
11 ᠰᠠᠷ᠎ᠠ ᠵᠢᠨ 8᠎ᠤ ᠡᠳᠤᠷ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠡᠨ᠎ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ᠎ᠤ ᠲᠡᠷᠢᠬᠦᠯᠡᠭᠴᠢ ᠪᠦ᠋ ᠰᠢᠶᠤᠤ ᠯᠢᠨ ᠤᠯᠠᠭ᠋ᠠᠨᠴᠠᠪ ᠬᠤᠳᠠ ᠵᠢᠨ ᠯᠢᠶᠠᠩᠴᠧᠩ ᠰᠢᠶᠠᠨ᠎ᠳᠤ ᠬᠦᠷᠴᠦ ᠲᠠᠭ᠎ᠠ ᠵᠢᠨ ᠨᠠᠭᠤᠷ᠎ᠤᠨ ᠤᠰᠤᠨ᠎ᠤ ᠠᠮᠢ ᠠᠬᠤᠢ ᠵᠢᠨ ᠵᠠᠰᠠᠯᠳᠠ᠂ ᠠᠷᠪᠠᠨ ᠲᠦᠷᠪᠡᠳᠤᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠪᠠᠶ᠋ᠢᠴᠠᠭ᠋ᠠᠨ ᠰᠤᠳᠤᠯᠪᠡ᠃
ᠪᠦ᠋ ᠰᠢᠶᠤᠤ ᠯᠢᠨ ᠲᠠᠭ᠎ᠠ ᠵᠢᠨ ᠨᠠᠭᠤᠷ᠎ᠤᠨ ᠬᠤᠶ᠋ᠢᠳᠤ ᠬᠦᠪᠡᠬᠡᠨ᠎ᠳᠤ ᠬᠦᠷᠴᠦ᠂ ᠲᠠᠭ᠎ᠠ ᠵᠢᠨ ᠨᠠᠭᠤᠷ᠎ᠤᠨ ᠤᠰᠤᠨ᠎ᠤ ᠠᠮᠢ ᠠᠬᠤᠢ ᠵᠢ ᠶᠡᠷᠤᠩᠬᠡᠶ᠋ᠢᠯᠡᠨ ᠵᠠᠰᠠᠭᠰᠠᠠ ᠠᠮᠵᠢᠯᠳᠡ ᠪᠦᠳᠦᠮᠵᠢ ᠵᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠥ᠂ ᠡᠯ᠎ᠡ ᠵᠦᠢ᠍ᠯ᠎ᠤᠨ ᠵᠠᠰᠠᠯᠳᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠬᠰᠠᠠ ᠪᠠᠶ᠋ᠢᠳᠠᠯ᠎ᠢ ᠤᠢ᠍ᠢ᠍ᠯᠠᠭ᠋ᠠᠨ᠂ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠪᠤᠯᠤᠨ ᠶᠡᠷᠤᠩᠬᠡᠢ ᠱᠦᠵᠢ ᠰᠢ ᠵᠢᠨ ᠫᠢᠩ᠎ᠤᠨ 《ᠭᠤᠷᠪᠠᠨ ᠨᠠᠭᠤᠷ》᠎ᠤᠨ ᠲᠤᠬᠠᠢ ᠴᠢᠬᠤᠯᠠ ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠬᠦᠨᠵᠡᠬᠡᠢ ᠲᠤᠭᠤᠰᠢᠯᠠᠭᠤᠯᠵᠥ᠂ ᠤᠯᠤᠰ ᠲᠦᠷᠦ ᠵᠢᠨ ᠵᠤᠭᠰᠤᠴᠠ᠎ᠪᠠᠨ ᠴᠢᠨᠠᠬᠰᠢᠳᠠ ᠲᠡᠭᠡᠭᠰᠢᠯᠡᠬᠦᠯᠤᠨ᠂ ᠲᠠᠭ᠎ᠠ ᠵᠢᠨ ᠨᠠᠭᠤᠷ᠎ᠤᠨ ᠠᠮᠢ ᠠᠬᠤᠢ ᠵᠢᠨ ᠵᠠᠰᠠᠯᠳᠠ ᠵᠢᠨ ᠴᠢᠬᠤᠯᠠ ᠴᠢᠨᠠᠷ᠂ ᠲᠤᠯᠭ᠋ᠠᠮ ᠴᠢᠨᠠᠷ᠎ᠢ ᠬᠦᠨᠵᠡᠬᠡᠢ ᠲᠠᠨᠢᠵᠥ᠂ ᠵᠠᠰᠠᠯᠳᠠ ᠵᠢᠨ ᠲᠦᠰᠦᠯ᠎ᠤᠨ ᠨᠠᠶ᠋ᠢᠳᠠᠪᠤᠷᠢᠵᠢᠭᠤᠯᠤᠯᠳᠠ ᠵᠢ ᠦᠨᠡᠨ ᠬᠦ᠌ ᠰᠠᠶ᠋ᠢᠳᠤᠷ ᠠᠳᠬᠤᠬᠤ ᠬᠡᠷᠡᠭᠳᠡᠢ᠃ ᠪᠠᠶ᠋ᠢᠭ᠋ᠠᠯᠢ ᠵᠢᠨ ᠵᠢᠮ᠎ᠠ ᠶᠤᠰᠤ ᠪᠤᠯᠤᠨ ᠰᠢᠨᠵᠢᠯᠡᠬᠦ ᠤᠬᠠᠭ᠋ᠠᠨ᠎ᠤ ᠵᠢᠮ᠎ᠠ ᠶᠤᠰᠤ ᠵᠢ ᠬᠦᠨᠳᠦᠳᠬᠡᠨ᠂ ᠤᠳᠤᠬᠠᠨ᠎ᠳᠤ ᠰᠠᠭᠤᠷᠢᠯᠠᠨ ᠠᠯᠤᠰ ᠬᠡᠳᠤ ᠵᠢ ᠪᠤᠳᠤᠯᠬᠢᠯᠠᠵᠥ᠂ ᠤᠰᠤᠨ᠎ᠤ ᠴᠢᠨᠠᠷ᠎ᠢ ᠰᠠᠶ᠋ᠢᠵᠢᠷᠠᠭᠤᠯᠬᠤ᠂ ᠤᠰᠤᠨ᠎ᠤ ᠬᠡᠮᠵᠢᠶ᠎ᠡ ᠵᠢ ᠨᠡᠮᠡᠭᠳᠡᠬᠦᠯᠬᠦ᠂ ᠠᠮᠢ ᠠᠬᠤᠢ ᠤᠷᠴᠢᠨ ᠲᠤᠭᠤᠷᠢᠨ᠎ᠤ ᠶᠠᠰᠤ ᠴᠢᠨᠠᠷ᠎ᠢ ᠲᠡᠭᠡᠭᠰᠢᠯᠡᠬᠦᠯᠬᠦ ᠲᠤᠭᠤᠷᠢᠨ᠎ᠳᠤ ᠵᠠᠰᠠᠯᠳᠠ ᠵᠢᠨ ᠠᠵᠢᠯ᠎ᠢ ᠰᠠᠶ᠋ᠢᠳᠤᠷ ᠵᠤᠬᠢᠶᠠᠨ ᠪᠠᠶ᠋ᠢᠭᠤᠯᠤᠨ ᠬᠡᠷᠡᠭᠵᠢᠬᠦᠯᠵᠥ᠂ ᠵᠠᠰᠠᠯᠳᠠ ᠵᠢᠨ ᠶᠠᠪᠤᠴᠠ᠎ᠳᠠᠬᠢ ᠡᠯ᠎ᠡ ᠵᠦᠢ᠍ᠯ᠎ᠤᠨ ᠠᠰᠠᠭᠤᠳᠠᠯ᠎ᠢ ᠴᠠᠭ ᠲᠤᠬᠠᠢᠳᠤᠨᠢ ᠰᠠᠶ᠋ᠢᠳᠤᠷ ᠰᠤᠳᠤᠯᠤᠨ ᠰᠢᠢ᠍ᠳᠪᠤᠷᠢᠯᠡᠵᠥ᠂ ᠵᠠᠰᠠᠯᠳᠠ ᠵᠢᠨ ᠠᠵᠢᠯ᠎ᠤᠨ ᠤᠷᠤᠭᠰᠢᠳᠠᠢ ᠶᠠᠪᠤᠭᠲᠠᠵᠤ ᠪᠤᠳᠠᠳᠠᠢ ᠦᠷ᠎ᠡ ᠪᠦᠳᠦᠮᠵᠢ ᠤᠯᠬᠤ ᠵᠢ ᠦᠨᠡᠨ ᠬᠦ᠌ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃
ᠲᠠᠭ᠎ᠠ ᠵᠢᠨ ᠨᠠᠭᠤᠷ᠎ᠤᠨ ᠤᠯᠠᠨ ᠤᠯᠤᠰ᠎ᠤᠨ ᠴᠠᠨᠠᠯᠠᠯᠳᠠ ᠵᠢᠨ ᠲᠠᠯᠠᠪᠠᠢ᠎ᠳᠤ᠂ ᠪᠦ᠋ ᠰᠢᠶᠤᠤ ᠯᠢᠨ ᠠᠷᠪᠠᠨ ᠲᠦᠷᠪᠡᠳᠤᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠰᠢᠨᠵᠢᠯᠡᠨ ᠪᠠᠶ᠋ᠢᠴᠠᠭ᠋ᠠᠵᠥ᠂ ᠤᠷᠤᠯᠳᠤᠭ᠋ᠠᠨ᠎ᠤ ᠵᠠᠮ᠎ᠢ ᠦᠬᠡᠷᠡᠴᠢᠯᠡᠬᠦ᠂ ᠵᠤᠬᠢᠶᠠᠮᠠᠯ ᠴᠠᠰᠤ ᠦᠢ᠍ᠯᠡᠳᠬᠦ ᠢᠨᠵᠧᠨᠧᠷᠢᠩ᠎ᠤᠨ ᠬᠡᠷᠡᠭᠵᠢᠬᠦᠯᠥᠯᠳᠡ ᠪᠤᠯᠤᠨ ᠤᠷᠤᠯᠳᠤᠭ᠋ᠠᠨ᠎ᠤ ᠪᠠᠭ᠋ᠠᠵᠢ ᠬᠡᠷᠡᠭᠰᠡᠯ᠎ᠢ ᠬᠤᠳᠠᠯᠳᠤᠨ ᠤᠷᠤᠭᠤᠯᠬᠤ ᠵᠡᠷᠬᠡ ᠪᠠᠶ᠋ᠢᠳᠠᠯ᠎ᠢ ᠨᠠᠷᠢᠨ ᠤᠢ᠍ᠯᠠᠭ᠋ᠠᠪᠠ᠃ ᠲᠡᠷᠡ᠂ ᠠᠷᠪᠠᠨ ᠲᠦᠷᠪᠡᠳᠤᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠡᠬᠢᠯᠡᠳᠡᠯ᠎ᠡ 100 ᠡᠳᠤᠷ ᠪᠠᠶ᠋ᠢᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠤᠷᠤᠯᠳᠤᠭ᠋ᠠᠨ᠎ᠤ ᠲᠤᠭᠤᠷᠢᠭ᠎ᠤᠨ᠎ᠬᠢᠨ ᠬᠠᠷᠢᠭᠤᠴᠠᠯᠭ᠎ᠠ᠎ᠪᠠᠨ ᠤᠯᠠᠮ ᠪᠤᠳᠠᠳᠠᠶ᠋ᠢᠵᠢᠭᠤᠯᠵᠥ᠂ ᠨᠢᠬᠳᠠ ᠬᠠᠮᠵᠢᠯᠴᠠᠨ᠂ ᠡᠯ᠎ᠡ ᠵᠦᠢ᠍ᠯ᠎ᠤᠨ ᠡᠬᠦᠷᠬᠡ᠎ᠳᠤ ᠠᠩᠬᠠᠷᠤᠯ ᠵᠶ᠋ᠠᠨ ᠲᠦᠪᠯᠡᠷᠡᠬᠦᠯᠵᠥ᠂ ᠴᠠᠭ᠎ᠤᠨ ᠬᠦᠰᠦᠨᠦᠭ᠎ᠢ ᠲᠤᠩᠭᠤᠷᠠᠭᠤᠯᠤᠨ ᠲᠤᠬᠢᠷᠠᠭᠤᠯᠵᠥ᠂ ᠪᠡᠯᠡᠳᠬᠡᠯ ᠠᠵᠢᠯ᠎ᠢ ᠪᠠᠴᠢᠮ ᠶᠠᠭ᠋ᠠᠷᠠᠯᠳᠠᠢ ᠡᠮᠬᠢ ᠵᠢᠷᠤᠮ᠎ᠲᠠᠢ᠎ᠪᠠᠷ ᠰᠠᠶ᠋ᠢᠳᠤᠷ ᠠᠳᠬᠤᠬᠤ ᠬᠡᠷᠡᠭᠳᠡᠢ᠃ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠵᠥ᠂ ᠤᠷᠤᠯᠳᠤᠭ᠋ᠠᠨ᠎ᠢ ᠵᠤᠬᠢᠶᠠᠨ ᠪᠠᠶ᠋ᠢᠭᠤᠯᠬᠤ᠂ ᠰᠤᠨᠢᠨ ᠮᠡᠳᠡᠬᠡᠨ᠎ᠤ ᠤᠬᠠᠭᠤᠯᠭ᠎ᠠ ᠬᠢᠬᠦ᠂ ᠦᠢ᠍ᠯᠡᠴᠢᠯᠡᠬᠡᠨ᠎ᠤ ᠪᠠᠳᠤᠯᠠᠭ᠎ᠠ ᠬᠠᠩᠭ᠋ᠠᠬᠤ ᠵᠡᠷᠬᠡ ᠠᠵᠢᠯ᠎ᠢ ᠨᠢᠬᠡᠳᠤᠯᠳᠡᠢ ᠲᠦᠯᠥᠪᠵᠢᠬᠦᠯᠥᠨ ᠰᠠᠶ᠋ᠢᠳᠤᠷ ᠬᠢᠵᠥ᠂ ᠲᠤᠰ ᠬᠤᠭᠤᠴᠠᠭ᠋ᠠᠨ᠎ᠤ ᠡᠪᠤᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠦᠪᠡᠷᠮᠢᠴᠡ ᠤᠨᠴᠠᠯᠢᠭ᠎ᠲᠠᠢ᠂ ᠦᠨᠳᠤᠷ ᠲᠦᠪᠰᠢᠨ᠎ᠲᠠᠢ᠎ᠪᠠᠷ ᠡᠷᠬᠢᠯᠡᠬᠦ ᠬᠡᠷᠡᠭᠳᠡᠢ ᠬᠡᠵᠥ ᠴᠢᠬᠤᠯᠠᠴᠢᠯᠠᠪᠠ᠃
ᠦᠪᠡᠷᠳᠡᠭᠡᠨ ᠵᠠᠰᠠᠬᠤ ᠤᠷᠤᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠪᠠᠶ᠋ᠢᠴᠠᠭ᠋ᠠᠨ ᠰᠤᠳᠤᠯᠤᠯᠳᠡ ᠬᠢᠬᠦ᠎ᠳᠤ ᠤᠷᠤᠯᠴᠠᠪᠠ᠃