ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠣᠷᠪᠣᠰ ᠤᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢ ᠠᠬᠢᠭᠤᠯᠵᠦ᠂ ᠤᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠬᠦᠭᠡᠷᠦᠮᠵᠢ ᠵᠢᠨ ᠬᠠᠮᠢᠶᠠᠷᠤᠯᠳᠠ ᠪᠤᠯᠤᠨ ᠬᠠᠮᠠᠭ᠋ᠠᠯᠠᠯᠳᠠ ᠵᠢ ᠴᠢᠩᠭ᠋ᠠᠳᠬᠠᠵᠦ᠂ ᠤᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠴᠢᠳᠠᠪᠬᠢ ᠵᠢ ᠬᠦᠢ᠍ᠴᠡᠳ ᠪᠠᠳᠠᠷᠠᠭᠤᠯᠵᠦ᠂ ᠰᠤᠶᠤᠯ ᠪᠡᠶ᠎ᠡ ᠵᠢᠨ ᠲᠠᠮᠢᠷ᠎ᠤᠨ ᠦᠢ᠍ᠯᠡᠰ᠎ᠢ ᠬᠦᠭᠵᠢᠭᠦᠯᠦᠨ ᠠᠷᠠᠳ ᠤᠯᠠᠨ᠎ᠤ ᠰᠣᠶᠣᠯ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠦᠨᠳᠦᠰᠦᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢᠨ ᠲᠦᠯᠦᠭᠡ ᠲᠤᠰ ᠲᠦᠷᠢᠮ᠎ᠢ ᠲᠤᠭᠳᠠᠭ᠋ᠠᠪᠠ᠃
ᠬᠤᠶᠠᠳᠤᠭ᠋ᠠᠷ ᠵᠣᠷᠪᠣᠰ ᠲᠤᠰ ᠲᠦᠷᠢᠮ᠎ᠳᠤ ᠵᠢᠭ᠋ᠠᠵᠣ ᠪᠠᠢ᠌ᠭ᠎ᠠ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠭᠡᠳᠡᠭ᠎ᠨᠢ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠪᠤᠶᠤ ᠨᠡᠢ᠌ᠭᠡᠮ᠎ᠤᠨ ᠬᠦᠴᠦᠨ᠎ᠠᠴᠠ ᠡᠷᠬᠢᠯᠡᠭᠰᠡᠨ ᠤᠯᠠᠨ ᠲᠦᠮᠡᠨ᠎ᠳᠤ ᠨᠡᠭᠡᠭᠡᠯᠲᠡᠢ ᠬᠡᠷᠡᠭᠯᠡᠭᠦᠯᠬᠦ᠎ᠪᠠᠷ ᠰᠣᠶᠤᠯ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠢ ᠦᠷᠨᠢᠭᠦᠯᠬᠦ ᠨᠡᠢ᠌ᠳᠡ ᠵᠢᠨ ᠠᠰᠠᠷᠠᠮᠵᠢ ᠵᠢᠨ ᠴᠢᠨᠠᠷᠳᠠᠢ ᠨᠤᠮ᠎ᠤᠨ ᠰᠠᠩ᠂ ᠮᠦᠽᠸᠢ᠂ ᠲᠤᠷᠠᠰᠬᠠᠯ᠎ᠤᠨ ᠣᠷᠳᠤᠨ᠂ ᠤᠷᠠᠨ ᠵᠢᠷᠤᠭ᠎ᠤᠨ ᠤᠷᠳᠤᠨ᠂ ᠰᠤᠶᠤᠯ᠎ᠤᠨ ᠤᠷᠳᠤᠨ (ᠦᠷᠳᠡᠬᠡ ᠡ)᠂ ᠲᠠᠮᠢᠷ᠎ᠤᠨ ᠳᠠᠯᠠᠪᠠᠢ(ᠤᠷᠳᠤᠨ)᠂ ᠵᠠᠯᠠᠭᠤᠴᠤᠳ ᠪᠠᠭ᠋ᠠᠴᠣᠳ᠎ᠤᠨ ᠤᠷᠳᠤᠨ᠂ ᠠᠵᠢᠯᠴᠢᠨ᠎ᠤᠨ ᠰᠤᠶᠤᠯ᠎ᠤᠨ ᠤᠷᠳᠤᠨ ᠵᠡᠷᠭᠡ ᠪᠠᠷᠢᠯᠭ᠎ᠠ᠂ ᠲᠠᠯᠠᠪᠠᠢ ᠪᠤᠯᠤᠨ ᠳᠣᠨᠣᠭ ᠲᠦᠭᠦᠭᠡᠷᠦᠮᠵᠢ ᠪᠤᠯᠤᠨ᠎ᠠ᠃ ᠲᠤᠰ ᠲᠦᠷᠢᠮ᠎ᠳᠤ ᠵᠢᠭ᠋ᠠᠵᠦ ᠪᠠᠢ᠌ᠭ᠎ᠠ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠤᠯᠠᠨ ᠨᠡᠢ᠌ᠳᠡ ᠵᠢᠨ ᠰᠣᠶᠣᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠵᠠᠰᠠᠵᠦ ᠬᠠᠮᠠᠭ᠋ᠠᠯᠠᠬᠤ ᠵᠢ ᠬᠠᠷᠢᠭᠤᠴᠠᠵᠦ᠂ ᠤᠯᠠᠨ ᠲᠦᠮᠡᠨ᠎ᠤ ᠰᠤᠶᠤᠯ ᠪᠡᠶ᠎ᠡ ᠵᠢᠨ ᠲᠠᠮᠢᠷ᠎ᠤᠨ ᠬᠦᠳᠡᠯᠭᠡᠭᠡᠨ ᠦᠷᠨᠢᠭᠦᠯᠬᠦ᠎ᠳᠤ ᠦᠢ᠍ᠯᠡᠴᠢᠯᠡᠭᠡ ᠬᠠᠩᠭ᠋ᠠᠬᠤ ᠤᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠪᠠᠢ᠌ᠭᠤᠯᠤᠮᠵᠢ ᠪᠤᠯᠤᠨ᠎ᠠ᠃
ᠭᠤᠷᠪᠠᠳᠤᠭ᠋ᠠᠷ ᠵᠣᠷᠪᠣᠰ ᠤᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠡᠷᠭᠡᠪᠰᠢ ᠠᠷᠠᠳ ᠲᠦᠮᠡᠨ᠎ᠳᠤ ᠦᠢ᠍ᠯᠡᠴᠢᠯᠡᠬᠦ᠂ ᠨᠡᠢ᠌ᠭᠡᠮ ᠵᠢᠷᠤᠮ᠎ᠤᠨ ᠦᠵᠡᠯ᠎ᠳᠤ ᠦᠢ᠍ᠯᠡᠴᠢᠯᠡᠬᠦ ᠴᠢᠭᠯᠡᠯ᠎ᠢ ᠪᠠᠷᠢᠮᠲᠠᠯᠠᠵᠦ᠂ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠬᠦᠢ᠍ᠴᠡᠳ ᠠᠰᠢᠭᠯᠠᠨ᠂ ᠦᠨᠳᠦᠰᠦᠳᠡᠨ᠎ᠤ ᠬᠡᠪ ᠰᠣᠷᠳᠠᠯ᠎ᠢ ᠲᠡᠭᠡᠭᠰᠢᠯᠡᠭᠦᠯᠬᠦ᠎ᠳᠤ ᠠᠰᠢᠭᠳᠠᠢ᠂ ᠠᠵᠦ ᠠᠬᠤᠢ ᠵᠢᠨ ᠬᠦᠭᠵᠢᠯᠳᠡ ᠪᠤᠯᠤᠨ ᠨᠡᠢ᠌ᠭᠡᠮ᠎ᠤᠨ ᠬᠦᠭᠵᠢᠯᠳᠡ᠎ᠳᠤ ᠠᠰᠢᠭᠲᠠᠢ ᠰᠢᠨᠵᠢᠯᠡᠬᠦ ᠤᠬᠠᠭ᠋ᠠᠨ᠎ᠤ ᠮᠡᠷᠭᠡᠵᠢᠯ ᠪᠠ ᠰᠣᠶᠣᠯ᠎ᠤᠨ ᠮᠡᠳᠡᠯᠭᠡ ᠵᠢ ᠤᠯᠠᠮᠵᠢᠯᠠᠨ᠂ ᠡᠷᠡᠭᠦᠯ᠂ ᠪᠤᠯᠪᠠᠰᠤᠨ ᠰᠤᠶᠤᠯ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠢ ᠡᠷᠬᠢᠯᠡᠬᠦ ᠬᠡᠷᠡᠭᠳᠡᠢ᠃ ᠶᠠᠮᠠᠷᠪᠠ ᠪᠠᠢ᠌ᠭᠤᠯᠭ᠎ᠠ ᠪᠤᠯᠤᠨ ᠬᠤᠪᠢ ᠬᠦᠮᠦᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠠᠰᠢᠭᠯᠠᠨ ᠣᠯᠠᠨ ᠨᠡᠢ᠌ᠳᠡ ᠵᠢᠨ ᠠᠰᠢᠭ ᠲᠤᠰᠠ᠎ᠳᠤ ᠬᠤᠤᠷ ᠬᠦᠨᠦᠭᠡᠯ ᠤᠴᠠᠷᠠᠭᠤᠯᠬᠤ ᠠᠵᠢᠯᠯᠠᠭ᠎ᠠ ᠬᠢᠵᠦ ᠪᠤᠯᠬᠤ ᠦᠭᠡᠢ᠃
ᠲᠦᠷᠪᠡᠳᠦᠭᠡᠷ ᠵᠣᠷᠪᠣᠰ ᠤᠯᠤᠰ᠎ᠠᠴᠠ ᠲᠦᠯᠦᠪᠯᠡᠭᠡ᠎ᠲᠠᠢ᠎ᠪᠠᠷ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠪᠦᠳᠦᠭᠡᠨ ᠪᠠᠢ᠌ᠭᠤᠯᠤᠨ᠎ᠠ᠃ ᠴᠦᠭᠡᠨ ᠲᠤᠭ᠋ᠠᠳᠤ ᠦᠨᠳᠦᠰᠦᠳᠡᠨ᠎ᠤ ᠭᠠᠵᠠᠷ ᠤᠷᠤᠨ᠂ ᠬᠢᠯᠢ ᠬᠢᠵᠠᠭ᠋ᠠᠷ ᠶᠠᠳᠠᠭᠤ ᠬᠦᠴᠢᠷᠳᠡᠯᠳᠡᠢ ᠭᠠᠵᠠᠷ ᠤᠷᠤᠨ ᠪᠤᠯᠤᠨ ᠬᠦᠳᠡᠭᠡ ᠲᠤᠰᠬᠤᠨ᠎ᠤ ᠭᠠᠵᠠᠷ ᠤᠷᠤᠨ᠎ᠳᠤ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠪᠦᠳᠦᠭᠡᠨ ᠪᠠᠢ᠌ᠭᠤᠯᠬᠤ᠎ᠳᠤ ᠲᠡᠮᠵᠢᠯᠭᠡ ᠦᠵᠡᠭᠦᠯᠦᠨ᠎ᠡ᠃
ᠲᠠᠪᠤᠳᠤᠭ᠋ᠠᠷ ᠵᠣᠷᠪᠣᠰ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠡᠷᠬᠢᠯᠡᠭᠰᠡᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠬᠤ᠂ ᠵᠠᠰᠠᠵᠦ ᠰᠡᠯᠪᠢᠬᠦ᠂ ᠬᠠᠮᠢᠶᠠᠷᠬᠤ ᠪᠡᠯᠡ ᠮᠦᠩᠭᠦ ᠵᠢ ᠲᠤᠰ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠦᠨᠳᠦᠰᠦᠨ ᠪᠦᠳᠦᠭᠡᠨ ᠪᠠᠢ᠌ᠭᠤᠯᠤᠯᠳᠠ ᠵᠢᠨ ᠪᠡᠯᠡ ᠤᠷᠤᠭᠤᠯᠤᠯᠳᠠ ᠪᠤᠯᠤᠨ ᠡᠳ᠋᠎ᠤᠨ ᠵᠠᠰᠠᠭ᠎ᠤᠨ ᠲᠦᠰᠦᠪ᠎ᠲᠤ ᠤᠷᠤᠭᠤᠯᠬᠤ ᠬᠡᠷᠡᠭᠳᠡᠢ᠃
ᠵᠢᠷᠭᠤᠳᠤᠭ᠋ᠠᠷ ᠵᠣᠷᠪᠣᠰ ᠤᠯᠤᠰ᠎ᠠᠴᠠ ᠠᠵᠦ ᠠᠬᠤᠢ᠌ᠯᠠᠯ᠂ ᠠᠵᠢᠯ ᠦᠢ᠍ᠯᠡᠰ᠎ᠤᠨ ᠪᠠᠢ᠌ᠭᠤᠯᠭ᠎ᠠ᠂ ᠨᠡᠢ᠌ᠭᠡᠮ᠎ᠤᠨ ᠪᠦᠯᠬᠦᠮ ᠪᠤᠯᠤᠨ ᠬᠤᠪᠢ ᠬᠦᠮᠦᠨ ᠵᠡᠷᠭᠡ ᠨᠡᠢ᠌ᠭᠡᠮ᠎ᠤᠨ ᠬᠦᠴᠦᠨ᠎ᠢ ᠵᠤᠷᠢᠭᠵᠢᠭᠤᠯᠤᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠡᠷᠬᠢᠯᠡᠨ ᠪᠠᠢ᠌ᠭᠤᠯᠤᠨ᠎ᠠ᠃ ᠤᠯᠤᠰ᠎ᠠᠴᠠ ᠰᠠᠢ᠌ᠨ ᠲᠤᠷ᠎ᠠ ᠵᠢᠨ ᠪᠡᠯᠡᠭᠯᠡᠨ ᠬᠦᠷᠭᠡᠬᠦ ᠵᠡᠷᠭᠡ ᠠᠷᠭ᠎ᠠ ᠬᠡᠯᠪᠡᠷᠢ᠎ᠪᠠᠷ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠨᠡᠢ᠌ᠭᠡᠮ᠎ᠤᠨ ᠰᠠᠭᠤᠷᠢ ᠮᠦᠩᠭᠦ ᠪᠤᠰᠬᠠᠬᠤ ᠵᠢ ᠵᠤᠷᠢᠭᠵᠢᠭᠤᠯᠤᠨ᠎ᠠ᠂ ᠮᠦᠨ ᠬᠠᠦᠯᠢ ᠶᠤᠰᠤᠭ᠋ᠠᠷ ᠠᠷᠠᠳ᠎ᠤᠨ ᠵᠠᠰᠠᠭ᠎ᠤᠨ ᠤᠷᠳᠤᠨ᠂ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠪᠤᠯᠤᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠳᠤ ᠡᠳ᠋ ᠬᠦᠷᠦᠩᠭᠡ ᠪᠡᠯᠡᠭᠯᠡᠨ ᠬᠦᠷᠭᠡᠭᠦ ᠵᠢ ᠵᠤᠷᠢᠭᠵᠢᠭᠤᠯᠤᠨ᠎ᠠ᠃ ᠪᠡᠯᠡᠭᠯᠡᠨ ᠭᠦᠷᠭᠡᠭᠴᠢ᠎ᠨᠢ ᠭᠠᠢ᠌ᠯᠢ ᠵᠢᠨ ᠬᠠᠦᠯᠢ ᠵᠢᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠬᠠᠷᠠᠭ᠋ᠠᠯᠵᠠᠯ ᠬᠦᠷᠳᠡᠵᠦ ᠪᠤᠯᠤᠨ᠎ᠠ᠃ ᠤᠯᠤᠰ᠎ᠠᠴᠠ ᠠᠯᠪᠠᠨ ᠪᠠᠢ᠌ᠭᠤᠯᠭ᠎ᠠ᠂ ᠰᠤᠷᠭ᠋ᠠᠭᠤᠯᠢ ᠵᠡᠷᠭᠡ ᠪᠠᠢ᠌ᠭᠤᠯᠭ᠎ᠠ ᠵᠢᠨ ᠲᠤᠳᠤᠭ᠋ᠠᠳᠦ᠎ᠳᠠᠬᠢ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠭᠠᠳᠠᠭᠰᠢ ᠤᠯᠠᠨ ᠲᠦᠮᠡᠨ᠎ᠳᠤ ᠨᠡᠭᠡᠯᠳᠡᠳᠡᠢ ᠪᠠᠢ᠌ᠯᠭ᠋ᠠᠬᠤ ᠵᠢ ᠵᠤᠷᠢᠭᠵᠢᠭᠤᠯᠤᠨ᠎ᠠ᠃
ᠲᠤᠯᠤᠳᠤᠭ᠋ᠠᠷ ᠵᠣᠷᠪᠣᠰ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠶᠤᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ ᠪᠠ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠠᠴᠠ ᠲᠦᠷᠦ ᠵᠢᠨ ᠶᠠᠪᠤᠳᠠᠯ ᠤᠨ ᠬᠤᠷᠢᠶᠠᠨ᠎ᠤ ᠲᠤᠭᠳᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢᠨ ᠲᠠᠭ᠋ᠠᠦ ᠪᠦᠬᠦ ᠤᠯᠤᠰ᠎ᠤᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ ᠤᠨ ᠲᠦᠭᠦᠭᠡᠷᠦᠮᠵᠢ ᠵᠢᠨ ᠬᠢᠨᠠᠨ ᠬᠠᠮᠢᠶᠠᠷᠤᠯᠳᠠ ᠵᠢ ᠬᠠᠷᠢᠭᠤᠴᠠᠨ᠎ᠠ᠃
ᠨᠠᠢ᠍ᠮᠠᠳᠤᠭ᠋ᠠᠷ ᠵᠣᠷᠪᠣᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ᠂ ᠬᠠᠮᠢᠶᠠᠷᠤᠯᠳᠠ ᠪᠠ ᠬᠠᠮᠠᠭ᠋ᠠᠯᠠᠯᠳᠠ ᠵᠢᠨ ᠠᠵᠢᠯ ᠲᠡᠭᠡᠷ᠎ᠡ ᠲᠤᠪᠤᠢ᠌ᠮ᠎ᠠ ᠬᠤᠪᠢ ᠨᠡᠮᠡᠷᠢ ᠦᠵᠡᠭᠦᠯᠦᠭᠰᠡᠨ ᠪᠠᠢ᠌ᠭᠤᠯᠭ᠎ᠠ ᠪᠤᠯᠤᠨ ᠬᠤᠪᠢ ᠬᠦᠮᠦᠨ᠎ᠢ ᠰᠢᠶᠠᠨ᠎ᠤ ᠱᠠᠳᠣᠨ᠎ᠠᠴᠠ ᠲᠡᠭᠡᠭᠰᠢᠬᠢ ᠭᠠᠵᠠᠷ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠱᠠᠩᠨᠠᠨ ᠬᠦᠬᠢᠭᠦᠯᠦᠨ᠎ᠡ᠃
ᠬᠤᠶᠠᠳᠤᠭ᠋ᠠᠷ ᠪᠦᠯᠦᠭ ᠲᠦᠯᠦᠪᠵᠢᠭᠦᠯᠬᠡ ᠪᠤᠯᠤᠨ ᠪᠦᠳᠦᠭᠡᠨ ᠪᠠᠢ᠌ᠭᠤᠯᠤᠯᠳᠠ
ᠶᠢᠰᠦᠳᠤᠭᠡᠷ ᠵᠣᠷᠪᠣᠰ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠦᠭᠵᠢᠯᠳᠡ ᠦᠭᠡᠷᠡᠴᠢᠯᠡᠯᠳᠡ ᠵᠢᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ ᠪᠤᠯᠤᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠲᠠᠢ ᠬᠠᠮᠳᠤᠷᠠᠵᠦ ᠪᠠᠢ᠌ᠭ᠋ᠠᠳ᠂ ᠪᠦᠬᠦ ᠤᠯᠤᠰ᠎ᠤᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢ ᠤᠯᠤᠰ ᠠᠷᠠᠳ᠎ᠤᠨ ᠠᠵᠦ ᠠᠬᠤᠢ ᠪᠠ ᠨᠡᠢ᠌ᠭᠡᠮ᠎ᠤᠨ ᠬᠦᠭᠵᠢᠯᠳᠡ ᠵᠢᠨ ᠲᠦᠯᠦᠪᠯᠡᠭᠡᠡᠳᠤ ᠤᠷᠤᠭᠤᠯᠪᠠᠯ ᠵᠤᠬᠢᠨ᠎ᠠ᠃ ᠰᠢᠶᠠᠨ᠎ᠤ ᠱᠠᠳᠣᠨ᠎ᠠᠴᠠ ᠲᠡᠭᠡᠭᠰᠢᠬᠢ ᠭᠠᠵᠠᠷ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠤᠰ ᠵᠠᠰᠠᠭ ᠵᠠᠬᠢᠷᠭ᠋ᠠᠨ᠎ᠤ ᠤᠷᠤᠨ ᠨᠤᠳᠤᠭ᠎ᠤᠨ ᠵᠶ᠋ᠠᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢ ᠲᠤᠰ ᠭᠠᠵᠠᠷ᠎ᠤᠨ ᠵᠶ᠋ᠠᠨ ᠤᠯᠤᠰ ᠠᠷᠠᠳ᠎ᠤᠨ ᠠᠵᠦ ᠠᠬᠤᠢ ᠪᠤᠯᠤᠨ ᠨᠡᠢ᠌ᠭᠡᠮ᠎ᠤᠨ ᠬᠦᠭᠵᠢᠯᠳᠡ ᠵᠢᠨ ᠲᠦᠯᠦᠪᠯᠡᠭᠡᠨ᠎ᠳᠤ ᠤᠷᠤᠭᠤᠯᠪᠠᠯ ᠵᠤᠬᠢᠨ᠎ᠠ᠃
