ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠴᠠᠰᠤᠨ ᠲᠡᠭᠡᠷ᠎ᠡ ᠬᠦᠯ ᠪᠦᠮᠪᠤᠭᠡ ᠤᠷᠤᠯᠳᠤᠵᠦ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠶ᠋ᠠᠨ ᠤᠭᠳᠤᠨ᠎ᠡ
ᠨᠡᠶ᠋ᠢᠲᠡᠯᠡᠭᠰᠡᠨ ᠴᠠᠭ᠄ 2019-12-19

    ᠠᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ 2020 ᠤᠨ᠎ᠤ 2 ᠰᠠᠷ᠎ᠠ ᠵᠢᠨ 16᠎ᠤ ᠡᠳᠦᠷ ᠥᠪᠥᠷ ᠮᠣᠩᠭᠣᠯ᠎ᠳᠤ ᠡᠬᠢᠯᠡᠬᠦ ᠪᠤᠯᠤᠨ᠎ᠡ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠨᠢ ᠬᠥᠯᠥᠨ ᠪᠣᠢ᠍ᠢ᠍ᠷ᠎ᠤᠨ ᠣᠯᠠᠨ ᠲᠦᠮᠡᠨ᠎ᠢ ᠬᠦᠷ ᠨᠡᠷᠬᠢᠶᠠᠨ ᠵᠶ᠋ᠠᠷ ᠪᠢᠯᠬᠠᠭᠤᠯᠵᠠᠢ᠃ 12 ᠰᠠᠷ᠎ᠠ ᠵᠢᠨ 8᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠬᠥᠯ ᠪᠥᠮᠪᠥᠭᠡ ᠵᠢᠨ ᠤᠷᠤᠯᠳᠤᠭ᠋ᠠᠨ ᠬᠠᠶ᠋ᠢᠯᠠᠷ᠎ᠤᠨ ᠨᠢᠭᠡᠳᠦᠭᠡᠷ ᠳᠤᠮᠳᠠᠳᠤ ᠰᠤᠷᠭ᠋ᠠᠭᠤᠯᠢ᠎ᠳᠤ ᠶᠠᠪᠤᠭᠳᠠᠵᠤ᠂ ᠮᠥᠰᠥ ᠴᠠᠰᠤ ᠪᠣᠯᠤᠨ ᠬᠥᠯ ᠪᠥᠮᠪᠥᠭᠡ ᠵᠢᠨ ᠪᠠᠶᠠᠷ ᠪᠠᠶᠠᠰᠤᠯ᠎ᠢ ᠰᠤᠷᠭ᠋ᠠᠭᠤᠯᠢ ᠵᠢᠨ ᠬᠦᠷᠢᠶᠡᠨ᠎ᠳᠤ ᠠᠪᠴᠢᠷᠠᠪᠠ᠃
    ᠰᠤᠷᠤᠭᠴᠢᠳ᠎ᠤᠨ ᠴᠠᠰᠤᠨ ᠲᠡᠭᠡᠷᠡᠬᠢ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ ᠤᠷᠮ᠎ᠠ ᠰᠡᠳᠬᠢᠯᠭᠡ ᠵᠢ ᠬᠥᠭᠵᠢᠭᠡᠬᠦ ᠵᠢᠨ ᠲᠥᠯᠥᠭᠡ᠂ ᠴᠠᠰᠤᠨ ᠲᠡᠭᠡᠷᠡᠬᠢ ᠬᠥᠯ ᠪᠥᠮᠪᠥᠭᠡ ᠵᠢᠨ ᠰᠤᠷᠭ᠋ᠠᠭᠤᠯᠢ ᠵᠢᠨ ᠬᠦᠷᠢᠶᠡᠨ᠎ᠤ ᠤᠷᠤᠯᠳᠤᠭ᠋ᠠᠨ᠂ ᠴᠠᠰᠤᠨ ᠲᠡᠭᠡᠷᠡᠬᠢ ᠬᠥᠯ ᠪᠥᠮᠪᠥᠭᠡ ᠵᠢᠨ ᠤᠷᠤᠯᠳᠤᠭ᠋ᠠᠨ ᠪᠠ ᠴᠠᠰᠤᠨ ᠲᠡᠭᠡᠷᠡᠬᠢ ᠬᠥᠯ ᠪᠥᠮᠪᠥᠭᠡ ᠵᠢᠨ ᠲᠡᠰᠬᠡᠯ ᠤᠷᠤᠯᠳᠤᠭ᠋ᠠᠨ ᠵᠡᠷᠭᠡ 3 ᠣᠯᠠᠨ ᠨᠡᠢ᠍ᠢ᠍ᠲᠡ ᠵᠢᠨ ᠤᠷᠤᠯᠴᠠᠬᠤ ᠬᠡᠮᠵᠢᠶ᠎ᠡ᠎ᠪᠠᠷ ᠥᠨᠳᠥᠷ ᠲᠥᠷᠥᠯ ᠵᠦᠢ᠍ᠯ᠎ᠢ ᠲᠣᠬᠢᠷᠠᠭᠤᠯᠪᠠ᠃
