ) ᠪᠡᠶ᠎ᠡ ᠵᠢᠨ ᠳᠠᠮᠢᠷ᠎ᠤᠨ ᠴᠣᠭᠯᠠᠭ᠋ᠠᠨ ᠳᠠᠭᠣᠰᠣᠭᠰᠠᠨᠤ ᠳᠠᠷᠠᠭ᠎ᠠ 15 ᠬᠣᠨᠣᠭ᠎ᠤᠨ ᠳᠣᠳᠣᠷ᠎ᠠ᠂ ᠭᠣᠣᠯᠯᠠᠨ ᠡᠷᠬᠢᠯᠡᠭᠰᠡᠨ ᠪᠠᠢ᠌ᠭᠣᠯᠣᠯᠭ᠎ᠠ᠎ᠳᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠶᠡᠷᠦᠩᠬᠡᠢ ᠳ᠋ᠦᠩᠨᠡᠯᠳᠡ ᠵᠢᠨ ᠮᠡᠳᠡᠬᠦᠯᠦᠯᠳᠠ ᠵᠢ ᠬᠦᠷᠬᠡᠨ᠎ᠠ᠃
(ᠠᠷᠪᠠᠨ ᠳᠦᠷᠪᠡ) ᠪᠣᠰᠣᠳ ᠬᠠᠮᠢᠶ᠎ᠠ ᠪᠦᠬᠦᠢ ᠡᠬᠦᠷᠬᠡ ᠵᠢ ᠬᠦᠢ᠍ᠴᠡᠳᠬᠡᠨ᠎ᠡ᠃
ᠳᠠᠪᠣᠳᠣᠭ᠋ᠠᠷ ᠪᠦᠯᠦᠭ ᠪᠡᠶ᠎ᠡ ᠵᠢᠨ ᠳᠠᠮᠢᠷ᠎ᠤᠨ ᠴᠣᠭᠯᠠᠭ᠋ᠠᠨ ᠭᠣᠶᠣᠴᠢᠯᠠᠨ ᠡᠷᠬᠢᠯᠡᠬᠦ
ᠠᠷᠪᠠᠨ ᠳᠠᠪᠣᠳᠣᠭ᠋ᠠᠷ ᠵᠣᠷᠪᠣᠰ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠣᠶᠣᠴᠢᠯᠠᠨ ᠡᠷᠬᠢᠯᠡᠨ᠎ᠠ᠃
ᠠᠷᠪᠠᠨ ᠵᠢᠷᠭᠣᠳᠣᠭ᠋ᠠᠷ ᠵᠣᠷᠪᠣᠰ ᠭᠣᠶᠣᠴᠢᠯᠠᠨ ᠡᠷᠬᠢᠯᠡᠬᠦ ᠨᠦᠬᠦᠴᠡᠯ
(ᠨᠢᠬᠡ) ᠵᠠᠷᠣᠳᠠᠯ᠎ᠤᠨ ᠪᠠᠳᠣᠯᠠᠭ᠎ᠠ ᠵᠢ ᠬᠠᠩᠭ᠋ᠠᠨ᠎ᠠ
(ᠬᠣᠶᠠᠷ) ᠣᠷᠣᠯᠳᠣᠭ᠋ᠠᠨ᠎ᠤ ᠳᠠᠯᠠᠪᠠᠢ ᠣᠷᠳᠣᠨ ᠪᠣᠯᠣᠨ ᠳᠦᠬᠦᠬᠡᠷᠦᠮᠵᠢ᠎ᠨᠢ ᠣᠷᠣᠯᠳᠣᠭ᠋ᠠᠨ᠎ᠤ ᠵᠣᠬᠢᠶᠠᠨ ᠪᠠᠢ᠌ᠭᠣᠯᠣᠯᠳᠠ ᠵᠢᠨ ᠱᠠᠭ᠋ᠠᠷᠳᠠᠯᠭ᠎ᠠ ᠵᠢ ᠬᠠᠩᠭ᠋ᠠᠨ᠎ᠠ᠃
(ᠭᠣᠷᠪᠠ) ᠬᠦᠯᠢᠶᠡᠨ ᠠᠪᠣᠯᠳᠠ᠂ ᠵᠠᠮ ᠬᠠᠷᠢᠯᠴᠠᠭ᠎ᠠ᠂ ᠠᠮᠣᠷ᠎ᠢ ᠬᠠᠮᠠᠭ᠋ᠠᠯᠠᠬᠣ᠂ ᠣᠬᠠᠭᠣᠯᠭ᠎ᠠ ᠵᠡᠷᠬᠡ ᠳᠠᠯ᠎ᠠ᠎ᠪᠠᠷ ᠪᠦᠬᠦ ᠣᠯᠣᠰ᠎ᠤᠨ ᠴᠢᠨᠠᠷᠳᠠᠢ ᠣᠷᠣᠯᠳᠣᠭ᠋ᠠᠨ ᠬᠢᠬᠦ ᠵᠦᠬᠡᠯᠡᠨ ᠪᠠ ᠬᠠᠳᠠᠭᠣ ᠳᠣᠨᠣᠭ ᠤᠨ ᠨᠦᠬᠦᠴᠡᠯ᠎ᠢ ᠪᠦᠷᠢᠯᠳᠦᠬᠦᠯᠦᠨ᠎ᠠ᠃
(ᠳᠦᠷᠪᠡ) ᠣᠯᠠᠨ ᠳᠦᠮᠡᠨᠴᠢ ᠴᠢᠨᠠᠷᠳᠠᠢ ᠴᠦᠬᠡᠨ ᠳᠣᠭ᠋ᠠᠳᠣ ᠦᠨᠳᠦᠰᠦᠳᠡᠨ᠎ᠤ ᠣᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠬᠦᠨᠳᠦᠳᠬᠡᠨ ᠡᠷᠬᠢᠯᠡᠨ᠎ᠡ᠃
ᠠᠷᠪᠠᠨ ᠳᠣᠯᠣᠳᠣᠭ᠋ᠠᠷ ᠵᠣᠷᠪᠣᠰ ᠭᠣᠶᠣᠴᠢᠯᠠᠨ ᠡᠷᠬᠢᠯᠡᠬᠦ ᠠᠯᠬᠣᠮ ᠲᠠᠷᠠᠭ᠋ᠠᠯᠠᠯ
(ᠨᠢᠬᠡ) ᠡᠷᠡᠮᠡᠯᠵᠠᠨ ᠭᠣᠶᠣᠴᠢᠯᠠᠨᠠ᠃ ᠭᠣᠶᠣᠴᠢᠯᠠᠨ ᠡᠷᠬᠢᠯᠡᠬᠦ ᠪᠠᠢ᠌ᠭᠣᠯᠣᠯᠭ᠎ᠠ᠎ᠨᠢ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠶᠠᠪᠣᠭᠳᠠᠬᠣ᠎ᠠᠴᠠ 5 ᠵᠢᠯ᠎ᠤᠨ ᠡᠮᠣᠨ᠎ᠠ᠂ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠳᠤ ᠭᠣᠶᠣᠴᠢᠯᠠᠯ᠎ᠤᠨ ᠪᠢᠴᠢᠭ ᠵᠶ᠋ᠡᠨ ᠳᠣᠰᠢᠶᠠᠨ᠎ᠠ᠃ ᠭᠣᠶᠣᠴᠢᠯᠠᠯ᠎ᠤᠨ ᠪᠢᠴᠢᠭ᠎ᠲᠤ ᠡᠷᠬᠡᠪᠰᠢ ᠭᠣᠶᠣᠴᠢᠯᠠᠨ ᠡᠷᠬᠢᠯᠡᠬᠦ ᠨᠦᠬᠦᠴᠡᠯ᠎ᠳᠤ ᠬᠠᠮᠣᠷᠣᠭᠳᠠᠭᠰᠠᠨ ᠪᠦᠬᠦ ᠠᠰᠠᠭᠣᠳᠠᠯ ᠪᠣᠯᠣᠨ ᠬᠠᠮᠢᠶ᠎ᠠ ᠪᠦᠬᠦᠢ ᠠᠭᠣᠯᠭ᠎ᠠ ᠪᠠᠭᠳᠠᠨ᠎ᠠ᠃
(ᠬᠣᠶᠠᠷ) ᠰᠢᠨᠵᠢᠯᠡᠨ ᠪᠠᠢ᠌ᠴᠠᠭ᠋ᠠᠨ᠎ᠠ᠃ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ ᠭᠣᠶᠣᠴᠢᠯᠠᠯᠳᠠ ᠵᠢ ᠦᠨᠳᠦᠰᠦᠯᠡᠨ᠂ ᠪᠠᠢ᠌ᠴᠠᠭ᠋ᠠᠯᠳᠠ ᠵᠢᠨ ᠳᠣᠭᠣᠢ᠌ᠯᠠᠩ ᠵᠣᠬᠢᠶᠠᠨ ᠪᠠᠢ᠌ᠭᠣᠯᠵᠣ᠂ ᠭᠣᠶᠣᠴᠢᠯᠠᠨ ᠡᠷᠬᠢᠯᠡᠬᠦ ᠪᠠᠢ᠌ᠭᠣᠯᠣᠯᠭ᠎ᠠ᠎ᠳᠤ ᠬᠦᠷᠴᠦ ᠶᠡᠷᠦᠩᠬᠡᠢ ᠪᠠᠢ᠌ᠴᠠᠭ᠋ᠠᠯᠳᠠ ᠬᠢᠨ᠎ᠡ᠃
(ᠭᠣᠷᠪᠠ) ᠬᠢᠨᠠᠨ ᠵᠦᠪᠯᠡᠵᠣ ᠴᠣᠬᠣᠯᠠᠪᠣᠷᠢᠯᠠᠨ ᠬᠠᠷᠢᠭᠣᠯᠣᠨᠠ᠃ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ ᠪᠠᠢ᠌ᠴᠠᠭ᠋ᠠᠯᠳᠠ ᠵᠢᠨ ᠪᠠᠢ᠌ᠳᠠᠯ ᠵᠶ᠋ᠠᠨ ᠦᠨᠳᠦᠰᠦᠯᠡᠨ᠂ ᠶᠡᠷᠦᠩᠬᠡᠢ ᠦᠨᠡᠯᠡᠯᠳᠠ ᠭᠠᠷᠭ᠋ᠠᠨ ᠬᠢᠨᠠᠨ ᠵᠦᠪᠯᠡᠵᠣ᠂ ᠬᠢᠨᠠᠨ ᠵᠦᠪᠯᠡᠭᠰᠡᠨ ᠦᠷ᠎ᠡ ᠳ᠋ᠦᠩ᠎ᠢ ᠳᠦᠷᠦ ᠵᠢᠨ ᠶᠠᠪᠣᠳᠠᠯ᠎ᠤᠨ ᠬᠣᠷᠢᠶᠠᠨ᠎ᠳᠤ ᠮᠡᠳᠡᠬᠦᠯᠵᠣ ᠵᠦᠪᠰᠢᠶᠡᠷᠡᠬᠦᠯᠦᠭᠰᠡᠨ᠎ᠤ ᠳᠠᠷᠠᠭ᠎ᠠ᠂ ᠳᠠᠭ᠋ᠠᠭ᠋ᠠᠴᠢᠯᠠᠨ ᠡᠷᠬᠢᠯᠡᠬᠦ ᠪᠠᠢ᠌ᠭᠣᠯᠣᠯᠭ᠎ᠠ᠎ᠳᠤ ᠴᠣᠬᠣᠯᠠᠪᠣᠷᠢᠯᠠᠨ ᠬᠠᠷᠢᠭᠣᠯᠣᠨᠠ᠃
ᠵᠢᠷᠭᠣᠳᠣᠭ᠋ᠠᠷ ᠪᠦᠯᠦᠭ ᠣᠷᠣᠯᠳᠣᠭ᠋ᠠᠨ᠎ᠤ ᠳᠦᠷᠦᠯ ᠵᠦᠢ᠍ᠯ᠎ᠤᠨ ᠳᠣᠬᠢᠷᠠᠭᠣᠯᠣᠯᠳᠠ
ᠠᠷᠪᠠᠨ ᠨᠠᠢ᠍ᠮᠠᠳᠣᠭ᠋ᠠᠷ ᠵᠣᠷᠪᠣᠰ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠨᠢ ᠣᠷᠣᠯᠳᠣᠭ᠋ᠠᠨ᠎ᠤ ᠳᠦᠷᠦᠯ ᠵᠦᠢ᠍ᠯ ᠪᠠ ᠦᠵᠡᠬᠦᠯᠦᠯᠬᠡ ᠵᠢᠨ ᠳᠣᠭᠯᠠᠯᠳᠠ ᠵᠢᠨ ᠳᠦᠷᠦᠯ ᠵᠦᠢ᠍ᠯ ᠬᠡᠵᠣ ᠬᠣᠶᠠᠷ ᠳᠦᠷᠦᠯ ᠬᠣᠪᠢᠶᠠᠨ᠎ᠠ᠃ ᠣᠷᠣᠯᠳᠣᠭ᠋ᠠᠨ᠎ᠤ ᠳᠦᠷᠦᠯ ᠵᠦᠢ᠍ᠯ᠎ᠢ ᠰᠡᠳᠣᠪ ᠳᠣᠭᠳᠠᠭ᠋ᠠᠯᠳᠠ ᠵᠢᠨ ᠰᠢᠨᠵᠢ ᠴᠢᠨᠠᠷ ᠵᠶ᠋ᠠᠷ᠎ᠨᠢ ᠨᠡᠮᠡᠭᠳᠡᠭᠰᠡᠨ ᠳᠦᠷᠦᠯ ᠵᠦᠢ᠍ᠯ᠂ ᠪᠠᠢ᠌ᠩᠭᠣ ᠵᠢᠨ ᠪᠣᠰᠣ ᠳᠦᠷᠦᠯ ᠵᠦᠢ᠍ᠯ ᠪᠣᠯᠣᠨ ᠪᠠᠢ᠌ᠩᠭᠣ ᠵᠢᠨ ᠲ᠋ᠦᠷᠦᠯ ᠵᠦᠢ᠍ᠯ ᠬᠡᠵᠣ ᠬᠣᠪᠢᠶᠠᠨ᠎ᠠ᠂