ᠠᠷᠪᠠᠳᠤᠭ᠋ᠠᠷ ᠵᠣᠷᠪᠣᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠲᠤᠭ᠎ᠠ ᠬᠡᠮᠵᠢᠶ᠎ᠡ᠂ ᠲᠦᠷᠦᠯ ᠵᠦᠢ᠍ᠯ᠂ ᠬᠦᠷᠢᠶ᠎ᠡ ᠬᠡᠪᠴᠢᠶ᠎ᠡ ᠪᠤᠯᠤᠨ ᠪᠠᠢ᠌ᠷᠢᠯᠠᠭᠤᠯᠤᠯᠳᠠ᠎ᠨᠢ ᠤᠯᠤᠰ ᠠᠷᠠᠳ᠎ᠤᠨ ᠠᠵᠦ ᠠᠬᠤᠢ ᠪᠤᠯᠤᠨ ᠨᠡᠢ᠌ᠭᠡᠮ᠎ᠤᠨ ᠬᠦᠭᠵᠢᠯᠳᠡ ᠵᠢᠨ ᠬᠢᠷᠢ ᠲᠦᠪᠰᠢᠨ᠂ ᠬᠦᠮᠦᠨ ᠠᠮᠠ ᠵᠢᠨ ᠪᠦᠳᠦᠴᠡ᠂ ᠤᠷᠴᠢᠨ ᠲᠤᠭᠤᠷᠢᠨ᠎ᠤ ᠨᠦᠭᠦᠴᠡᠯ ᠪᠠᠢ᠌ᠳᠠᠯ ᠵᠢᠴᠢ ᠰᠤᠶᠤᠯ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠦᠭᠵᠢᠯᠳᠡ ᠵᠢᠨ ᠬᠡᠷᠡᠭᠴᠡᠭᠡ ᠵᠢ ᠦᠨᠳᠦᠰᠦᠯᠡᠨ ᠨᠢᠭᠡᠳᠦᠯᠲᠡᠢ ᠲᠦᠯᠦᠪᠯᠡᠵᠦ ᠨᠡᠢ᠌ᠳᠡ᠎ᠳᠤᠨᠢ ᠬᠠᠷᠠᠭ᠋ᠠᠯᠵᠠᠵᠦ᠂ ᠰᠢᠯᠢᠳᠡᠭᠵᠢᠭᠦᠯᠦᠨ ᠲᠤᠬᠢᠷᠠᠭᠤᠯᠤᠯᠳᠠ ᠬᠢᠵᠦ᠂ ᠤᠯᠤᠰ᠎ᠤᠨ ᠬᠤᠳᠠ ᠬᠦᠳᠡᠭᠡ ᠵᠢᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠭᠠᠵᠠᠷ ᠡᠵᠡᠯᠡᠬᠦ ᠨᠤᠷᠮ᠎ᠠ ᠵᠢᠨ ᠬᠦᠢ᠍ᠴᠡᠳᠬᠡᠬᠦ ᠪᠠᠷᠢᠮᠵᠢᠶᠡᠠᠤ ᠲᠤᠭᠳᠠᠭ᠋ᠠᠯ᠎ᠳᠤ ᠨᠡᠢ᠌ᠴᠡᠬᠦ ᠬᠡᠷᠡᠭᠳᠡᠢ᠃ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠭᠠᠵᠠᠷ ᠡᠵᠡᠯᠡᠬᠦ ᠨᠤᠷᠮ᠎ᠠ ᠵᠢᠨ ᠬᠦᠢ᠍ᠴᠡᠳᠬᠡᠬᠦ ᠪᠠᠷᠢᠮᠵᠢᠶ᠎ᠠ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠭᠠᠵᠠᠷ ᠰᠢᠷᠤᠢ ᠵᠢᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠪᠦᠳᠦᠭᠡᠨ ᠪᠠᠢ᠌ᠭᠤᠯᠤᠯᠳᠠ ᠵᠢᠨ ᠭᠤᠤᠯᠯᠠᠬᠤ ᠰᠠᠯᠠᠭ᠎ᠠ ᠮᠦᠴᠢᠷ᠎ᠠᠴᠠ ᠲᠤᠰ ᠲᠤᠰ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠶᠤᠯ᠎ᠤᠨ ᠭᠤᠤᠯᠯᠠᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠲᠠᠢ ᠬᠠᠮᠳᠤᠷᠠᠵᠦ ᠪᠠᠢ᠌ᠭ᠋ᠠᠳ ᠲᠤᠭᠳᠠᠭ᠋ᠠᠨ᠎ᠠ᠃
ᠠᠷᠪᠠᠨ ᠨᠢᠭᠡᠳᠦᠭᠡᠷ ᠵᠣᠷᠪᠣᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠬᠤ ᠭᠠᠵᠠᠷ᠎ᠢ ᠬᠦᠮᠦᠨ ᠠᠮᠠ ᠲᠦᠪᠯᠡᠷᠡᠭᠰᠡᠨ᠂ ᠵᠠᠮ ᠬᠠᠷᠢᠯᠴᠠᠭ᠎ᠠ ᠲᠦᠭᠦᠮ ᠵᠠᠷᠴᠢᠮ᠎ᠢ ᠦᠨᠳᠦᠰᠦᠯᠡᠨ ᠰᠤᠩᠭᠤᠨ᠎ᠠ᠃
ᠠᠷᠪᠠᠨ ᠬᠤᠶᠠᠳᠤᠭ᠋ᠠᠷ ᠵᠣᠷᠪᠣᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠵᠢᠷᠤᠭ ᠲᠦᠯᠦᠪᠯᠡᠭᠡ᠎ᠨᠢ ᠪᠤᠳᠠᠳᠠᠢ ᠬᠡᠷᠡᠭᠯᠡᠭᠡᠳᠡᠢ᠂ ᠠᠮᠤᠷ ᠲᠦᠪᠰᠢᠨ᠂ ᠰᠢᠨᠵᠢᠯᠡᠬᠦ ᠤᠬᠠᠭ᠋ᠠᠨᠴᠢ᠂ ᠦᠩᠭᠡ ᠦᠵᠡᠮᠵᠢᠳᠡᠢ ᠵᠡᠷᠭᠡ ᠱᠠᠭ᠋ᠠᠷᠳᠠᠯᠭ᠎ᠠ᠎ᠲᠠᠢ ᠨᠡᠢ᠌ᠴᠡᠵᠦ᠂ ᠰᠠᠭ᠋ᠠᠳ ᠦᠭᠡᠢ ᠠᠷᠭ᠎ᠠ ᠬᠡᠮᠵᠢᠶ᠎ᠡ ᠠᠪᠴᠦ ᠵᠡᠮᠳᠡᠭᠴᠤᠳ᠎ᠤᠨ ᠬᠡᠷᠡᠭᠯᠡᠬᠦ᠎ᠳᠤ ᠲᠦᠭᠦᠮ ᠦᠵᠡᠭᠦᠯᠬᠦ ᠬᠡᠷᠡᠭᠳᠡᠢ᠃ ᠪᠤᠳᠠᠳᠠᠢ ᠵᠢᠷᠤᠭ ᠲᠦᠯᠦᠪᠯᠡᠭᠡᠨ᠎ᠤ ᠬᠦᠷᠢᠶ᠎ᠡ ᠬᠡᠪᠴᠢᠶ᠎ᠡ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠦᠳᠦᠭᠡᠨ ᠪᠠᠢ᠌ᠭᠤᠯᠤᠯᠳᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠶᠤᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠲᠠᠢ ᠬᠠᠮᠳᠤᠷᠠᠵᠦ ᠲᠤᠭᠳᠠᠭ᠋ᠠᠨ᠎ᠠ᠃
ᠠᠷᠪᠠᠨ ᠭᠤᠷᠪᠠᠳᠤᠭ᠋ᠠᠷ ᠵᠣᠷᠪᠣᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠬᠤ᠎ᠳᠤ ᠬᠡᠷᠡᠭᠯᠡᠬᠦ ᠭᠠᠵᠠᠷ᠎ᠨᠢ ᠤᠯᠤᠰ᠎ᠤᠨ ᠦᠮᠴᠢᠯᠡᠯ᠎ᠲᠠᠢ ᠪᠤᠯ ᠬᠠᠦᠯᠢ ᠶᠤᠰᠤᠭ᠋ᠠᠷ ᠵᠦᠪᠰᠢᠶᠡᠷᠡᠭᠦᠯᠦᠭᠰᠡᠨ᠎ᠤ ᠲᠠᠷᠠᠭ᠎ᠠ ᠬᠤᠪᠢᠶᠠᠷᠢᠯᠠᠨ ᠦᠭᠭᠦ ᠬᠡᠯᠪᠡᠷᠢ᠎ᠪᠠᠷ ᠠᠪᠴᠦ ᠪᠤᠯᠤᠨ᠎ᠠ᠃
ᠠᠷᠪᠠᠨ ᠲᠦᠷᠪᠡᠳᠦᠭᠡᠷ ᠵᠣᠷᠪᠣᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠤᠷᠢᠳᠴᠢᠯᠠᠨ ᠦᠯᠡᠳᠡᠭᠡᠭᠰᠡᠨ ᠭᠠᠵᠠᠷ᠎ᠢ ᠰᠢᠶᠠᠨ᠎ᠤ ᠱᠠᠳᠣᠨ᠎ᠠᠴᠠ ᠲᠡᠭᠡᠭᠰᠢᠬᠢ ᠭᠠᠵᠠᠷ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠤᠢ ᠵᠢᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ ᠪᠤᠯᠤᠨ ᠬᠤᠳᠠ ᠬᠦᠳᠡᠭᠡ ᠵᠢᠨ ᠲᠦᠯᠦᠪᠵᠢᠭᠦᠯᠬᠡ ᠵᠢᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠠᠴᠠ ᠤᠯᠤᠰ᠎ᠤᠨ ᠭᠠᠵᠠᠷ ᠡᠵᠡᠯᠡᠬᠦ ᠬᠤᠯᠪᠤᠭᠳᠠᠯ ᠪᠦᠬᠦᠢ ᠬᠦᠢ᠍ᠴᠡᠳᠬᠡᠬᠦ ᠨᠤᠷᠮ᠎ᠠ ᠵᠢᠨ ᠶᠤᠰᠤᠭ᠋ᠠᠷ ᠭᠠᠵᠠᠷ ᠰᠢᠷᠤᠢ ᠠᠰᠢᠭᠯᠠᠬᠤ ᠶᠡᠷᠦᠩᠬᠡᠢ ᠲᠦᠯᠦᠪᠯᠡᠭᠡ ᠪᠤᠯᠤᠨ ᠬᠤᠳᠠ ᠬᠦᠳᠡᠭᠡ ᠵᠢᠨ ᠲᠦᠯᠦᠪᠵᠢᠭᠦᠯᠭᠡ᠎ᠳᠤ ᠤᠷᠤᠭᠤᠯᠵᠦ᠂ ᠬᠠᠦᠯᠢ ᠵᠢᠨ ᠶᠠᠪᠤᠴᠠ ᠶᠤᠰᠤᠭ᠋ᠠᠷ ᠵᠦᠪᠰᠢᠶᠡᠷᠡᠭᠦᠯᠦᠨ᠎ᠡ᠃ ᠶᠠᠮᠠᠷᠪᠠ ᠪᠠᠢ᠌ᠭᠤᠯᠭ᠎ᠠ ᠪᠤᠯᠤᠨ ᠬᠤᠪᠢ ᠬᠦᠮᠦᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠤᠷᠢᠳᠴᠢᠯᠠᠨ ᠦᠯᠡᠳᠡᠭᠡᠭᠰᠡᠨ ᠭᠠᠵᠠᠷ᠎ᠢ ᠪᠤᠯᠢᠶᠠᠨ ᠡᠵᠡᠯᠡᠬᠦ ᠪᠤᠶᠤ ᠬᠡᠷᠡᠭᠴᠡᠭᠡ ᠦᠢ᠍ᠯᠡᠳᠦᠯ᠎ᠢ᠎ᠨᠢ ᠬᠤᠪᠢᠷᠠᠭᠤᠯᠵᠦ ᠪᠤᠯᠬᠤ ᠦᠭᠡᠢ᠃ ᠬᠡᠷᠪᠡ ᠤᠨᠴᠠᠭ᠋ᠠᠢ ᠪᠠᠢ᠌ᠳᠠᠯ ᠲᠤᠤᠷ᠎ᠠ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠤᠷᠢᠳᠴᠢᠯᠠᠨ ᠦᠯᠡᠳᠡᠭᠡᠭᠰᠡᠨ ᠭᠠᠵᠠᠷ᠎ᠢ ᠲᠤᠬᠢᠷᠠᠭᠤᠯᠬᠤ ᠭᠡᠷᠡᠭᠳᠡᠢ ᠪᠤᠯ ᠬᠠᠦᠯᠢ ᠶᠤᠰᠤᠭ᠋ᠠᠷ ᠬᠤᠳᠠ ᠬᠦᠳᠡᠭᠡ ᠵᠢᠨ ᠲᠦᠯᠦᠪᠵᠢᠭᠦᠯᠭᠡ ᠵᠢ ᠲᠤᠬᠢᠷᠠᠭᠤᠯᠵᠦ᠂ ᠡᠮᠦᠨᠡᠬᠢ ᠵᠦᠢ᠍ᠯ᠎ᠳᠤ ᠲᠤᠭᠳᠠᠭ᠋ᠠᠭᠰᠠᠨ ᠶᠤᠰᠤᠭ᠋ᠠᠷ ᠪᠦᠳᠦᠭᠡᠨ ᠪᠠᠢ᠌ᠭᠤᠯᠤᠯᠳᠠ ᠵᠢᠨ ᠤᠷᠢᠳᠴᠢᠯᠠᠨ ᠦᠯᠡᠳᠡᠭᠡᠭᠰᠡᠨ ᠭᠠᠵᠠᠷ᠎ᠢ ᠲᠠᠬᠢᠨ ᠲᠤᠭᠳᠠᠭ᠋ᠠᠨ᠎ᠠ᠃ ᠲᠠᠬᠢᠨ ᠲᠤᠭᠳᠠᠭ᠋ᠠᠭᠰᠠᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠤᠷᠢᠳᠴᠢᠯᠠᠨ ᠦᠯᠡᠳᠡᠭᠡᠭᠰᠡᠨ ᠭᠠᠵᠠᠷ᠎ᠨᠢ ᠣᠭᠤᠨ ᠲᠠᠯᠠᠪᠠᠢ᠎ᠠᠴᠠ ᠪᠠᠭ᠎ᠠ ᠪᠠᠢ᠌ᠵᠦ ᠪᠤᠯᠬᠤ ᠦᠬᠡᠢ᠃
ᠠᠷᠪᠠᠨ ᠲᠠᠪᠤᠳᠤᠭ᠋ᠠᠷ ᠵᠤᠷᠪᠤᠰ ᠰᠢᠨ᠎ᠡ᠎ᠪᠠᠷ ᠪᠠᠢ᠌ᠭᠤᠯᠤᠭᠰᠠᠨ᠂ ᠦᠭᠡᠷᠡᠴᠢᠯᠡᠨ ᠪᠠᠢ᠌ᠭᠤᠯᠤᠭᠰᠠᠨ᠂ ᠦᠷᠭᠡᠳᠭᠡᠨ ᠪᠠᠢ᠌ᠭᠤᠯᠤᠭᠰᠠᠨ ᠰᠠᠭᠤᠭ᠋ᠠᠯᠢ ᠠᠷᠠᠳ᠎ᠤᠨ ᠲᠤᠭᠤᠷᠢᠭ᠎ᠨᠢ ᠤᠯᠤᠰ᠎ᠤᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠤᠬᠢᠷᠠᠭᠰᠠᠨ ᠲᠦᠭᠦᠭᠡᠷᠦᠮᠵᠢ ᠲᠦᠯᠦᠪᠵᠢᠭᠦᠯᠵᠦ ᠪᠠᠢ᠌ᠭᠤᠯᠬᠤ ᠬᠡᠷᠡᠭᠳᠡᠢ᠃ ᠰᠠᠭᠤᠭ᠋ᠠᠯᠢ ᠠᠷᠠᠳ᠎ᠤᠨ ᠲᠤᠭᠤᠷᠢᠭ᠎ᠤᠨ ᠢᠵᠢ ᠪᠦᠷᠢᠳᠦᠭᠰᠡᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ᠎ᠨᠢ ᠰᠠᠭᠤᠭ᠋ᠠᠯᠢ ᠠᠷᠠᠳ᠎ᠤᠨ ᠲᠤᠭᠤᠷᠢᠭ᠎ᠤᠨ ᠭᠤᠤᠯ ᠴᠤᠭᠴᠠ ᠢᠨ᠋ᠵᠸᠨ᠋ᠸᠷᠢᠩᠲᠠᠢ ᠬᠠᠮᠳᠦ᠎ᠳᠤᠨᠢ ᠵᠢᠷ᠎ᠤᠨ ᠲᠦᠯᠦᠪᠯᠡᠵᠦ᠂ ᠬᠠᠮᠳᠤ᠎ᠳᠤᠨᠢ ᠪᠠᠷᠢᠵᠦ ᠪᠠᠢ᠌ᠭᠤᠯᠵᠦ᠂ ᠬᠠᠮᠳᠤ᠎ᠳᠤᠨᠢ ᠬᠡᠷᠡᠭᠯᠡᠭᠡᠨ᠎ᠳᠤ ᠤᠷᠤᠭᠤᠯᠬᠤ ᠬᠡᠷᠡᠭᠳᠡᠢ᠃ ᠶᠠᠮᠠᠷᠪᠠ ᠪᠠᠢ᠌ᠭᠤᠯᠭ᠎ᠠ ᠪᠤᠯᠤᠨ ᠬᠤᠪᠢ ᠬᠦᠮᠦᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠲᠦᠷᠦᠯ ᠵᠦᠢ᠍ᠯ ᠪᠠ ᠴᠢᠳᠠᠪᠬᠢ ᠵᠢ ᠲᠤᠷ᠎ᠠ᠎ᠪᠠᠷ ᠬᠤᠪᠢᠷᠠᠭᠤᠯᠵᠦ ᠪᠤᠯᠬᠤ ᠦᠭᠡᠢ᠂ ᠲᠡᠭᠦᠨ᠎ᠤ ᠪᠦᠳᠦᠭᠡᠨ ᠪᠠᠢ᠌ᠭᠤᠯᠤᠯᠳᠠ ᠵᠢᠨ ᠬᠦᠷᠢᠶ᠎ᠡ ᠬᠡᠪᠴᠢᠶ᠎ᠡ ᠵᠢ ᠪᠠᠭ᠋ᠠᠰᠬᠠᠵᠦ ᠲᠡᠭᠦᠨ᠎ᠤ ᠭᠠᠵᠠᠷ ᠡᠵᠡᠯᠡᠬᠦ ᠬᠦᠢ᠍ᠴᠡᠳᠬᠡᠬᠦ ᠪᠠᠷᠢᠮᠵᠢᠶ᠎ᠠ ᠵᠢ ᠪᠠᠭᠤᠷᠠᠭᠤᠯᠵᠦ ᠪᠤᠯᠬᠤ ᠦᠭᠡᠢ᠃
ᠭᠤᠷᠪᠠᠳᠤᠭ᠋ᠠᠷ ᠪᠦᠯᠦᠭ ᠠᠰᠢᠭᠯᠠᠯᠳᠠ ᠪᠤᠯᠤᠨ ᠦᠢ᠍ᠯᠡᠴᠢᠯᠡᠭᠡ
ᠠᠷᠪᠠᠨ ᠵᠢᠷᠭᠤᠳᠤᠭ᠋ᠠᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠦᠢ᠍ᠯᠡᠴᠢᠯᠡᠭᠡᠨ᠎ᠤ ᠨᠦᠭᠦᠴᠡᠯ ᠵᠶ᠋ᠠᠨ ᠪᠦᠷᠢᠨᠰᠢᠭᠦᠯᠵᠦ᠂ ᠦᠢ᠍ᠯᠡᠴᠢᠯᠡᠭᠡ᠎ᠪᠠᠨ ᠲᠦᠷᠢᠮᠵᠢᠭᠦᠯᠵᠦ᠂ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠴᠢᠳᠠᠪᠬᠢ᠂ ᠤᠨᠴᠠᠯᠢᠭ᠎ᠲᠠᠢ ᠲᠤᠬᠢᠷᠠᠭᠰᠠᠨ ᠦᠢ᠍ᠯᠡᠴᠢᠯᠡᠭᠡ ᠵᠢ ᠬᠠᠩᠭ᠋ᠠᠵᠦ᠂ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠡᠷᠡᠭᠦᠯ᠂ ᠪᠤᠯᠪᠠᠰᠤᠨ ᠵᠶ᠋ᠠᠷ ᠰᠤᠶᠤᠯ ᠪᠡᠶ᠎ᠡ ᠵᠢᠨ ᠲᠠᠮᠢᠷ᠎ᠤᠨ ᠬᠦᠳᠡᠯᠭᠡᠭᠡᠨ ᠦᠷᠨᠢᠭᠦᠯᠬᠦ ᠵᠢ ᠪᠠᠳᠤᠯᠠᠨ᠎ᠠ᠃
ᠠᠷᠪᠠᠨ ᠲᠤᠯᠤᠳᠤᠭ᠋ᠠᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠴᠢᠳᠠᠪᠬᠢ᠂ ᠤᠨᠴᠠᠯᠢᠭ᠎ᠢ ᠦᠨᠳᠦᠰᠦᠯᠡᠨ ᠤᠯᠠᠨ ᠲᠦᠮᠡᠨ᠎ᠳᠤ ᠨᠡᠭᠡᠭᠡᠵᠦ᠂ ᠨᠡᠭᠡᠭᠡᠬᠦ ᠴᠠᠭ᠎ᠢ ᠲᠤᠰ ᠭᠠᠵᠠᠷ᠎ᠤᠨ ᠤᠯᠠᠨ ᠲᠦᠮᠡᠨ᠎ᠤ ᠠᠵᠢᠯᠯᠠᠬᠤ ᠪᠠ ᠰᠤᠷᠤᠯᠴᠠᠬᠤ ᠴᠠᠭ᠎ᠲᠠᠢ ᠵᠤᠬᠢᠬᠤ ᠬᠡᠮᠵᠢᠶ᠎ᠡ᠎ᠪᠠᠷ ᠵᠦᠷᠢᠭᠦᠯᠬᠦ ᠬᠡᠷᠡᠭᠳᠡᠢ᠃ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠨᠡᠭᠡᠭᠡᠬᠦ ᠴᠠᠭ᠎ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠵᠢᠨ ᠲᠤᠭᠳᠠᠭᠰᠠᠨ ᠬᠠᠮᠤᠭ᠎ᠤᠨ ᠪᠤᠭᠤᠨᠢ ᠴᠠᠭ᠎ᠠᠴᠠ ᠣᠬᠣᠷ ᠪᠠᠢ᠌ᠵᠦ ᠪᠤᠯᠬᠤ ᠦᠭᠡᠢ᠃ ᠤᠯᠤᠰ᠎ᠤᠨ ᠬᠠᠦᠯᠢ ᠶᠤᠰᠤᠨ᠎ᠤ ᠠᠮᠠᠷᠠᠯᠳᠠ᠂ ᠪᠠᠶᠠᠷ ᠲᠤᠷᠠᠰᠬᠠᠯ᠎ᠤᠨ ᠡᠳᠦᠷ ᠪᠤᠯᠤᠨ ᠰᠤᠷᠭ᠋ᠠᠭᠤᠯᠢ ᠵᠢᠨ ᠡᠪᠦᠯ ᠵᠤᠨ᠎ᠤ ᠠᠮᠠᠷᠠᠯᠳᠠ ᠵᠢᠨ ᠬᠤᠭᠤᠴᠠᠭ᠋ᠠᠨ᠎ᠳᠤ ᠵᠤᠬᠢᠬᠤ ᠬᠡᠮᠵᠢᠶ᠎ᠡ᠎ᠪᠠᠷ ᠨᠡᠭᠡᠭᠡᠬᠦ ᠴᠠᠭ ᠵᠶ᠋ᠠᠨ ᠤᠷᠳᠤᠳᠬᠠᠬᠤ ᠬᠡᠷᠡᠭᠳᠡᠢ᠃ ᠰᠤᠷᠭ᠋ᠠᠭᠤᠯᠢ ᠵᠢᠨ ᠡᠪᠦᠯ ᠵᠤᠨ᠎ᠤ ᠠᠮᠠᠷᠠᠯᠳᠠ ᠵᠢᠨ ᠬᠤᠭᠤᠴᠠᠭ᠋ᠠᠨ᠎ᠳᠤ᠂ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠰᠣᠷᠣᠭᠴᠢᠳ᠎ᠤᠨ ᠤᠨᠴᠠᠯᠢᠭᠲᠤ ᠲᠤᠬᠢᠷᠠᠭᠰᠠᠨ ᠰᠣᠶᠣᠯ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠢ ᠨᠡᠮᠡᠵᠦ ᠨᠡᠬᠡᠬᠡᠬᠦ ᠬᠡᠷᠡᠭᠳᠡᠢ᠃