    ᠤᠢ᠌ᠷ᠎ᠠ ᠵᠢᠨ ᠵᠢᠯ᠎ᠳᠤ᠂ ᠥᠪᠥᠷ ᠮᠣᠩᠭᠣᠯ ᠮᠥᠰᠥ ᠴᠠᠰᠤᠨ᠎ᠤ ᠡᠬᠢ ᠪᠠᠶᠠᠯᠢᠭ ᠵᠶ᠋ᠠᠨ ᠠᠰᠢᠭᠯᠠ᠂ ᠴᠠᠰᠤᠨ ᠳᠡᠭᠡᠷᠡᠬᠢ ᠬᠥᠯ ᠪᠥᠮᠪᠥᠭᠡ ᠵᠢᠨ ᠨᠠᠷᠠᠲᠤ ᠲᠡᠮᠳᠡᠭ᠎ᠢ ᠨᠡᠭᠡᠭᠡᠨ ᠬᠥᠭᠵᠢᠭᠦᠯᠵᠦ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠪᠦᠷᠬᠦᠴᠡ ᠵᠢ ᠥᠷᠭᠡᠳᠬᠡᠵᠦ᠂ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠣᠯᠠᠨ ᠲᠦᠮᠡᠨ᠎ᠤ ᠰᠠᠭᠤᠷᠢ ᠵᠢ ᠪᠡᠬᠢᠵᠢᠭᠦᠯᠵᠦ᠂ ᠬᠥᠯ ᠪᠥᠮᠪᠥᠭᠡ ᠪᠣᠯᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠬᠥᠭᠵᠢᠭᠦᠯᠬᠦ ᠵᠢᠨ ᠬᠠᠮᠲᠤ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠤᠭᠲᠤᠬᠤ᠎ᠳᠤ ᠬᠦᠷ ᠨᠡᠷᠬᠢᠶᠡᠨᠳᠦ ᠤᠷᠴᠢᠨ ᠠᠬᠤᠢ ᠵᠢ ᠪᠣᠶ   ᠪᠤᠯᠭ᠋ᠠᠵᠦ ᠪᠠᠶ᠋ᠢᠨ᠎ᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠤᠯᠠᠨ ᠨᠡᠢ᠌ᠳᠡ ᠵᠢᠨ ᠲᠦᠷᠭᠡᠨ ᠲᠠᠰᠢᠯᠳᠠ ᠵᠢᠨ ᠰᠢᠷᠢᠰ ᠤᠷᠤᠯᠳᠤᠭ᠋ᠠᠨ᠎ᠢ ᠪᠤᠭᠤᠳᠤ᠎ᠳᠤ ᠡᠷᠬᠢᠯᠡᠬᠦ᠎ᠪᠠᠷ ᠪᠤᠯᠤᠯ᠎ᠠ
ᠠᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠤᠨ ᠲᠤᠬᠠᠶ ᠵᠢᠨ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠪᠠ ᠪᠦ᠋ ᠰᠢᠶᠣᠤ ᠯᠢᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ
ᠪᠦᠬᠦ ᠤᠯᠤᠰ᠎ᠤᠨ ᠲᠦᠷᠭᠡᠨ ᠲᠡᠰᠢᠯᠲᠡ ᠵᠢᠨ ᠬᠤᠯᠪᠤᠭ᠋ᠠᠳᠦ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠳ ᠬᠣᠶᠠᠷ ᠠᠯᠲᠠᠨ ᠮᠧᠳᠠᠯ ᠣᠯᠪᠠ
2019 ᠤᠨ᠎ᠤ ᠦᠪᠦᠷ ᠮᠤᠩᠭᠤᠯ᠎ᠤᠨ ᠠᠷᠪᠠᠨ ᠶᠡᠬᠡ ᠲᠠᠮᠢᠷ᠎ᠤᠨ ᠰᠤᠨᠢᠨ ᠮᠡᠳᠡᠭᠡ
ᠦᠪᠦᠷ ᠮᠤᠩᠭᠤᠯ᠎ᠤᠨ ᠬᠦᠯ ᠪᠦᠮᠪᠤᠭᠡ ᠵᠢᠨ ᠠᠩᠭᠢ ᠴᠠᠰᠤᠨ ᠲᠡᠭᠡᠷᠡᠬᠢ ᠬᠦᠯ ᠪᠦᠮᠪᠤᠭᠡ ᠵᠢᠨ ᠤᠷᠤᠯᠳᠤᠭ᠋ᠠᠨ᠎ᠳᠤ ᠮᠦᠩᠭᠦᠨ ᠮᠸᠳᠠᠯ ᠬᠦᠷᠳᠡᠯ᠎ᠡ
 
            