ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠤᠨ᠎ᠤ ᠠᠵᠢᠯ ᠵᠶ᠋ᠠᠨ ᠳ᠋ᠦᠩᠨᠡᠵᠦ ᠬᠦᠬᠢᠭᠦᠯᠦᠨ ᠰᠠᠢ᠌ᠰᠢᠶᠠᠬᠤ ᠶᠡᠬᠡ ᠬᠤᠷᠠᠯ ᠵᠢᠴᠢ ᠰᠢᠯᠢᠳᠡᠭ ᠤᠷᠠᠨ ᠪᠦᠳᠦᠭᠡᠯ᠎ᠤᠨ ᠦᠵᠡᠭᠦᠯᠦᠯᠭᠡ ᠵᠢᠨ ᠲᠤᠭᠯᠠᠯᠳᠠ ᠡᠷᠬᠢᠯᠡᠪᠡ
ᠨᠡᠶ᠋ᠢᠲᠡᠯᠡᠭᠰᠡᠨ ᠴᠠᠭ᠄ 2019-01-10

    1 ᠰᠠᠷ᠎ᠠ ᠵᠢᠨ 2᠎ᠤᠨ ᠤᠷᠤᠢ᠂  《ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ ᠠᠷᠢᠭᠤᠨ ᠬᠦᠰᠡᠯᠡᠩ ᠵᠶ᠋ᠠᠨ ᠪᠠᠶᠠᠯᠡᠭᠦᠯᠵᠦ ᠰᠢᠨ᠎ᠡ ᠴᠠᠭ ᠦᠶ᠎ᠡ ᠵᠢᠨ ᠦᠭᠡᠷᠡᠴᠢᠯᠠᠯᠳᠠ ᠨᠡᠭᠡᠭᠡᠯᠳᠡ ᠵᠢᠨ ᠲᠦᠯᠦᠭᠡ ᠵᠢᠳᠬᠦᠰᠦᠭᠡᠢ  》 ᠭᠤᠤᠯ ᠰᠡᠳᠦᠪᠳᠦ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠵᠢᠨ ᠤᠨ᠎ᠤ ᠠᠵᠢᠯ ᠵᠶ᠋ᠠᠨ ᠳ᠋ᠦ᠍ᠩᠨᠠᠵᠦ ᠬᠦᠬᠢᠭᠦᠯᠦᠨ ᠰᠠᠢ᠌ᠰᠢᠶᠠᠬᠤ ᠶᠡᠬᠡ ᠬᠤᠷᠠᠯ ᠵᠢᠴᠢ ᠰᠢᠯᠢᠳᠡᠭ ᠤᠷᠠᠨ ᠪᠦᠳᠦᠭᠡᠯ᠎ᠤᠨ ᠦᠵᠡᠭᠦᠯᠦᠯᠭᠡ ᠵᠢᠨ ᠲᠤᠭᠯᠠᠯᠳᠠ ᠦᠪᠦᠷ ᠮᠤᠩᠭᠤᠯ᠎ᠤᠨ ᠲᠠᠮᠢᠷ᠎ᠤᠨ ᠤᠷᠳᠤᠨ᠎ᠳᠤ ᠶᠠᠪᠤᠭᠳᠠᠪᠠ᠃ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠲᠡᠳ᠋ ᠲᠠᠷᠢᠭᠦᠯᠡᠭᠴᠢ ᠠᠢ ᠯᠢ ᠬᠤᠸᠠ᠂ ᠦᠪᠡᠷᠳᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠤᠯᠤᠰ ᠲᠦᠷᠦ ᠵᠢᠨ ᠵᠦᠪᠯᠡᠯᠭᠡᠨ᠎ᠤ ᠲᠡᠳ᠋ ᠲᠠᠷᠢᠭᠦᠯᠡᠭᠴᠢ᠂ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ᠎ᠤᠨ ᠲᠠᠷᠢᠭᠦᠯᠡᠭᠴᠢ ᠭᠦᠸᠸ ᠽᠢ ᠮᠢᠩ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠲᠡᠳ᠋ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ᠎ᠤᠨ ᠲᠡᠳ᠋ ᠲᠠᠷᠢᠭᠦᠯᠡᠭᠴᠢ ᠸᠠᠩ ᠢᠤᠢ ᠮᠢᠩ᠂ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶᠠᠨ᠎ᠤ ᠲᠤᠪᠴᠢᠶᠠᠨ ᠲᠠᠷᠤᠭ᠎ᠠ ᠲᠠᠨ ᠵᠢᠩ ᠹᠸᠩ ᠵᠡᠷᠭᠡ ᠤᠳᠤᠷᠢᠳᠤᠯᠭ᠎ᠠ ᠠᠵᠢᠯᠯᠠᠭ᠎ᠠ᠎ᠳᠤ ᠤᠷᠤᠯᠴᠠᠭᠰᠠᠨ ᠪᠦᠭᠡᠳ ᠱᠠᠩᠨᠠᠯ ᠬᠦᠷᠳᠡᠭᠰᠡᠨ ᠬᠠᠮᠳᠦ ᠨᠠᠢ᠌ᠳᠠ ᠪᠠ ᠬᠤᠪᠢ ᠬᠦᠮᠦᠨ᠎ᠳᠤ ᠱᠠᠩᠨᠠᠯ ᠭᠠᠷᠳᠠᠭᠤᠯᠵᠠᠢ᠃
    ᠲᠠᠨ ᠵᠢᠩ ᠹᠸᠩ ᠲᠤᠪᠴᠢᠶᠠᠨ ᠲᠠᠷᠤᠭ᠎ᠠ ᠵᠢᠭ᠋ᠠᠬᠤ᠎ᠳᠠᠭᠠᠨ᠂ 2018 ᠤᠨ᠎ᠳᠤ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠦᠢ᠍ᠯᠡᠰ ᠦᠷᠨᠢᠭᠦᠨ ᠬᠦᠭᠵᠢᠵᠦ᠂ ᠪᠡᠶ᠎ᠡ ᠵᠢᠨ ᠲᠠᠮᠢᠷ᠎ᠤᠨ ᠦᠭᠡᠷᠡᠴᠢᠯᠠᠯᠳᠠ ᠵᠢ ᠭᠦᠨᠵᠡᠭᠡᠢ ᠠᠬᠢᠭᠤᠯᠤᠨ᠂ ᠤᠯᠠᠨ ᠲᠦᠮᠡᠨᠴᠢ ᠪᠡᠶ᠎ᠡ ᠵᠢᠨ ᠲᠠᠮᠢᠷ ᠠᠷᠠᠳ᠎ᠲᠤ ᠲᠤᠰᠠ ᠬᠦᠷᠳᠡᠭᠡᠨ᠂ ᠤᠷᠤᠯᠳᠤᠭ᠋ᠠᠨ᠎ᠤ ᠪᠡᠶ᠎ᠡ ᠵᠢᠨ ᠲᠠᠮᠢᠷ ᠰᠢᠨ᠎ᠡ ᠰᠢᠪᠳᠤᠯᠤᠯᠳᠠ ᠤᠯᠵᠦ᠂   ᠲᠤᠪᠤᠢ᠌ᠮ᠎ᠡ ᠤᠨᠴᠠᠯᠢᠭ ᠪᠦᠬᠦᠢ ᠲᠠᠮᠢᠷ᠎ᠤᠨ ᠠᠵᠦ ᠦᠢ᠍ᠯᠡᠰ᠎ᠢ ᠪᠤᠢ ᠪᠤᠯᠭ᠋ᠠᠨ᠂ ᠡᠯᠪᠡᠭ ᠪᠠᠶᠠᠯᠢᠭ ᠲᠠᠮᠢᠷ᠎ᠤᠨ ᠰᠤᠶᠤᠯ ᠬᠦᠭᠵᠢᠨ᠂ ᠲᠠᠮᠢᠷ᠎ᠤᠨ ᠭᠠᠳᠠᠭ᠋ᠠᠳᠦ ᠬᠠᠷᠢᠯᠴᠠᠭ᠎ᠠ ᠤᠯᠠᠮ ᠦᠨᠢᠷᠭᠦᠨ ᠪᠤᠯᠵᠦ᠂ ᠲᠠᠮᠢᠷ᠎ᠤᠨ ᠶᠠᠳᠠᠭᠤ ᠵᠢ ᠲᠡᠳᠬᠦᠬᠦ ᠠᠵᠢᠯ ᠨᠠᠷᠢᠨ ᠤᠨᠤᠪᠴᠢᠳᠠᠢ ᠶᠠᠪᠤᠭᠳᠠᠵᠦ᠂ ᠡᠬᠡ ᠤᠯᠤᠰ᠎ᠤᠨ ᠤᠮᠠᠷᠠᠳᠦ ᠬᠢᠵᠠᠭ᠋ᠠᠷ᠎ᠲᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠪᠠᠳᠠᠷᠠᠨ ᠲᠦᠷᠡᠯᠵᠡᠭᠰᠡᠨ ᠲᠦᠯᠦ ᠪᠤᠯᠤᠨ ᠬᠢᠯᠠᠯᠵᠠᠪᠠ ᠭᠡᠵᠡᠢ᠃


ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠡᠪᠤᠯ᠎ᠤᠨ ᠤᠯᠡᠷᠢᠯ᠎ᠤᠨ ᠲᠠᠮᠢᠷ᠎ᠤᠨ ᠴᠤᠡᠡᠯᠠᠭ᠋ᠠᠨ ᠬᠦᠯᠤᠨ ᠪᠤᠶ᠋ᠢᠷ ᠬᠤᠳᠡ᠎ᠳᠤ ᠡᠬᠢᠯᠡᠪᠡ
 ᠠᠷᠪᠠᠨ ᠲᠥᠷᠪᠡᠳᠥᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠬᠯᠠᠭ᠋ᠠᠨ᠎ᠤ ᠪᠡᠯᠡᠳᠭᠡᠯ ᠠᠵᠢᠯ᠎ᠤᠨ ᠶᠡᠭᠡ ᠬᠤᠷᠠᠯ ᠬᠤᠷᠠᠯᠳᠤᠵᠠᠢ
 ᠮᠦᠰᠦ ᠴᠠᠰᠤᠨ᠎ᠳᠤ ᠤᠷᠤᠭᠰᠢᠯᠠᠯᠳᠠ ᠵᠢᠨ ᠮᠦᠷ ᠵᠶ᠋ᠠᠨ ᠦᠯᠡᠳᠡᠬᠡᠵᠤ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠰᠦᠬᠡᠢ
ᠳᠡᠯᠡᠬᠡᠢ ᠵᠢᠨ ᠴᠡᠷᠢᠭ ᠬᠦᠮᠦᠨ᠎ᠤ ᠲᠠᠮᠢᠷ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ ᠶᠠᠪᠤᠭᠳᠠᠪᠠ
ᠠᠷᠪᠠᠨ ᠳᠦᠷᠪᠠᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠵᠢᠷᠭᠤᠭ᠋ᠠᠨ 《ᠠᠩᠬᠠᠳᠠᠬ᠍ᠴᠢ》 ᠲᠠ ᠨᠠᠷ ᠮᠡᠳᠡᠨ᠎ᠡ ᠤᠤ?
 
            