ᠠᠷᠪᠠᠨ ᠨᠠᠢ᠍ᠮᠠᠳᠤᠭ᠋ᠠᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠤᠯᠠᠨ ᠲᠦᠮᠡᠨ᠎ᠳᠤ ᠦᠢ᠍ᠯᠡᠴᠢᠯᠡᠭᠡᠨ᠎ᠤ ᠠᠭᠤᠯᠭ᠎ᠠ ᠪᠤᠯᠤᠨ ᠨᠡᠬᠡᠬᠡᠬᠦ ᠴᠠᠭ ᠵᠶ᠋ᠠᠨ ᠢᠯᠡ ᠨᠡᠢ᠌ᠳᠡᠯᠡᠬᠦ ᠬᠡᠷᠡᠭᠳᠡᠢ᠃ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ᠎ᠨᠢ ᠰᠡᠯᠪᠢᠵᠦ ᠵᠠᠰᠠᠬᠤ ᠵᠡᠷᠭᠡ ᠰᠢᠯᠳᠠᠭ᠋ᠠᠨ᠎ᠠᠴᠠ ᠲᠦᠷ ᠴᠠᠭ ᠨᠡᠭᠡᠭᠡᠬᠦ᠎ᠪᠠᠨ ᠵᠤᠭᠰᠤᠬᠤ᠎ᠳᠠᠭᠠᠨ ᠲᠤᠯᠤᠭ᠎ᠠ ᠡᠳᠦᠷ᠎ᠤᠨ ᠡᠮᠦᠨ᠎ᠡ ᠤᠷᠢᠳᠴᠢᠯᠠᠨ ᠨᠡᠢ᠌ᠳᠡᠯᠡᠬᠦ ᠬᠡᠷᠡᠭᠳᠡᠢ᠃
ᠠᠷᠪᠠ ᠶᠢᠰᠦᠳᠦᠭᠡᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠲᠦᠭᠦᠭᠡᠷᠦᠮᠵᠢ ᠵᠢᠨ ᠭᠡᠷᠡᠭᠯᠡᠭᠦ ᠠᠷᠭ᠎ᠠ ᠪᠤᠯᠤᠨ ᠠᠩᠬᠠᠷᠬᠤ ᠵᠦᠢ᠍ᠯ᠎ᠢ ᠨᠢᠳᠦᠨ᠎ᠳᠤ ᠢᠯᠡ ᠭᠠᠵᠠᠷ ᠲᠤᠳᠤᠷᠬᠠᠢ᠌ᠯᠠᠬᠤ ᠭᠡᠷᠡᠭᠳᠡᠢ᠃
ᠬᠤᠷᠢᠳᠤᠭ᠋ᠠᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠵᠤᠬᠢᠬᠤ ᠬᠡᠮᠵᠢᠶ᠎ᠡ᠎ᠪᠠᠷ ᠰᠦᠢ᠍ᠳᠭᠡᠯ ᠬᠤᠷᠢᠶᠠᠵᠦ ᠦᠢ᠍ᠯᠡᠴᠢᠯᠡᠭᠡ ᠬᠠᠩᠭ᠋ᠠᠵᠦ ᠪᠤᠯᠤᠨ᠎ᠠ᠂ ᠰᠦᠢ᠍ᠳᠬᠡᠯ ᠬᠤᠷᠢᠶᠠᠨᠬᠤ ᠲᠦᠷᠦᠯ ᠵᠦᠢ᠍ᠯ ᠪᠤᠯᠤᠨ ᠪᠠᠷᠢᠮᠵᠢᠶ᠎ᠠ᠎ᠨᠢ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠵᠶ᠋ᠠᠷ ᠲᠠᠮᠵᠢᠨ ᠵᠦᠪᠰᠢᠶᠡᠷᠡᠭᠦᠯᠬᠦ ᠭᠡᠷᠡᠭᠳᠡᠢ᠃
ᠬᠤᠷᠢᠨ ᠨᠢᠭᠡᠳᠦᠭᠡᠷ ᠵᠤᠷᠪᠤᠰ ᠰᠦᠢ᠍ᠳᠭᠡᠯ ᠬᠤᠷᠢᠶᠠᠨᠬᠤ ᠶᠤᠰᠤᠲᠠᠢ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠲᠦᠭᠦᠭᠡᠷᠦᠮᠵᠢ ᠵᠢᠨ ᠴᠢᠳᠡᠪᠬᠢ ᠪᠤᠯᠤᠨ ᠤᠨᠴᠠᠯᠢᠭ᠎ᠢ ᠦᠨᠳᠦᠰᠦᠯᠡᠨ ᠰᠣᠷᠣᠭᠴᠢᠳ᠂ ᠨᠠᠰᠤᠳᠠᠢ᠌ᠴᠣᠳ᠂ ᠵᠡᠮᠳᠡᠭᠴᠤᠳ᠎ᠲᠤ ᠦᠨ᠎ᠡ ᠲᠦᠯᠦᠪᠦᠷᠢ ᠠᠪᠬᠤ ᠦᠭᠡᠢ ᠪᠤᠶᠤ ᠬᠠᠷᠠᠭ᠋ᠠᠯᠵᠠᠯ ᠦᠵᠡᠭᠦᠯᠬᠦ ᠬᠡᠷᠡᠭᠳᠡᠢ᠂ ᠪᠤᠳᠠᠳᠠᠢ ᠠᠷᠭ᠎ᠠ ᠬᠡᠮᠵᠢᠶ᠎ᠡ ᠵᠢ᠎ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ᠎ᠠᠴᠠ ᠲᠤᠭᠳᠠᠭ᠋ᠠᠨ᠎ᠠ᠃
ᠬᠤᠷᠢᠨ ᠬᠤᠶᠠᠳᠤᠭ᠋ᠠᠷ ᠵᠤᠷᠪᠤᠰ ᠣᠯᠠᠨ ᠨᠡᠢ᠌ᠳᠡ ᠵᠢᠨ ᠰᠤᠶᠤᠯ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠲᠡᠦᠬᠡ ᠵᠢᠨ ᠲᠤᠷᠠᠰᠬᠠᠯᠳᠤ ᠵᠦᠢ᠍ᠯ᠎ᠤᠨ ᠲᠡᠯᠭᠡᠨ ᠦᠵᠡᠭᠦᠯᠭᠡ᠂ ᠤᠷᠠᠨ ᠵᠢᠷᠤᠭ᠎ᠤᠨ ᠲᠡᠯᠭᠡᠨ ᠦᠵᠡᠭᠦᠯᠭᠡ᠂ ᠤᠷᠠᠯᠢᠭ᠎ᠤᠨ ᠪᠤᠯᠪᠠᠰᠤᠷᠠᠯ ᠵᠡᠷᠭᠡ ᠰᠤᠶᠤᠯ᠎ᠤᠨ ᠬᠦᠳᠡᠯᠭᠡᠭᠡᠨ ᠡᠷᠬᠢᠯᠡᠬᠦ᠎ᠳᠤ ᠲᠦᠭᠦᠭᠡᠷᠦᠮᠵᠢ᠎ᠪᠠᠨ ᠲᠦᠷᠢᠶᠡᠰᠦᠯᠡᠬᠦᠯᠵᠦ ᠦᠭᠴᠦ ᠪᠤᠯᠤᠨ᠎ᠠ᠃ ᠣᠯᠠᠨ ᠨᠡᠢ᠌ᠳᠡ ᠵᠢᠨ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠲᠦᠭᠦᠭᠡᠷᠦᠮᠵᠢ ᠵᠢᠨ ᠭᠤᠤᠯ ᠴᠤᠭᠴᠠ ᠬᠡᠰᠡᠭ᠎ᠢ ᠪᠡᠶ᠎ᠡ ᠵᠢᠨ ᠲᠠᠮᠢᠷ᠎ᠤᠨ ᠪᠤᠰᠤ ᠬᠦᠳᠡᠯᠭᠡᠭᠡᠨ᠎ᠳᠤ ᠬᠡᠷᠡᠭᠯᠡᠵᠦ ᠪᠤᠯᠬᠤ ᠦᠭᠡᠢ᠃ ᠭᠡᠪᠡᠴᠦ ᠨᠡᠢ᠌ᠳᠡ ᠵᠢᠨ ᠠᠰᠠᠷᠠᠮᠵᠢ ᠵᠢᠨ ᠬᠦᠳᠡᠯᠭᠡᠭᠡᠨ ᠪᠤᠶᠤ ᠲᠤᠮᠤ ᠬᠡᠮᠵᠢᠶᠡᠨ᠎ᠤ ᠰᠤᠶᠤᠯ᠎ᠤᠨ ᠬᠦᠳᠡᠯᠭᠡᠭᠡᠨ ᠡᠷᠬᠢᠯᠡᠬᠦ ᠵᠡᠷᠭᠡ ᠤᠨᠴᠠᠭ᠋ᠠᠢ ᠪᠠᠢ᠌ᠳᠠᠯ᠎ᠳᠤ ᠲᠦᠷ ᠬᠣᠭᠣᠴᠠᠭ᠎ᠠ ᠭᠠᠳᠠᠭᠰᠢ ᠲᠦᠷᠢᠶᠡᠰᠦᠯᠡᠭᠦᠯᠵᠦ ᠪᠤᠯᠤᠨ᠎ᠠ᠂ ᠲᠦᠷ ᠴᠠᠭ ᠲᠦᠷᠢᠶᠡᠰᠦᠯᠡᠭᠦᠯᠬᠦ ᠬᠤᠭᠤᠴᠠᠭ᠎ᠠ᠎ᠨᠢ ᠡᠩ᠎ᠤᠨ ᠪᠠᠢ᠌ᠳᠠᠯ᠎ᠳᠤ 10 ᠡᠳᠦᠷ᠎ᠠᠴᠠ ᠬᠡᠳᠦᠷᠡᠵᠦ ᠪᠤᠯᠬᠤ ᠦᠬᠡᠢ; ᠲᠦᠷᠢᠶᠡᠰᠦᠯᠡᠬᠦᠯᠬᠦ ᠬᠤᠭᠤᠴᠠᠭ᠎ᠠ ᠲᠤᠯᠪᠠᠯ ᠲᠦᠷᠢᠶᠡᠰᠦᠯᠡᠭᠴᠢ᠎ᠨᠢ ᠤᠭ᠎ᠤᠨ ᠪᠠᠢ᠌ᠳᠠᠯ᠎ᠢ ᠰᠡᠷᠭᠦᠭᠡᠵᠦ᠂ ᠲᠦᠭᠦᠭᠡᠷᠦᠮᠵᠢ ᠵᠢᠨ ᠴᠢᠳᠠᠪᠬᠢ᠂ ᠬᠡᠷᠡᠭᠴᠡᠭᠡ ᠵᠢ ᠨᠦᠯᠦᠭᠡᠯᠡᠵᠦ ᠪᠤᠯᠬᠤ ᠦᠬᠡᠢ᠃
ᠬᠤᠷᠢᠨ ᠭᠤᠷᠪᠠᠳᠤᠭ᠋ᠠᠷ ᠵᠤᠷᠪᠤᠰ ᠤᠯᠠᠨ ᠲᠦᠮᠡᠨ᠎ᠨᠢ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠬᠡᠷᠡᠭᠯᠡᠬᠦ᠎ᠳᠡᠭᠡᠨ ᠤᠯᠠᠨ ᠨᠡᠢ᠌ᠳᠡ ᠵᠢᠨ ᠡᠮᠬᠢ ᠲᠢᠭᠯᠢᠮ᠎ᠢ ᠲᠠᠭ᠋ᠠᠵᠦ᠂ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠬᠠᠢ᠌ᠷᠠᠯᠠᠵᠦ ᠬᠠᠮᠠᠭ᠋ᠠᠯᠠᠬᠤ ᠬᠡᠷᠡᠭᠳᠡᠢ᠃ ᠶᠠᠮᠠᠷᠪᠠ ᠪᠠᠢ᠌ᠭᠤᠯᠭ᠎ᠠ ᠪᠤᠶᠤ ᠬᠤᠪᠢ ᠬᠦᠮᠦᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠡᠪᠳᠡᠨ ᠰᠦᠢ᠍ᠳᠬᠡᠵᠦ ᠪᠤᠯᠬᠤ ᠦᠬᠡᠢ᠃
ᠲᠦᠷᠪᠡᠳᠦᠭᠡᠷ ᠪᠦᠯᠦᠭ ᠬᠠᠮᠢᠶᠠᠷᠤᠯᠳᠠ ᠪᠤᠯᠤᠨ ᠬᠠᠮᠠᠭ᠋ᠠᠯᠠᠯᠳᠠ