ᠠᠷᠪᠠ ᠶᠢᠰᠦᠳᠦᠬᠡᠷ ᠵᠣᠷᠪᠣᠰ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠣᠷᠣᠯᠳᠣᠭ᠋ᠠᠨ᠎ᠤ ᠳᠦᠷᠦᠯ ᠵᠦᠢ᠍ᠯ᠎ᠤᠨ ᠳᠣᠭ᠎ᠠ ᠵᠢ ᠵᠠᠷᠴᠢᠮ ᠳᠡᠬᠡᠷ᠎ᠡ᠎ᠪᠠᠨ ᠳᠣᠭᠳᠠᠪᠣᠷᠢᠳᠠᠢ ᠪᠠᠢ᠌ᠯᠭ᠋ᠠᠵᠣ᠂ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠨᠢ ᠴᠦᠬᠡᠨ ᠳᠣᠭ᠋ᠠᠳᠣ ᠦᠨᠳᠦᠰᠦᠳᠡᠨ᠎ᠤ ᠤᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠳᠦᠷᠦᠯ ᠵᠦᠢ᠍ᠯ᠎ᠤᠨ ᠬᠦᠭᠵᠢᠯᠳᠠ ᠵᠢᠨ ᠪᠣᠳᠠᠳᠣ ᠪᠠᠢ᠌ᠳᠠᠯ᠂ ᠳᠠᠭ᠋ᠠᠭ᠋ᠠᠴᠢᠯᠠᠨ ᠡᠷᠬᠢᠯᠡᠬᠦ ᠪᠠᠢ᠌ᠭᠣᠯᠣᠯᠭ᠎ᠠ ᠵᠢᠨ ᠴᠣᠭᠯᠠᠭ᠋ᠠᠨ ᠢ ᠡᠷᠬᠢᠯᠡᠬᠦ ᠨᠦᠬᠦᠴᠡᠯ ᠪᠣᠯᠣᠨ ᠣᠷᠣᠯᠳᠣᠭ᠋ᠠᠨ᠎ᠤ ᠳᠦᠷᠦᠯ ᠵᠦᠢ᠍ᠯ᠎ᠤᠨ ᠰᠡᠳᠦᠪ ᠳᠣᠭᠳᠠᠭ᠋ᠠᠯᠳᠠ ᠵᠡᠷᠬᠡ ᠡᠯᠸᠮᠸᠨ᠋ᠲ᠎ᠢ ᠶᠡᠷᠦᠩᠬᠡᠢ᠌ᠯᠡᠨ᠂ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠣᠷᠣᠯᠳᠣᠭ᠋ᠠᠨ᠎ᠤ ᠳᠦᠷᠦᠯ ᠵᠦᠢ᠍ᠯ᠎ᠢ ᠳᠣᠬᠢᠷᠠᠭᠣᠯᠣᠨᠠ᠃ ᠪᠣᠳᠠᠳᠠᠢ ᠳᠦᠷᠦᠯ ᠵᠦᠢ᠍ᠯ᠎ᠤᠨ ᠳᠣᠬᠢᠷᠠᠭᠣᠯᠣᠯᠳᠠ ᠵᠢ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠳᠦᠷᠢᠮ ᠵᠶ᠋ᠡᠷ ᠪᠠᠷᠢᠮᠵᠢᠶ᠎ᠠ ᠪᠣᠯᠭ᠋ᠠᠨ᠎ᠠ᠃
ᠳᠣᠯᠣᠳᠣᠭ᠋ᠠᠷ ᠪᠦᠯᠦᠭ ᠣᠷᠣᠯᠳᠣᠭ᠋ᠠᠨ᠎ᠤ ᠳᠦᠷᠦᠯ ᠵᠦᠢ᠍ᠯ᠎ᠤᠨ ᠰᠡᠳᠦᠪ ᠳᠣᠭᠳᠠᠭ᠋ᠠᠯᠳᠠ
ᠬᠣᠷᠢᠳᠣᠭ᠋ᠠᠷ ᠵᠣᠷᠪᠣᠰ ᠫᠣᠣᠵᠢᠩ᠂ ᠮᠣᠳᠣᠨ ᠪᠦᠮᠪᠦᠬᠡ ᠂ ᠳᠡᠪᠡᠭ᠂ ᠯᠣᠣᠳᠣ ᠣᠩᠭᠣᠴᠠ᠂ ᠳᠡᠬᠦᠵᠢᠩ᠂ ᠭᠠᠭᠴᠠ ᠬᠣᠯᠣᠰᠣᠨ ᠤ ᠬᠦᠪᠪᠣᠯᠳᠠ ᠵᠢᠨ ᠣᠷᠣᠯᠳᠣᠭ᠋ᠠᠨ᠂ ᠬᠣᠯᠬᠣᠪᠴᠢ ᠨᠣᠮᠣ᠂ ᠳᠣᠭᠣᠷᠢᠭᠣᠯ᠂ ᠵᠢᠳᠬᠦᠯᠬᠡ ᠵᠢᠨ ᠣᠷᠣᠯᠳᠣᠭ᠋ᠠᠨ᠂ ᠮᠣᠳᠣᠨ ᠬᠦᠯ ᠬᠢᠰᠬᠢᠬᠦ ᠣᠷᠣᠯᠳᠣᠭ᠋ᠠᠨ᠂ ᠬᠠᠪᠳᠠᠰᠣᠨ ᠱᠠᠬᠠᠢ ᠵᠢᠨ ᠣᠷᠣᠯᠳᠣᠭ᠋ᠠᠨ᠂ ᠦᠨᠳᠦᠰᠦᠳᠡᠨ᠎ᠤ ᠦᠱ᠌ᠦ᠂ ᠦᠨᠳᠦᠰᠦᠳᠡᠨ᠎ᠤ ᠪᠦᠬᠡ ᠂ ᠦᠨᠳᠦᠰᠦᠳᠡᠨ᠎ᠤ ᠮᠣᠷᠢᠨ ᠮᠡᠷᠬᠡᠵᠢᠯ᠂ ᠦᠨᠳᠦᠰᠦᠳᠡᠨ᠎ᠤ ᠪᠡᠶ᠎ᠡ ᠴᠢᠬᠢᠷᠠᠭᠵᠢᠭᠣᠯᠬᠣ ᠳᠠᠮᠢᠷ ᠵᠡᠷᠬᠡ 17 ᠳᠦᠷᠦᠯ ᠵᠦᠢ᠍ᠯ᠎ᠢ ᠨᠢᠬᠡᠨᠳᠠ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠣᠷᠣᠯᠳᠣᠭ᠋ᠠᠨ᠎ᠤ ᠳᠦᠷᠦᠯ ᠵᠦᠢ᠍ᠯ᠎ᠤᠨ ᠪᠠᠢ᠌ᠩᠭᠣ ᠵᠢᠨ ᠳᠦᠷᠦᠯ ᠵᠦᠢ᠍ᠯ ᠵᠶ᠋ᠡᠷ ᠳᠣᠭᠳᠠᠭ᠋ᠠᠭᠰᠠᠨ ᠪᠠᠢ᠌ᠨ᠎ᠠ᠃ ᠰᠡᠳᠦᠪ ᠳᠣᠭᠳᠠᠭ᠋ᠠᠬᠣ ᠳᠣᠭᠳᠠᠭ᠋ᠠᠯᠳᠤ ᠨᠡᠢ᠌ᠴᠡᠭᠰᠡᠨ ᠪᠣᠰᠣᠳ ᠴᠦᠬᠡᠨ ᠳᠣᠭ᠋ᠠᠳᠣ ᠦᠨᠳᠦᠰᠦᠳᠡᠨ᠎ᠤ ᠤᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠳᠦᠷᠦᠯ ᠵᠦᠢ᠍ᠯ᠎ᠢ ᠭᠣᠶᠣᠴᠢᠯᠠᠬᠤᠪᠠᠷ ᠳᠠᠮᠵᠢᠨ᠂ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠣᠷᠣᠯᠳᠣᠭ᠋ᠠᠨ᠎ᠤ ᠳᠦᠷᠦᠯ ᠵᠦᠢ᠍ᠯ᠎ᠤᠨ ᠨᠡᠮᠡᠭᠳᠡᠭᠰᠡᠨ ᠳᠦᠷᠦᠯ ᠵᠦᠢ᠍ᠯ᠂ ᠪᠠᠢ᠌ᠩᠭᠣ ᠵᠢᠨ ᠪᠣᠰᠣ ᠳᠦᠷᠦᠯ ᠵᠦᠢ᠍ᠯ ᠪᠣᠯᠣᠨ ᠪᠠᠢ᠌ᠩᠭᠣ ᠵᠢᠨ ᠳᠦᠷᠦᠯ ᠵᠦᠢ᠍ᠯ ᠪᠣᠯᠭ᠋ᠠᠨ᠎ᠠ᠃ ᠪᠠᠢ᠌ᠩᠭᠣ ᠵᠢᠨ ᠲ᠋ᠦᠷᠦᠯ ᠵᠦᠢ᠍ᠯ᠎ᠢ ᠳᠡᠰ ᠪᠠᠭᠤᠷᠠᠭᠤᠯᠤᠨ ᠪᠠᠢ᠌ᠩᠭᠣ ᠵᠢᠨ ᠪᠣᠰᠣ ᠳᠦᠷᠦᠯ ᠵᠦᠢ᠍ᠯ ᠪᠣᠯᠭ᠋ᠠᠵᠣ ᠪᠣᠯᠣᠨ᠎ᠠ᠃
ᠬᠣᠷᠢᠨ ᠨᠢᠬᠡᠳᠦᠬᠡᠷ ᠵᠣᠷᠪᠣᠰ ᠨᠡᠮᠡᠭᠳᠡᠭᠰᠡᠨ ᠳᠦᠷᠦᠯ ᠵᠦᠢ᠍ᠯ᠎ᠤᠨ ᠰᠡᠳᠤᠪ ᠳᠣᠭᠳᠠᠭ᠋ᠠᠯᠳᠠ
(ᠨᠢᠬᠡ) ᠵᠦᠪᠬᠡᠨ ᠪᠦᠬᠦ ᠣᠯᠣᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠳᠠᠭ᠋ᠠᠭ᠋ᠠᠴᠢᠯᠠᠨ ᠡᠷᠬᠢᠯᠡᠬᠦ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ ᠳᠠᠭ᠋ᠠᠭ᠋ᠠᠴᠢᠯᠠᠨ ᠡᠷᠬᠢᠯᠡᠬᠦ ᠬᠡᠵᠣ ᠪᠠᠢ᠌ᠭ᠎ᠠ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠳᠠᠭᠠᠨ ᠨᠡᠮᠡᠭᠳᠡᠭᠰᠡᠨ ᠳᠦᠷᠦᠯ ᠵᠦᠢ᠍ᠯ ᠢ ᠭᠣᠶᠣᠴᠢᠯᠠᠬᠣ ᠬᠢᠷᠢ ᠬᠡᠮ᠎ᠲᠠᠢ᠃ ᠨᠡᠮᠡᠭᠳᠡᠭᠰᠡᠨ ᠳᠦᠷᠦᠯ ᠵᠦᠢ᠍ᠯ ᠨᠢ ᠵᠦᠪᠬᠡᠨ ᠳᠠᠭ᠋ᠠᠭ᠋ᠠᠴᠢᠯᠠᠨ ᠡᠷᠬᠢᠯᠡᠬᠦ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠲᠡᠭᠡᠷ᠎ᠠ ᠬᠦᠴᠦᠨ᠎ᠲᠠᠢ᠂ ᠳᠣᠭ᠎ᠠ ᠬᠡᠮᠵᠢᠶ᠎ᠡ᠎ᠨᠢ 1 ᠳᠦᠷᠦᠯ᠎ᠠᠴᠠ ᠬᠡᠳᠦᠷᠡᠬᠦ ᠦᠬᠡᠢ᠃
(ᠬᠣᠶᠠᠷ) ᠭᠣᠶᠣᠴᠢᠯᠠᠭᠰᠠᠨ ᠳᠦᠷᠦᠯ ᠵᠦᠢ᠍ᠯ᠎ᠨᠢ ᠡᠷᠬᠡᠪᠰᠢ ᠳᠣᠣᠷᠠᠬᠢ ᠨᠦᠬᠦᠴᠡᠯ᠎ᠤᠳ᠎ᠢ ᠬᠠᠩᠭ᠋ᠠᠭᠰᠠᠨ ᠪᠠᠢ᠌ᠬᠣ ᠬᠡᠷᠡᠭᠳᠡᠢ᠄
1. ᠴᠦᠬᠡᠨ ᠳᠣᠭ᠋ᠠᠳᠣ ᠦᠨᠳᠦᠰᠦᠳᠡᠨ᠎ᠤ ᠰᠣᠶᠣᠯ᠎ᠤᠨ ᠢᠯᠡ ᠲᠤᠳᠤ ᠣᠨᠴᠠᠯᠢᠭ᠎ᠲᠠᠢ᠂ ᠦᠷᠬᠡᠨ ᠳᠡᠯᠬᠡᠷ ᠣᠯᠠᠨ ᠳᠦᠮᠡᠨᠴᠢ ᠰᠠᠭᠣᠷᠢ ᠲᠠᠢ᠂ ᠦᠷᠢᠰᠦᠯᠳᠦᠬᠦ ᠴᠢᠨᠠᠷ᠂ ᠰᠣᠨᠢᠷᠬᠠᠯᠳᠣ ᠴᠢᠨᠠᠷ᠂ ᠠᠮᠣᠷ ᠳᠦᠪᠰᠢᠨ ᠴᠢᠨᠠᠷ ᠦᠨᠳᠦᠷ ᠪᠠᠢ᠌ᠬᠣ
2. ᠮᠣᠵᠢ ᠵᠢᠨ ᠳᠡᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠣᠷᠣᠯᠳᠣᠭ᠋ᠠᠨ᠎ᠤ ᠳᠦᠷᠦᠯ ᠵᠦᠢ᠍ᠯ ᠪᠠᠢ᠌ᠬᠣ
3. 3 ᠣᠳᠠᠭ᠋ᠠᠨ᠎ᠤ ᠪᠦᠬᠦ ᠤᠯᠤᠰ᠎ᠤᠨ ᠣᠷᠣᠯᠳᠣᠭ᠋ᠠᠨ ᠪᠠ ᠬᠢᠨᠠᠭᠴᠢ᠂ ᠳᠠᠰᠬᠠᠯᠵᠢᠭᠣᠯᠣᠭᠴᠢ ᠵᠢᠨ ᠪᠣᠯᠪᠠᠰᠣᠷᠠᠯ᠎ᠤᠨ ᠠᠩᠬᠢ ᠡᠷᠬᠢᠯᠡᠭᠰᠡᠨ ᠪᠠᠢ᠌ᠬᠣ ᠪᠥᠭᠡᠳ ᠣᠳᠠᠭ᠎ᠠ ᠪᠣᠯᠭ᠋ᠠᠨ᠎ᠤ ᠪᠦᠬᠦ ᠤᠯᠤᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ ᠳᠤᠨᠢ ᠡᠷᠬᠡᠪᠰᠢ ᠨᠠᠭ᠋ᠠᠳᠤ ᠵᠠᠬ᠎ᠠ᠎ᠳᠠᠭᠠᠨ 4 ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ᠎ᠠᠴᠠ ᠠᠩᠬᠢ ᠵᠤᠬᠢᠶᠠᠨ ᠪᠠᠢ᠌ᠭᠤᠯᠵᠤ ᠬᠦᠮᠦᠨ ᠳᠣᠮᠢᠯᠠᠨ ᠣᠷᠣᠯᠴᠠᠭᠣᠯᠣᠭᠰᠠᠨ ᠪᠠᠢ᠌ᠬᠣ ᠬᠡᠷᠡᠭᠳᠡᠢ᠃
