ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠲᠤᠪᠴᠢᠶᠠᠨ ᠲᠠᠷᠤᠭ᠎ᠠ ᠵᠢᠨ ᠠᠯᠪᠠᠨ ᠠᠵᠢᠯ᠎ᠤᠨ ᠬᠤᠷᠠᠯ ᠬᠤᠷᠠᠯᠳᠤᠭᠤᠯᠵᠦ 《ᠪᠦᠬᠦ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠪᠡᠯᠡᠳᠬᠡᠯ ᠠᠵᠢᠯ᠎ᠢ ᠪᠠᠢ᠌ᠷᠢᠰᠢᠭᠤᠯᠪᠠ
ᠨᠡᠶ᠋ᠢᠲᠡᠯᠡᠭᠰᠡᠨ ᠴᠠᠭ᠄ 2019-11-07

    11 ᠰᠠᠷ᠎ᠠ ᠵᠢᠨ 2᠎ᠤᠨ ᠡᠳᠦᠷ᠂ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠵᠢᠨ ᠲᠠᠨ ᠵᠢᠩ ᠹᠸᠩ 12   ᠳ᠋ᠤᠭ᠋ᠠᠷ ᠤᠳᠠᠭ᠋ᠠᠨ᠎ᠤ ᠲᠤᠪᠴᠢᠶᠠᠨ ᠲᠠᠷᠤᠭ᠎ᠠ ᠵᠢᠨ ᠠᠯᠪᠠᠨ ᠠᠵᠢᠯ᠎ᠤᠨ ᠬᠤᠷᠠᠯ ᠬᠤᠷᠠᠯᠳᠤᠭᠤᠯᠵᠦ᠂ 《ᠪᠦᠬᠦ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠪᠡᠯᠡᠳᠬᠡᠯ ᠠᠵᠢᠯ᠎ᠤᠨ ᠲᠤᠬᠠᠢ ᠬᠠᠷᠢᠭᠤ ᠮᠡᠳᠡᠭᠦᠯᠦᠯᠳᠡ ᠪᠤᠯᠤᠨ ᠲᠠᠮᠢᠷ᠎ᠤᠨ ᠴᠤᠭᠯᠠᠭ᠋ᠠᠨ ᠡᠬᠢᠯᠡᠬᠦ᠎ᠠᠴᠠ 100 ᠬᠤᠨᠤᠭ᠎ᠤᠨ ᠵᠠᠢ ᠪᠦᠬᠦᠢ ᠭᠤᠤᠯ ᠰᠡᠳᠦᠪᠳᠦ ᠦᠳᠡᠰᠢᠯᠡᠭᠡ ᠵᠢᠨ ᠪᠡᠯᠡᠳᠬᠡᠯ ᠠᠵᠢᠯ᠎ᠤᠨ ᠲᠤᠬᠠᠢ ᠬᠠᠷᠢᠭᠤ ᠮᠡᠳᠡᠭᠦᠯᠦᠯᠳᠡ ᠵᠢ ᠰᠤᠨᠤᠰᠴᠦ᠂ ᠬᠤᠯᠪᠤᠭᠳᠠᠯ ᠪᠦᠬᠦᠢ ᠠᠵᠢᠯ᠎ᠢ ᠰᠤᠳᠤᠯᠤᠨ ᠪᠠᠢ᠌ᠷᠢᠰᠢᠭᠤᠯᠪᠠ᠃
    ᠬᠤᠷᠠᠯ᠎ᠠᠴᠠ᠂  《ᠪᠦᠬᠦ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠡᠯ᠎ᠡ ᠲᠠᠯ᠎ᠠ ᠵᠢᠨ ᠪᠡᠯᠡᠳᠬᠡᠯ ᠠᠵᠢᠯ᠎ᠢ ᠰᠠᠢ᠌ᠳᠤᠷ ᠬᠢᠵᠦ᠂ ᠭᠤᠭᠴᠤᠭ᠎ᠠ ᠪᠤᠯᠭ᠋ᠠᠨ᠎ᠢ ᠠᠩᠬᠠᠷᠤᠨ᠂ ᠭᠤᠭᠴᠤᠭ᠎ᠠ ᠪᠤᠯᠭ᠋ᠠᠨ᠎ᠢ ᠬᠤᠯᠪᠤᠭᠳᠠᠭᠤᠯᠤᠨ᠂ ᠨᠠᠷᠢᠨ ᠵᠦᠢ᠍ᠯᠡᠰ᠎ᠢ ᠠᠩᠬᠠᠷᠤᠨ᠂ ᠨᠠᠷᠢᠯᠢᠭ ᠨᠡᠢ᠌ᠳᠡᠪᠤᠷᠵᠢᠭᠤᠯᠬᠤ ᠬᠡᠷᠡᠭᠳᠡᠢ ᠭᠡᠵᠦ ᠴᠢᠩᠭ᠋ᠠᠳᠬᠠᠪᠠ᠃ ᠲᠠᠮᠢᠷ᠎ᠤᠨ ᠤᠷᠳᠤᠨ᠎ᠤ ᠲᠦᠭᠦᠭᠡᠷᠦᠮᠵᠢ ᠵᠢᠴᠢ ᠪᠦᠳᠦᠴᠠ ᠵᠢᠨ ᠴᠢᠳᠠᠪᠬᠢ ᠵᠢ ᠨᠡᠷᠢᠯᠢᠭ᠍ᠵᠢᠭᠤᠯᠵᠦ᠂ ᠤᠷᠤᠯᠳᠤᠭ᠋ᠠᠨ᠎ᠤ ᠲᠦᠭᠦᠭᠡᠷᠦᠮᠵᠢ ᠭᠦᠢ᠍ᠴᠡᠳ ᠪᠡᠯᠡᠳᠬᠡᠭᠳᠡᠵᠦ᠂ ᠠᠮᠤᠷ᠎ᠢ ᠬᠠᠮᠠᠭ᠋ᠠᠯᠠᠬᠤ ᠰᠢᠰᠲᠸᠮ᠎ᠤᠨ ᠭᠡᠷᠡᠴᠢ ᠪᠠᠷᠢᠮᠳᠠ ᠵᠢ ᠲᠠᠨᠢᠬᠤ ᠴᠢᠳᠠᠪᠤᠷᠢ ᠵᠢ ᠠᠩᠬᠠᠷᠤᠨ᠂ ᠰᠤᠨᠢᠨ ᠮᠡᠳᠡᠭᠡᠨ᠎ᠤ ᠲᠦᠪ᠎ᠤᠨ IBC ᠵᠡᠷᠭᠡ ᠰᠢᠰᠲᠸᠮ᠎ᠤᠨ ᠪᠦᠳᠦᠭᠡᠨ ᠪᠠᠢ᠌ᠭᠤᠯᠤᠯᠳᠠ ᠵᠢ ᠰᠠᠢ᠌ᠳᠤᠷ ᠬᠢᠨ᠎ᠡ; ᠰᠤᠷᠠᠭ ᠵᠠᠩᠭᠢ ᠵᠢᠨ ᠰᠢᠰᠲᠸᠮ᠎ᠤᠨ ᠪᠦᠳᠦᠭᠡᠨ ᠪᠠᠢ᠌ᠭᠤᠯᠤᠯᠳᠠ ᠵᠢ ᠲᠠᠷᠤᠢ ᠲᠦᠷᠭᠡᠨ ᠲᠡᠭᠦᠯᠳᠡᠷᠵᠢᠭᠦᠯᠵᠦ᠂ ᠤᠷᠤᠯᠳᠤᠭ᠋ᠠᠨ᠎ᠠᠴᠠ ᠡᠮᠦᠨᠡᠬᠢ ᠰᠠᠢ᠌ᠨ ᠲᠤᠷᠠᠴᠤᠳ᠎ᠤᠨ ᠪᠤᠯᠪᠠᠰᠤᠷᠠᠯ᠂ ᠬᠦᠭᠡᠷᠡᠭᠦᠯᠬᠦ ᠡᠮ᠎ᠢ ᠰᠢᠯᠭ᠋ᠠᠬᠤ ᠪᠤᠯᠪᠠᠰᠤᠷᠠᠯ᠂ ᠡᠯ᠎ᠡ ᠤᠷᠤᠯᠳᠤᠭ᠋ᠠᠨ᠎ᠤ ᠬᠢᠨᠠᠭᠴᠢ ᠵᠢᠨ ᠪᠤᠯᠪᠠᠰᠤᠷᠠᠯ ᠵᠡᠷᠭᠡ ᠠᠵᠢᠯ᠎ᠢ ᠴᠢᠩᠭ᠋ᠠᠳᠬᠠᠵᠦ᠂ ᠡᠯ᠎ᠡ ᠬᠤᠪᠢᠶᠠᠷᠢ ᠤᠷᠤᠯᠳᠤᠭ᠋ᠠᠨ᠎ᠤ ᠲᠤᠭᠤᠷᠢᠭ᠎ᠤᠨ ᠡᠬᠢᠯᠡᠯᠳᠡ ᠵᠢᠨ ᠶᠤᠰᠤᠯᠠᠯ᠎ᠢ ᠰᠠᠢ᠌ᠳᠤᠷ ᠬᠢᠬᠦ ᠬᠡᠷᠡᠭᠳᠡᠢ; ᠪᠢᠯᠸᠲ᠎ᠤᠨ ᠶᠠᠪᠤᠳᠠᠯ᠎ᠤᠨ ᠰᠢᠰᠲᠸᠮ᠂ ᠰᠤᠶᠤᠯ᠎ᠤᠨ ᠪᠦᠳᠦᠭᠳᠡᠬᠦᠨ᠂ ᠬᠠᠮᠳᠤᠷᠠᠯᠴᠠᠭ᠋ᠠᠨ᠎ᠤ ᠡᠳ᠋ ᠪᠠᠷᠠᠭ᠎ᠠ᠂ ᠵᠠᠬ᠎ᠠ ᠲᠡᠯᠭᠡᠭᠦᠷ᠎ᠤᠨ ᠬᠠᠮᠢᠶᠠᠷᠤᠯᠳᠠ ᠵᠡᠷᠭᠡ ᠠᠵᠢᠯ᠎ᠢ ᠰᠠᠢ᠌ᠳᠤᠷ ᠬᠢᠬᠦ ᠬᠡᠷᠡᠭᠳᠡᠢ; ᠡᠯ᠎ᠡ ᠳ᠋ᠠᠩ ᠤᠷᠤᠯᠳᠤᠭ᠋ᠠᠨ᠎ᠤ ᠲᠦᠷᠢᠮ᠎ᠢ ᠲᠠᠷᠤᠢ᠌ᠬᠠᠨ ᠨᠠᠢ᠌ᠳᠠᠪᠤᠷᠢᠭᠤᠯᠬᠤ ᠬᠡᠷᠡᠭᠳᠡᠢ᠃
    ᠬᠤᠷᠠᠯ᠎ᠠᠴᠠ᠂ 《ᠪᠦᠬᠦ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠪᠢᠯᠬᠠᠮ᠎ᠠ ᠨᠡᠷᠬᠢᠶᠡᠨ ᠪᠤᠢ ᠪᠤᠯᠭ᠋ᠠᠬᠤ ᠵᠢᠨ ᠲᠦᠯᠦᠭᠡ᠂ 100 ᠡᠳᠦᠷ᠎ᠤᠨ ᠵᠠᠢ᠌ᠳᠠᠢ ᠯᠡ ᠪᠠᠢ᠌ᠬᠤ ᠵᠠᠩᠭᠢᠯᠠᠭ᠎ᠠ ᠵᠢᠨ ᠴᠠᠭ᠎ᠢ ᠠᠰᠢᠭᠯᠠᠵᠦ᠂ 100 ᠡᠳᠦᠷ᠎ᠤᠨ ᠭᠤᠤᠯ ᠰᠡᠳᠦᠪᠳᠦ ᠦᠳᠡᠰᠢᠯᠡᠭᠡ ᠵᠢᠨ ᠠᠵᠢᠯ᠎ᠤᠨ ᠪᠡᠯᠡᠳᠬᠡᠯ ᠠᠵᠢᠯ᠎ᠢ ᠰᠠᠢ᠌ᠳᠤᠷ ᠬᠢᠬᠦ ᠬᠡᠷᠡᠭᠳᠡᠢ ᠭᠡᠵᠦ ᠴᠢᠩᠭ᠋ᠠᠳᠬᠠᠪᠠ᠃ ᠡᠭᠦᠨ᠎ᠤ ᠬᠠᠮᠳᠦ᠂ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠵᠢᠨ 《ᠪᠦᠬᠦ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ 100 ᠡᠳᠦᠷ᠎ᠤᠨ ᠵᠠᠢ ᠵᠢ ᠲᠡᠮᠳᠡᠭᠯᠡᠬᠦ ᠭᠤᠤᠯ ᠰᠡᠳᠦᠪᠳᠦ ᠦᠳᠡᠰᠢᠯᠡᠭᠡ ᠵᠢᠨ ᠤᠳᠤᠷᠢᠳᠬᠤ ᠲᠤᠭᠤᠢ᠌ᠯᠠᠩ᠎ᠢ ᠵᠤᠬᠢᠶᠠᠨ ᠪᠠᠢ᠌ᠭᠤᠯᠵᠦ᠂ ᠡᠭᠦᠷᠭᠡ ᠬᠠᠷᠢᠭᠤᠴᠠᠯᠭ᠎ᠠ᠎ᠪᠠᠨ ᠲᠤᠳᠤᠷᠬᠠᠢ ᠪᠤᠯᠭ᠋ᠠᠨ᠂ ᠵᠤᠬᠢᠴᠠᠭᠤᠯᠭ᠎ᠠ ᠬᠤᠯᠪᠤᠭ᠋ᠠᠯᠠᠯ ᠵᠶ᠋ᠠᠨ ᠴᠢᠩᠭ᠋ᠠᠳᠬᠠᠨ᠂ ᠡᠯ᠎ᠡ ᠲᠠᠯ᠎ᠠ᠎ᠤᠨ ᠠᠵᠢᠯ᠎ᠢ ᠦᠨᠳᠤᠷ ᠦᠷ᠎ᠡ ᠠᠰᠢᠭ᠎ᠲᠠᠢ᠎ᠪᠠᠷ ᠪᠠᠶᠠᠯᠠᠭᠦᠯᠬᠦ ᠵᠢ ᠪᠠᠳᠤᠯᠠᠬᠤ ᠬᠡᠷᠡᠭᠳᠡᠢ ᠭᠡᠵᠡᠢ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠳᠠᠮᠢᠷ᠎ᠤᠨ ᠴᠤᠬᠯᠠᠭ᠋ᠠᠨ ᠡᠬᠢᠯᠡᠲᠡᠯ᠎ᠡ 100 ᠡᠳᠦᠷ ᠪᠠᠶ᠋ᠢᠬᠤ ᠵᠢ ᠳᠡᠮᠳᠡᠭᠯᠡᠬᠦ ᠰᠤᠨᠢᠨ ᠮᠡᠳᠡᠭᠡ ᠨᠡᠶ᠋ᠢᠳᠡᠯᠡᠬᠦ ᠬᠤᠷᠠᠯ ᠶᠠᠪᠤᠬᠳᠠᠪᠠ