ᠬᠤᠷᠢᠨ ᠲᠦᠷᠪᠡᠳᠦᠭᠡᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠨᠡᠷᠡᠢ᠌ᠳᠦᠯ᠂ ᠬᠠᠶᠢᠭ᠂ ᠦᠢ᠍ᠯᠡᠴᠢᠯᠡᠭᠡᠨ᠎ᠤ ᠲᠦᠷᠦᠯ ᠵᠦᠢ᠍ᠯ ᠵᠡᠷᠭᠡ ᠠᠭᠤᠯᠭ᠎ᠠ ᠵᠢ ᠲᠤᠬᠠᠢ ᠵᠢᠨ ᠭᠠᠵᠠᠷ᠎ᠤᠨ ᠰᠢᠶᠠᠨ᠎ᠤ ᠲᠡᠰ᠎ᠤᠨ ᠠᠷᠠᠳ᠎ᠤᠨ ᠵᠠᠰᠠᠭ᠎ᠤᠨ ᠤᠷᠳᠤᠨ᠎ᠤ ᠰᠤᠶᠤᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠲᠤ ᠮᠡᠳᠡᠭᠦᠯᠵᠦ ᠲᠠᠩᠰᠠᠯᠠᠭᠤᠯᠬᠤ ᠬᠡᠷᠡᠭᠳᠡᠢ᠃ ᠰᠢᠶᠠᠨ᠎ᠤ ᠲᠡᠰ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠠᠴᠠ ᠤᠯᠠᠨ ᠲᠦᠮᠡᠨ᠎ᠳᠤ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠭᠠᠷᠴᠠᠭ᠎ᠢ ᠨᠡᠢ᠌ᠳᠡᠯᠡᠬᠦ ᠬᠡᠷᠡᠭᠳᠡᠢ᠃
ᠬᠤᠷᠢᠨ ᠲᠠᠪᠤᠳᠤᠭ᠋ᠠᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠠᠮᠤᠷ ᠲᠦᠪᠰᠢᠨ᠎ᠤ ᠬᠠᠮᠢᠶᠠᠷᠤᠯᠳᠠ ᠵᠢᠨ ᠲᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠠᠦᠯᠢ ᠶᠤᠰᠤᠭ᠋ᠠᠷ ᠠᠮᠤᠷ ᠲᠦᠪᠰᠢᠨ᠎ᠤ ᠬᠠᠮᠠᠭ᠋ᠠᠯᠠᠯᠳᠠ ᠵᠢᠨ ᠲᠤᠨᠤᠭ ᠲᠦᠭᠦᠭᠡᠷᠦᠮᠵᠢ᠂ ᠠᠵᠢᠯᠲᠠᠨ᠎ᠢ ᠲᠤᠬᠢᠷᠠᠭᠤᠯᠤᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠷᠢᠨ ᠪᠦᠳᠦ᠎ᠨᠢ ᠪᠠᠳᠤᠯᠠᠵᠦ᠂ ᠤᠯᠠᠨ ᠲᠦᠮᠡᠨ᠎ᠤ ᠠᠮᠤᠷ ᠲᠦᠪᠰᠢᠨ᠎ᠢ ᠬᠠᠮᠠᠭ᠋ᠠᠯᠠᠨ᠎ᠠ᠃ ᠣᠯᠠᠨ ᠨᠡᠢ᠌ᠳᠡ ᠵᠢᠨ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠲᠤᠳᠤᠷ᠎ᠠ ᠲᠤᠬᠢᠷᠠᠭᠤᠯᠤᠭᠰᠠᠨ ᠲᠤᠰᠬᠠᠢ ᠮᠡᠷᠭᠡᠵᠢᠯ ᠵᠶ᠋ᠠᠷ ᠴᠢᠩᠭ᠎ᠠ᠂ ᠮᠡᠷᠭᠡᠵᠢᠯ᠎ᠤᠨ ᠱᠠᠭ᠋ᠠᠷᠳᠠᠯᠭ᠎ᠠ ᠦᠨᠳᠦᠷ ᠪᠡᠶ᠎ᠡ ᠵᠢᠨ ᠲᠠᠮᠢᠷ᠎ᠤᠨ ᠲᠦᠷᠦᠯ ᠵᠦᠢ᠍ᠯ᠎ᠨᠢ ᠤᠯᠤᠰ᠎ᠤᠨ ᠲᠤᠭᠳᠠᠭ᠋ᠠᠭᠰᠠᠨ ᠠᠮᠤᠷ ᠲᠦᠪᠰᠢᠨ ᠦᠢ᠍ᠯᠡᠴᠢᠯᠡᠭᠡᠨ᠎ᠤ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠳᠡᠢ᠃
ᠬᠤᠷᠢᠨ ᠵᠢᠷᠭᠤᠳᠤᠭ᠋ᠠᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ ᠵᠢᠨ ᠡᠯ᠎ᠡ ᠲᠦᠷᠦᠯ᠎ᠤᠨ ᠤᠷᠤᠯᠭ᠎ᠠ ᠵᠢ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠵᠠᠰᠠᠨ ᠬᠠᠮᠠᠭ᠋ᠠᠯᠠᠬᠤ᠂ ᠬᠠᠮᠢᠶᠠᠷᠬᠤ ᠪᠠ ᠠᠵᠢᠯ ᠦᠢ᠍ᠯᠡᠰ᠎ᠤᠨ ᠬᠦᠭᠵᠢᠯᠳᠡ᠎ᠳᠤ ᠵᠠᠷᠤᠴᠠᠭᠤᠯᠵᠦ᠂ ᠦᠭᠡᠷ᠎ᠡ ᠵᠦᠢ᠍ᠯ᠎ᠳᠤ ᠨᠡᠭᠦᠯᠭᠡᠨ ᠭᠡᠷᠡᠭᠯᠡᠵᠦ ᠪᠤᠯᠬᠤ ᠦᠭᠡᠢ᠃ ᠰᠣᠶᠣᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠪᠤᠯᠤᠨ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ ᠵᠢᠨ ᠤᠷᠤᠯᠭ᠎ᠠ ᠵᠠᠷᠣᠯᠭ᠎ᠠ᠎ᠳᠤ ᠬᠢᠨᠠᠨ ᠬᠠᠮᠢᠶᠠᠷᠤᠯᠳᠠ᠎ᠪᠠᠨ ᠬᠠᠦᠯᠢ ᠶᠤᠰᠤᠭ᠋ᠠᠷ ᠴᠢᠩᠭ᠋ᠠᠳᠬᠠᠬᠤ ᠬᠡᠷᠡᠭᠳᠡᠢ᠃
ᠬᠤᠷᠢᠨ ᠲᠤᠯᠤᠳᠤᠭ᠋ᠠᠷ ᠵᠤᠷᠪᠤᠰ ᠬᠡᠷᠪᠡ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠬᠡᠷᠡᠭᠴᠡᠭᠡ᠎ᠠᠴᠠ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠨᠤᠷᠠᠭ᠋ᠠᠬᠤ ᠪᠤᠶᠤ ᠲᠡᠭᠦᠨ᠎ᠤ ᠴᠢᠳᠠᠪᠬᠢ᠂ ᠬᠡᠷᠡᠭᠴᠡᠭᠡ ᠦᠢ᠍ᠯᠡᠳᠦᠯ᠎ᠢ ᠬᠤᠪᠢᠷᠠᠭᠤᠯᠪᠠᠯ᠂ ᠬᠠᠮᠢᠶ᠎ᠠ ᠪᠦᠬᠦᠢ ᠭᠠᠵᠠᠷ ᠤᠷᠤᠨ᠎ᠤ ᠠᠷᠠᠳ᠎ᠤᠨ ᠵᠠᠰᠭ᠎ᠤᠨ ᠣᠷᠳᠤᠨ ᠰᠢᠢ᠍ᠳᠪᠦᠷᠢ ᠭᠠᠷᠭ᠋ᠠᠬᠤ᠎ᠠᠴᠠ ᠤᠷᠢᠳ᠂ ᠲᠤᠰᠬᠠᠢ ᠮᠡᠷᠭᠡᠵᠢᠯᠳᠡᠨ᠎ᠢ ᠵᠤᠬᠢᠶᠠᠨ ᠪᠠᠢ᠌ᠭᠤᠯᠵᠦ ᠨᠤᠳᠠᠯᠠᠭ᠎ᠠ ᠬᠢᠵᠦ᠂ ᠲᠡᠭᠡᠷ᠎ᠡ ᠱᠠᠳᠣᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠤᠤᠯᠠᠯᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ ᠵᠶ᠋ᠠᠷ ᠵᠦᠪᠰᠢᠶᠡᠷᠡᠭᠦᠯᠦᠨ᠂ ᠲᠡᠭᠡᠷ᠎ᠡ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠦᠪᠰᠢᠶᠡᠷᠡᠭᠦᠯᠬᠦ ᠭᠡᠷᠡᠭᠳᠡᠢ᠃ ᠬᠡᠷᠪᠡ ᠲᠤᠮᠤ ᠬᠡᠮᠵᠢᠶᠡᠨ᠎ᠤ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ᠎ᠲᠠᠢ ᠬᠤᠯᠪᠤᠭ᠋ᠠᠲᠠᠢ ᠪᠤᠯ ᠲᠡᠭᠡᠷ᠎ᠡ ᠱᠠᠳᠣᠨ᠎ᠤ ᠠᠷᠠᠳ᠎ᠤᠨ ᠵᠠᠰᠭ᠎ᠤᠨ ᠣᠷᠳᠣᠨ ᠵᠦᠪᠰᠢᠶᠡᠷᠡᠬᠦ᠎ᠠᠴᠠ ᠣᠷᠢᠳ᠂ ᠪᠠᠳᠤᠯᠠᠬᠤ ᠬᠤᠷᠠᠯ ᠡᠷᠬᠢᠯᠡᠵᠦ ᠤᠯᠠᠨ ᠲᠦᠮᠡᠨ᠎ᠤ ᠰᠠᠨᠠᠯ᠎ᠢ ᠰᠤᠨᠤᠰᠤᠨ᠎ᠠ᠃ ᠵᠦᠪᠰᠢᠶᠡᠷᠡᠯ ᠤᠯᠤᠭ᠋ᠠᠳ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠨᠤᠷᠠᠭ᠋ᠠᠬᠤ ᠪᠤᠶᠤ ᠲᠡᠭᠦᠨ᠎ᠤ ᠬᠡᠷᠡᠭᠴᠡᠭᠡ ᠴᠢᠳᠠᠪᠬᠢ ᠵᠢ ᠬᠤᠪᠢᠷᠠᠭᠤᠯᠪᠠᠯ᠂ ᠤᠯᠤᠰ᠎ᠤᠨ ᠬᠠᠮᠢᠶ᠎ᠠ ᠪᠦᠬᠦᠢ ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠲᠤᠭᠳᠠᠭ᠋ᠠᠯ᠎ᠤᠨ ᠲᠠᠭ᠋ᠠᠦ ᠲᠠᠬᠢᠨ ᠭᠠᠵᠠᠷ ᠰᠣᠩᠭᠤᠨ ᠪᠠᠢ᠌ᠭᠤᠯᠤᠨ᠎ᠠ᠃ ᠲᠠᠬᠢᠨ ᠪᠠᠢ᠌ᠭᠤᠯᠤᠭᠰᠠᠨ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ᠎ᠨᠢ ᠲᠦᠯᠦᠪᠵᠢᠭᠦᠯᠭᠡ ᠵᠢᠨ ᠱᠠᠭ᠋ᠠᠷᠳᠠᠯᠭ᠎ᠠ᠎ᠳᠤ ᠨᠡᠢ᠌ᠴᠡᠵᠦ᠂ ᠡᠩ᠎ᠤᠨ ᠪᠠᠢ᠌ᠳᠠᠯ᠎ᠳᠤ ᠣᠭᠤᠨ ᠬᠦᠷᠢᠶ᠎ᠡ ᠬᠡᠪᠴᠢᠶ᠎ᠡ᠎ᠠᠴᠠ ᠪᠠᠭ᠎ᠠ ᠪᠠᠢ᠌ᠵᠦ ᠪᠤᠯᠬᠤ ᠦᠭᠡᠢ᠃ ᠰᠢᠯᠵᠢᠭᠦᠯᠵᠦ ᠪᠠᠢ᠌ᠭᠤᠯᠬᠤ ᠠᠵᠢᠯ᠎ᠢ ᠤᠷᠢᠳᠠᠪᠠᠷ ᠪᠠᠢ᠌ᠭᠤᠯᠤᠨ ᠲᠠᠷᠠᠭ᠎ᠠ᠎ᠨᠢ ᠨᠤᠷᠠᠭ᠋ᠠᠬᠤ ᠪᠤᠶᠤ ᠪᠠᠢ᠌ᠭᠤᠯᠬᠤ ᠵᠢᠨ ᠵᠠᠷᠭᠡᠴᠡᠪᠡᠷ ᠨᠤᠷᠠᠭ᠋ᠠᠬᠤ ᠵᠠᠷᠴᠢᠮ᠎ᠢ ᠪᠠᠷᠢᠮᠳᠠᠯᠠᠬᠤ ᠬᠡᠷᠡᠭᠳᠡᠢ᠃ ᠰᠢᠯᠵᠢᠭᠦᠯᠵᠦ ᠪᠠᠢ᠌ᠭᠤᠯᠬᠤ᠎ᠳᠤ ᠬᠡᠷᠡᠭᠰᠡᠬᠦ ᠵᠠᠷᠤᠳᠠᠯ᠎ᠢ ᠰᠢᠯᠵᠢᠭᠦᠯᠵᠦ ᠪᠠᠢ᠌ᠭᠤᠯᠬᠤ᠎ᠳᠤ ᠬᠦᠷᠭᠡᠭᠰᠡᠨ ᠪᠠᠢ᠌ᠭᠤᠯᠭ᠎ᠠ᠎ᠠᠴᠠ ᠬᠠᠷᠢᠭᠤᠴᠠᠨ᠎ᠠ᠃
