ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠷᠪᠠᠨ ᠳᠦᠷᠪᠠᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠵᠢᠷᠭᠤᠭ᠋ᠠᠨ 《ᠠᠩᠬᠠᠳᠠᠬ᠍ᠴᠢ》 ᠲᠠ ᠨᠠᠷ ᠮᠡᠳᠡᠨ᠎ᠡ ᠤᠤ?
ᠨᠡᠶ᠋ᠢᠲᠡᠯᠡᠭᠰᠡᠨ ᠴᠠᠭ᠄ 2019-10-24

    ᠠᠷᠪᠠᠨ ᠳᠦᠷᠪᠠᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠦᠩᠭᠡᠷᠡᠭᠰᠡᠨ ᠬᠤᠭᠤᠴᠠᠭ᠋ᠠᠨ᠎ᠤ᠎ᠬᠢ᠎ᠲᠠᠢ᠎ᠪᠠᠨ ᠮᠠᠰᠢ ᠶᠡᠬᠡ ᠢᠯᠭ᠋ᠠᠭ᠎ᠠ᠎ᠲᠠᠢ ᠰᠢᠤ! ᠨᠡᠢ᠍ᠢ᠍ᠲᠡ ᠵᠢᠷᠭᠤᠭ᠋ᠠᠨ 《ᠠᠩᠬᠠᠳᠠᠬ᠍ᠴᠢ》 ᠵᠢ ᠪᠡᠶᠡᠯᠡᠭᠦᠯᠵᠡᠢ!
    ᠠᠷᠪᠠᠨ ᠳᠦᠷᠪᠠᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ 2020 ᠤᠨ᠎ᠤ 2 ᠰᠠᠷ᠎ᠠ᠎ᠳᠤ ᠥᠪᠥᠷ ᠮᠣᠩᠭᠣᠯ᠎ᠳᠤ ᠶᠠᠪᠤᠭᠳᠠᠬᠤ ᠪᠤᠯᠤᠨ᠎ᠠ᠂ ᠡᠨᠡ ᠪᠣᠯ 2022 ᠤᠨ᠎ᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠠᠴᠠ ᠡᠮᠦᠨᠡᠬᠢ ᠮᠠᠨ᠎ᠤ ᠤᠯᠤᠰ᠎ᠠᠴᠠ ᠡᠷᠬᠢᠯᠡᠭᠰᠡᠨ ᠬᠡᠪᠴᠢᠶ᠎ᠡ᠎ᠪᠠᠷ ᠬᠠᠮᠤᠭ᠎ᠤᠨ ᠶᠡᠬᠡ᠂ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠬᠠᠮᠤᠭ᠎ᠤᠨ ᠴᠢᠩᠭ᠎ᠠ᠂ ᠬᠢᠷᠢ ᠲᠦᠪᠰᠢᠨ ᠵᠶ᠋ᠠᠷ ᠬᠠᠮᠤᠭ᠎ᠤᠨ ᠥᠨᠳᠥᠷ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠪᠣᠯᠤᠨ᠎ᠠ᠃