4. ᠪᠦᠷᠢᠨ ᠳᠡᠬᠦᠯᠳᠡᠷ ᠣᠷᠣᠯᠳᠣᠭ᠋ᠠᠨ᠎ᠤ ᠳᠦᠷᠢᠮ᠂ ᠬᠢᠨᠠᠬᠤ ᠠᠷᠭ᠎ᠠ ᠵᠢ ᠪᠦᠷᠢᠯᠳᠦᠬᠦᠯᠦᠭᠰᠡᠨ᠃
5. ᠣᠷᠣᠯᠳᠣᠭ᠋ᠠᠨ᠎ᠤ ᠬᠡᠷᠡᠭᠰᠡᠯ᠎ᠨᠢ ᠪᠠᠷᠢᠮᠵᠢᠶᠠᠵᠢᠭᠣᠯᠣᠭᠰᠠᠨ ᠦᠢ᠍ᠯᠡᠳᠪᠦᠷᠢᠯᠡᠯ᠎ᠳᠤ ᠬᠦᠷᠦᠭᠰᠡᠨ ᠪᠠᠢ᠌ᠬᠣ᠃
(ᠭᠣᠷᠪᠠ) ᠰᠡᠳᠤᠪ ᠳᠣᠭᠳᠠᠭ᠋ᠠᠯᠳᠠ ᠵᠢᠨ ᠠᠯᠬᠣᠮ ᠲᠠᠷᠠᠭ᠋ᠠᠯᠠᠯ
1. ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠳᠠᠭ᠋ᠠᠭ᠋ᠠᠴᠢᠯᠠᠨ ᠡᠷᠬᠢᠯᠡᠬᠦ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ ᠵᠢᠨ ᠦᠨᠳᠦᠰᠦᠳᠡᠨ᠂ ᠪᠡᠶ᠎ᠡ ᠵᠢᠨ ᠳᠠᠮᠢᠷ᠎ᠤᠨ ᠠᠵᠢᠯ᠎ᠤᠨ ᠰᠠᠯᠠᠭ᠎ᠠ ᠮᠦᠴᠢᠷ ᠬᠣᠯᠪᠣᠭ᠋ᠠᠯᠠᠨ᠂ ᠳᠠᠭ᠋ᠠᠭ᠋ᠠᠴᠢᠯᠠᠨ ᠡᠷᠬᠢᠯᠡᠬᠦ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠶᠠᠪᠤᠭᠳᠠᠬᠤ᠎ᠠᠴᠠ 3 ᠵᠢᠯ᠎ᠤᠨ ᠡᠮᠣᠨ᠎ᠠ᠂ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠳᠤ ᠰᠡᠳᠣᠪ ᠳᠣᠭᠳᠠᠭ᠋ᠠᠯᠳᠠ ᠵᠢᠨ ᠭᠣᠶᠣᠴᠢᠯᠠᠯᠳᠠ ᠵᠢᠨ ᠪᠢᠴᠢᠭ ᠵᠶ᠋ᠡᠨ ᠬᠦᠷᠬᠡᠨ᠎ᠡ᠃ ᠰᠡᠳᠣᠪ ᠳᠣᠭᠳᠠᠭ᠋ᠠᠯᠳᠠ ᠵᠢᠨ ᠭᠣᠶᠣᠴᠢᠯᠠᠯᠳᠠ ᠵᠢᠨ ᠪᠢᠴᠢᠭ᠎ᠲᠤ ᠰᠡᠳᠣᠪ ᠳᠣᠭᠳᠠᠭ᠋ᠠᠯᠳᠠ ᠵᠢᠨ ᠨᠦᠬᠦᠴᠡᠯ᠎ᠳᠤ ᠬᠤᠯᠪᠤᠭᠳᠠᠭᠰᠠᠨ ᠠᠰᠠᠭᠣᠳᠠᠯ᠎ᠤᠨ ᠬᠠᠮᠢᠶ᠎ᠠ ᠪᠦᠬᠦᠢ ᠠᠭᠣᠯᠭ᠎ᠠ ᠪᠠ ᠬᠡᠷᠡᠴᠢ ᠮᠠᠲᠸᠷᠢᠶᠠᠯ᠎ᠢ ᠪᠠᠬᠲᠠᠭ᠋ᠠᠵᠦ᠂ ᠠᠷᠤᠳᠤᠨᠢ ᠣᠷᠣᠯᠳᠣᠭ᠋ᠠᠨ᠎ᠤ ᠳᠠᠯᠠᠪᠣᠷ᠂ ᠬᠡᠷᠡᠭᠰᠡᠯ᠎ᠤᠨ ᠨᠠᠷᠢᠨ ᠳᠠᠨᠢᠯᠴᠠᠭᠣᠯᠭᠠ ᠪᠠ ᠣᠷᠣᠯᠳᠣᠭ᠋ᠠᠨ᠎ᠤ ᠳᠦᠷᠰᠣ ᠰᠢᠩᠬᠡᠬᠡᠯᠳᠡ ᠵᠢᠨ ᠮᠠᠲᠸᠷᠢᠶᠠᠯ ᠢ ᠲᠠᠭ᠋ᠠᠯᠳᠤᠭᠤᠯᠤᠨᠠ᠃
2. ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠠᠴᠠ ᠳᠦᠷᠦᠯ ᠵᠦᠢ᠍ᠯ᠎ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ᠎ᠳᠤ ᠬᠢᠷᠢ ᠳᠡᠩᠴᠡᠭᠰᠡᠨ ᠳᠦᠷᠦᠯ ᠵᠦᠢ᠍ᠯ᠎ᠢ ᠪᠢᠴᠢᠭ᠎ᠤᠨ ᠬᠡᠯᠪᠡᠷᠢ᠎ᠪᠠᠷ ᠭᠣᠶᠣᠴᠢᠯᠠᠭᠰᠠᠨ ᠪᠠᠢ᠌ᠭᠣᠯᠣᠯᠭ᠎ᠠ᠎ᠳᠤ ᠮᠡᠳᠡᠭᠳᠡᠨ᠎ᠡ᠃
3. ᠪᠢᠴᠢᠭ᠎ᠤᠨ ᠬᠡᠯᠪᠡᠷᠢ ᠵᠢᠨ ᠮᠡᠳᠡᠭᠳᠡᠯ᠎ᠢ ᠳᠠᠷᠣᠮᠠᠯᠯᠠᠨ ᠳᠠᠷᠬᠠᠭ᠋ᠠᠭᠰᠠᠨ ᠡᠳᠦᠷ᠎ᠠᠴᠠ ᠡᠬᠢᠯᠡᠨ 6 ᠰᠠᠷ᠎ᠠ ᠵᠢᠨ ᠳᠣᠳᠣᠷ᠎ᠠ᠂ ᠭᠣᠶᠣᠴᠢᠯᠠᠭᠰᠠᠨ ᠪᠠᠢ᠌ᠭᠣᠯᠣᠯᠭ᠎ᠠ᠎ᠨᠢ ᠡᠷᠬᠡᠪᠰᠢ ᠳᠣᠰ ᠳᠦᠷᠦᠯ ᠵᠦᠢ᠍ᠯ᠎ᠤᠨ ᠪᠦᠬᠦ ᠣᠯᠣᠰ᠎ᠤᠨ ᠣᠷᠣᠯᠳᠣᠭ᠋ᠠᠨ ᠪᠠ ᠬᠢᠨᠠᠭᠴᠢ᠂ ᠳᠠᠰᠬᠠᠯᠵᠢᠭᠣᠯᠣᠭᠴᠢ ᠵᠢᠨ ᠪᠣᠯᠪᠠᠰᠣᠷᠠᠯ᠎ᠤᠨ ᠠᠩᠬᠢ ᠵᠢ ᠵᠣᠬᠢᠶᠠᠨ ᠪᠠᠢ᠌ᠭᠣᠯᠣᠨ᠎ᠠ᠃ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ᠎ᠳᠤᠨᠢ ᠡᠷᠬᠡᠪᠰᠢ ᠨᠠᠭ᠋ᠠᠳᠤ ᠵᠠᠬ᠎ᠠ᠎ᠳᠠᠭᠠᠨ 6 ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ᠎ᠠᠴᠠ ᠠᠩᠬᠢ ᠵᠤᠬᠢᠶᠠᠨ ᠪᠠᠢ᠌ᠭᠤᠯᠵᠤ ᠬᠦᠮᠦᠨ ᠳᠣᠮᠢᠯᠠᠨ ᠣᠷᠣᠯᠴᠠᠭᠣᠯᠣᠭᠰᠠᠨ ᠪᠠᠢ᠌ᠬᠣ ᠬᠡᠷᠡᠭᠳᠡᠢ᠃ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠠᠴᠠ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ ᠳᠤ ᠠᠬᠣᠢ ᠳᠠᠯᠠᠪᠠᠢ᠎ᠳᠤ ᠬᠢᠨᠠᠨ ᠰᠢᠯᠭ᠋ᠠᠯᠳᠠ ᠬᠢᠨ᠎ᠡ᠃
4. ᠠᠬᠣᠢ ᠳᠠᠯᠠᠪᠠᠢ ᠵᠢᠨ ᠬᠢᠨᠠᠨ ᠰᠢᠯᠭ᠋ᠠᠯᠲᠠ᠎ᠳᠤ ᠬᠢᠷᠢ ᠲᠠᠩᠴᠡᠭᠰᠡᠨ ᠳᠦᠷᠦᠯ ᠵᠦᠢ᠍ᠯ᠎ᠨᠢ ᠳᠠᠭ᠋ᠠᠭ᠋ᠠᠴᠢᠯᠠᠨ ᠡᠷᠬᠢᠯᠡᠬᠦ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠨᠡᠮᠡᠯᠳᠡ ᠳᠦᠷᠦᠯ ᠵᠦᠢ᠍ᠯ ᠪᠣᠯᠵᠣ᠂ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠶᠡᠷᠦᠩᠬᠡᠢ ᠳᠦᠷᠢᠮ᠎ᠳᠤ ᠣᠷᠣᠨ᠎ᠠ᠃
ᠬᠣᠷᠢᠨ ᠬᠣᠶᠠᠳᠣᠭ᠋ᠠᠷ ᠵᠣᠷᠪᠣᠰ ᠪᠠᠢ᠌ᠩᠭᠤ ᠵᠢᠨ ᠪᠤᠰᠤ ᠳᠦᠷᠦᠯ ᠵᠦᠢ᠍ᠯ᠎ᠤᠨ ᠰᠡᠳᠦᠪ ᠳᠣᠭᠳᠠᠭ᠋ᠠᠯᠳᠠ
(ᠨᠢᠬᠡ) ᠡᠯ᠎ᠡ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠤ ᠪᠠᠢ᠌ᠩᠭᠤ ᠵᠢᠨ ᠪᠤᠰᠤ ᠳᠦᠷᠦᠯ ᠵᠦᠢ᠍ᠯ᠎ᠢ ᠲᠤᠬᠢᠷᠠᠭᠤᠯᠬᠤ ᠵᠢ ᠭᠣᠶᠣᠴᠢᠯᠠᠬᠣ ᠬᠢᠷᠢ ᠬᠡᠮ᠎ᠲᠠᠢ᠃ ᠪᠠᠢ᠌ᠩᠭᠤ ᠵᠢᠨ ᠪᠤᠰᠤ ᠳᠦᠷᠦᠯ ᠵᠦᠢ᠍ᠯ ᠵᠦᠪᠬᠡᠨ ᠭᠣᠶᠣᠴᠢᠯᠠᠭᠰᠠᠨ ᠳᠣᠰ ᠬᠣᠭᠣᠴᠠᠭ᠋ᠠᠨ᠎ᠤ ᠪᠠᠨ ᠪᠡᠶ᠎ᠡ ᠵᠢᠨ ᠳᠠᠮᠢᠷ᠎ᠤᠨ ᠴᠣᠭᠯᠠᠭ᠋ᠠᠨ ᠲᠡᠭᠡᠷ᠎ᠠ ᠬᠦᠴᠦᠨ᠎ᠲᠠᠢ᠃
(ᠬᠣᠶᠠᠷ) ᠭᠣᠶᠣᠴᠢᠯᠠᠬᠣ ᠳᠦᠷᠦᠯ ᠵᠦᠢ᠍ᠯ᠎ᠨᠢ ᠡᠷᠬᠡᠪᠰᠢ ᠳᠣᠣᠷᠠᠬᠢ ᠨᠦᠬᠦᠴᠡᠯ᠎ᠤᠳ᠎ᠢ ᠴᠦᠮ ᠪᠦᠷᠢᠯᠳᠦᠬᠦᠯᠬᠦ ᠬᠡᠷᠡᠭᠳᠡᠢ᠄