ᠲᠠᠪᠤᠳᠤᠭ᠋ᠠᠷ ᠪᠦᠯᠦᠭ ᠬᠠᠦᠯᠢ ᠵᠢᠨ ᠬᠠᠷᠢᠭᠤᠴᠠᠯᠭ᠎ᠠ
ᠬᠤᠷᠢᠨ ᠨᠠᠢ᠍ᠮᠠᠳᠤᠭ᠋ᠠᠷ ᠵᠤᠷᠪᠤᠰ ᠰᠤᠶᠤᠯ᠂ ᠪᠡᠶ᠎ᠡ ᠵᠢᠨ ᠲᠠᠮᠢᠷ᠂ ᠬᠤᠳᠠ ᠬᠦᠳᠡᠭᠡ ᠵᠢᠨ ᠲᠦᠯᠦᠪᠵᠢᠭᠦᠯᠭᠡ᠂ ᠪᠦᠳᠦᠭᠡᠨ ᠪᠠᠢ᠌ᠭᠤᠯᠤᠯᠳᠠ᠂ ᠭᠠᠵᠠᠷ ᠰᠢᠷᠣᠢ ᠵᠡᠷᠭᠡ ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ ᠵᠢᠴᠢ ᠠᠵᠢᠯᠲᠠᠨ ᠬᠠᠦᠯᠢ ᠶᠤᠰᠤᠭ᠋ᠠᠷ ᠲᠤᠰᠢᠶᠠᠯ ᠬᠠᠷᠢᠭᠤᠴᠠᠯᠭ᠎ᠠ᠎ᠪᠠᠨ ᠬᠡᠷᠡᠭᠵᠢᠭᠦᠯᠦᠭᠰᠡᠨ ᠦᠭᠡᠢ ᠪᠤᠶᠤ ᠬᠠᠦᠯᠢ ᠵᠦᠷᠢᠴᠡᠭᠰᠡᠨ ᠠᠵᠢᠯᠯᠠᠭ᠎ᠠ ᠵᠢ ᠮᠡᠳᠡᠭᠡᠳ ᠬᠠᠦᠯᠢ ᠶᠤᠰᠤᠭ᠋ᠠᠷ ᠪᠠᠢ᠌ᠴᠠᠭ᠋ᠠᠨ ᠰᠢᠢ᠍ᠳᠬᠡᠬᠦ ᠦᠭᠡᠢ ᠪᠤᠯ ᠬᠠᠷᠢᠭᠤᠴᠠᠯᠭ᠎ᠠ ᠬᠦᠯᠢᠶᠡᠭᠰᠡᠨ ᠭᠤᠤᠯᠯᠠᠬᠤ ᠬᠦᠮᠦᠰ ᠪᠤᠶᠤ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠰ᠎ᠲᠤ ᠬᠠᠦᠯᠢ ᠵᠢᠨ ᠲᠠᠭ᠋ᠠᠦ ᠵᠠᠰᠠᠭ ᠵᠠᠬᠢᠷᠭ᠋ᠠᠨ᠎ᠤ ᠰᠢᠢ᠍ᠳᠬᠡᠯ ᠦᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ᠂ ᠬᠠᠦᠯᠢ ᠵᠢᠨ ᠲᠠᠭ᠋ᠠᠦ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠭᠡᠮᠵᠢᠯᠡᠨ᠎ᠡ᠃
ᠬᠤᠷᠢ ᠶᠢᠰᠦᠳᠦᠭᠡᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠤᠷᠢᠳᠴᠢᠯᠠᠨ ᠦᠯᠡᠳᠡᠭᠡᠭᠰᠡᠨ ᠭᠠᠵᠠᠷ᠎ᠢ ᠪᠤᠯᠢᠶᠠᠨ ᠡᠵᠡᠯᠡᠭᠰᠡᠨ ᠪᠤᠶᠤ ᠦᠢ᠍ᠯᠡᠳᠦᠯ ᠬᠡᠷᠡᠭᠴᠡᠭᠡ ᠵᠢ᠎ᠨᠢ ᠬᠤᠪᠢᠷᠠᠭᠤᠯᠤᠭᠰᠠᠨ ᠪᠠᠢ᠌ᠪᠠᠯ᠂ ᠭᠠᠵᠠᠷ ᠰᠢᠷᠤᠢ ᠵᠢᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠬᠤᠳᠠ ᠬᠦᠳᠡᠭᠡ ᠵᠢᠨ ᠲᠦᠯᠦᠪᠵᠢᠭᠦᠯᠬᠡ ᠵᠢᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠠᠴᠠ ᠦᠪᠡᠷᠰᠡᠳ᠎ᠤᠨ ᠲᠤᠰᠢᠶᠠᠯ ᠬᠠᠷᠢᠭᠤᠴᠠᠯᠭ᠎ᠠ ᠵᠢᠨ ᠲᠠᠭ᠋ᠠᠦ ᠲᠤᠭᠳᠠᠭᠰᠠᠨ ᠬᠤᠭᠤᠴᠠᠭ᠋ᠠᠨ᠎ᠳᠤ ᠵᠠᠯᠠᠷᠠᠭᠤᠯᠬᠤ ᠵᠢ ᠵᠠᠷᠯᠢᠭᠳᠠᠨ᠎ᠠ; ᠬᠣᠭᠣᠴᠠᠭ᠎ᠠ᠎ᠨᠢ ᠬᠡᠳᠦᠷᠡᠵᠦ ᠵᠠᠯᠠᠷᠠᠭᠤᠯᠬᠤ ᠦᠭᠡᠢ ᠪᠤᠯ ᠰᠢᠢ᠍ᠳᠪᠦᠷᠢ ᠭᠠᠷᠭ᠋ᠠᠭᠰᠠᠨ ᠠᠯᠪᠠᠨ ᠪᠠᠢ᠌ᠭᠤᠯᠭ᠎ᠠ᠎ᠠᠴᠠ ᠬᠠᠦᠯᠢ ᠵᠢᠨ ᠲᠠᠭ᠋ᠠᠦ ᠠᠷᠠᠳ᠎ᠤᠨ ᠰᠢᠭᠦᠭᠦ ᠬᠤᠷᠢᠶᠠᠨ᠎ᠳᠤ ᠠᠯᠪᠠᠲᠠᠨ ᠬᠡᠷᠡᠭᠵᠢᠭᠦᠯᠬᠦ ᠵᠢ ᠭᠤᠶᠤᠴᠢᠯᠠᠨ᠎ᠠ᠃
ᠭᠤᠴᠢᠳᠤᠭ᠋ᠠᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠲᠠᠷᠠᠭ᠋ᠠᠬᠢ ᠵᠦᠢ᠍ᠯᠡᠰ᠎ᠤᠨ ᠠᠯᠢ ᠨᠢᠭᠡ ᠠᠵᠢᠯᠯᠠᠭ᠎ᠠ ᠵᠢ ᠬᠢᠭᠰᠡᠨ ᠪᠠᠢ᠌ᠪᠠᠯ᠂ ᠰᠤᠶᠤᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠠᠴᠠ ᠦᠪᠡᠷᠰᠡᠳ᠎ᠤᠨ ᠲᠤᠰᠢᠶᠠᠯ ᠬᠠᠷᠢᠭᠤᠴᠠᠯᠭ᠎ᠠ ᠵᠢᠨ ᠲᠠᠭ᠋ᠠᠦ ᠲᠤᠭᠳᠠᠭᠰᠠᠨ ᠬᠤᠭᠤᠴᠠᠭ᠋ᠠᠨ᠎ᠳᠤ ᠵᠠᠯᠠᠷᠠᠭᠤᠯᠬᠤ ᠵᠢ ᠵᠠᠷᠯᠢᠭᠳᠠᠨ᠎ᠠ; ᠬᠦᠨᠳᠦ ᠨᠤᠴᠢᠲᠠᠢ ᠦᠷ᠎ᠡ ᠳ᠋ᠦᠩ ᠤᠴᠠᠷᠠᠭᠤᠯᠤᠭᠰᠠᠨ ᠪᠠᠢ᠌ᠪᠠᠯ᠂ ᠬᠠᠷᠢᠭᠤᠴᠠᠯᠭ᠎ᠠ ᠬᠦᠯᠢᠶᠡᠭᠰᠡᠨ ᠭᠤᠤᠯᠯᠠᠬᠤ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠰ᠎ᠲᠤ ᠬᠠᠦᠯᠢ ᠵᠢᠨ ᠲᠠᠭ᠋ᠠᠦ ᠵᠠᠰᠭ ᠵᠠᠬᠢᠷᠭ᠋ᠠᠨ᠎ᠤ ᠰᠢᠢ᠍ᠳᠬᠡᠯ ᠦᠭᠭᠦᠨ᠎ᠡ᠄ (ᠨᠢᠭᠡ) ᠲᠤᠭᠳᠠᠭ᠋ᠠᠯ᠎ᠳᠠᠬᠢ ᠬᠠᠮᠤᠭ᠎ᠤᠨ ᠪᠤᠭᠤᠨᠢ ᠬᠤᠭᠤᠴᠠᠭ᠎ᠠ᠎ᠪᠠᠷ ᠤᠯᠠᠨ ᠲᠦᠮᠡᠨ᠎ᠳᠤ ᠨᠡᠭᠡᠭᠡᠯᠳᠡᠳᠡᠢ ᠪᠤᠰᠦ ᠪᠠᠢ᠌ᠯᠭ᠋ᠠᠭᠰᠠᠨ; (ᠬᠤᠶᠠᠷ) ᠦᠢ᠍ᠯᠡᠴᠢᠯᠡᠭᠡᠨ᠎ᠤ ᠲᠦᠷᠦᠯ ᠵᠦᠢ᠍ᠯ᠂ ᠨᠡᠭᠡᠭᠡᠬᠦ ᠴᠠᠭ ᠵᠡᠷᠭᠡ ᠵᠢ ᠢᠯᠡ ᠨᠡᠢ᠌ᠳᠡᠯᠡᠭᠰᠡᠨ ᠦᠭᠡᠢ; (ᠭᠤᠷᠪᠠ) ᠲᠦᠭᠦᠭᠡᠷᠦᠮᠵᠢ ᠵᠢᠨ ᠭᠡᠷᠡᠭᠯᠡᠬᠦ ᠠᠷᠭ᠎ᠠ ᠪᠤᠶᠤ ᠠᠩᠬᠠᠷᠬᠤ ᠵᠦᠢ᠍ᠯ᠎ᠢ ᠨᠢᠳᠦᠨ᠎ᠳᠤ ᠢᠯᠡ ᠭᠠᠵᠠᠷ ᠲᠤᠳᠤᠷᠬᠠᠢ᠌ᠯᠠᠭᠰᠠᠨ ᠦᠭᠡᠢ; (ᠲᠦᠷᠪᠡ) ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠠᠮᠤᠷ ᠲᠦᠪᠰᠢᠨ᠎ᠤ ᠬᠠᠮᠢᠶᠠᠷᠤᠯᠳᠠ ᠵᠢᠨ ᠲᠦᠷᠢᠮ᠎ᠢ ᠪᠠᠢ᠌ᠭᠤᠯᠵᠦ ᠲᠡᠭᠦᠯᠳᠠᠷᠵᠢᠭᠦᠯᠦᠭᠰᠡᠨ ᠦᠭᠡᠢ; (ᠲᠠᠪᠤ) ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠨᠡᠷᠡᠢ᠌ᠳᠦᠯ᠂ ᠬᠠᠶᠢᠭ᠂ ᠦᠢ᠍ᠯᠡᠴᠢᠯᠡᠭᠡᠨ᠎ᠤ ᠲᠦᠷᠦᠯ ᠵᠦᠢ᠍ᠯ ᠵᠡᠷᠭᠡ ᠠᠭᠤᠯᠭ᠎ᠠ ᠵᠢ ᠰᠣᠶᠣᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠯᠠᠬᠤ ᠰᠠᠯᠠᠭ᠎ᠠ ᠮᠦᠴᠢᠷ᠎ᠲᠤ ᠮᠡᠳᠡᠭᠦᠯᠵᠦ ᠲᠠᠩᠰᠠᠯᠠᠭᠤᠯᠤᠭᠰᠠᠨ ᠦᠭᠡᠢ᠃