    ᠥᠩᠭᠡᠷᠡᠭᠰᠡᠨ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠲᠠᠢ ᠬᠠᠷᠢᠴᠠᠭᠤᠯᠪᠠᠯ᠂ ᠠᠷᠪᠠᠨ ᠳᠦᠷᠪᠠᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠵᠤᠬᠢᠶᠠᠨ ᠪᠠᠢ᠍ᠢ᠍ᠭᠤᠯᠤᠯᠲᠠ᠂ ᠲᠦᠷᠦᠯ ᠵᠦᠢ᠍ᠯ᠎ᠤᠨ ᠪᠠᠢ᠍ᠢ᠍ᠷᠢᠯᠠᠭᠤᠯᠤᠯᠲᠠ ᠵᠡᠷᠭᠡ ᠲᠠᠯ᠎ᠠ᠎ᠪᠠᠷ ᠴᠦᠮ ᠴᠢᠬᠤᠯᠠ ᠶᠡᠬᠡ ᠳᠤᠬᠢᠷᠠᠭᠤᠯᠤᠯᠲᠠ ᠪᠠ ᠰᠢᠨ᠎ᠡ ᠡᠭᠦᠳᠦᠯᠲᠡ᠎ᠲᠠᠢ᠂ ᠤᠷᠤᠯᠳᠤᠭ᠋ᠠᠨ᠎ᠤ ᠬᠡᠪᠴᠢᠶ᠎ᠡ᠎ᠪᠠᠨ ᠡᠳᠦᠢ ᠲᠡᠳᠦᠢ ᠦᠷᠭᠡᠳᠴᠤ᠂ ᠬᠦᠮᠦᠨ᠎ᠤ ᠲᠤᠭ᠎ᠠ᠎ᠨᠢ ᠶᠡᠬᠡ᠎ᠪᠠᠷ ᠨᠡᠮᠡᠭᠳᠡᠵᠤ᠂ ᠲᠤᠰ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ᠎ᠨᠢ ᠵᠢᠷᠭᠤᠭ᠋ᠠᠨ 《ᠠᠩᠬᠠᠳᠠᠬ᠍ᠴᠢ》᠎ᠢ ᠪᠡᠶᠡᠯᠡᠭᠦᠯᠵᠡᠢ᠃  
    ᠠᠩᠬᠠᠳᠠᠭᠴᠢ ᠤᠳᠠᠭ᠎ᠠ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠪᠠᠷ ᠨᠢᠭᠡᠴᠢ ᠪᠤᠯᠭ᠋ᠠᠨ ᠤᠷᠤᠯᠳᠤᠭ᠋ᠠᠨ᠎ᠳᠤ ᠤᠷᠤᠯᠴᠠᠨ᠎ᠠ
    ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠳᠤ ᠠᠩᠬ᠎ᠠ ᠤᠳᠠᠭ᠎ᠠ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠪᠠᠷ ᠨᠢᠭᠡᠴᠢ ᠪᠣᠯᠭ᠋ᠠᠨ ᠤᠷᠤᠯᠴᠠᠬᠤ ᠪᠤᠯᠤᠭᠰᠠᠨ ᠪᠠᠶ᠋ᠢᠨ᠎ᠠ᠃ ᠥᠩᠭᠡᠷᠡᠭᠰᠡᠨ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠳᠤ ᠪᠦᠷ ᠲᠤᠰᠬᠠᠶ ᠣᠷᠣᠨ (ᠬᠣᠲᠠ) ᠵᠶ᠋ᠠᠷ ᠨᠢᠭᠡᠴᠢ ᠪᠣᠯᠭ᠋ᠠᠨ᠂ ᠪᠦᠬᠦ ᠤᠯᠤᠰ᠎ᠠᠴᠠ ᠪᠠᠷᠤᠭ 1 / 3 ᠮᠣᠵᠢ ᠬᠣᠲᠠ ᠤᠷᠤᠯᠳᠤᠭ᠋ᠠᠨ᠎ᠳᠤ ᠣᠷᠣᠯᠴᠠᠵᠤ ᠪᠠᠢ᠍ᠢ᠍ᠵᠠᠢ᠃ ᠬᠠᠷᠢᠨ ᠠᠷᠪᠠᠨ ᠳᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠪᠦᠬᠦ ᠤᠯᠤᠰ᠎ᠤᠨ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠴᠢᠯᠥᠭᠡᠯᠡᠬᠦ ᠴᠡᠷᠢᠭ ᠵᠡᠷᠭᠡ᠎ᠠᠴᠠ ᠴᠥᠮ ᠤᠷᠤᠯᠳᠤᠭ᠋ᠠᠨ᠎ᠳᠤ ᠤᠷᠤᠯᠴᠠᠬᠤ ᠠᠩᠬᠢ ᠲᠤᠮᠢᠯᠠᠵᠤ᠂ 《ᠪᠦᠬᠦ ᠤᠯᠤᠰ᠎ᠤᠨ   ᠴᠢᠨᠠᠷᠳᠠᠢ   ᠡᠪᠦᠯ ᠎ᠤᠨ   ᠤᠯᠠᠷᠢᠯ ᠎ᠤᠨ   ᠪᠡᠶ᠎ᠡ ᠵᠢᠨ   ᠲᠠᠮᠢᠷ ᠎ᠤᠨ   ᠴᠤᠭᠯᠠᠭ᠋ᠠᠨ  》᠎ᠢ ᠠᠩᠬᠠᠳᠠᠬ᠍ᠴᠢ   ᠤᠳᠠᠭ᠎ᠠ   ᠵᠢᠩᠬᠢᠨᠢ ᠎ᠪᠠᠷ   ᠪᠡᠶᠡᠯᠡᠭᠦᠯᠪᠡ᠃
    ᠠᠩᠬᠠᠳᠠᠬ᠍ᠴᠢ ᠤᠳᠠᠭ᠎ᠠ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠲᠥᠷᠥᠯ ᠵᠦᠢ᠍ᠯ᠎ᠲᠠᠢ ᠪᠦᠬᠦ ᠲᠠᠯ᠎ᠠ᠎ᠪᠠᠷ ᠵᠣᠯᠭ᠋ᠠᠯᠴᠠᠭᠤᠯᠪᠠ
    ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠨᠢ ᠲᠥᠷᠥᠯ ᠵᠦᠢ᠍ᠯ᠎ᠢ ᠲᠣᠬᠢᠷᠠᠭᠤᠯᠤᠯᠲᠠ ᠵᠢᠨ ᠲᠠᠯ᠎ᠠ᠎ᠪᠠᠷ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠲᠥᠷᠥᠯ ᠵᠦᠢ᠍ᠯ᠎ᠲᠠᠢ ᠪᠥᠬᠥ ᠲᠠᠯ᠎ᠠ᠎ᠪᠠᠷ ᠵᠣᠯᠭ᠋ᠠᠯᠴᠠᠭᠤᠯᠵᠤ᠂ ᠪᠥᠬᠥ ᠲᠥᠷᠥᠯ ᠵᠦᠢ᠍ᠯ᠎ᠢ ᠠᠩᠬ᠎ᠠ ᠤᠳᠠᠭ᠎ᠠ ᠪᠡᠶᠡᠯᠡᠭᠦᠯᠪᠡ᠃ 2022 ᠤᠨ᠎ᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠨᠡᠶ᠋ᠢᠲᠡ 7 ᠶᠡᠬᠡ ᠲᠥᠷᠥᠯ ᠵᠦᠢ᠍ᠯ᠂ 15 ᠬᠤᠪᠢᠶᠠᠷᠢ ᠲᠥᠷᠥᠯ ᠵᠦᠢ᠍ᠯ᠂ 109 ᠪᠠᠭ᠎ᠠ ᠲᠥᠷᠥᠯ ᠵᠦᠢ᠍ᠯ᠎ᠢ ᠲᠣᠬᠢᠷᠠᠭᠤᠯᠵᠠᠢ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠲᠥᠷᠥᠯ ᠵᠦᠢ᠍ᠯ᠎ᠢ ᠴᠦ᠍ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠲᠥᠷᠥᠯ ᠵᠦᠢ᠍ᠯ ᠵᠶ᠋ᠠᠷ ᠲᠣᠬᠢᠷᠠᠭᠤᠯᠤᠭᠰᠠᠨ ᠪᠠᠢ᠍ᠢ᠍ᠨ᠎ᠠ᠃
    ᠡᠭᠦᠨ᠎ᠠᠴᠠ ᠭᠠᠳᠠᠨ᠎ᠠ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠰᠢᠨ᠎ᠡ᠎ᠪᠠᠷ ᠨᠡᠮᠡᠭᠳᠡᠭᠰᠡᠨ ᠵᠠᠯᠠᠭᠤᠴᠤᠳ᠎ᠤᠨ ᠲᠥᠷᠥᠯ ᠵᠦᠢ᠍ᠯ 32 ᠪᠣᠶ᠂ ᠡᠶ᠋ᠢᠮᠦ᠎ᠠᠴᠠ ᠲᠣᠰ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠳᠤ ᠨᠡᠶ᠋ᠢᠲᠡ 7 ᠶᠡᠬᠡ ᠲᠥᠷᠥᠯ ᠵᠦᠢ᠍ᠯ᠂ 15 ᠬᠤᠪᠢᠶᠠᠷᠢ ᠲᠥᠷᠥᠯ ᠵᠦᠢ᠍ᠯ ᠪᠠ 141 ᠪᠠᠭ᠎ᠠ ᠲᠥᠷᠥᠯ ᠵᠦᠢ᠍ᠯ ᠪᠠᠢ᠍ᠢ᠍ᠵᠤ᠂ ᠪᠥᠬᠥ ᠲᠥᠷᠥᠯ ᠵᠦᠢ᠍ᠯ᠎ᠢ ᠪᠡᠶᠡᠯᠡᠭᠦᠯᠪᠡ᠃
    ᠠᠩᠬᠠᠳᠠᠬ᠍ᠴᠢ ᠤᠳᠠᠭ᠎ᠠ ᠣᠯᠠᠨ ᠲᠦᠮᠡᠨ᠎ᠤ ᠲᠥᠷᠥᠯ ᠵᠦᠢ᠍ᠯ᠎ᠢ ᠲᠣᠬᠢᠷᠠᠭᠤᠯᠵᠠᠢ
    ᠥᠩᠭᠡᠷᠡᠭᠰᠡᠨ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠲᠠᠢ ᠬᠠᠷᠢᠴᠠᠭᠤᠯᠪᠠᠯ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠳᠤ ᠣᠯᠠᠨ ᠲᠦᠮᠡᠨ᠎ᠤ ᠲᠥᠷᠥᠯ ᠵᠦᠢ᠍ᠯ᠎ᠢ ᠠᠩᠬ᠎ᠠ ᠤᠳᠠᠭ᠎ᠠ ᠲᠣᠬᠢᠷᠠᠭᠤᠯᠪᠠ᠃ ᠠᠩᠬ᠎ᠠ ᠤᠳᠠᠭ᠎ᠠ ᠮᠥᠰᠥᠨ ᠳᠡᠭᠡᠷᠡᠬᠢ ᠯᠤᠤᠲᠤ ᠣᠩᠭᠣᠴᠠ ᠪᠣᠯᠤᠨ ᠴᠠᠰᠤᠨ ᠳᠡᠭᠡᠷᠡᠬᠢ ᠬᠥᠯ ᠪᠥᠮᠪᠥᠭᠡ ᠭᠡᠬᠦ ᠬᠣᠶᠠᠷ ᠣᠯᠠᠨ ᠲᠦᠮᠡᠨ᠎ᠤ ᠲᠥᠷᠥᠯ ᠵᠦᠢ᠍ᠯ᠎ᠢ ᠨᠡᠮᠡᠵᠦ ᠲᠣᠬᠢᠷᠠᠭᠤᠯᠪᠠ᠃
    ᠴᠠᠰᠤᠨ ᠲᠡᠭᠡᠷᠡᠬᠢ ᠬᠥᠯ ᠪᠥᠮᠪᠥᠭᠡ ᠵᠢᠨ ᠲᠥᠷᠥᠯ ᠵᠦᠢ᠍ᠯ᠎ᠤᠨ ᠤᠷᠤᠯᠳᠤᠭ᠋ᠠᠨ ᠬᠥᠯᠥᠨ ᠪᠣᠶ᠋ᠢᠷ ᠬᠣᠲᠠ᠎ᠳᠤ ᠶᠠᠪᠤᠭᠳᠠᠵᠤ᠂ ᠮᠥᠰᠥᠨ ᠳᠡᠭᠡᠷᠡᠬᠢ ᠯᠤᠤᠲᠤ ᠣᠩᠭᠣᠴᠠ ᠵᠢᠨ ᠲᠥᠷᠥᠯ ᠵᠦᠢ᠍ᠯ᠎ᠤᠨ ᠤᠷᠤᠯᠳᠤᠭ᠋ᠠᠨ᠎ᠤ ᠲᠠᠯᠠᠪᠤᠷ᠎ᠢ ᠰᠢᠯᠢ ᠵᠢᠨ ᠭᠣᠤᠯ ᠠᠶ᠋ᠢᠮᠠᠭ᠎ᠤᠨ ᠲᠤᠯᠤᠨ ᠨᠤᠤᠷ ᠰᠢᠶᠠᠨ᠎ᠳᠤ ᠪᠠᠶ᠋ᠢᠷᠢᠯᠠᠭᠤᠯᠤᠨ᠎ᠠ᠃ ᠣᠳᠣᠬᠠᠨ᠎ᠳᠤ᠂ ᠮᠥᠰᠥᠨ ᠳᠡᠭᠡᠷᠡᠬᠢ ᠯᠤᠤᠲᠤ ᠣᠩᠭᠣᠴᠠᠨ᠎ᠤ ᠤᠷᠤᠯᠳᠤᠭ᠋ᠠᠨ᠎ᠳᠤ ᠣᠷᠣᠯᠴᠠᠭᠰᠠᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠠᠩᠭᠢ ᠶᠠᠭ ᠰᠢᠯᠢ ᠵᠢᠨ ᠭᠣᠤᠯ ᠠᠶ᠋ᠢᠮᠠᠭ᠎ᠲᠤ ᠶᠠᠭ᠋ᠠᠷᠠᠯᠲᠠᠶ ᠪᠣᠯᠪᠠᠰᠤᠷᠠᠵᠤ ᠪᠠᠶ᠋ᠢᠨ᠎ᠠ᠃
    ᠠᠩᠬᠠᠳᠠᠬ᠍ᠴᠢ ᠤᠳᠠᠭ᠎ᠠ ᠵᠤᠨ᠎ᠤ ᠤᠯᠠᠷᠢᠯ᠎ᠤᠨ ᠪᠠᠶ᠎ᠠ ᠵᠢᠨ ᠲᠠᠮᠢᠷ᠎ᠤᠨ ᠲᠦᠷᠦᠯ ᠵᠦᠢ᠍ᠯ ᠢᠯᠡᠷᠡᠪᠡ
    ᠲᠣᠰ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠬᠦᠷᠳᠦᠲᠦ ᠭᠤᠯᠭᠤᠭ᠎ᠠ᠂ ᠬᠦᠷᠳᠦᠲᠦ ᠭᠤᠯᠭᠤᠭ᠎ᠠ ᠵᠢᠨ ᠮᠥᠰᠥᠨ ᠪᠥᠮᠪᠥᠭᠡ᠂ ᠭᠤᠯᠭᠤᠭᠤᠷ ᠬᠦᠷᠳᠦ᠂ ᠭᠤᠯᠭᠤᠭᠤᠷ ᠬᠦᠷᠳᠦ + ᠫᠤᠤᠳᠠᠯᠭ᠎ᠠ ᠵᠡᠷᠭᠡ ᠵᠣᠨ᠎ᠤ ᠤᠯᠠᠷᠢᠯ᠎ᠤᠨ 7 ᠤᠷᠤᠯᠳᠤᠭ᠋ᠠᠨ᠎ᠤ ᠲᠥᠷᠥᠯ ᠵᠦᠢ᠍ᠯ᠎ᠢ ᠨᠡᠮᠡᠵᠠᠶ᠃ ᠡᠨᠡ᠎ᠨᠢ ᠮᠥᠨ ᠴᠦ᠍ ᠵᠣᠨ᠎ᠤ ᠤᠯᠠᠷᠢᠯ᠎ᠤᠨ ᠲᠥᠷᠥᠯ ᠵᠦᠢ᠍ᠯ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠤ ᠲᠠᠯᠠᠪᠠᠢ᠎ᠳᠤ ᠠᠩᠬ᠎ᠠ ᠤᠳᠠᠭ᠎ᠠ ᠢᠯᠡᠷᠡᠵᠦ   ᠪᠠᠢ᠌ᠭ᠎ᠠ ᠶᠠᠪᠤᠳᠠᠯ ᠪᠣᠯᠤᠨ᠎ᠠ᠃
    ᠠᠩᠬᠠᠳᠠᠬ᠍ᠴᠢ ᠤᠳᠠᠭ᠎ᠠ ᠵᠠᠷᠢᠮ ᠵᠠᠷᠢᠮᠤᠷᠤᠯᠳᠤᠭ᠋ᠠᠨ᠎ᠨᠢ ᠭᠠᠳᠠᠭ᠋ᠠᠳᠤ᠎ᠳᠤ ᠤᠷᠤᠯᠳᠤᠨ᠎ᠠ
    ᠲᠣᠰ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠳᠡᠭᠡᠷᠡᠬᠢ ᠴᠢᠷᠭ᠎ᠠ᠂ ᠲᠠᠪᠴᠠᠩ ᠬᠠᠷᠠᠶ᠋ᠢᠨ ᠡᠪᠡᠰᠦ ᠭᠤᠯᠭᠤᠬᠤ ᠵᠡᠷᠭᠡ ᠬᠡᠰᠡᠭ ᠲᠥᠷᠥᠯ ᠵᠦᠢ᠍ᠯ᠎ᠨᠢ ᠤᠷᠤᠯᠳᠤᠭ᠋ᠠᠨ᠎ᠤ ᠲᠠᠯᠠᠪᠤᠷ ᠵᠶ᠋ᠠᠨ ᠭᠠᠳᠠᠭ᠋ᠠᠳᠤ᠎ᠳᠤ ᠳᠤᠬᠢᠷᠠᠭᠤᠯᠤᠨ᠎ᠠ᠂ ᠡᠨᠡ᠎ᠨᠢ ᠮᠥᠨ ᠴᠦ᠍ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠠᠩᠬᠠᠳᠠᠭᠴᠢ ᠤᠳᠠᠭ᠎ᠠ ᠪᠣᠯᠤᠨ᠎ᠠ᠃
      ᠥᠪᠥᠷ ᠮᠣᠩᠭᠣᠯ᠎ᠤᠨ 《ᠠᠩᠬᠠᠳᠠᠬ᠍ᠴᠢ ᠤᠳᠠᠭ᠎ᠠ》
    ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢ᠍ᠭᠤᠯᠤᠭᠳᠠᠭᠰᠠᠨ 70 ᠭᠠᠷᠤᠶ ᠵᠢᠯ᠎ᠤᠨ ᠲᠤᠷᠰᠢᠬᠢᠠᠩᠬᠠᠳᠠᠬ᠍ᠴᠢ ᠤᠳᠠᠭ᠎ᠠ ᠳᠠᠭ᠋ᠠᠭ᠋ᠠᠴᠢᠯᠠᠨ ᠡᠷᠬᠢᠯᠡᠭᠰᠡᠨ ᠪᠥᠬᠥ ᠤᠯᠤᠰ᠎ᠤᠨ ᠲᠣᠮᠣ ᠬᠡᠯᠪᠡᠷᠢ ᠵᠢᠨ ᠶᠡᠷᠦᠩᠬᠡᠶ᠋ᠢᠯᠡᠭᠰᠡᠨ ᠴᠢᠨᠠᠷᠲᠠᠶ ᠲᠠᠮᠢᠷ᠎ᠤᠨ ᠴᠤᠭᠯᠠᠭ᠋ᠠᠨ ᠪᠣᠯᠤᠨ᠎ᠠ᠂ ᠲᠤᠰ ᠤᠳᠠᠭ᠎ᠠ᠎ᠨᠢ ᠥᠪᠥᠷ ᠮᠣᠩᠭᠣᠯ᠎ᠢ ᠳᠡᠯᠭᠡᠨ ᠦᠵᠡᠭᠦᠯᠬᠦ᠂ ᠥᠪᠥᠷ ᠮᠣᠩᠭᠣᠯ᠎ᠢ ᠤᠬᠠᠭᠤᠯᠬᠤ᠂ ᠥᠪᠥᠷ ᠮᠣᠩᠭᠣᠯ᠎ᠢ ᠬᠥᠭᠵᠢᠭᠦᠯᠬᠦ ᠣᠯᠳᠠᠰᠢ ᠥᠬᠡᠶ ᠠᠵᠠ ᠲᠣᠬᠢᠶᠠᠯ ᠪᠣᠯᠤᠨ᠎ᠠ᠃
    2020 ᠤᠨ᠎ᠤ 2 ᠰᠠᠷ᠎ᠠ᠎ᠳᠤ᠂ ᠪᠢᠳᠠ ᠦᠪᠦᠷ ᠮᠤᠩᠭᠤᠯ᠎ᠳᠤ ᠪᠤᠯᠵᠤᠨ᠂ ᠠᠷᠪᠠᠨ ᠳᠦᠷᠪᠠᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠭᠠᠢ᠍ᠢ᠍ᠬᠠᠮᠰᠢᠬᠳᠤ ᠷᠢᠳᠢ ᠰᠢᠳᠢ ᠵᠢ ᠮᠡᠳᠡᠷᠡᠵᠡᠭᠡᠶ᠎ᠡ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠳᠤᠯᠤᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠴᠡᠷᠢᠭ ᠬᠦᠮᠦᠨ᠎ᠤ ᠳᠠᠮᠢᠷ᠎ᠤᠨ ᠴᠤᠬᠯᠠᠭ᠋ᠠᠨ ᠦᠬᠠᠨ᠎ᠳᠤ ᠦᠪᠡᠳᠡᠭᠰᠢ ᠶᠡᠬᠡ᠎ᠪᠠᠷ ᠡᠬᠢᠯᠡᠪᠡ
ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠲᠤᠪᠴᠢᠶᠠᠨ ᠲᠠᠷᠤᠭ᠎ᠠ ᠵᠢᠨ ᠠᠯᠪᠠᠨ ᠠᠵᠢᠯ᠎ᠤᠨ ᠬᠤᠷᠠᠯ ᠬᠤᠷᠠᠯᠳᠤᠭᠤᠯᠵᠦ 《ᠪᠦᠬᠦ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠪᠡᠯᠡᠳᠬᠡᠯ ᠠᠵᠢᠯ᠎ᠢ ᠪᠠᠢ᠌ᠷᠢᠰᠢᠭᠤᠯᠪᠠ
ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠳᠠᠮᠢᠷ᠎ᠤᠨ ᠴᠤᠬᠯᠠᠭ᠋ᠠᠨ ᠡᠬᠢᠯᠡᠲᠡᠯ᠎ᠡ 100 ᠡᠳᠦᠷ ᠪᠠᠶ᠋ᠢᠬᠤ ᠵᠢ ᠳᠡᠮᠳᠡᠭᠯᠡᠬᠦ ᠰᠤᠨᠢᠨ ᠮᠡᠳᠡᠭᠡ ᠨᠡᠶ᠋ᠢᠳᠡᠯᠡᠬᠦ ᠬᠤᠷᠠᠯ ᠶᠠᠪᠤᠬᠳᠠᠪᠠ
ᠪᠦ᠋ ᠰᠢᠶᠤᠤ ᠯᠢᠨ ᠯᠢᠶᠠᠩᠴᠧᠩ ᠰᠢᠶᠠᠨ᠎ᠳᠤ ᠲᠠᠭ᠎ᠠ ᠵᠢᠨ ᠨᠠᠭᠤᠷ᠎ᠤᠨ ᠤᠰᠤᠨ᠎ᠤ ᠠᠮᠢ ᠠᠬᠤᠢ ᠵᠢᠨ ᠵᠠᠰᠠᠯᠳᠠ ᠪᠤᠯᠤᠨ ᠠᠷᠪᠠᠨ ᠲᠦᠷᠪᠡᠳᠤᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠪᠠᠶ᠋ᠢᠴᠠᠭ᠋ᠠᠨ ᠰᠤᠳᠤᠯᠵᠠᠢ
ᠮᠦᠩᠭᠦᠨ ᠡᠪᠦᠯ᠎ᠤᠨ ᠪᠤᠯᠵᠤᠭ᠎ᠠ ᠮᠦᠰᠦ ᠴᠠᠰᠤᠨ᠎ᠤ ᠦᠪᠡᠳᠡᠭᠰᠢ ᠴᠤᠬᠯᠠᠭ᠋ᠠᠨ — ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠳᠠᠮᠢᠷ᠎ᠤᠨ ᠴᠤᠬᠯᠠᠭ᠋ᠠᠨ ᠡᠬᠢᠯᠡᠲᠡᠯᠡᠬᠢ100 ᠡᠳᠦᠷ᠎ᠢ ᠲᠤᠭ᠋ᠠᠯᠠᠨ ᠳᠡᠮᠳᠡᠭᠯᠡᠬᠦ ᠦᠳᠡᠰᠢᠯᠡᠭᠡ
 
            