1. ᠴᠦᠬᠡᠨ ᠳᠣᠭ᠋ᠠᠳᠣ ᠦᠨᠳᠦᠰᠦᠳᠡᠨ᠎ᠤ ᠰᠣᠶᠣᠯ᠎ᠤᠨ ᠢᠯᠡ ᠲᠤᠳᠤ ᠣᠨᠴᠠᠯᠢᠭ᠎ᠲᠠᠢ ᠂ ᠦᠷᠬᠡᠨ ᠲᠠᠯᠭᠡᠷ ᠣᠯᠠᠨ ᠲᠦᠮᠡᠨᠴᠢ ᠰᠠᠭᠣᠷᠢ᠎ᠲᠠᠢ ᠂ ᠦᠷᠢᠰᠦᠯᠳᠦᠬᠦ ᠴᠢᠨᠠᠷ᠂ ᠰᠣᠨᠢᠷᠬᠠᠯᠳᠣ ᠴᠢᠨᠠᠷ᠂ ᠠᠮᠣᠷ ᠳᠦᠪᠰᠢᠨ ᠴᠢᠨᠠᠷ ᠦᠨᠳᠦᠷ ᠪᠠᠢ᠌ᠬᠣ
2. ᠳᠠᠷᠠᠭ᠋ᠠᠯᠠᠨ ᠬᠣᠶᠠᠷ ᠬᠣᠭᠣᠴᠠᠭ᠎ᠠ ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠤᠷᠤᠯᠳᠤᠭ᠋ᠠᠨ᠎ᠤ ᠴᠢᠨᠠᠷᠲᠠᠢ ᠦᠵᠡᠬᠦᠯᠦᠯᠬᠡ ᠵᠢᠨ ᠳᠦᠷᠦᠯ ᠵᠦᠢ᠍ᠯ ᠪᠣᠯᠤᠭᠰᠠᠨ ᠪᠦᠭᠡᠳ ᠣᠯᠣᠭᠰᠠᠨ ᠬᠢᠷᠢ ᠪᠦᠳᠤᠮᠵᠢ᠎ᠨᠢ ᠳᠣᠰ ᠳᠦᠷᠦᠯ᠎ᠤᠨ ᠡᠮᠣᠨ᠎ᠠ 40% (40%᠎ᠢ ᠪᠠᠭᠲᠠᠭ᠋ᠠᠨ᠎ᠠ) ᠲᠤ ᠵᠢᠭᠰᠠᠭ᠋ᠠᠭᠳᠠᠵᠣ ᠪᠠᠢ᠌ᠬᠣ ᠬᠡᠷᠡᠭᠳᠡᠢ᠃
3.. ᠳᠠᠷᠠᠭ᠋ᠠᠯᠠᠨ ᠬᠣᠶᠠᠷ ᠬᠣᠭᠣᠴᠠᠭ᠎ᠠ ᠮᠣᠵᠢ ᠵᠢᠨ ᠳᠡᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠤᠷᠤᠯᠳᠤᠭ᠋ᠠᠨ᠎ᠤ ᠳᠦᠷᠦᠯ ᠵᠦᠢ᠍ᠯ ᠪᠣᠯᠣᠭᠰᠠᠨ
4. ᠵᠢᠯ ᠪᠣᠯᠭ᠋ᠠᠨ ᠨᠢᠬᠡ ᠣᠳᠠᠭ᠎ᠠ᠂ ᠳᠠᠷᠠᠭ᠋ᠠᠯᠠᠨ 4 ᠤᠳᠠᠭ᠎ᠠ ᠪᠦᠬᠦ ᠣᠯᠣᠰ᠎ᠤᠨ ᠣᠷᠣᠯᠳᠣᠭ᠋ᠠᠨ ᠪᠠ ᠬᠢᠨᠠᠭᠴᠢ᠂ ᠳᠠᠰᠬᠠᠯᠵᠢᠭᠣᠯᠣᠭᠴᠢ ᠵᠢᠨ ᠪᠣᠯᠪᠠᠰᠣᠷᠠᠯ᠎ᠤᠨ ᠠᠩᠬᠢ ᠵᠢ ᠵᠣᠬᠢᠶᠠᠨ ᠪᠠᠢ᠌ᠭᠣᠯᠣᠭᠰᠠᠨ ᠪᠠᠢ᠌ᠬᠣ ᠪᠦᠭᠡᠳ ᠣᠳᠠᠭ᠎ᠠ ᠪᠣᠯᠭ᠋ᠠᠨ᠎ᠤ ᠬᠢᠨᠢ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ ᠳᠤᠨᠢ ᠨᠠᠭ᠋ᠠᠳᠤ ᠵᠠᠬ᠎ᠠ᠎ᠳᠠᠭᠠᠨ 6 ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ᠎ᠠᠴᠠ ᠠᠩᠬᠢ ᠵᠤᠬᠢᠶᠠᠨ ᠪᠠᠢ᠌ᠭᠤᠯᠵᠤ ᠬᠦᠮᠦᠨ ᠳᠣᠮᠢᠯᠠᠨ ᠣᠷᠣᠯᠴᠠᠭᠣᠯᠣᠭᠰᠠᠨ ᠪᠠᠢ᠌ᠬᠣ ᠬᠡᠷᠡᠭᠳᠡᠢ᠃
5. ᠪᠦᠷᠢᠨ ᠳᠡᠬᠦᠯᠳᠡᠷ ᠣᠷᠣᠯᠳᠣᠭ᠋ᠠᠨ᠎ᠤ ᠳᠦᠷᠢᠮ᠂ ᠬᠢᠨᠠᠬᠤ ᠠᠷᠭ᠎ᠠ ᠵᠢ ᠪᠦᠷᠢᠯᠳᠦᠬᠦᠯᠦᠭᠰᠡᠨ᠃
6. ᠣᠷᠣᠯᠳᠣᠭ᠋ᠠᠨ᠎ᠤ ᠳᠠᠯᠠᠪᠣᠷ᠎ᠨᠢ ᠣᠯᠠᠷᠢᠯ ᠪᠣᠯᠣᠨ ᠭᠠᠵᠠᠷ ᠣᠷᠣᠨ᠎ᠤ ᠨᠦᠬᠦᠴᠡᠯ ᠳᠤ ᠬᠢᠵᠠᠭ᠋ᠠᠷᠯᠠᠬᠳᠠᠬᠤ ᠦᠬᠡᠢ ᠃
7. ᠣᠷᠣᠯᠳᠣᠭ᠋ᠠᠨ᠎ᠤ ᠬᠡᠷᠡᠭᠰᠡᠯ᠎ᠢ᠎ᠨᠢ ᠪᠠᠷᠢᠮᠵᠢᠶᠠᠵᠢᠭᠣᠯᠣᠭᠰᠠᠨ ᠦᠢ᠍ᠯᠡᠳᠪᠦᠷᠢᠯᠡᠵᠤ ᠪᠤᠯᠠᠬᠤ ᠪᠦᠭᠡᠳ ᠣᠯᠠᠷᠢᠯ ᠪᠣᠯᠣᠨ ᠭᠠᠵᠠᠷ ᠣᠷᠣᠨ᠎ᠤ ᠨᠦᠬᠦᠴᠡᠯ᠎ᠳᠤ ᠬᠢᠵᠠᠭ᠋ᠠᠷᠠᠯᠭᠳᠠᠬᠤ ᠦᠬᠡᠢ ᠪᠠᠢ᠌ᠬᠣ ᠃
(ᠭᠣᠷᠪᠠ) ᠰᠡᠳᠦᠪ ᠳᠣᠭᠳᠠᠭ᠋ᠠᠯᠳᠠ ᠵᠢᠨ ᠠᠯᠬᠣᠮ ᠲᠠᠷᠠᠭ᠋ᠠᠯᠠᠯ
1. ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠳᠠᠭ᠋ᠠᠭ᠋ᠠᠴᠢᠯᠠᠨ ᠡᠷᠬᠢᠯᠡᠬᠦ ᠬᠡᠵᠦ ᠪᠠᠢ᠌ᠭ᠎ᠠ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ ᠵᠢᠨ ᠦᠨᠳᠦᠰᠦᠳᠡᠨ᠂ ᠪᠡᠶ᠎ᠡ ᠵᠢᠨ ᠳᠠᠮᠢᠷ᠎ᠤᠨ ᠠᠵᠢᠯ᠎ᠤᠨ ᠰᠠᠯᠠᠭ᠎ᠠ ᠮᠦᠴᠢᠷ ᠬᠣᠯᠪᠣᠭ᠋ᠠᠯᠠᠨ᠂ ᠳᠠᠭ᠋ᠠᠭ᠋ᠠᠴᠢᠯᠠᠨ ᠡᠷᠬᠢᠯᠡᠬᠦ ᠬᠡᠵᠦ ᠪᠠᠢ᠌ᠭ᠎ᠠ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠠᠴᠠ ᠡᠮᠣᠨᠠᠬᠢ ᠬᠣᠭᠣᠴᠠᠭ᠋ᠠᠨ᠎ᠤ ᠬᠢᠨᠢ ᠪᠡᠶ᠎ᠡ ᠵᠢᠨ ᠳᠠᠮᠢᠷ᠎ᠤᠨ ᠴᠣᠭᠯᠠᠭ᠋ᠠᠨᠢ ᠦᠨᠳᠦᠷᠯᠡᠭᠰᠡᠨᠤ ᠲᠠᠷᠠᠭ᠋ᠠᠬᠢ 6 ᠰᠠᠷ᠎ᠠ ᠵᠢᠨ ᠳᠣᠳᠣᠷ᠎ᠠ᠂ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠳᠤ ᠰᠡᠳᠣᠪ ᠳᠣᠭᠳᠠᠭ᠋ᠠᠯᠳᠠ ᠵᠢᠨ ᠭᠣᠶᠣᠴᠢᠯᠠᠯᠳᠠ ᠵᠢᠨ ᠪᠢᠴᠢᠭ ᠵᠶ᠋ᠡᠨ ᠲᠤᠰᠢᠶᠠᠨ᠎ᠠ᠃ ᠰᠡᠳᠣᠪ ᠳᠣᠭᠳᠠᠭ᠋ᠠᠯᠳᠠ ᠵᠢᠨ ᠭᠣᠶᠣᠴᠢᠯᠠᠯᠳᠠ ᠵᠢᠨ ᠪᠢᠴᠢᠭ᠎ᠲᠤ ᠰᠡᠳᠣᠪ ᠳᠣᠭᠳᠠᠭ᠋ᠠᠯᠳᠠ ᠵᠢᠨ ᠨᠦᠬᠦᠴᠡᠯ ᠲᠠᠢ ᠬᠤᠯᠪᠤᠭᠳᠠᠭᠰᠠᠨ ᠠᠰᠠᠭᠣᠳᠠᠯ᠎ᠤᠨ ᠬᠠᠮᠢᠶ᠎ᠠ ᠪᠦᠬᠦᠢ ᠠᠭᠣᠯᠭ᠎ᠠ ᠪᠠ ᠬᠡᠷᠡᠴᠢ ᠮᠠᠲᠸᠷᠢᠶᠠᠯ᠎ᠢ ᠪᠠᠬᠲᠠᠭ᠋ᠠᠵᠦ᠂ ᠠᠷᠤᠳᠤᠨᠢ ᠣᠷᠣᠯᠳᠣᠭ᠋ᠠᠨ᠎ᠤ ᠳᠠᠯᠠᠪᠣᠷ᠂ ᠬᠡᠷᠡᠭᠰᠡᠯ᠎ᠤᠨ ᠨᠠᠷᠢᠨ ᠳᠠᠨᠢᠯᠴᠠᠭᠣᠯᠭᠠ ᠪᠠ ᠣᠷᠣᠯᠳᠣᠭ᠋ᠠᠨ᠎ᠤ ᠳᠦᠷᠰᠣ ᠰᠢᠩᠬᠡᠬᠡᠯᠳᠡ ᠵᠢᠨ ᠮᠠᠲᠸᠷᠢᠶᠠᠯ ᠲᠠᠭ᠋ᠠᠯᠳᠤᠭᠤᠯᠤᠨᠠ ᠃
2. ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠠᠴᠠ ᠳᠦᠷᠦᠯ ᠵᠦᠢ᠍ᠯ᠎ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ᠎ᠳᠤ ᠬᠢᠷᠢ ᠳᠡᠩᠴᠡᠭᠰᠡᠨ ᠲ᠋ᠦᠷᠦᠯ ᠵᠦᠢ᠍ᠯ᠎ᠢ ᠪᠢᠴᠢᠭ᠎ᠤᠨ ᠬᠡᠯᠪᠡᠷᠢ᠎ᠪᠠᠷ ᠭᠣᠶᠣᠴᠢᠯᠠᠭᠰᠠᠨ ᠪᠠᠢ᠌ᠭᠣᠯᠣᠯᠭ᠎ᠠ᠎ᠳᠤ ᠮᠡᠳᠡᠭᠳᠡᠨ᠎ᠡ᠃
3. ᠪᠢᠴᠢᠭ᠎ᠤᠨ ᠬᠡᠯᠪᠡᠷᠢ ᠵᠢᠨ ᠮᠡᠳᠡᠭᠳᠡᠯ᠎ᠢ ᠳᠠᠷᠣᠮᠠᠯᠯᠠᠨ ᠳᠠᠷᠬᠠᠭ᠋ᠠᠭᠰᠠᠨ ᠡᠳᠦᠷ᠎ᠠᠴᠠ ᠡᠬᠢᠯᠡᠨ 6 ᠰᠠᠷ᠎ᠠ ᠵᠢᠨ ᠳᠣᠳᠣᠷ᠎ᠠ᠂ ᠭᠣᠶᠣᠴᠢᠯᠠᠭᠰᠠᠨ ᠪᠠᠢ᠌ᠭᠣᠯᠣᠯᠭ᠎ᠠ᠎ᠨᠢ ᠡᠷᠬᠡᠪᠰᠢ ᠳᠣᠰ ᠳᠦᠷᠦᠯ ᠵᠦᠢ᠍ᠯ᠎ᠤᠨ ᠪᠦᠬᠦ ᠣᠯᠣᠰ᠎ᠤᠨ ᠣᠷᠣᠯᠳᠣᠭ᠋ᠠᠨ ᠪᠠ ᠬᠢᠨᠠᠭᠴᠢ᠂ ᠳᠠᠰᠬᠠᠯᠵᠢᠭᠣᠯᠣᠭᠴᠢ ᠵᠢᠨ ᠪᠣᠯᠪᠠᠰᠣᠷᠠᠯ᠎ᠤᠨ ᠠᠩᠬᠢ ᠵᠢ ᠵᠣᠬᠢᠶᠠᠨ ᠪᠠᠢ᠌ᠭᠣᠯᠣᠨ᠎ᠠ᠃ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ᠎ᠳᠤᠨᠢ ᠡᠷᠬᠡᠪᠰᠢ ᠨᠠᠭ᠋ᠠᠳᠤ ᠵᠠᠬ᠎ᠠ᠎ᠳᠠᠭᠠᠨ 6 ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ᠎ᠠᠴᠠ ᠠᠩᠬᠢ ᠵᠤᠬᠢᠶᠠᠨ ᠪᠠᠢ᠌ᠭᠤᠯᠵᠤ ᠬᠦᠮᠦᠨ ᠳᠣᠮᠢᠯᠠᠨ ᠣᠷᠣᠯᠴᠠᠭᠣᠯᠣᠭᠰᠠᠨ ᠪᠠᠢ᠌ᠬᠣ ᠬᠡᠷᠡᠭᠳᠡᠢ᠃ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠠᠴᠠ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ ᠳᠤ ᠠᠬᠣᠢ ᠳᠠᠯᠠᠪᠠᠢ᠎ᠳᠤ ᠬᠢᠨᠠᠨ ᠰᠢᠯᠭ᠋ᠠᠯᠳᠠ ᠬᠢᠨ᠎ᠡ᠃
