1 ᠰᠠᠷ᠎ᠠ ᠵᠢᠨ 3᠎ᠤ ᠡᠳᠦᠷ᠎ᠤᠨ ᠦᠳᠡ ᠵᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶᠠᠨ᠎ᠤ ᠲᠡᠳ᠋ ᠲᠤᠪᠴᠢᠶᠠᠨ ᠲᠠᠷᠤᠭ᠎ᠠ ᠯᠢ ᡁᠢ ᠶᠸᠦ᠂ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠬᠡᠷᠡᠭ ᠡᠷᠬᠢᠯᠡᠬᠦ ᠲᠤᠪᠴᠢᠶᠠᠨ᠎ᠤ ᠵᠦᠪᠯᠡᠯ᠎ᠤᠨ ᠲᠡᠳ᠋ ᠡᠷᠬᠢᠯᠡᠭᠴᠢ ᠯᠢ ᠭᠦᠸᠸ ᠴᠸᠩ ᠦᠪᠡᠷᠳᠡᠭᠡᠨ ᠵᠠᠰᠠᠬᠤ ᠤᠷᠤᠨ᠎ᠤ ᠮᠤᠷᠢᠨ ᠮᠡᠷᠭᠡᠵᠢᠯ᠎ᠤᠨ ᠰᠫᠤᠷᠲ ᠵᠢᠨ ᠬᠠᠮᠢᠶᠠᠷᠤᠯᠳᠠ ᠵᠢᠨ ᠲᠦᠪ ᠪᠤᠯᠤᠨ ᠬᠦᠬᠡᠬᠤᠳᠠ ᠵᠢᠨ ᠪᠡᠶ᠎ᠡ ᠵᠢᠨ ᠲᠠᠮᠢᠷ᠎ᠤᠨ ᠲᠤᠪᠴᠢᠶ᠎ᠡ᠎ᠳᠤ ᠬᠦᠷᠴᠦ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠴᠦᠬᠡᠨ ᠲᠤᠭ᠋ᠠᠳᠦ ᠦᠨᠳᠦᠰᠦᠳᠡᠨ᠎ᠤ ᠤᠯᠠᠮᠵᠢᠯᠠᠯᠳᠦ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠮᠤᠷᠢᠨ ᠮᠡᠷᠭᠡᠵᠢᠯ᠂ ᠦᠱ᠌ᠦ᠂ ᠪᠦᠬᠡ᠂ ᠰᠤᠷ ᠬᠠᠷᠪᠤᠯᠳᠠ ᠵᠡᠷᠭᠡ ᠰᠫᠤᠷᠲ ᠵᠢᠨ ᠪᠤᠯᠪᠠᠰᠤᠷᠠᠯ᠎ᠤᠨ ᠲᠤᠬᠠᠢ ᠪᠠᠢ᠌ᠴᠠᠭ᠋ᠠᠯᠳᠠ ᠬᠢᠭᠰᠡᠨ ᠪᠠᠢ᠌ᠨ᠎ᠡ᠃ ᠪᠠᠰᠠ ᠲᠠᠮᠢᠷᠴᠢᠳ᠎ᠤᠨ ᠡᠳᠦᠷ ᠲᠤᠳᠤᠮ᠎ᠤᠨ ᠠᠮᠢᠳᠤᠷᠠᠯ᠂ ᠪᠡᠯᠡᠳᠬᠡᠯ ᠪᠤᠯᠪᠠᠰᠤᠷᠠᠯ᠎ᠤᠨ ᠪᠠᠢ᠌ᠳᠠᠯ᠎ᠢ ᠨᠠᠷᠢᠨ ᠤᠢ᠌ᠯᠠᠭ᠋ᠠᠵᠦ᠂ 2019 ᠤᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠴᠦᠬᠡᠨ ᠲᠤᠭ᠋ᠠᠳᠦ ᠦᠨᠳᠦᠰᠦᠳᠡᠨ᠎ᠤ ᠤᠯᠠᠮᠵᠢᠯᠠᠯᠳᠦ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠰᠢᠯᠢᠳᠡᠭ ᠠᠮᠵᠢᠯᠳᠠ ᠤᠯᠵᠦ᠂ ᠦᠪᠡᠷᠳᠡᠭᠡᠨ ᠵᠠᠰᠠᠬᠤ ᠤᠷᠤᠨ᠎ᠳᠤ ᠦᠩᠭᠡ ᠭᠡᠷᠡᠯ ᠠᠪᠴᠢᠷᠠᠬᠤ ᠵᠢ ᠵᠤᠷᠢᠭᠵᠢᠭᠤᠯᠵᠠᠢ᠃