ᠪᠦ᠋ ᠰᠢᠶᠤᠤ ᠯᠢᠨ ᠯᠢᠶᠠᠩᠴᠧᠩ ᠰᠢᠶᠠᠨ᠎ᠳᠤ ᠲᠠᠭ᠎ᠠ ᠵᠢᠨ ᠨᠠᠭᠤᠷ᠎ᠤᠨ ᠤᠰᠤᠨ᠎ᠤ ᠠᠮᠢ ᠠᠬᠤᠢ ᠵᠢᠨ ᠵᠠᠰᠠᠯᠳᠠ ᠪᠤᠯᠤᠨ ᠠᠷᠪᠠᠨ ᠲᠦᠷᠪᠡᠳᠤᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠪᠠᠶ᠋ᠢᠴᠠᠭ᠋ᠠᠨ ᠰᠤᠳᠤᠯᠵᠠᠢ
ᠮᠦᠩᠭᠦᠨ ᠡᠪᠦᠯ᠎ᠤᠨ ᠪᠤᠯᠵᠤᠭ᠎ᠠ ᠮᠦᠰᠦ ᠴᠠᠰᠤᠨ᠎ᠤ ᠦᠪᠡᠳᠡᠭᠰᠢ ᠴᠤᠬᠯᠠᠭ᠋ᠠᠨ — ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠳᠠᠮᠢᠷ᠎ᠤᠨ ᠴᠤᠬᠯᠠᠭ᠋ᠠᠨ ᠡᠬᠢᠯᠡᠲᠡᠯᠡᠬᠢ100 ᠡᠳᠦᠷ᠎ᠢ ᠲᠤᠭ᠋ᠠᠯᠠᠨ ᠳᠡᠮᠳᠡᠭᠯᠡᠬᠦ ᠦᠳᠡᠰᠢᠯᠡᠭᠡ
ᠦᠪᠦᠷ ᠮᠤᠩᠭᠤᠯ ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ ᠵᠢᠨ ᠲᠤᠪᠴᠢᠶ᠎ᠠ ᠵᠢᠨ 《ᠲᠠᠮᠢᠷ᠎ᠤᠨ ᠱᠠᠩᠨᠠᠯᠳᠦ ᠰᠤᠭᠤᠯᠤᠭ᠎ᠠ》 ᠬᠤᠨᠳᠠᠭ᠋ᠠᠳᠦ ᠠᠵᠢᠯᠳᠠᠳ᠎ᠤᠨ ᠪᠡᠶ᠎ᠡ ᠴᠢᠬᠢᠷᠠᠭᠵᠢᠭᠤᠯᠬᠤ ᠲᠠᠮᠢᠷ᠎ᠤᠨ ᠤᠷᠤᠯᠳᠤᠭ᠋ᠠᠨ ᠶᠠᠪᠤᠭᠳᠠᠯ᠎ᠠ
ᠲᠠᠨ ᠵᠢᠩ ᠹᠸᠩ ᠲᠤᠪᠴᠢᠶᠠᠨ ᠲᠠᠷᠤᠭ᠎ᠠ 《ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠰᠤᠶᠤᠯ᠎ᠤᠨ ᠪᠦᠳᠦᠭᠳᠡᠬᠦᠨ᠎ᠤ ᠬᠤᠷᠰᠢᠭᠴᠢ ᠠᠵᠦ ᠠᠬᠤᠢ᠌ᠯᠠᠯ᠎ᠳᠤ ᠰᠤᠳᠤᠯᠤᠨ ᠪᠠᠢ᠌ᠴᠠᠭ᠋ᠠᠯᠳᠠ ᠬᠢᠪᠡ
 
            