4. ᠠᠬᠣᠢ ᠳᠠᠯᠠᠪᠠᠢ ᠵᠢᠨ ᠬᠢᠨᠠᠨ ᠰᠢᠯᠭ᠋ᠠᠯᠲᠠ᠎ᠳᠤ ᠬᠢᠷᠢ ᠲᠠᠩᠴᠡᠭᠰᠡᠨ ᠳᠦᠷᠦᠯ ᠵᠦᠢ᠍ᠯ᠎ᠨᠢ ᠳᠠᠭ᠋ᠠᠭ᠋ᠠᠴᠢᠯᠠᠨ ᠡᠷᠬᠢᠯᠡᠬᠦ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠪᠠᠢ᠌ᠩᠭᠤ ᠵᠢᠨ ᠪᠤᠰᠤ ᠳᠦᠷᠦᠯ ᠵᠦᠢ᠍ᠯ ᠪᠣᠯᠵᠣ᠂ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠶᠡᠷᠦᠩᠬᠡᠢ ᠳᠦᠷᠢᠮ᠎ᠳᠤ ᠣᠷᠣᠨ᠎ᠠ᠃
(ᠳᠦᠷᠪᠡ) ᠨᠡᠮᠡᠭᠳᠡᠭᠰᠡᠨ ᠳᠦᠷᠦᠯ ᠵᠦᠢ᠍ᠯ ᠪᠠ ᠪᠠᠢ᠌ᠩᠭᠤ ᠵᠢᠨ ᠪᠤᠰᠤ ᠳᠦᠷᠦᠯ ᠵᠦᠢ᠍ᠯ᠎ᠨᠢ ᠬᠡᠷᠪᠡ ᠲᠠᠷᠠᠭ᠎ᠠ ᠬᠤᠭᠤᠴᠠᠭ᠋ᠠᠨ᠎ᠤ ᠬᠢᠨᠢ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠳᠤ ᠪᠠᠰᠠ ᠪᠠᠢ᠌ᠩᠭᠤ ᠵᠢᠨ ᠳᠦᠷᠦᠯ ᠵᠦᠢ᠍ᠯ ᠵᠶ᠋ᠠᠷ ᠭᠣᠶᠣᠴᠢᠯᠠᠭᠰᠠᠨ ᠪᠣᠯ ᠭᠣᠶᠣᠴᠢᠯᠠᠬᠣ ᠨᠦᠬᠦᠴᠡᠯ᠎ᠨᠢ ᠵᠦᠪᠬᠡᠨ ᠳᠣᠰ ᠵᠣᠷᠪᠣᠰ᠎ᠤᠨ ᠬᠣᠶᠠᠳᠣᠭ᠋ᠠᠷ ᠵᠦᠢ᠍ᠯ᠎ᠤᠨ ᠳᠦᠷᠪᠡᠳᠦᠬᠡᠷ ᠨᠦᠬᠦᠴᠡᠯ᠎ᠢ ᠪᠦᠷᠢᠯᠳᠦᠬᠦᠯᠪᠠᠯ ᠪᠤᠯᠴᠢᠬᠠᠨ᠎ᠠ᠂ ᠬᠡᠪᠡᠴᠣ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ ᠡᠷᠬᠢᠯᠡᠭᠰᠡᠨ ᠤᠳᠠᠭ᠎ᠠ ᠵᠢᠨ ᠳᠣᠭ᠎ᠠ ᠵᠢ ᠠᠩᠬ᠎ᠠ ᠤᠳᠠᠭ᠋ᠠᠨ᠎ᠤ ᠰᠡᠳᠦᠪ ᠳᠣᠭᠳᠠᠭ᠋ᠠᠯᠳᠠ ᠵᠢᠨ ᠦᠶ᠎ᠡ ᠵᠢᠨ ᠡᠷᠬᠢᠯᠡᠭᠰᠡᠨ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ ᠵᠢᠨ ᠳᠣᠭ᠎ᠠ᠎ᠲᠠᠢ ᠳᠠᠪᠬᠣᠷᠳᠠᠭᠣᠯᠣᠨ ᠳᠣᠭ᠋ᠠᠴᠠᠵᠣ ᠪᠣᠯᠬᠣ ᠦᠬᠡᠢ᠃ ᠰᠡᠳᠦᠪ ᠳᠣᠭᠳᠠᠭ᠋ᠠᠯᠳᠠ ᠵᠢᠨ ᠠᠯᠬᠣᠮ ᠲᠠᠷᠠᠭ᠋ᠠᠯᠠᠯ᠎ᠨᠢ ᠪᠠᠢ᠌ᠩᠭᠤ ᠵᠢᠨ ᠪᠤᠰᠤ ᠳᠦᠷᠦᠯ ᠵᠦᠢ᠍ᠯ ᠠᠩᠬ᠎ᠠ ᠤᠳᠠᠭ᠎ᠠ ᠵᠢᠨ ᠰᠡᠳᠦᠪ ᠳᠣᠭᠳᠠᠭ᠋ᠠᠯᠳᠠᠤᠨᠬᠢ ᠲᠠᠢ ᠠᠳᠠᠯᠢ᠃ ᠬᠡᠷᠪᠡ ᠳᠠᠷᠠᠭ᠋ᠠᠯᠠᠭᠰᠠᠨ ᠪᠣᠰᠣ ᠪᠡᠶ᠎ᠡ ᠵᠢᠨ ᠳᠠᠮᠢᠷ᠎ᠤᠨ ᠴᠣᠭᠯᠠᠭ᠋ᠠᠨ ᠳᠤ ᠳᠠᠬᠢᠨᠳᠠ ᠪᠠᠢ᠌ᠩᠭᠤ ᠵᠢᠨ ᠳᠦᠷᠦᠯ ᠵᠦᠢ᠍ᠯ ᠵᠶ᠋ᠠᠷ ᠭᠣᠶᠣᠴᠢᠯᠠᠭᠰᠠᠨ ᠪᠣᠯ ᠪᠠᠢ᠌ᠩᠭᠤ ᠵᠢᠨ ᠪᠤᠰᠤ ᠳᠦᠷᠦᠯ ᠵᠦᠢ᠍ᠯ ᠵᠶ᠋ᠠᠷ ᠠᠩᠬ᠎ᠠ ᠣᠳᠠᠭ᠎ᠠ ᠰᠡᠳᠣᠪ ᠳᠣᠭᠳᠠᠭ᠋ᠠᠵᠤ ᠪᠠᠢ᠌ᠭ᠎ᠠ᠎ᠲᠠᠢ ᠠᠳᠠᠯᠢ᠃
ᠬᠣᠷᠢᠨ ᠭᠣᠷᠪᠠᠳᠣᠭ᠋ᠠᠷ ᠵᠣᠷᠪᠣᠰ ᠪᠠᠢ᠌ᠩᠭᠣ ᠵᠢᠨ ᠳᠦᠷᠦᠯ ᠵᠦᠢ᠍ᠯ᠎ᠤᠨ ᠰᠡᠳᠤᠪ ᠳᠣᠭᠳᠠᠭ᠋ᠠᠯᠳᠠ
(ᠨᠢᠬᠡ) ᠡᠯ᠎ᠡ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ ᠪᠦᠷ ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠤ ᠪᠠᠢ᠌ᠩᠭᠣ ᠵᠢᠨ ᠳᠦᠷᠦᠯ ᠵᠦᠢ᠍ᠯ᠎ᠢ ᠲᠤᠬᠢᠷᠠᠭᠤᠯᠬᠤ ᠵᠢ ᠭᠣᠶᠣᠴᠢᠯᠠᠬᠣ ᠬᠢᠷᠢ ᠬᠡᠮ᠎ᠲᠠᠢ᠃ ᠪᠠᠢ᠌ᠩᠭᠣ ᠵᠢᠨ ᠳᠦᠷᠦᠯ ᠵᠦᠢ᠍ᠯ ᠨᠢ ᠪᠦᠬᠦ ᠣᠯᠣᠰ᠎ᠤᠨ ᠪᠡᠶ᠎ᠡ ᠵᠢᠨ ᠳᠠᠮᠢᠷ᠎ᠤᠨ ᠴᠣᠭᠯᠠᠭ᠋ᠠᠨ᠎ᠳᠤ ᠣᠷᠳᠣ ᠬᠣᠭᠣᠴᠠᠭ᠋ᠠᠨ᠎ᠤ ᠬᠦᠴᠦᠨ᠎ᠲᠠᠢ᠃
(ᠬᠣᠶᠠᠷ) ᠭᠣᠶᠣᠴᠢᠯᠠᠬᠣ ᠳᠦᠷᠦᠯ ᠵᠦᠢ᠍ᠯ᠎ᠨᠢ ᠡᠷᠬᠡᠪᠰᠢ ᠳᠣᠣᠷᠠᠬᠢ ᠨᠦᠬᠦᠴᠡᠯ ᠤᠳ᠎ᠢ ᠴᠦᠮ ᠪᠦᠷᠢᠯᠳᠦᠬᠦᠯᠬᠦ ᠬᠡᠷᠡᠭᠳᠡᠢ᠄
1. ᠬᠣᠶᠠᠷ ᠬᠣᠭᠣᠴᠠᠭ᠎ᠠ ᠳᠠᠷᠠᠭ᠋ᠠᠯᠠᠨ ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠪᠠᠢ᠌ᠩᠭᠣ ᠵᠢᠨ ᠪᠤᠰᠤ ᠳᠦᠷᠦᠯ ᠵᠦᠢ᠍ᠯ ᠪᠣᠯᠣᠭᠰᠠᠨ ᠃
2. ᠪᠠᠢ᠌ᠩᠭᠣ ᠵᠢᠨ ᠪᠤᠰᠤ ᠳᠦᠷᠦᠯ ᠵᠦᠢ᠍ᠯ ᠵᠶ᠋ᠠᠷ ᠬᠣᠶᠠᠷ ᠬᠣᠭᠣᠴᠠᠭ᠋ᠠᠨ᠎ᠤ ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠳᠤ ᠤᠷᠤᠬᠤ᠎ᠳᠤᠨᠢ ᠣᠷᠣᠯᠴᠠᠭᠰᠠᠨ ᠣᠷᠣᠯᠳᠣᠭ᠋ᠠᠨ᠎ᠤ ᠠᠩᠬᠢ᠎ᠨᠢ ᠵᠢᠷᠭᠣᠭ᠎ᠠ᠎ᠠᠴᠠ ᠴᠦᠭᠡᠨ ᠪᠠᠢ᠌ᠬᠰᠠᠨ ᠦᠭᠡᠢ᠃
3. ᠵᠢᠯ ᠪᠣᠯᠭ᠋ᠠᠨ ᠨᠢᠬᠡ ᠣᠳᠠᠭ᠎ᠠ᠂ ᠳᠠᠷᠠᠭ᠋ᠠᠯᠠᠨ 4 ᠤᠳᠠᠭ᠎ᠠ ᠪᠦᠬᠦ ᠣᠯᠣᠰ᠎ᠤᠨ ᠣᠷᠣᠯᠳᠣᠭ᠋ᠠᠨ ᠪᠠ ᠬᠢᠨᠠᠭᠴᠢ᠂ ᠳᠠᠰᠬᠠᠯᠵᠢᠭᠣᠯᠣᠭᠴᠢ ᠵᠢᠨ ᠪᠣᠯᠪᠠᠰᠣᠷᠠᠯ᠎ᠤᠨ ᠠᠩᠬᠢ ᠵᠢ ᠵᠣᠬᠢᠶᠠᠨ ᠪᠠᠢ᠌ᠭᠣᠯᠣᠭᠰᠠᠨ ᠪᠠᠢ᠌ᠬᠣ ᠪᠦᠭᠡᠳ ᠣᠳᠠᠭ᠎ᠠ ᠪᠣᠯᠭ᠋ᠠᠨ᠎ᠤ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ᠎ᠳᠤᠨᠢ ᠨᠠᠭ᠋ᠠᠳᠤ ᠵᠠᠬ᠎ᠠ᠎ᠳᠠᠭᠠᠨ 6 ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ᠎ᠠᠴᠠ ᠠᠩᠬᠢ ᠵᠤᠬᠢᠶᠠᠨ ᠪᠠᠢ᠌ᠭᠤᠯᠵᠤ ᠬᠦᠮᠦᠨ ᠳᠣᠮᠢᠯᠠᠨ ᠣᠷᠣᠯᠴᠠᠭᠣᠯᠣᠭᠰᠠᠨ ᠪᠠᠢ᠌ᠬᠣ ᠬᠡᠷᠡᠭᠳᠡᠢ; ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ ᠡᠷᠬᠢᠯᠡᠭᠰᠡᠨ ᠤᠳᠠᠭ᠎ᠠ ᠵᠢᠨ ᠳᠣᠭ᠎ᠠ ᠵᠢ ᠬᠣᠶᠠᠳᠣᠭ᠋ᠠᠷ ᠣᠳᠠᠭ᠎ᠠ ᠪᠠᠢ᠌ᠩᠭᠣ ᠵᠢᠨ ᠪᠤᠰᠤ ᠳᠦᠷᠦᠯ ᠵᠦᠢ᠍ᠯ ᠪᠣᠯᠭ᠋ᠠᠬᠣ ᠪᠠᠷ ᠭᠤᠶᠤᠴᠢᠯᠠᠬᠤ ᠦᠶ᠎ᠡ ᠵᠢᠨ ᠡᠷᠬᠢᠯᠡᠭᠰᠡᠨ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ ᠵᠢᠨ ᠳᠣᠭ᠎ᠠ᠎ᠲᠠᠢ ᠳᠠᠪᠬᠣᠷᠳᠠᠭᠣᠯᠣᠨ ᠳᠣᠭ᠋ᠠᠴᠠᠵᠣ ᠪᠣᠯᠬᠣ ᠦᠬᠡᠢ᠃
(ᠭᠣᠷᠪᠠ) ᠰᠡᠳᠦᠪ ᠳᠣᠭᠳᠠᠭ᠋ᠠᠯᠳᠠ ᠵᠢᠨ ᠠᠯᠬᠣᠮ ᠲᠠᠷᠠᠭ᠋ᠠᠯᠠᠯ
1. ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨᠢ ᠳᠠᠭ᠋ᠠᠭ᠋ᠠᠴᠢᠯᠠᠨ ᠡᠷᠬᠢᠯᠡᠬᠦ ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ ᠵᠢᠨ ᠦᠨᠳᠦᠰᠦᠳᠡᠨ᠂ ᠪᠡᠶ᠎ᠡ ᠵᠢᠨ ᠳᠠᠮᠢᠷ᠎ᠤᠨ ᠠᠵᠢᠯ᠎ᠤᠨ ᠰᠠᠯᠠᠭ᠎ᠠ ᠮᠦᠴᠢᠷ ᠬᠣᠯᠪᠣᠭ᠋ᠠᠯᠠᠨ᠂ ᠬᠣᠶᠠᠳᠣᠭ᠋ᠠᠷ ᠣᠳᠠᠭ᠎ᠠ ᠪᠠᠢ᠌ᠩᠭᠣ ᠵᠢᠨ ᠪᠤᠰᠤ ᠳᠦᠷᠦᠯ ᠵᠦᠢ᠍ᠯ ᠪᠣᠯᠣᠭᠰᠠᠨ ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨᠢ ᠦᠨᠳᠦᠷᠯᠡᠭᠰᠡᠨᠤ ᠲᠠᠷᠠᠭ᠋ᠠᠬᠢ 6 ᠰᠠᠷ᠎ᠠ ᠵᠢᠨ ᠳᠣᠳᠣᠷ᠎ᠠ᠂ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠳᠤ ᠰᠡᠳᠣᠪ ᠳᠣᠭᠳᠠᠭ᠋ᠠᠯᠳᠠ ᠵᠢᠨ ᠭᠣᠶᠣᠴᠢᠯᠠᠯᠳᠠ ᠵᠢᠨ ᠪᠢᠴᠢᠭ ᠵᠶ᠋ᠡᠨ ᠲᠤᠰᠢᠶᠠᠨ᠎ᠠ᠃ ᠰᠡᠳᠣᠪ ᠳᠣᠭᠳᠠᠭ᠋ᠠᠯᠳᠠ ᠵᠢᠨ ᠭᠣᠶᠣᠴᠢᠯᠠᠯᠳᠠ ᠵᠢᠨ ᠪᠢᠴᠢᠭ᠎ᠲᠤ ᠰᠡᠳᠣᠪ ᠳᠣᠭᠳᠠᠭ᠋ᠠᠯᠳᠠ ᠵᠢᠨ ᠨᠦᠬᠦᠴᠡᠯ᠎ᠲᠠᠢ ᠬᠤᠯᠪᠤᠭᠳᠠᠭᠰᠠᠨ ᠠᠰᠠᠭᠣᠳᠠᠯ᠎ᠤᠨ ᠬᠠᠮᠢᠶ᠎ᠠ ᠪᠦᠬᠦᠢ ᠠᠭᠣᠯᠭ᠎ᠠ ᠪᠠ ᠬᠡᠷᠡᠴᠢ ᠮᠠᠲᠸᠷᠢᠶᠠᠯ᠎ᠢ ᠪᠠᠭᠳᠠᠭ᠋ᠠᠨ᠎ᠠ᠃
2. ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠠᠴᠠ ᠳᠦᠷᠦᠯ ᠵᠦᠢ᠍ᠯ᠎ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ᠎ᠳᠤ ᠬᠢᠷᠢ ᠳᠡᠩᠴᠡᠭᠰᠡᠨ ᠲ᠋ᠦᠷᠦᠯ ᠵᠦᠢ᠍ᠯ᠎ᠢ ᠪᠢᠴᠢᠭ᠎ᠤᠨ ᠬᠡᠯᠪᠡᠷᠢ᠎ᠪᠠᠷ ᠭᠣᠶᠣᠴᠢᠯᠠᠭᠰᠠᠨ ᠪᠠᠢ᠌ᠭᠣᠯᠣᠯᠭ᠎ᠠ᠎ᠳᠤ ᠮᠡᠳᠡᠭᠳᠡᠨ᠎ᠡ᠃
3. ᠪᠢᠴᠢᠭ᠎ᠤᠨ ᠬᠡᠯᠪᠡᠷᠢ ᠵᠢᠨ ᠮᠡᠳᠡᠭᠳᠡᠯ᠎ᠢ ᠳᠠᠷᠣᠮᠠᠯᠯᠠᠨ ᠳᠠᠷᠬᠠᠭ᠋ᠠᠭᠰᠠᠨ ᠡᠳᠦᠷ᠎ᠠᠴᠠ ᠡᠬᠢᠯᠡᠨ 6 ᠰᠠᠷ᠎ᠠ ᠵᠢᠨ ᠳᠣᠳᠣᠷ᠎ᠠ᠂ ᠭᠣᠶᠣᠴᠢᠯᠠᠭᠰᠠᠨ ᠪᠠᠢ᠌ᠭᠣᠯᠣᠯᠭ᠎ᠠ᠎ᠨᠢ ᠡᠷᠬᠡᠪᠰᠢ ᠳᠣᠰ ᠳᠦᠷᠦᠯ ᠵᠦᠢ᠍ᠯ᠎ᠤᠨ ᠪᠦᠬᠦ ᠣᠯᠣᠰ᠎ᠤᠨ ᠣᠷᠣᠯᠳᠣᠭ᠋ᠠᠨ ᠪᠠ ᠬᠢᠨᠠᠭᠴᠢ᠂ ᠳᠠᠰᠬᠠᠯᠵᠢᠭᠣᠯᠣᠭᠴᠢ ᠵᠢᠨ ᠪᠣᠯᠪᠠᠰᠣᠷᠠᠯ᠎ᠤᠨ ᠠᠩᠬᠢ ᠵᠢ ᠵᠣᠬᠢᠶᠠᠨ ᠪᠠᠢ᠌ᠭᠣᠯᠣᠨ᠎ᠠ᠃ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ᠎ᠳᠤᠨᠢ ᠡᠷᠬᠡᠪᠰᠢ ᠨᠠᠭ᠋ᠠᠳᠤ ᠵᠠᠬ᠎ᠠ᠎ᠳᠠᠭᠠᠨ 6 ᠮᠣᠵᠢ᠂ ᠦᠪᠡᠷᠳᠡᠬᠡᠨ ᠵᠠᠰᠠᠬᠣ ᠣᠷᠣᠨ᠂ ᠰᠢᠭᠣᠳ ᠬᠠᠷᠢᠶ᠎ᠠ ᠬᠣᠳᠠ᠎ᠠᠴᠠ ᠠᠩᠬᠢ ᠵᠤᠬᠢᠶᠠᠨ ᠪᠠᠢ᠌ᠭᠤᠯᠵᠤ ᠬᠦᠮᠦᠨ ᠳᠣᠮᠢᠯᠠᠨ ᠣᠷᠣᠯᠴᠠᠭᠣᠯᠣᠭᠰᠠᠨ ᠪᠠᠢ᠌ᠬᠣ ᠬᠡᠷᠡᠭᠳᠡᠢ᠃ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ᠎ᠠᠴᠠ ᠪᠦᠬᠦ ᠣᠯᠣᠰ᠎ᠤᠨ ᠣᠷᠣᠯᠳᠣᠭ᠋ᠠᠨ ᠪᠠ ᠪᠣᠯᠪᠠᠰᠣᠷᠠᠯ᠎ᠤᠨ ᠠᠩᠬᠢ ᠳᠤ ᠠᠬᠣᠢ ᠳᠠᠯᠠᠪᠠᠢ᠎ᠳᠤ ᠬᠢᠨᠠᠨ ᠰᠢᠯᠭ᠋ᠠᠯᠳᠠ ᠬᠢᠨ᠎ᠡ᠃
4. ᠠᠬᠣᠢ ᠳᠠᠯᠠᠪᠠᠢ ᠵᠢᠨ ᠬᠢᠨᠠᠨ ᠰᠢᠯᠭ᠋ᠠᠯᠲᠠ᠎ᠳᠤ ᠬᠢᠷᠢ ᠲᠠᠩᠴᠡᠭᠰᠡᠨ ᠳᠦᠷᠦᠯ ᠵᠦᠢ᠍ᠯ᠎ᠨᠢ ᠳᠠᠭ᠋ᠠᠭ᠋ᠠᠴᠢᠯᠠᠨ ᠡᠷᠬᠢᠯᠡᠬᠦ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠪᠠᠢ᠌ᠩᠭᠤ ᠵᠢᠨ ᠳᠦᠷᠦᠯ ᠵᠦᠢ᠍ᠯ ᠪᠣᠯᠵᠣ᠂ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠶᠡᠷᠦᠩᠬᠡᠢ ᠳᠦᠷᠢᠮ᠎ᠳᠤ ᠣᠷᠣᠭᠤᠯᠤᠨ᠎ᠠ᠃
ᠬᠣᠷᠢᠨ ᠳᠦᠷᠪᠡᠳᠦᠬᠡᠷ ᠵᠣᠷᠪᠣᠰ ᠪᠠᠢ᠌ᠩᠭᠣ ᠵᠢᠨ ᠳᠦᠷᠦᠯ ᠵᠦᠢ᠍ᠯ᠎ᠳᠤ ᠤᠯᠭᠤᠭᠰᠠᠨ ᠬᠠᠮᠣᠭ᠎ᠤᠨ ᠳᠡᠬᠡᠳᠣ ᠱᠠᠩᠨᠠᠯ᠎ᠤᠨ ᠮᠸᠲᠠᠯ᠎ᠤᠨ ᠳᠣᠭ᠎ᠠ ᠨᠢ ᠳᠣᠰ ᠬᠣᠭᠣᠴᠠᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠳᠦᠷᠢᠮ ᠳᠣᠭᠳᠠᠭ᠋ᠠᠯᠳᠤ ᠳᠣᠭᠳᠠᠭ᠋ᠠᠭᠰᠠᠨ ᠳᠣᠭ᠎ᠠ ᠵᠢᠨ 50% ᠲᠤ ᠬᠦᠷᠬᠦ ᠦᠬᠡᠢ ᠪᠣᠯ ᠳᠣᠰ ᠳᠦᠷᠦᠯ ᠵᠦᠢ᠍ᠯ᠎ᠢ ᠳᠠᠷᠠᠭ᠎ᠠ ᠬᠣᠭᠣᠴᠠᠭ᠋ᠠᠨ᠎ᠤ ᠬᠢᠨᠢ ᠪᠡᠶ᠎ᠡ ᠵᠢᠨ ᠳᠠᠮᠢᠷ᠎ᠤᠨ ᠴᠣᠭᠯᠠᠭ᠋ᠠᠨ ᠳᠤ ᠳᠡᠰ ᠪᠠᠭᠣᠷᠠᠭᠣᠯᠣᠨ ᠪᠠᠢ᠌ᠩᠭᠤ ᠵᠢᠨ ᠪᠤᠰᠤ ᠳᠦᠷᠦᠯ ᠵᠦᠢ᠍ᠯ ᠪᠣᠯᠭ᠋ᠠᠨ᠎ᠠ᠃ ᠊ᠠᠢ᠍ᠮᠠᠳᠣᠭ᠋ᠠᠷ ᠪᠦᠯᠦᠭ ᠳᠠᠮᠢᠷᠴᠢᠳ ᠢ ᠨᠡᠷ᠎ᠡ ᠪᠦᠷᠢᠳᠬᠡᠬᠦ ᠪᠣᠯᠣᠨ ᠰᠣᠯᠢᠯᠴᠠᠬᠣ
