ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠳᠠᠮᠢᠷ᠎ᠤᠨ ᠴᠤᠬᠯᠠᠭ᠋ᠠᠨ ᠡᠬᠢᠯᠡᠲᠡᠯ᠎ᠡ 100 ᠡᠳᠦᠷ ᠪᠠᠶ᠋ᠢᠬᠤ ᠵᠢ ᠳᠡᠮᠳᠡᠭᠯᠡᠬᠦ ᠰᠤᠨᠢᠨ ᠮᠡᠳᠡᠭᠡ ᠨᠡᠶ᠋ᠢᠳᠡᠯᠡᠬᠦ ᠬᠤᠷᠠᠯ ᠶᠠᠪᠤᠬᠳᠠᠪᠠ
ᠨᠡᠶ᠋ᠢᠲᠡᠯᠡᠭᠰᠡᠨ ᠴᠠᠭ᠄ 2019-11-12

    11 ᠰᠠᠷ᠎ᠠ ᠵᠢᠨ 8᠎ᠤ ᠡᠳᠦᠷ ᠪᠦᠬᠦ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠳᠠᠮᠢᠷ᠎ᠤᠨ ᠴᠤᠬᠯᠠᠭ᠋ᠠᠨ ᠡᠬᠢᠯᠡᠲᠡᠯ᠎ᠡ 100 ᠡᠳᠦᠷ ᠪᠠᠶ᠋ᠢᠬᠤ ᠵᠢ ᠳᠡᠮᠳᠡᠭᠯᠡᠬᠦ ᠰᠤᠨᠢᠨ ᠮᠡᠳᠡᠭᠡ ᠨᠡᠶ᠋ᠢᠳᠡᠯᠡᠬᠦ ᠬᠤᠷᠠᠯ ᠬᠦᠬᠡᠬᠤᠳᠠ᠎ᠳᠤ ᠶᠠᠪᠤᠭᠳᠠᠪᠠ᠃ ᠬᠤᠷᠠᠯ᠎ᠳᠤ ᠲᠤᠰ ᠬᠤᠭᠤᠴᠠᠭ᠋ᠠᠨ᠎ᠤ ᠳᠠᠮᠢᠷ᠎ᠤᠨ ᠴᠤᠬᠯᠠᠭ᠋ᠠᠨ᠎ᠤ ᠪᠡᠯᠡᠳᠭᠡᠯ ᠠᠵᠢᠯ᠎ᠤᠨ ᠪᠠᠶ᠋ᠢᠳᠠᠯ᠎ᠢ ᠳᠠᠨᠢᠯᠴᠠᠭᠤᠯᠵᠤ᠂ ᠵᠠᠭᠤᠴᠢᠯᠠᠭᠤᠷ᠎ᠤᠨ ᠠᠩᠬᠠᠷᠴᠤ ᠪᠠᠶ᠋ᠢᠭ᠎ᠠ ᠠᠰᠠᠭᠤᠯᠳᠠ᠎ᠳᠤ ᠬᠠᠷᠢᠭᠤᠯᠳᠠ ᠦᠭᠴᠠᠢ᠃ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠲᠡᠳ᠋ ᠨᠠᠷᠢᠨ ᠪᠢᠴᠢᠭ᠎ᠤᠨ ᠲᠠᠷᠤᠭ᠎ᠠ᠂ ᠪᠦᠬᠦ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠺᠤᠮᠢᠰ᠎ᠤᠨ ᠲᠡᠳ᠋ ᠨᠠᠷᠢᠨ ᠪᠢᠴᠢᠭ᠎ᠤᠨ ᠲᠠᠷᠤᠭ᠎ᠠ᠂ ᠪᠡᠯᠡᠳᠬᠡᠯ ᠺᠤᠮᠢᠰ᠎ᠤᠨ ᠠᠯᠪᠠᠨ ᠭᠡᠷ᠎ᠤᠨ ᠲᠡᠳ᠋ ᠡᠷᠬᠢᠯᠡᠭᠴᠢ ᠱ᠌ᠢ ᠮᠦᠸᠸ ᠭᠤᠤᠯ ᠰᠡᠳᠦᠪᠳᠦ ᠨᠡᠢ᠌ᠳᠡᠯᠡᠯ ᠬᠢᠪᠡ᠃