ᠭᠤᠴᠢᠨ ᠨᠢᠭᠡᠳᠦᠭᠡᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ᠎ᠨᠢ ᠲᠠᠷᠠᠭ᠋ᠠᠬᠢ ᠵᠦᠢ᠍ᠯᠡᠰ᠎ᠤᠨ ᠠᠯᠢ ᠨᠢᠭᠡ ᠠᠵᠢᠯᠯᠠᠭ᠎ᠠ ᠵᠢ ᠬᠢᠭᠰᠡᠨ ᠪᠤᠯ᠂ ᠰᠣᠶᠣᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠯᠠᠬᠤ ᠰᠠᠯᠠᠭ᠎ᠠ ᠮᠦᠴᠢᠷ᠎ᠠᠴᠠ ᠦᠪᠡᠷᠰᠡᠳ᠎ᠤᠨ ᠲᠤᠰᠢᠶᠠᠯ ᠬᠠᠷᠢᠭᠤᠴᠠᠯᠭ᠎ᠠ ᠵᠢᠨ ᠲᠠᠭ᠋ᠠᠦ ᠲᠤᠭᠳᠠᠭᠰᠠᠨ ᠬᠤᠭᠤᠴᠠᠭ᠋ᠠᠨ᠎ᠳᠤ ᠵᠠᠯᠠᠷᠠᠭᠤᠯᠬᠤ ᠵᠢ ᠵᠠᠷᠯᠢᠭᠳᠠᠨ᠂ ᠬᠠᠦᠯᠢ ᠵᠦᠷᠢᠴᠡᠭᠰᠡᠨ ᠤᠷᠤᠯᠭ᠎ᠠ ᠵᠢ᠎ᠨᠢ ᠬᠤᠷᠢᠶᠠᠨ ᠠᠪᠤᠨ᠎ᠠ᠂ ᠬᠠᠦᠯᠢ ᠵᠦᠷᠢᠴᠡᠭᠰᠡᠨ ᠤᠷᠤᠯᠭ᠎ᠠ᠎ᠨᠢ 5000 ᠵᠤᠭᠤᠰ᠎ᠠᠴᠠ ᠲᠡᠭᠡᠭᠰᠢ ᠪᠤᠯ᠂ ᠬᠠᠦᠯᠢ ᠵᠦᠷᠢᠴᠡᠭᠰᠡᠨ ᠣᠷᠣᠯᠭ᠎ᠠ ᠵᠢᠨ ᠬᠤᠶᠠᠷ ᠲᠠᠬᠢᠨ᠎ᠠᠴᠠ ᠲᠡᠭᠡᠭᠰᠢ᠂ ᠲᠠᠪᠤᠨ ᠲᠠᠬᠢᠨ᠎ᠠᠴᠠ ᠲᠤᠭᠤᠭᠰᠢ ᠲᠤᠷᠭ᠋ᠠᠨ᠎ᠠ; ᠬᠠᠦᠯᠢ ᠵᠦᠷᠢᠴᠡᠭᠰᠡᠨ ᠣᠷᠣᠯᠭ᠎ᠠ ᠦᠭᠡᠢ ᠪᠤᠶᠤ 5000 ᠵᠤᠭᠤᠰ᠎ᠠᠴᠠ ᠲᠤᠭᠤᠭᠰᠢ ᠪᠤᠯ᠂ ᠨᠢᠭᠡ ᠲᠦᠮᠡᠨ ᠵᠤᠭᠤᠰ᠎ᠠᠴᠠ ᠲᠤᠭᠤᠭᠰᠢ ᠲᠤᠷᠭ᠋ᠠᠨ᠎ᠠ; ᠬᠠᠷᠢᠭᠤᠴᠠᠯᠭ᠎ᠠ ᠬᠦᠯᠢᠶᠡᠭᠰᠡᠨ ᠭᠤᠤᠯᠯᠠᠬᠤ ᠬᠦᠮᠦᠰ ᠪᠤᠶᠤ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠰ᠎ᠲᠤ ᠬᠠᠦᠯᠢ ᠵᠢᠨ ᠲᠠᠭ᠋ᠠᠦ ᠵᠠᠰᠠᠭ ᠵᠠᠬᠢᠷᠠᠭ᠋ᠠᠨ᠎ᠤ ᠰᠢᠢ᠍ᠳᠬᠡᠯ ᠦᠭᠭᠦᠨ᠎ᠡ᠄ (ᠨᠢᠭᠡ) ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠡᠷᠡᠭᠴᠡᠭᠡ ᠴᠢᠳᠠᠪᠬᠢᠳᠤ ᠲᠤᠬᠢᠷᠠᠬᠤ ᠦᠭᠡᠢ ᠦᠢ᠍ᠯᠡᠴᠢᠯᠡᠭᠡᠨ᠎ᠤ ᠬᠦᠳᠡᠯᠭᠡᠭᠡᠨ ᠦᠷᠨᠢᠭᠦᠯᠦᠭᠰᠡᠨ; (ᠬᠤᠶᠠᠷ) ᠲᠤᠰ ᠲᠦᠷᠢᠮ᠎ᠤᠨ ᠲᠤᠭᠳᠠᠭ᠋ᠠᠯ᠎ᠢ ᠵᠦᠷᠢᠴᠡᠵᠦ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠲᠦᠷᠢᠶᠡᠰᠦᠯᠡᠭᠦᠯᠦᠭᠰᠡᠨ᠃
ᠭᠤᠴᠢᠨ ᠬᠤᠶᠠᠳᠤᠭ᠋ᠠᠷ ᠵᠤᠷᠪᠤᠰ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ ᠵᠢᠴᠢ ᠠᠵᠢᠯᠳᠠᠨ ᠲᠤᠰ ᠲᠦᠷᠢᠮ᠎ᠤᠨ ᠲᠤᠭᠳᠠᠭ᠋ᠠᠯ᠎ᠢ ᠵᠦᠷᠢᠴᠡᠵᠦ᠂ ᠣᠯᠠᠨ ᠨᠡᠢ᠌ᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠳᠠ ᠵᠢᠨ ᠪᠠᠢ᠌ᠭᠤᠯᠭ᠎ᠠ ᠵᠢᠨ ᠡᠯ᠎ᠡ ᠵᠦᠢ᠍ᠯ᠎ᠤᠨ ᠤᠷᠤᠯᠭ᠎ᠠ ᠵᠢ ᠨᠡᠭᠦᠯᠭᠡᠨ ᠬᠡᠷᠡᠭᠯᠡᠭᠰᠡᠨ ᠪᠤᠶᠤ ᠵᠠᠰᠠᠨ ᠬᠠᠮᠠᠭ᠋ᠠᠯᠠᠬᠤ ᠨᠦᠭᠦᠴᠡᠯ᠎ᠲᠠᠢ ᠪᠠᠢ᠌ᠭ᠋ᠠᠳ ᠵᠠᠰᠠᠨ ᠬᠠᠮᠠᠭ᠋ᠠᠯᠠᠬᠤ ᠡᠭᠦᠷᠭᠡ᠎ᠪᠠᠨ ᠬᠦᠢ᠍ᠴᠡᠳᠭᠡᠭᠰᠡᠨ ᠦᠭᠡᠢ ᠪᠤᠯ ᠰᠤᠶᠤᠯ᠎ᠤᠨ ᠵᠠᠰᠠᠭ ᠵᠠᠬᠢᠷᠭ᠋ᠠᠨ᠎ᠤ ᠭᠤᠯᠯᠠᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠠᠴᠠ ᠦᠪᠡᠷᠰᠡᠳ᠎ᠤᠨ ᠲᠤᠰᠢᠶᠠᠯ ᠬᠠᠷᠢᠭᠤᠴᠠᠯᠭ᠎ᠠ ᠵᠢᠨ ᠲᠠᠭ᠋ᠠᠦ ᠲᠤᠭᠳᠠᠭᠰᠠᠨ ᠬᠤᠭᠤᠴᠠᠭ᠋ᠠᠨ᠎ᠳᠤ ᠵᠠᠯᠠᠷᠠᠭᠤᠯᠬᠤ ᠵᠢ ᠵᠠᠷᠯᠢᠭᠳᠠᠨ᠎ᠠ; ᠬᠠᠷᠢᠭᠤᠴᠠᠯᠭ᠎ᠠ ᠬᠦᠯᠢᠶᠡᠭᠰᠡᠨ ᠭᠤᠤᠯᠯᠠᠬᠤ ᠬᠦᠮᠦᠰ ᠪᠤᠶᠤ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠰ᠎ᠲᠤ ᠬᠠᠦᠯᠢ ᠶᠤᠰᠤᠭ᠋ᠠᠷ ᠵᠠᠰᠠᠭ ᠵᠠᠬᠢᠷᠠᠭ᠋ᠠᠨ᠎ᠤ ᠰᠢᠢ᠍ᠳᠬᠡᠯ ᠦᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ᠂ ᠬᠠᠦᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠃
ᠵᠢᠷᠭᠤᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ
ᠭᠤᠴᠢᠨ ᠭᠤᠷᠪᠠᠳᠤᠭ᠋ᠠᠷ ᠵᠤᠷᠪᠤᠰ ᠤᠯᠤᠰ᠎ᠤᠨ ᠠᠯᠪᠠᠨ ᠪᠠᠢ᠌ᠭᠤᠯᠭ᠎ᠠ᠂ ᠰᠤᠷᠭ᠋ᠠᠭᠤᠯᠢ ᠵᠡᠷᠭᠡ ᠪᠡᠢ᠌ᠭᠤᠯᠭᠠ ᠵᠢᠨ ᠲᠤᠳᠤᠭ᠋ᠠᠳᠦ᠎ᠳᠠᠬᠢ ᠰᠣᠶᠣᠯ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠤᠯᠠᠨ ᠲᠦᠮᠡᠨ᠎ᠳᠤ ᠨᠡᠬᠡᠬᠡᠬᠦ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠭᠤᠤᠯᠯᠠᠬᠤ ᠰᠠᠯᠠᠭ᠎ᠠ ᠮᠦᠴᠢᠷ᠎ᠠᠴᠠ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠳᠦᠷᠠᠵᠦ ᠪᠠᠢ᠌ᠭ᠋ᠠᠳ ᠲᠤᠰ ᠲᠦᠷᠢᠮ᠎ᠤᠨ ᠵᠠᠷᠴᠢᠮ᠎ᠢ ᠦᠨᠳᠦᠰᠦᠯᠡᠨ ᠲᠤᠰᠲᠤᠨᠢ ᠬᠠᠮᠢᠶᠠᠷᠤᠯᠳᠠ ᠵᠢᠨ ᠠᠷᠭ᠎ᠠ ᠲᠤᠭᠳᠠᠭ᠋ᠠᠨ᠎ᠠ᠃
ᠭᠤᠴᠢᠨ ᠲᠦᠷᠪᠡᠳᠦᠭᠡᠷ ᠵᠤᠷᠪᠤᠰ ᠲᠤᠰ ᠲᠦᠷᠢᠮ᠎ᠢ 2003 ᠤᠨ᠎ᠤ 8 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