ᠬᠣᠷᠢᠨ ᠳᠠᠪᠣᠳᠣᠭ᠋ᠠᠷ ᠵᠣᠷᠪᠣᠰ ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠣᠷᠣᠯᠳᠣᠭ᠋ᠠᠨ᠎ᠤ ᠳᠦᠷᠦᠯ ᠵᠦᠢ᠍ᠯ᠎ᠳᠤ ᠣᠷᠣᠯᠴᠠᠬᠣ ᠳᠠᠮᠢᠷᠴᠢᠳ ᠡᠷᠬᠡᠪᠰᠢ ᠨᠡᠷ᠎ᠡ᠎ᠪᠠᠨ ᠳᠠᠩᠰᠠᠯᠠᠭᠣᠯᠬᠣ ᠬᠡᠷᠡᠭᠳᠡᠢ᠃ ᠵᠦᠪᠬᠡᠨ ᠦᠵᠡᠬᠦᠯᠦᠯᠬᠡ ᠵᠢᠨ ᠳᠦᠷᠦᠯ ᠵᠦᠢ᠍ᠯ᠎ᠳᠤ ᠣᠷᠣᠯᠴᠠᠬᠣ ᠳᠠᠮᠢᠷᠴᠢᠳ ᠨᠡᠷ᠎ᠡ᠎ᠪᠠᠨ ᠳᠠᠩᠰᠠᠯᠠᠭᠣᠯᠬᠣ ᠦᠬᠡᠢ᠃ ᠳᠠᠩᠰᠠᠯᠠᠭᠣᠯᠬᠣ ᠳᠠᠮᠢᠷᠴᠢᠳ᠎ᠤᠨ ᠬᠢᠷᠢ ᠬᠡᠮ ᠡᠷᠬᠡᠪᠰᠢ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠶᠡᠷᠦᠩᠬᠡᠢ ᠳᠦᠷᠢᠮ ᠪᠣᠯᠣᠨ ᠡᠯ᠎ᠡ ᠳᠠᠩ ᠳᠦᠷᠦᠯ᠎ᠤᠨ ᠳᠦᠷᠢᠮ᠎ᠤᠨ ᠬᠣᠯᠪᠣᠭᠳᠠᠬᠣ ᠳᠦᠷᠢᠮ᠎ᠳᠤ ᠨᠡᠢ᠌ᠴᠡᠭᠰᠡᠨ ᠪᠠᠢ᠌ᠬᠣ ᠬᠡᠷᠡᠭᠳᠡᠢ᠃
ᠬᠣᠷᠢᠨ ᠵᠢᠷᠭᠣᠳᠣᠭ᠋ᠠᠷ ᠵᠣᠷᠪᠣᠰ ᠳᠠᠩᠰᠠᠯᠠᠭᠣᠯᠣᠭᠰᠠᠨ ᠳᠠᠮᠢᠷᠴᠢᠳ᠎ᠤᠨ ᠳᠣᠭ᠎ᠠ ᠵᠢ ᠳᠣᠰ ᠳᠦᠷᠦᠯ ᠵᠦᠢ᠍ᠯ᠎ᠤᠨ ᠳᠠᠩ ᠳᠦᠷᠦᠯ᠎ᠤᠨ ᠳᠦᠷᠢᠮ᠎ᠳᠤ ᠳᠣᠭᠳᠠᠭ᠋ᠠᠭᠰᠠᠨ ᠣᠷᠣᠯᠴᠠᠬᠤ ᠬᠦᠮᠦᠨ᠎ᠤ ᠳᠣᠭ᠎ᠠ ᠵᠢᠨ ᠬᠣᠶᠠᠷ ᠳᠠᠬᠢᠨ ᠠᠴᠠ ᠭᠡᠳᠦᠷᠡᠬᠦᠯᠬᠦ ᠦᠭᠡᠢ᠃
ᠬᠣᠷᠢᠨ ᠳᠣᠯᠣᠳᠣᠭ᠋ᠠᠷ ᠵᠣᠷᠪᠣᠰ ᠨᠢᠬᠡ ᠳᠠᠮᠢᠷᠴᠢᠨ ᠵᠦᠪᠬᠡᠨ ᠨᠢᠬᠡ ᠲᠦᠯᠦᠬᠡᠯᠡᠭᠴᠢᠳ᠎ᠤᠨ ᠪᠦᠯᠬᠦᠮ᠎ᠢ ᠲᠦᠯᠦᠬᠡᠯᠡᠨ ᠳᠠᠩᠰᠠᠯᠠᠭᠣᠯᠣᠨᠠ᠃ ᠨᠢᠭᠡ ᠳᠠᠮᠢᠷᠴᠢᠨ᠎ᠢ ᠬᠣᠶᠠᠷ ᠪᠣᠶᠣ ᠬᠣᠶᠠᠷ᠎ᠠᠴᠠ ᠳᠡᠭᠡᠭᠰᠢ ᠲᠦᠯᠦᠬᠡᠯᠡᠭᠴᠢᠳ᠎ᠤᠨ ᠪᠦᠯᠬᠦᠮ ᠳᠠᠪᠬᠣᠷᠳᠠᠭᠣᠯᠣᠨ ᠳᠠᠩᠰᠠᠯᠠᠭᠣᠯᠣᠭᠰᠠᠨ ᠪᠣᠯ ᠬᠤᠯᠪᠤᠭᠳᠠᠭᠰᠠᠨ ᠲᠦᠯᠦᠬᠡᠯᠡᠭᠴᠢᠳ᠎ᠤᠨ ᠪᠦᠯᠬᠦᠮ᠎ᠨᠢ ᠡᠷᠬᠡᠪᠰᠢ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠳᠤ ᠳᠠᠮᠢᠷᠴᠢᠨ᠎ᠤ ᠡᠷᠦᠬᠡ ᠠᠮᠠ ᠵᠢᠨ ᠳᠡᠪᠳᠡᠷ᠎ᠤᠨ ᠬᠠᠭᠣᠯᠪᠣᠷᠢ ᠪᠣᠶᠣ ᠰᠣᠷᠭ᠋ᠠᠭᠣᠯᠢ (ᠤᠯᠤᠰ᠎ᠠᠴᠠ ᠵᠦᠪᠰᠢᠶᠡᠷᠡᠭᠰᠡᠨ ᠰᠣᠷᠣᠯᠭ᠎ᠠ᠎ᠤᠨ ᠨᠠᠮᠳᠠᠷ᠎ᠲᠠᠢ ᠰᠤᠷᠭ᠋ᠠᠨ ᠬᠦᠮᠦᠵᠢᠯ᠎ᠤᠨ ᠪᠠᠢ᠌ᠭᠤᠯᠤᠮᠵᠢ) ᠵᠢᠨ ᠪᠦᠬᠦᠯᠢ ᠡᠳᠦᠷ᠎ᠤᠨ ᠲᠦᠷᠢᠮ᠎ᠳᠤ ᠰᠣᠷᠭ᠋ᠠᠭᠣᠯᠢ ᠵᠢᠨ ᠬᠠᠷᠢᠶᠠᠯᠠᠯ᠎ᠤᠨ ᠬᠡᠷᠡᠴᠢ ᠵᠢᠴᠢ ᠳᠠᠮᠢᠷᠴᠢᠨ᠎ᠤ ᠦᠪᠡᠷ᠎ᠤᠨ ᠬᠢᠨᠢ ᠰᠠᠨᠠᠯ᠎ᠢ ᠳᠣᠰᠢᠶᠠᠨ᠎ᠠ᠃ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠠᠴᠠ ᠰᠣᠷᠭ᠋ᠠᠭᠣᠯᠢ ᠵᠢᠨ ᠬᠠᠷᠢᠶᠠᠯᠠᠯ᠂ ᠡᠷᠦᠬᠡ ᠠᠮᠠ ᠵᠢᠨ ᠳᠡᠪᠳᠡᠷ᠂ ᠳᠣᠰ ᠬᠦᠮᠦᠨ᠎ᠤ ᠰᠠᠨᠠᠯ᠎ᠢ ᠦᠨᠳᠦᠰᠦᠯᠡᠨ ᠳᠠᠮᠢᠷᠴᠢᠨ᠎ᠤ ᠬᠠᠷᠢᠶᠠᠯᠠᠯ᠎ᠢ ᠲᠤᠭᠳᠠᠭ᠋ᠠᠵᠤ ᠳᠠᠩᠰᠠᠯᠠᠨ᠎ᠠ᠃
ᠬᠣᠷᠢᠨ ᠨᠠᠢ᠍ᠮᠠᠳᠣᠭ᠋ᠠᠷ ᠵᠣᠷᠪᠣᠰ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠠᠴᠠ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠳᠦᠷᠢᠮ ᠢ ᠦᠨᠳᠦᠰᠦᠯᠡᠨ᠂ ᠳᠠᠮᠢᠷᠴᠢᠨ᠎ᠤ ᠳᠠᠩᠰᠠᠯᠠᠭᠣᠯᠣᠭᠰᠠᠨ ᠰᠣᠷᠠᠭ ᠵᠠᠩᠬᠢ ᠵᠢ ᠬᠢᠨᠠᠨ ᠰᠢᠯᠭ᠋ᠠᠨ᠎ᠠ᠃ ᠬᠢᠨᠠᠨ ᠰᠢᠯᠭ᠋ᠠᠯᠳᠠ᠎ᠳᠤ ᠬᠢᠷᠢ ᠳᠡᠩᠴᠡᠭᠰᠡᠨ ᠦᠬᠡᠢ ᠳᠠᠮᠢᠷᠴᠢᠨ ᠨᠡᠷ᠎ᠡ ᠮᠡᠳᠡᠬᠦᠯᠵᠣ ᠣᠷᠣᠯᠳᠣᠭ᠋ᠠᠨ᠎ᠳᠤ ᠤᠷᠤᠯᠴᠠᠵᠦ ᠪᠣᠯᠬᠣ ᠦᠬᠡᠢ᠃
ᠬᠣᠷᠢᠨ ᠶᠢᠰᠦᠳᠦᠬᠡᠷ ᠵᠣᠷᠪᠣᠰ ᠬᠢᠨᠠᠨ ᠰᠢᠯᠭ᠋ᠠᠯᠳᠠ᠎ᠳᠤ ᠬᠢᠷᠢ ᠳᠡᠩᠴᠡᠭᠰᠡᠨ ᠳᠠᠮᠢᠷᠴᠢᠨ᠎ᠢ ᠡᠯ᠎ᠡ ᠲᠦᠯᠦᠬᠡᠯᠡᠭᠴᠢᠳ᠎ᠤᠨ ᠪᠦᠯᠬᠦᠮ ᠰᠤᠯᠢᠯᠴᠠᠵᠦ ᠪᠣᠯᠣᠨ᠎ᠠ᠃
ᠭᠣᠴᠢᠳᠣᠭ᠋ᠠᠷ ᠵᠣᠷᠪᠣᠰ ᠳᠠᠮᠢᠷᠴᠢᠨ᠎ᠢ ᠳᠠᠩᠰᠠᠯᠠᠭᠣᠯᠬᠣ ᠪᠣᠯᠣᠨ ᠰᠣᠯᠢᠯᠴᠠᠬᠤ ᠬᠡᠯᠪᠡᠷᠢ᠂ ᠠᠯᠬᠣᠮ ᠲᠠᠷᠠᠭ᠋ᠠᠯᠠᠯ ᠵᠡᠷᠬᠡ ᠪᠣᠳᠠᠳᠠᠢ ᠳᠦᠷᠢᠮ᠎ᠢ ᠭᠣᠣᠯᠯᠠᠨ ᠡᠷᠬᠢᠯᠡᠬᠦ ᠪᠠᠢ᠌ᠭᠣᠯᠣᠯᠭ᠎ᠠ᠎ᠠᠴᠠ ᠬᠣᠭᠣᠴᠠᠭ᠎ᠠ ᠪᠣᠯᠭ᠋ᠠᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠳᠠᠮᠢᠷᠴᠢᠳ᠎ᠤᠨ ᠨᠡᠷ᠎ᠡ ᠮᠡᠳᠡᠬᠦᠯᠬᠦ ᠠᠵᠢᠯ ᠡᠬᠢᠯᠡᠬᠦ᠎ᠠᠴᠠ ᠡᠮᠣᠨ᠎ᠠ ᠳᠣᠰ᠎ᠳᠤᠨᠢ ᠮᠡᠳᠡᠭᠳᠡᠨ᠎ᠡ᠃
ᠶᠢᠰᠦᠳᠦᠬᠡᠷ ᠪᠦᠯᠦᠭ ᠪᠡᠶ᠎ᠡ ᠵᠢᠨ ᠳᠠᠮᠢᠷ᠎ᠤᠨ ᠰᠣᠶᠣᠯ᠎ᠤᠨ ᠠᠵᠢᠯᠯᠠᠭ᠎ᠠ
ᠭᠣᠴᠢᠨ ᠨᠢᠬᠡᠳᠦᠬᠡᠷ ᠵᠣᠷᠪᠣᠰ ᠪᠦᠬᠦ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠳᠠᠮᠢᠷ᠎ᠤᠨ ᠴᠣᠭᠯᠠᠭ᠋ᠠᠨ ᠨᠢ ᠡᠬᠢᠯᠠᠯᠳᠠ ᠵᠢᠨ ᠶᠣᠰᠣᠯᠠᠯ᠂ ᠬᠠᠭ᠋ᠠᠯᠳᠠ ᠵᠢᠨ ᠶᠣᠰᠣᠯᠠᠯ᠂ ᠦᠨᠳᠦᠰᠦᠳᠡᠨ᠎ᠤ ᠶᠡᠬᠡ ᠨᠠᠢ᠌ᠷ ᠨᠠᠭ᠋ᠠᠳᠣᠮ ᠪᠠ ᠭᠠᠯ ᠪᠠᠮᠪᠠᠷ ᠳᠠᠮᠵᠢᠭᠣᠯᠬᠣ ᠠᠵᠢᠯᠯᠠᠭ᠎ᠠ ᠵᠢ ᠵᠣᠬᠢᠶᠠᠨ ᠪᠠᠢ᠌ᠭᠣᠯᠣᠨ᠎ᠠ᠃
ᠭᠣᠴᠢᠨ ᠬᠣᠶᠠᠳᠣᠭ᠋ᠠᠷ ᠵᠣᠷᠪᠣᠰ ᠡᠬᠢᠯᠡᠯᠳᠡ ᠵᠢᠨ ᠶᠣᠰᠣᠯᠠᠯ᠂ ᠬᠠᠭ᠋ᠠᠯᠳᠠ ᠵᠢᠨ ᠶᠣᠰᠣᠯᠠᠯ᠎ᠤᠨ ᠬᠡᠯᠪᠡᠷᠢ᠎ᠨᠢ ᠵᠠᠪᠠᠯ ᠦᠨᠳᠦᠰᠦᠳᠡᠨ᠎ᠤ ᠪᠦᠯᠬᠦᠮᠳᠠᠯ ᠲᠠᠪᠰᠢᠯᠲᠠ ᠪᠣᠯᠣᠨ ᠪᠦᠬᠦ ᠠᠷᠠᠳ᠎ᠤᠨ ᠪᠡᠶ᠎ᠡ ᠴᠢᠬᠢᠷᠠᠭᠵᠢᠭᠣᠯᠬᠣ ᠭᠣᠣᠯ ᠰᠡᠳᠦᠪ᠎ᠢ ᠲᠤᠪᠤᠢ᠌ᠯᠭ᠋ᠠᠵᠦ᠂ ᠢᠯᠡ ᠲᠤᠳᠤ ᠦᠪᠡᠷᠮᠢᠴᠡ ᠣᠨᠴᠠᠯᠢᠭ ᠲᠠᠢ᠂ ᠨᠢᠵᠢᠬᠢᠷ ᠶᠡᠭᠡ ᠂ ᠠᠷᠪᠢᠯᠠᠵᠦ ᠭᠠᠮᠨᠠᠭᠰᠠᠨ ᠪᠠᠢ᠌ᠬᠤ ᠬᠡᠷᠡᠭᠳᠡᠢ᠃
