ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠠᠨ ᠵᠢᠩ ᠹᠸᠩ ᠲᠤᠪᠴᠢᠶᠠᠨ ᠲᠠᠷᠤᠭ᠎ᠠ 《ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠰᠤᠶᠤᠯ᠎ᠤᠨ ᠪᠦᠳᠦᠭᠳᠡᠬᠦᠨ᠎ᠤ ᠬᠤᠷᠰᠢᠭᠴᠢ ᠠᠵᠦ ᠠᠬᠤᠢ᠌ᠯᠠᠯ᠎ᠳᠤ ᠰᠤᠳᠤᠯᠤᠨ ᠪᠠᠢ᠌ᠴᠠᠭ᠋ᠠᠯᠳᠠ ᠬᠢᠪᠡ
ᠨᠡᠶ᠋ᠢᠲᠡᠯᠡᠭᠰᠡᠨ ᠴᠠᠭ᠄ 2019-11-27

    11 ᠰᠠᠷ᠎ᠠ ᠵᠢᠨ 18᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠵᠢᠨ ᠲᠤᠪᠴᠢᠶᠠᠨ ᠲᠠᠷᠤᠭ᠎ᠠ ᠲᠠᠨ ᠵᠢᠩ ᠹᠸᠩ᠂ ᠦᠪᠦᠷ ᠮᠤᠩᠭᠤᠯ᠎ᠤᠨ ᠸᠸᠢ ᠮᠢᠩ ᠶᠠᠩ ᠰᠤᠶᠤᠯ᠎ᠤᠨ ᠦᠢ᠍ᠯᠡᠰ᠎ᠤᠨ ᠬᠢᠵᠠᠭ᠋ᠠᠷᠲᠦ ᠺᠤᠮᠫᠠᠨᠢ᠂ ᠦᠪᠦᠷ   ᠮᠤᠩᠭᠤᠯ᠎ᠤᠨ ᠨᠸᠢ ᠰᠢᠦ ᠯᠠᠩ ᠰᠤᠶᠤᠯ᠎ᠤᠨ ᠬᠦᠭᠵᠢᠭᠦᠯᠦᠯᠳᠡ ᠵᠢᠨ ᠬᠢᠵᠠᠭ᠋ᠠᠷᠳᠦ ᠺᠤᠮᠫᠠᠨᠢ᠂ ᠦᠪᠦᠷ ᠮᠤᠩᠭᠤᠯ᠎ᠤᠨ ᠮᠠᠭᠳᠠᠭ᠋ᠠᠯ ᠰᠤᠶᠤᠯ᠎ᠤᠨ ᠦᠢ᠍ᠯᠡᠰ᠎ᠤᠨ ᠬᠦᠭᠵᠢᠭᠦᠯᠦᠯᠳᠡ ᠵᠢᠨ ᠬᠢᠵᠠᠭ᠋ᠠᠷᠳᠦ ᠺᠤᠮᠫᠠᠨᠢ᠂ ᠦᠪᠦᠷ ᠮᠤᠩᠭᠤᠯ᠎ᠤᠨ ᠴᠡᠩᠬᠡ ᠰᠤᠶᠤᠯ ᠤᠷᠠᠯᠢᠭ᠎ᠤᠨ ᠬᠢᠵᠠᠭ᠋ᠠᠷᠳᠦ ᠺᠤᠮᠫᠠᠨᠢ ᠵᠡᠷᠭᠡ ᠺᠤᠮᠫᠠᠨᠢ ᠵᠶ᠋ᠠᠷ ᠬᠦᠷᠴᠦ᠂ 《ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠰᠤᠶᠤᠯ᠎ᠤᠨ ᠪᠦᠳᠦᠭᠳᠡᠬᠦᠨ᠎ᠢ ᠬᠤᠷᠰᠢᠨ ᠪᠦᠳᠦᠭᠡᠬᠦ ᠠᠵᠦ ᠠᠬᠤᠢ᠌ᠯᠠᠯ ᠵᠶ᠋ᠠᠷ ᠪᠠᠢ᠌ᠴᠠᠭ᠋ᠠᠨ ᠰᠤᠳᠤᠯᠤᠯᠳᠠ ᠬᠢᠪᠡ᠃
      ᠲᠠᠨ ᠵᠢᠩ ᠹᠸᠩ ᠲᠤᠪᠴᠢᠶᠠᠨ ᠲᠠᠷᠤᠭ᠎ᠠ ᠡᠯ᠎ᠡ ᠬᠤᠷᠰᠢᠭᠴᠢ ᠠᠵᠦ ᠠᠬᠤᠢ᠌ᠯᠠᠯ᠎ᠤᠨ ᠰᠤᠶᠤᠯ᠎ᠤᠨ ᠪᠦᠳᠦᠭᠳᠡᠬᠦᠨ᠎ᠤ ᠲᠦᠰᠦᠪᠯᠡᠯ᠂ ᠦᠢ᠍ᠯᠡᠳᠪᠦᠷᠢᠯᠡᠯ᠂ ᠪᠤᠷᠤᠯᠠᠭᠤᠯᠤᠯᠳᠠ ᠵᠡᠷᠭᠡ ᠵᠢᠨ ᠬᠠᠷᠢᠭᠤ ᠮᠡᠳᠡᠭᠦᠯᠦᠯᠳᠡ ᠵᠢ ᠰᠤᠨᠤᠰᠴᠦ᠂ ᠤᠳᠤᠬᠠᠨ᠎ᠤ ᠭᠤᠤᠯᠳᠠᠯᠠᠭ᠎ᠠ᠎ᠲᠠᠢ ᠠᠵᠢᠯ ᠪᠤᠯᠤᠨ ᠤᠷᠤᠰᠢᠵᠦ ᠪᠠᠢ᠌ᠭ᠎ᠠ ᠬᠦᠴᠢᠷᠳᠡᠯ᠎ᠢ ᠨᠠᠷᠢᠯᠢᠭ ᠠᠰᠠᠭᠤᠨ ᠤᠢ᠌ᠯᠠᠭ᠋ᠠᠪᠠ᠃


    ᠲᠠᠨ ᠵᠢᠩ ᠹᠸᠩ ᠴᠢᠩᠭ᠋ᠠᠳᠬᠠᠬᠤ᠎ᠳᠠᠭᠠᠨ᠂ ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠪᠤᠯ ᠦᠪᠡᠷᠳᠡᠭᠡᠨ ᠵᠠᠰᠠᠬᠤ ᠤᠷᠤᠨ ᠪᠠᠢ᠌ᠭᠤᠯᠤᠭᠳᠠᠭᠰᠠᠨ᠎ᠠᠴᠠ ᠨᠠᠰᠢᠬᠢ ᠠᠩᠬ᠎ᠠ ᠤᠳᠠᠭ᠎ᠠ ᠲᠠᠭ᠋ᠠᠭ᠋ᠠᠴᠢᠯᠠᠨ ᠡᠷᠬᠢᠯᠡᠵᠦ ᠪᠠᠢ᠌ᠭ᠎ᠠ ᠲᠤᠮᠤ ᠬᠡᠯᠪᠡᠷᠢ ᠵᠢᠨ ᠡᠪᠦᠯ᠎ᠤᠨ ᠤᠯᠠᠷᠢᠯ᠎ᠤᠨ ᠶᠡᠷᠦᠩᠬᠡᠢ᠌ᠯᠡᠭᠰᠡᠨ ᠲᠠᠮᠢᠷ᠎ᠤᠨ ᠴᠤᠭᠯᠠᠭ᠋ᠠᠨ ᠪᠤᠯᠤᠨ᠎ᠡ᠂ ᠦᠪᠦᠷ ᠮᠤᠩᠭᠤᠯ᠎ᠢ ᠲᠠᠨᠢᠭᠤᠯᠬᠤ᠂ ᠤᠬᠠᠭᠤᠯᠬᠤ ᠴᠢᠬᠤᠯᠠ ᠶᠡᠬᠡ ᠲᠤᠬᠢᠶᠠᠯ᠂ ᠠᠵᠦ ᠠᠬᠤᠢ᠌ᠯᠠᠯ᠎ᠤᠨ ᠪᠦᠳᠦᠭᠳᠡᠬᠦᠨ᠎ᠤ ᠨᠡᠷ᠎ᠡ ᠨᠦᠯᠦᠭᠡ᠎ᠪᠠᠨ ᠲᠡᠭᠡᠭᠰᠢᠯᠡᠬᠦᠯᠬᠦ ᠴᠢᠬᠤᠯᠠ ᠲᠠᠪᠴᠠᠩ ᠮᠦᠨ᠂ ᠡᠯ᠎ᠡ ᠬᠤᠷᠰᠢᠭᠴᠢ ᠠᠵᠦ ᠠᠬᠤᠢ᠌ᠯᠠᠯ ᠡᠨᠡᠬᠦ ᠰᠠᠢ᠌ᠨ ᠵᠠᠪᠰᠢᠶᠠᠨ᠎ᠢ ᠠᠰᠢᠭᠯᠠᠵᠦ᠂ 《ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠰᠤᠶᠤᠯ  ᠎ᠤᠨ ᠪᠦᠳᠦᠭᠳᠡᠬᠦᠨ᠎ᠢ   ᠨᠠᠷᠢᠯᠢᠭ   ᠰᠠᠢ᠌ᠨ   ᠬᠢᠵᠦ᠂ ᠠᠵᠦ   ᠠᠬᠤᠢ᠌ᠯᠠᠯ   ᠵᠶ᠋ᠠᠨ   ᠤᠯᠠᠮ   ᠪᠤᠵᠠᠭ᠋ᠠᠢ᠌ᠷᠠᠭᠤᠯᠬᠤ   ᠬᠡᠷᠡᠭᠳᠡᠢ   ᠭᠡᠪᠡ᠃


    ᠲᠠᠨ ᠵᠢᠩ ᠹᠸᠩ ᠵᠢᠭ᠋ᠠᠬᠤ᠎ᠳᠠᠭᠠᠨ᠂ ᠤᠳᠤᠬᠠᠨ ᠬᠠᠮᠢᠶ᠎ᠡ ᠪᠦᠬᠦᠢ ᠰᠠᠯᠠᠭ᠎ᠠ ᠮᠦᠴᠢᠷ ᠬᠦᠬᠡᠬᠤᠳᠠ᠂ ᠬᠦᠯᠦᠨ ᠪᠤᠢ᠌ᠷ᠂ ᠤᠯᠠᠭ᠋ᠠᠨᠬᠠᠳᠠ᠂ ᠤᠯᠠᠭ᠋ᠠᠴᠠᠪ᠂ ᠰᠢᠯᠢ ᠵᠢᠨ ᠭᠤᠤᠯ ᠵᠡᠷᠭᠡ ᠠᠢ᠌ᠮᠠᠭ ᠬᠤᠳᠠ ᠵᠢᠨ ᠤᠷᠤᠯᠳᠤᠭ᠋ᠠᠨ᠎ᠤ ᠲᠠᠯᠠᠪᠠᠢ ᠵᠢᠨ ᠨᠢᠰᠭᠡᠯ᠎ᠤᠨ ᠲᠠᠯᠠᠪᠠᠢ᠂ ᠲᠡᠷᠭᠡᠨ ᠦᠷᠳᠡᠭᠡ᠂ ᠬᠤᠳᠠᠯᠳᠤᠭ᠋ᠠᠨ᠎ᠤ ᠭᠠᠵᠠᠷ᠂ ᠲᠤᠮᠤ ᠨᠤᠮ᠎ᠤᠨ ᠲᠡᠯᠭᠡᠭᠦᠷ ᠵᠡᠷᠭᠡ ᠬᠦᠮᠦᠨ ᠬᠠᠷ᠎ᠠ ᠤᠯᠠᠨ ᠭᠠᠵᠠᠷ᠎ᠲᠤ ᠬᠤᠳᠠᠯᠳᠤᠬᠤ ᠭᠠᠵᠠᠷ ᠲᠤᠬᠢᠷᠠᠭᠤᠯᠵᠦ᠂ ᠠᠵᠦ ᠠᠬᠤᠢ᠌ᠯᠠᠯ᠎ᠳᠤ ᠰᠤᠶᠤᠯ᠎ᠤᠨ ᠪᠦᠳᠦᠭᠳᠡᠬᠦᠨ ᠵᠶ᠋ᠠᠨ ᠪᠤᠷᠤᠯᠠᠭᠤᠯᠬᠤ ᠵᠠᠮ᠎ᠢ ᠴᠢᠳᠠᠬᠤ ᠵᠢᠨ ᠴᠢᠨᠡᠭᠡ᠎ᠪᠠᠷ ᠨᠡᠪᠳᠡᠷᠡᠭᠦᠯᠵᠦ᠂ ᠲᠠᠮᠢᠷ᠎ᠤᠨ ᠴᠤᠭᠯᠠᠭ᠋ᠠᠨ᠎ᠤ ᠰᠤᠶᠤᠯ᠎ᠤᠨ ᠪᠦᠳᠦᠭᠳᠡᠬᠦᠨ ᠪᠤᠯᠤᠨ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠰᠤᠶᠤᠯ᠂ ᠮᠡᠳᠡᠯᠭᠡ ᠵᠢ ᠨᠡᠩ ᠤᠯᠠᠨ ᠬᠦᠮᠦᠰ᠎ᠲᠤ ᠮᠡᠳᠡᠭᠦᠯᠵᠦ ᠲᠦᠭᠡᠮᠡᠯᠵᠢᠭᠦᠯᠵᠦ ᠪᠤᠢ ᠭᠡᠵᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠡᠳ᠋ ᠲᠡᠷᠢᠭᠦᠯᠡᠭᠴᠢ ᠵᠸᠩ ᠬᠤᠩ ᠹᠠᠨ ᠲᠤᠮᠳᠠᠳᠦ ᠤᠯᠤᠰ᠎ᠤᠨ ᠬᠦᠯ ᠪᠦᠮᠪᠦᠭᠡ ᠵᠢᠨ ᠨᠡᠢ᠍ᠢ᠍ᠭᠡᠮᠯᠢᠭ᠎ᠤᠨ ᠲᠠᠷᠢᠭᠦᠯᠡᠭᠴᠢ ᠵᠸᠩ ᠰᠢᠤᠢ ᠶᠤᠸᠠᠨ᠎ᠲᠠᠢ ᠠᠭᠤᠯᠵᠠᠪᠠ
ᠴᠠᠰᠤᠨ ᠲᠡᠭᠡᠷ᠎ᠡ ᠬᠦᠯ ᠪᠦᠮᠪᠤᠭᠡ ᠤᠷᠤᠯᠳᠤᠵᠦ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠶ᠋ᠠᠨ ᠤᠭᠳᠤᠨ᠎ᠡ
ᠪᠦᠬᠦ ᠤᠯᠤᠰ᠎ᠤᠨ ᠤᠯᠠᠨ ᠨᠡᠢ᠌ᠳᠡ ᠵᠢᠨ ᠲᠦᠷᠭᠡᠨ ᠲᠠᠰᠢᠯᠳᠠ ᠵᠢᠨ ᠰᠢᠷᠢᠰ ᠤᠷᠤᠯᠳᠤᠭ᠋ᠠᠨ᠎ᠢ ᠪᠤᠭᠤᠳᠤ᠎ᠳᠤ ᠡᠷᠬᠢᠯᠡᠬᠦ᠎ᠪᠠᠷ ᠪᠤᠯᠤᠯ᠎ᠠ
ᠠᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠤᠨ ᠲᠤᠬᠠᠶ ᠵᠢᠨ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠪᠠ ᠪᠦ᠋ ᠰᠢᠶᠣᠤ ᠯᠢᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ
ᠪᠦᠬᠦ ᠤᠯᠤᠰ᠎ᠤᠨ ᠲᠦᠷᠭᠡᠨ ᠲᠡᠰᠢᠯᠲᠡ ᠵᠢᠨ ᠬᠤᠯᠪᠤᠭ᠋ᠠᠳᠦ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠳ ᠬᠣᠶᠠᠷ ᠠᠯᠲᠠᠨ ᠮᠧᠳᠠᠯ ᠣᠯᠪᠠ
 
            