    ᠬᠤᠷᠠᠯ᠎ᠠᠴᠠ ᠤᠶ᠋ᠢᠯᠠᠭ᠋ᠠᠬᠰᠠᠨ ᠵᠶ᠋ᠠᠷ᠂ ᠮᠠᠨ᠎ᠤ ᠤᠷᠤᠨ ᠡᠨᠡ ᠵᠢᠯ᠎ᠤᠨ 10 ᠰᠠᠷ᠎ᠠ᠎ᠠᠴᠠ ᠡᠬᠢᠯᠡᠨ ᠡᠳᠦᠷ ᠳᠤᠭ᠋ᠠᠯᠠᠬᠤ ᠠᠵᠢᠯ᠎ᠢ ᠡᠬᠢᠯᠡᠭᠦᠯᠦᠨ᠂ ᠠᠵᠢᠯ᠎ᠤᠨ ᠬᠤᠭᠤᠴᠠᠭ᠎ᠠ ᠵᠢ ᠲᠤᠬᠢᠷᠠᠭᠤᠯᠵᠤ᠂ ᠨᠢᠭᠡᠳᠦᠯᠳᠡᠢ ᠲᠦᠯᠦᠪᠯᠡᠨ ᠡᠯ᠎ᠠ ᠲᠦᠷᠦᠯ᠎ᠤᠨ ᠠᠵᠢᠯ᠎ᠢ ᠴᠦᠮ ᠱᠠᠯᠠᠪᠳᠠᠨ ᠠᠭᠢᠭᠤᠯᠪᠠ᠃ ᠤᠳᠤᠬᠠᠨ᠎ᠳᠤ ᠡᠪᠦᠯ᠎ᠤᠨ ᠤᠯᠠᠷᠢᠯ᠎ᠤᠨ ᠤᠷᠤᠯᠳᠤᠭ᠋ᠠᠨ᠎ᠤ ᠳᠠᠯᠠᠪᠤᠷ ᠤᠷᠳᠤᠨ᠎ᠤ ᠪᠠᠶ᠋ᠢᠭᠤᠯᠤᠯᠳᠠ ᠪᠦᠬᠦᠨ ᠵᠶ᠋ᠠᠷ ᠵᠶ᠋ᠠᠨ ᠳᠠᠭᠤᠰᠴᠤ᠂ 12 ᠰᠠᠷ᠎ᠠ ᠵᠢᠨ ᠰᠡᠭᠦᠯᠴᠢ᠎ᠪᠠᠷ ᠤᠷᠤᠯᠳᠤᠭ᠋ᠠᠨ᠎ᠤ ᠳᠠᠯᠠᠪᠤᠷ ᠤᠷᠳᠤᠨ᠎ᠤ ᠲᠦᠭᠦᠭᠡᠷᠦᠮᠵᠢ᠂ ᠤᠷᠤᠯᠳᠤᠭ᠋ᠠᠨ᠎ᠤ ᠪᠠᠭ᠋ᠠᠵᠢ ᠬᠡᠷᠡᠭᠰᠡᠯ᠂ ᠠᠮᠤᠷ᠎ᠢ ᠬᠠᠮᠠᠭ᠋ᠠᠯᠠᠬᠤ ᠲᠦᠭᠦᠭᠡᠷᠦᠮᠵᠢ ᠵᠡᠷᠭᠡ ᠵᠢ ᠪᠦᠬᠦᠨ᠎ᠢ ᠤᠬᠰᠠᠷᠠᠵᠤ ᠳᠠᠭᠤᠰᠬᠠᠬᠤ ᠪᠤᠯᠤᠨ᠎ᠠ᠃ 2000 ᠰᠠᠶ᠋ᠢᠨ ᠲᠤᠷᠠᠴᠤᠳ᠎ᠢ ᠰᠢᠯᠢᠵᠤ ᠠᠪᠬᠤ ᠠᠵᠢᠯ ᠳᠠᠭᠤᠰᠴᠤ᠂ ᠡᠯ᠎ᠡ ᠲᠦᠷᠦᠯ᠎ᠤᠨ ᠪᠡᠯᠡᠳᠭᠡᠯ ᠠᠵᠢᠯ 12 ᠰᠠᠷ᠎ᠠ ᠵᠢᠨ ᠰᠡᠭᠦᠯᠴᠢ᠎ᠪᠠᠷ ᠪᠦᠬᠦᠨ ᠵᠶ᠋ᠠᠷ ᠵᠶ᠋ᠠᠨ ᠪᠡᠯᠡᠨ ᠪᠤᠯᠵᠤ᠂ ᠪᠦᠬᠦᠯᠢ ᠴᠤᠬ᠍ᠴᠠ ᠵᠢᠨ ᠬᠠᠮᠳᠤᠷᠠᠬᠰᠠᠨ ᠪᠤᠳᠠᠳᠤ ᠪᠤᠯᠪᠠᠰᠤᠷᠠᠯ᠎ᠢ ᠡᠬᠢᠯᠡᠨ ᠬᠢᠬᠦ ᠪᠤᠯᠤᠨ᠎ᠡ᠃
    ᠲᠤᠰ ᠬᠤᠭᠤᠴᠠᠭ᠋ᠠᠨ᠎ᠤ ᠳᠠᠮᠢᠷ᠎ᠤᠨ ᠴᠤᠬᠯᠠᠭ᠋ᠠᠨ᠎ᠤ ᠡᠬᠢᠯᠡᠯᠳᠡ ᠵᠢᠨ ᠶᠤᠰᠤᠯᠠᠯ 2020 ᠤᠨ᠎ᠤ 2 ᠰᠠᠷ᠎ᠠ ᠵᠢᠨ 16᠎ᠤ 20 :00 ᠴᠠᠭ᠎ᠲᠤ ᠬᠦᠯᠦᠨ ᠪᠤᠶ᠋ᠢᠷ ᠬᠤᠳᠠ ᠵᠢᠨ ᠬᠠᠶ᠋ᠢᠯᠠᠷ ᠲᠤᠭᠤᠷᠢᠭ᠎ᠲᠠᠬᠢ ᠦᠪᠦᠷ ᠮᠤᠩᠭᠤᠯ᠎ᠤᠨ ᠮᠦᠰᠦᠨ ᠳᠡᠭᠡᠷᠡᠬᠢ ᠳᠠᠮᠢᠷ᠎ᠤᠨ ᠪᠤᠯᠪᠠᠰᠤᠷᠠᠯ᠎ᠤᠨ ᠲᠦᠪ᠎ᠤᠨ ᠬᠤᠷᠳᠤᠨ ᠳᠠᠰᠢᠯᠳᠠ ᠵᠢᠨ ᠤᠷᠳᠤᠨ᠎ᠳᠤ ᠶᠠᠪᠤᠬᠳᠠᠬᠤ ᠪᠤᠯᠤᠨ᠎ᠠ᠃ ᠮᠠᠨ᠎ᠤ ᠤᠷᠤᠨ᠎ᠤ 540 ᠭᠠᠷᠤᠢ ᠳᠠᠮᠢᠷᠴᠢᠨ 7 ᠲᠤᠮᠤ ᠲᠦᠷᠦᠯ᠂ 129 ᠪᠠᠭ᠎ᠠ ᠲᠦᠷᠦᠯ᠎ᠤᠨ ᠡᠪᠦᠯ᠎ᠤᠨ ᠤᠯᠠᠷᠢᠯ᠎ᠤᠨ ᠲᠦᠷᠦᠯ ᠪᠠ 6 ᠵᠤᠨ᠎ᠤ ᠤᠯᠠᠷᠢᠯ᠎ᠤᠨ ᠲᠦᠷᠦᠯ ᠵᠢᠴᠢ 2 ᠤᠯᠠᠨ ᠨᠡᠶ᠋ᠢᠳᠡ ᠵᠢᠨ ᠲᠦᠷᠦᠯ ᠵᠦᠢ᠍ᠯ᠎ᠤᠨ ᠤᠷᠤᠯᠳᠤᠭ᠋ᠠᠨ᠎ᠳᠤ ᠤᠷᠤᠯᠴᠠᠬᠤ᠎ᠪᠠᠷ ᠪᠤᠢ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦ᠋ ᠰᠢᠶᠤᠤ ᠯᠢᠨ ᠯᠢᠶᠠᠩᠴᠧᠩ ᠰᠢᠶᠠᠨ᠎ᠳᠤ ᠲᠠᠭ᠎ᠠ ᠵᠢᠨ ᠨᠠᠭᠤᠷ᠎ᠤᠨ ᠤᠰᠤᠨ᠎ᠤ ᠠᠮᠢ ᠠᠬᠤᠢ ᠵᠢᠨ ᠵᠠᠰᠠᠯᠳᠠ ᠪᠤᠯᠤᠨ ᠠᠷᠪᠠᠨ ᠲᠦᠷᠪᠡᠳᠤᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠪᠠᠶ᠋ᠢᠴᠠᠭ᠋ᠠᠨ ᠰᠤᠳᠤᠯᠵᠠᠢ