ᠭᠣᠴᠢᠨ ᠭᠣᠷᠪᠠᠳᠣᠭ᠋ᠠᠷ ᠵᠣᠷᠪᠣᠰ ᠦᠨᠳᠦᠰᠦᠳᠡᠨ᠎ᠤ ᠶᠡᠬᠡ ᠨᠠᠢ᠌ᠷ ᠨᠠᠭ᠋ᠠᠳᠣᠮ᠎ᠨᠢ ᠴᠣᠭᠯᠠᠭ᠋ᠠᠨ ᠢ ᠵᠣᠬᠢᠶᠠᠨ ᠪᠠᠢ᠌ᠭᠣᠯᠣᠭᠰᠠᠨ ᠳᠣᠬᠠᠢ ᠵᠢᠨ ᠭᠠᠵᠠᠷ ᠣᠷᠣᠨ᠎ᠤ ᠠᠷᠠᠳ ᠲᠦᠮᠡᠨ᠎ᠤ ᠢᠳᠡᠪᠬᠢᠳᠠᠢ ᠣᠷᠣᠯᠴᠠᠬᠣ ᠵᠢ ᠵᠣᠷᠢᠭᠵᠢᠭᠣᠯᠣᠨ᠎ᠠ᠃
ᠭᠣᠴᠢᠨ ᠳᠦᠷᠪᠡᠳᠦᠬᠡᠷ ᠵᠣᠷᠪᠣᠰ ᠭᠠᠯ ᠪᠠᠮᠪᠠᠷ ᠳᠠᠮᠵᠢᠭᠣᠯᠬᠣ ᠬᠡᠪᠴᠢᠶ᠎ᠡ᠂ ᠴᠠᠭ ᠪᠠ ᠵᠠᠮ ᠱᠣᠭᠣᠮ᠎ᠢ ᠴᠢᠩᠭ᠎ᠠ ᠡᠵᠡᠮᠳᠡᠨ᠎ᠠ᠃ ᠭᠠᠯ ᠠᠰᠠᠭ᠋ᠠᠬᠣ ᠶᠣᠰᠣᠯᠠᠯ ᠪᠠ ᠭᠠᠯ ᠪᠠᠮᠪᠠᠷ ᠳᠠᠮᠵᠢᠭᠣᠯᠬᠣ ᠵᠢ ᠳᠠᠭ᠋ᠠᠭ᠋ᠠᠴᠢᠯᠠᠨ ᠡᠷᠬᠢᠯᠡᠭᠰᠡᠨ ᠪᠠᠢ᠌ᠭᠣᠯᠣᠯᠭ᠎ᠠ ᠵᠢᠨ ᠬᠠᠷᠢᠶ᠎ᠠ ᠪᠦᠰᠡ ᠵᠢᠨ ᠬᠡᠪᠴᠢᠶᠠᠨ᠎ᠳᠤ ᠶᠠᠪᠣᠭᠳᠠᠭᠣᠯᠣᠨᠠ᠃ ᠭᠠᠯ ᠪᠠᠮᠪᠠᠷ ᠳᠠᠮᠵᠢᠭᠣᠯᠬᠣ ᠠᠵᠢᠯᠯᠠᠭ᠎ᠠ᠎ᠨᠢ ᠪᠤᠳᠠᠳᠤ ᠤᠷᠴᠢᠨ ᠪᠣᠯᠣᠨ ᠰᠦᠯᠵᠢᠶᠡᠨ᠎ᠤ ᠣᠶᠠᠯᠳᠣᠭᠠ ᠵᠢ ᠠᠪᠴᠠᠯᠳᠣᠭᠣᠯᠵᠣ᠂ ᠳᠠᠮᠵᠢᠭᠣᠯᠬᠣ ᠠᠵᠢᠯᠯᠠᠭ᠎ᠠ ᠵᠢ ᠳᠦᠬᠦᠮ ᠠᠪᠰᠠᠷ ᠶᠠᠪᠤᠭᠳᠠᠭᠤᠯᠤᠨ᠎ᠠ᠃ ᠢᠯᠡ ᠲᠤᠳᠤ᠂ ᠡᠷᠬᠡ ᠳᠡᠭᠰᠢ᠂ ᠳᠦᠪ ᠭᠣᠣᠯᠴᠢ ᠵᠠᠷᠴᠢᠮ ᠵᠶ᠋ᠠᠷ ᠭᠠᠯ ᠪᠠᠮᠪᠠᠷᠴᠢᠨᠢ ᠰᠣᠩᠭᠣᠨ ᠰᠢᠯᠭ᠋ᠠᠷᠠᠭᠣᠯᠬᠣ ᠠᠵᠢᠯ᠎ᠢ ᠦᠷᠨᠢᠬᠦᠯᠦᠨ᠎ᠡ᠃
ᠭᠣᠴᠢᠨ ᠳᠠᠪᠣᠳᠣᠭ᠋ᠠᠷ ᠵᠣᠷᠪᠣᠰ ᠭᠣᠣᠯᠯᠠᠨ ᠡᠷᠬᠢᠯᠡᠬᠦ ᠪᠠᠢ᠌ᠭᠣᠯᠣᠯᠭ᠎ᠠ᠂ ᠳᠠᠭ᠋ᠠᠭ᠋ᠠᠴᠢᠯᠠᠨ ᠡᠷᠬᠢᠯᠡᠬᠦ ᠪᠠᠢ᠌ᠭᠣᠯᠣᠯᠭ᠎ᠠ᠎ᠨᠢ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠵᠣᠬᠢᠶᠠᠨ ᠪᠠᠢ᠌ᠭᠣᠯᠬᠣ ᠶᠠᠪᠣᠴᠠ ᠳᠣᠮᠳᠠ ᠭᠣᠣᠯ ᠰᠡᠳᠤᠪ ᠵᠶ᠋ᠠᠨ ᠲᠤᠪᠤᠢ᠌ᠯᠭ᠋ᠠᠭᠰᠠᠨ᠂ ᠡᠯᠪᠡᠭ ᠪᠠᠶᠠᠯᠢᠭ ᠬᠡᠯᠪᠡᠷᠢ ᠪᠦᠬᠦᠢ ᠦᠨᠳᠦᠰᠦᠳᠡᠨ᠎ᠤ ᠪᠦᠯᠬᠦᠮᠳᠠᠯ ᠲᠠᠪᠰᠢᠯᠳᠠ ᠵᠢᠨ ᠣᠬᠠᠭᠣᠯᠭ᠎ᠠ ᠬᠦᠮᠦᠵᠢᠯ ᠪᠠ ᠪᠦᠬᠦ ᠠᠷᠠᠳ᠎ᠤᠨ ᠪᠡᠶ᠎ᠡ ᠴᠢᠬᠢᠷᠠᠭᠵᠢᠭᠣᠯᠬᠣ ᠠᠵᠢᠯᠯᠠᠭ᠎ᠠ ᠵᠢ ᠦᠷᠨᠢᠬᠦᠯᠵᠦ᠂ ᠡᠶ᠎ᠡ ᠨᠠᠢ᠌ᠷᠠᠮᠳᠠᠭᠣ ᠪᠦᠯᠬᠦᠮᠳᠡᠯ ᠨᠢᠬᠳᠠᠷᠠᠯ ᠪᠣᠯᠣᠨ ᠪᠦᠬᠦ ᠠᠷᠠᠳ᠎ᠤᠨ ᠪᠡᠶ᠎ᠡ ᠴᠢᠬᠢᠷᠠᠭᠵᠢᠭᠣᠯᠬᠣ ᠰᠠᠢ᠌ᠨ ᠰᠠᠢ᠌ᠬᠠᠨ ᠠᠭᠣᠷ ᠠᠮᠢᠰᠬᠣᠯ᠎ᠢ ᠢᠳᠡᠪᠬᠢᠳᠡᠢ ᠪᠣᠢ ᠪᠣᠯᠭ᠋ᠠᠨ᠎ᠠ᠃
ᠠᠷᠪᠠᠳᠣᠭ᠋ᠠᠷ ᠪᠦᠯᠦᠭ ᠳᠠᠭ᠋ᠠᠯᠳᠣᠭᠣᠯᠣᠯ ᠲᠥᠷᠢᠮ
ᠭᠣᠴᠢᠨ ᠵᠢᠷᠭᠣᠳᠣᠭ᠋ᠠᠷ ᠵᠣᠷᠪᠣᠰ ᠳᠣᠰ ᠠᠷᠭ᠎ᠠ ᠵᠢ ᠳᠠᠢ᠌ᠯᠪᠣᠷᠢᠯᠠᠬᠣ ᠡᠷᠬᠡ ᠨᠢ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ ᠳᠤ ᠬᠠᠷᠢᠶᠠᠯᠠᠭᠳᠠᠨ᠎ᠠ ᠃
ᠭᠣᠴᠢᠨ ᠳᠣᠯᠣᠳᠣᠭ᠋ᠠᠷ ᠵᠣᠷᠪᠣᠰ ᠳᠣᠰ ᠠᠷᠭ᠎ᠠ ᠵᠢ ᠳᠠᠷᠣᠮᠠᠯᠠᠨ ᠳᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠬᠦᠯᠦᠨ᠎ᠡ᠃ ᠡᠭᠦᠨ᠎ᠤ ᠵᠡᠷᠭᠡ᠎ᠪᠡᠷ᠂ ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ 《 〈ᠪᠦᠬᠦ ᠣᠯᠣᠰ᠎ᠤᠨ ᠴᠦᠬᠡᠨ ᠳᠣᠭ᠋ᠠᠳᠣ ᠦᠨᠳᠦᠰᠦᠳᠡᠨ᠎ᠤ ᠣᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠣᠷᠣᠯᠳᠣᠭ᠋ᠠᠨ ᠤ ᠳᠦᠷᠦᠯ ᠵᠦᠢ᠍ᠯ᠎ᠤᠨ ᠰᠡᠳᠤᠪ ᠳᠣᠭᠳᠠᠭ᠋ᠠᠯᠳᠠ ᠵᠢᠨ ᠳᠦᠷ ᠬᠡᠷᠡᠭᠵᠢᠬᠦᠯᠬᠦ ᠲᠣᠭᠲᠠᠭ᠋ᠠᠯ 〉 ᠢ ᠳᠠᠷᠤᠮᠠᠯᠯᠠᠨ ᠳᠠᠷᠬᠠᠭ᠋ᠠᠬᠣ ᠳᠣᠬᠠᠢ ᠮᠡᠳᠡᠭᠳᠡᠯ》 (ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠎ᠠᠴᠠ ᠳᠠᠷᠬᠠᠭ᠋ᠠᠭᠰᠠᠠ 【2004】174 ᠳ᠋ᠤᠭ᠋ᠠᠷ ᠳᠣᠭ᠋ᠠᠳᠣ ᠪᠢᠴᠢᠭ ᠮᠠᠲᠸᠷᠢᠶᠠᠯ) 《ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ ᠠᠴᠠ 〈ᠪᠦᠬᠦᠳᠠ ᠨᠠᠢ᠌ᠷᠠᠮᠳᠠᠬᠣ ᠳᠣᠮᠳᠠᠳᠣ ᠠᠷᠠᠳ ᠣᠯᠣᠰ᠎ᠤᠨ ᠴᠦᠬᠡᠨ ᠳᠣᠭ᠋ᠠᠳᠣ ᠦᠨᠳᠦᠰᠦᠳᠡᠨ᠎ᠤ ᠣᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ ᠢ ᠭᠣᠶᠣᠴᠢᠯᠠᠨ ᠡᠷᠬᠢᠯᠡᠬᠦ ᠠᠷᠭ᠎ᠠ 〉 (ᠳᠣᠷᠰᠢᠨ ᠬᠡᠷᠡᠭᠯᠡᠬᠦ) ᠵᠢ ᠲᠠᠷᠤᠮᠠᠯᠯᠠᠨ ᠳᠠᠷᠬᠠᠭ᠋ᠠᠬᠣ ᠳᠣᠬᠠᠢ ᠮᠡᠳᠡᠭᠳᠡᠯ》 (ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ ᠠᠴᠠ ᠳᠠᠷᠬᠠᠭ᠋ᠠᠭᠰᠠᠠ【2010】14 ᠳ᠋ᠤᠭ᠋ᠠᠷ ᠳᠣᠭ᠋ᠠᠳᠣ ᠪᠢᠴᠢᠭ ᠮᠠᠲᠸᠷᠢᠶᠠᠯ)᠂ 《ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠂ ᠣᠯᠣᠰ᠎ᠤᠨ ᠪᠡᠶ᠎ᠡ ᠵᠢᠨ ᠳᠠᠮᠢᠷ᠎ᠤᠨ ᠶᠡᠷᠦᠩᠬᠡᠢ ᠳᠣᠪᠴᠢᠶ᠎ᠠ ᠠᠴᠠ 〈ᠪᠦᠬᠦᠳᠠ ᠨᠠᠢ᠌ᠷᠠᠮᠳᠠᠬᠣ ᠳᠣᠮᠳᠠᠳᠣ ᠠᠷᠠᠳ ᠣᠯᠣᠰ᠎ᠤᠨ ᠴᠦᠬᠡᠨ ᠳᠣᠭ᠋ᠠᠳᠣ ᠦᠨᠳᠦᠰᠦᠳᠡᠨ᠎ᠤ ᠣᠯᠠᠮᠵᠢᠯᠠᠯᠳᠣ ᠪᠡᠶ᠎ᠡ ᠵᠢᠨ ᠳᠠᠮᠢᠷ᠎ᠤᠨ ᠴᠣᠭᠯᠠᠭ᠋ᠠᠨ ᠤ ᠳᠠᠮᠢᠷᠴᠢᠨ ᠳᠠᠩᠰᠠᠯᠠᠯᠳᠠ ᠪᠣᠯᠣᠨ ᠰᠣᠯᠢᠯᠴᠠᠭ᠋ᠠᠨ᠎ᠤ ᠬᠠᠮᠢᠶᠠᠷᠣᠯᠳᠠ ᠵᠢᠨ ᠠᠷᠭ᠎ᠠ 〉 (ᠳᠣᠷᠰᠢᠨ ᠬᠡᠷᠡᠭᠯᠡᠬᠦ) ᠵᠢ ᠳᠠᠷᠣᠮᠠᠯᠯᠠᠨ ᠳᠠᠷᠬᠠᠭ᠋ᠠᠬᠣ ᠳᠣᠬᠠᠢ ᠮᠡᠳᠡᠭᠳᠡᠯ》 (ᠣᠯᠣᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠎ᠠᠴᠠ ᠳᠠᠷᠬᠠᠭ᠋ᠠᠭᠰᠠᠠ【2010】199 ᠳ᠋ᠤᠭ᠋ᠠᠷ ᠳᠣᠭ᠋ᠠᠳᠣ ᠪᠢᠴᠢᠭ ᠮᠠᠲᠸᠷᠢᠶᠠᠯ) ᠢ ᠬᠦᠴᠦᠨ ᠦᠬᠡᠢ ᠪᠣᠯᠭ᠋ᠠᠨ᠎ᠠ᠃