
11 ᠰᠠᠷ᠎ᠠ ᠵᠢᠨ 27᠎ᠤ ᠡᠳᠦᠷ᠎ᠤᠨ ᠦᠳᠡ ᠵᠢᠨ ᠬᠤᠢ᠌ᠨᠡ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠲᠡᠳ᠋ ᠲᠡᠷᠢᠭᠦᠯᠡᠭᠴᠢ ᠠᠢ ᠯᠢ ᠬᠤᠸᠠ᠂ ᠲᠠᠯᠠᠬᠡᠢ ᠵᠢᠨ ᠡᠮᠡᠭᠳᠡᠢ ᠵᠢᠨ ᠪᠤᠤᠺᠰ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠠᠴᠠ ᠠᠮᠵᠢᠯᠳᠠ ᠲᠦᠭᠦᠷᠡᠩ ᠪᠤᠴᠠᠵᠦ ᠢᠷᠡᠭᠰᠡᠨ ᠮᠠᠨ᠎ᠤ ᠤᠷᠤᠨ᠎ᠤ ᠲᠠᠮᠢᠷᠴᠢᠨ᠂ ᠲᠠᠰᠬᠠᠵᠢᠯᠭᠤᠯᠤᠭᠴᠢ᠂ ᠪᠠᠭ᠎ᠤᠨ ᠡᠮᠴᠢ ᠨᠡᠷ᠎ᠢ ᠬᠦᠯᠢᠶᠡᠨ ᠠᠪᠴᠦ ᠠᠭᠤᠯᠵᠠᠪᠠ᠃ ᠠᠢ ᠯᠢ ᠬᠤᠸᠠ ᠲᠡᠳ᠋ ᠲᠡᠷᠢᠭᠦᠯᠡᠭᠴᠢ᠎ᠠᠴᠠ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨᠢ ᠲᠦᠯᠦᠭᠡᠯᠡᠨ᠂ ᠰᠢᠯᠢᠳᠡᠭ ᠪᠦᠳᠦᠮᠵᠢ ᠤᠯᠤᠭᠰᠠᠨ ᠲᠠᠮᠢᠷᠴᠢᠳ᠎ᠲᠤ ᠪᠠᠶᠠᠷ ᠬᠦᠷᠭᠡᠬᠦ ᠵᠢᠨ ᠬᠠᠮᠳᠦ᠂ ᠤᠷᠤᠯᠳᠤᠭ᠋ᠠᠨ᠎ᠤ ᠦᠷᠢᠰᠦᠯᠳᠦᠬᠦ ᠵᠤᠷᠢᠭ ᠰᠠᠨᠠᠭ᠎ᠠ᠂ ᠬᠠᠮᠳᠦ ᠨᠠᠢ᠌ᠳᠠ ᠵᠢᠨ ᠵᠤᠷᠢᠭ ᠰᠠᠨᠠᠭ᠎ᠠ ᠵᠢ ᠦᠨᠳᠦᠷ ᠦᠨᠡᠯᠡᠨ ᠮᠠᠭᠳᠠᠨ ᠰᠠᠢ᠌ᠰᠢᠶᠡᠪᠡ᠃
11 ᠰᠠᠷ᠎ᠠ ᠵᠢᠨ 24᠎ᠤ ᠤᠷᠤᠢ᠂ 2018 ᠤᠨ᠎ᠤ ᠲᠡᠯᠡᠬᠡᠢ ᠵᠢᠨ ᠡᠮᠡᠭᠳᠡᠢ ᠵᠢᠨ ᠪᠤᠤᠺᠰ᠎ᠤᠨ ᠲᠡᠮᠡᠴᠡᠭᠡᠨ ᠡᠨᠡᠳᠬᠡᠭ᠎ᠤᠨ ᠨᠠᠢ᠌ᠰᠯᠡᠯ ᠰᠢᠨ᠎ᠡ ᠳ᠋ᠸᠯᠢ᠎ᠳᠤ ᠦᠨᠳᠦᠷᠯᠡᠵᠦ᠂ ᠮᠠᠨ᠎ᠤ ᠤᠷᠤᠨ᠎ᠤ ᠲᠠᠮᠢᠷᠴᠢᠨ ᠳ᠋ᠸᠦ ᠳ᠋ᠠᠨ᠂ ᠯᠢ ᠴᠢᠶᠠᠨ᠂ ᠶᠠᠩ ᠰᠢᠶᠤᠤ ᠯᠢ ᠠᠯᠳᠠᠨ ᠮᠸᠳᠠᠯ ᠬᠦᠷᠳᠡᠭᠰᠡᠨ ᠪᠠᠢ᠌ᠨ᠎ᠡ᠃