ᠮᠦᠩᠭᠦᠨ ᠡᠪᠦᠯ᠎ᠤᠨ ᠪᠤᠯᠵᠤᠭ᠎ᠠ ᠮᠦᠰᠦ ᠴᠠᠰᠤᠨ᠎ᠤ ᠦᠪᠡᠳᠡᠭᠰᠢ ᠴᠤᠬᠯᠠᠭ᠋ᠠᠨ — ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠳᠠᠮᠢᠷ᠎ᠤᠨ ᠴᠤᠬᠯᠠᠭ᠋ᠠᠨ ᠡᠬᠢᠯᠡᠲᠡᠯᠡᠬᠢ100 ᠡᠳᠦᠷ᠎ᠢ ᠲᠤᠭ᠋ᠠᠯᠠᠨ ᠳᠡᠮᠳᠡᠭᠯᠡᠬᠦ ᠦᠳᠡᠰᠢᠯᠡᠭᠡ
ᠦᠪᠦᠷ ᠮᠤᠩᠭᠤᠯ ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ ᠵᠢᠨ ᠲᠤᠪᠴᠢᠶ᠎ᠠ ᠵᠢᠨ 《ᠲᠠᠮᠢᠷ᠎ᠤᠨ ᠱᠠᠩᠨᠠᠯᠳᠦ ᠰᠤᠭᠤᠯᠤᠭ᠎ᠠ》 ᠬᠤᠨᠳᠠᠭ᠋ᠠᠳᠦ ᠠᠵᠢᠯᠳᠠᠳ᠎ᠤᠨ ᠪᠡᠶ᠎ᠡ ᠴᠢᠬᠢᠷᠠᠭᠵᠢᠭᠤᠯᠬᠤ ᠲᠠᠮᠢᠷ᠎ᠤᠨ ᠤᠷᠤᠯᠳᠤᠭ᠋ᠠᠨ ᠶᠠᠪᠤᠭᠳᠠᠯ᠎ᠠ
ᠲᠠᠨ ᠵᠢᠩ ᠹᠸᠩ ᠲᠤᠪᠴᠢᠶᠠᠨ ᠲᠠᠷᠤᠭ᠎ᠠ 《ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠰᠤᠶᠤᠯ᠎ᠤᠨ ᠪᠦᠳᠦᠭᠳᠡᠬᠦᠨ᠎ᠤ ᠬᠤᠷᠰᠢᠭᠴᠢ ᠠᠵᠦ ᠠᠬᠤᠢ᠌ᠯᠠᠯ᠎ᠳᠤ ᠰᠤᠳᠤᠯᠤᠨ ᠪᠠᠢ᠌ᠴᠠᠭ᠋ᠠᠯᠳᠠ ᠬᠢᠪᠡ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠡᠳ᠋ ᠲᠡᠷᠢᠭᠦᠯᠡᠭᠴᠢ ᠵᠸᠩ ᠬᠤᠩ ᠹᠠᠨ ᠲᠤᠮᠳᠠᠳᠦ ᠤᠯᠤᠰ᠎ᠤᠨ ᠬᠦᠯ ᠪᠦᠮᠪᠦᠭᠡ ᠵᠢᠨ ᠨᠡᠢ᠍ᠢ᠍ᠭᠡᠮᠯᠢᠭ᠎ᠤᠨ ᠲᠠᠷᠢᠭᠦᠯᠡᠭᠴᠢ ᠵᠸᠩ ᠰᠢᠤᠢ ᠶᠤᠸᠠᠨ᠎ᠲᠠᠢ ᠠᠭᠤᠯᠵᠠᠪᠠ
 
            