ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠦᠬᠦ ᠤᠯᠤᠰ᠎ᠤᠨ ᠤᠯᠠᠨ ᠨᠡᠢ᠌ᠳᠡ ᠵᠢᠨ ᠲᠦᠷᠭᠡᠨ ᠲᠠᠰᠢᠯᠳᠠ ᠵᠢᠨ ᠰᠢᠷᠢᠰ ᠤᠷᠤᠯᠳᠤᠭ᠋ᠠᠨ᠎ᠢ ᠪᠤᠭᠤᠳᠤ᠎ᠳᠤ ᠡᠷᠬᠢᠯᠡᠬᠦ᠎ᠪᠠᠷ ᠪᠤᠯᠤᠯ᠎ᠠ
ᠨᠡᠶ᠋ᠢᠲᠡᠯᠡᠭᠰᠡᠨ ᠴᠠᠭ᠄ 2019-12-23

    12 ᠳ᠋ᠤᠭ᠋ᠠᠷ ᠰᠠᠷ᠎ᠠ ᠵᠢᠨ 17᠎ᠤ ᠡᠳᠦᠷ᠂ ᠪᠥᠬᠥ ᠤᠯᠤᠰ᠎ᠤᠨ ᠵᠢᠷᠭᠤᠳᠤᠭ᠋ᠠᠷ ᠬᠤᠭᠤᠴᠠᠭ᠋ᠠᠨ᠎ᠤ ᠣᠯᠠᠨ ᠲᠦᠮᠡᠨᠴᠢ ᠮᠥᠰᠥ ᠴᠠᠰᠤᠨ᠎ᠤ ᠤᠯᠠᠷᠢᠯ 《2022 ᠲᠠᠰᠢ ᠲᠠᠰᠢᠨᠠᠮ — ᠪᠥᠬᠥ ᠤᠯᠤᠰ᠎ᠤᠨ ᠣᠯᠠᠨ ᠨᠡᠢ᠍ᠢ᠍ᠲᠡ ᠵᠢᠨ ᠲᠦᠷᠭᠡᠨ ᠲᠡᠰᠢᠯᠲᠡ ᠵᠢᠨ ᠰᠢᠷᠢᠰ ᠤᠷᠤᠯᠳᠤᠭ᠋ᠠᠨ (2019 — 2020)᠎ᠤ ᠪᠤᠭᠤᠲᠤ ᠥᠷᠲᠡᠭᠡ》 ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠳᠤ ᠬᠤᠷᠠᠯᠳᠤᠪᠠ᠃   ᠰᠤᠨᠢᠨ ᠮᠡᠳᠡᠭᠡ ᠨᠡᠢ᠌ᠳᠡᠯᠡᠬᠦ ᠬᠤᠷᠠᠯ᠎ᠳᠤ ᠦᠯᠵᠡᠢ᠌ᠳᠦ ᠠᠮᠢᠳᠠᠨ 《ᠮᠤᠷᠢᠨ ᠬᠡᠦᠬᠡᠯᠳᠡᠢ》 ᠵᠢ ᠠᠩᠬ᠎ᠠ ᠨᠡᠢ᠌ᠳᠡᠯᠡᠪᠡ᠃
    ᠲᠣᠰ ᠤᠳᠠᠭ᠋ᠠᠨ᠎ᠤ ᠤᠷᠤᠯᠳᠤᠭ᠋ᠠᠨ᠎ᠨᠢ ᠶᠡᠷᠦᠩᠬᠡᠶ ᠱᠦᠵᠢ ᠰᠢ ᠵᠢᠨ ᠫᠢᠩ᠎ᠤᠨ 《ᠭᠤᠷᠪᠠᠨ ᠳ᠋ᠦᠩᠰᠢᠭᠤᠷ ᠬᠥᠮᠦᠨ᠎ᠢ ᠳᠠᠶ᠋ᠢᠴᠢᠯᠠᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠤᠯᠬᠤ》 ᠤᠷᠢᠶᠠᠯᠠᠭ᠎ᠠ ᠵᠢ ᠴᠤᠤᠷᠢᠶᠠᠲᠤᠨ ᠳᠠᠭ᠋ᠠᠵᠤ᠂ ᠪᠤᠭᠤᠲᠤ ᠬᠣᠲᠠ ᠵᠢᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ ᠪᠣᠯᠤᠨ ᠣᠯᠠᠨ ᠲᠦᠮᠡᠨ᠎ᠤ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠳᠠᠪᠠᠭᠤᠯᠢᠭ᠎ᠢ ᠪᠠᠳᠠᠷᠠᠭᠤᠯᠵᠤ᠂ ᠮᠦᠰᠦ ᠴᠠᠰᠤᠨ ᠲᠡᠭᠡᠷ᠎ᠡ ᠤᠷᠤᠯᠳᠤᠬᠤ᠂ ᠣᠯᠠᠨ ᠲᠦᠮᠡᠨ ᠤᠷᠤᠯᠴᠠᠬᠤ᠂ ᠮᠥᠰᠥ ᠴᠠᠰᠤᠨ᠎ᠤ ᠰᠣᠶᠣᠯ᠂ ᠮᠥᠰᠥ ᠴᠠᠰᠤᠨ᠎ᠤ ᠠᠵᠤ ᠦᠢ᠍ᠯᠡᠰ᠎ᠢ ᠠᠭᠤᠰᠤᠯᠴᠠᠭᠤᠯᠤᠨ ᠳᠡᠯᠭᠡᠨ ᠦᠵᠡᠭᠦᠯᠵᠦ᠂ ᠲᠤᠬᠠᠶ ᠵᠢᠨ ᠭᠠᠵᠠᠷ᠎ᠤᠨ ᠣᠨᠴᠠᠯᠢᠭ᠎ᠲᠠᠢ ᠪᠦᠬᠦ ᠠᠷᠠᠳ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠲᠥᠷᠥᠯ ᠲᠡᠮᠳᠡᠭ᠎ᠢ ᠡᠭᠦᠳᠬᠦ ᠵᠢᠨ ᠲᠥᠯᠥᠭᠡ ᠶᠤᠮ᠃ ᠪᠥᠬᠥ ᠤᠯᠤᠰ᠎ᠤᠨ ᠵᠢᠷᠭᠤᠳᠤᠭ᠋ᠠᠷ ᠬᠤᠭᠤᠴᠠᠭ᠋ᠠᠨ᠎ᠤ ᠣᠯᠠᠨ ᠲᠦᠮᠡᠨ᠎ᠤ ᠮᠥᠰᠥ ᠴᠠᠰᠤᠨ᠎ᠤ ᠤᠯᠠᠷᠢᠯ᠎ᠤᠨ 《2022 ᠲᠠᠰᠢ ᠲᠠᠰᠢᠨᠠᠮ — ᠪᠥᠬᠥ ᠤᠯᠤᠰ᠎ᠤᠨ ᠣᠯᠠᠨ ᠨᠡᠢ᠍ᠢ᠍ᠲᠡ ᠵᠢᠨ ᠲᠦᠷᠭᠡᠨ ᠲᠠᠰᠢᠯᠳᠠ ᠵᠢᠨ ᠰᠢᠷᠢᠰ ᠤᠷᠤᠯᠳᠤᠭ᠋ᠠᠨ (2019 — 2020)᠎ᠤ ᠪᠤᠭᠤᠲᠤ ᠥᠷᠲᠡᠭᠡ》᠎ᠨᠢ 2020᠎ᠤᠨ 1 ᠰᠠᠷ᠎ᠠ ᠵᠢᠨ ᠳᠤᠮᠳᠠᠴᠢ᠎ᠠᠴᠠ 2020᠎ᠤᠨ 2 ᠰᠠᠷ᠎ᠠ ᠪᠣᠯᠲᠠᠯ᠎ᠠ ᠪᠤᠭᠤᠲᠤ ᠬᠣᠲᠠ ᠵᠢᠨ ᠣᠯᠢᠮᠫᠢᠺ᠎ᠤᠨ ᠴᠡᠴᠡᠷᠯᠢᠭ᠎ᠤᠨ ᠵᠤᠬᠢᠶᠠᠮᠠᠯ ᠨᠠᠭᠤᠷ᠎ᠲᠤ ᠶᠠᠪᠤᠭᠳᠠᠬᠤ ᠪᠣᠯᠤᠨ᠎ᠠ᠃ ᠤᠷᠤᠯᠳᠤᠭᠤᠨ᠎ᠳᠤ᠂ ᠪᠤᠭᠤᠲᠤ ᠬᠣᠲᠠ ᠵᠢᠨ ᠲᠦᠷᠭᠡᠨ ᠲᠡᠰᠢᠯᠲᠡ ᠵᠢᠨ ᠣᠯᠠᠨ ᠤᠯᠤᠰ᠎ᠤᠨ ᠤᠷᠢᠯᠭ᠎ᠠ ᠵᠢᠨ ᠤᠷᠤᠯᠳᠤᠭ᠋ᠠᠨ᠂ ᠪᠤᠭᠤᠲᠤ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠮᠥᠰᠥᠨ ᠪᠥᠮᠪᠥᠭᠡ ᠵᠢᠨ ᠨᠥᠬᠥᠷᠰᠡᠭ ᠤᠷᠤᠯᠳᠤᠭ᠋ᠠᠨ᠂ ᠪᠤᠭᠤᠲᠤ ᠬᠣᠲᠠ ᠵᠢᠨ 《ᠶᠢᠩ ᠴᠦᠨ ᠬᠤᠨᠳᠠᠭ᠋ᠠᠲᠤ》 ᠵᠠᠯᠠᠭᠤᠴᠤᠳ ᠪᠠᠭ᠋ᠠᠴᠤᠳ᠎ᠤᠨ ᠣᠬᠣᠷ ᠵᠠᠢ ᠵᠢᠨ ᠲᠦᠷᠭᠡᠨ ᠲᠡᠰᠢᠯᠲᠡ ᠵᠢᠨ ᠤᠷᠢᠯᠭ᠎ᠠ ᠵᠢᠨ ᠤᠷᠤᠯᠳᠤᠭ᠋ᠠᠨ ᠪᠠ ᠪᠤᠭᠤᠲᠤ ᠬᠣᠲᠠ ᠵᠢᠨ ᠣᠯᠠᠨ ᠲᠦᠮᠡᠨᠴᠢ ᠮᠥᠰᠥ ᠴᠠᠰᠤᠨ᠎ᠤ ᠰᠣᠨᠢᠷᠬᠠᠯᠲᠤ ᠤᠷᠤᠯᠳᠤᠭ᠋ᠠᠨ ᠵᠡᠷᠭᠡ ᠠᠭᠤᠯᠭ᠎ᠠ ᠵᠢ ᠪᠠᠭᠲᠠᠭ᠋ᠠᠵᠠᠶ᠃
    ᠡᠭᠦᠨ᠎ᠤ ᠬᠠᠮᠲᠤ᠂ ᠭᠣᠤᠯᠯᠠᠨ ᠡᠷᠬᠢᠯᠡᠬᠦ ᠲᠠᠯ᠎ᠠ ᠵᠢᠨ᠎ᠬᠢᠨ ᠪᠠᠰᠠ ᠪᠤᠭᠤᠲᠤ ᠵᠢᠨ ᠮᠥᠰᠥ ᠴᠠᠰᠤᠨ᠎ᠤ ᠵᠠᠩ ᠠᠭ᠋ᠠᠯᠢ ᠵᠢᠨ ᠦᠵᠡᠭᠦᠯᠦᠯᠭᠡ᠂ ᠪᠤᠭᠤᠲᠤ ᠬᠣᠲᠠ ᠵᠢᠨ ᠣᠬᠣᠷ ᠵᠠᠢ ᠵᠢᠨ ᠲᠦᠷᠭᠡᠨ ᠲᠡᠰᠢᠯᠲᠡ ᠵᠢᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠪᠣᠯᠪᠠᠰᠤᠷᠠᠯ ᠪᠣᠯᠤᠨ ᠪᠤᠭᠤᠲᠤ ᠵᠢᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠡᠷᠭᠢᠴᠡᠭᠦᠯᠦᠯ᠎ᠤᠨ ᠦᠵᠡᠰᠬᠦᠯᠡᠩ ᠵᠡᠷᠭᠡ ᠠᠵᠢᠯᠯᠠᠭ᠎ᠠ ᠥᠷᠨᠢᠭᠦᠯᠦᠨ᠎ᠡ᠃ ᠰᠢᠷᠢᠰ ᠠᠵᠢᠯᠯᠠᠭ᠎ᠠ᠎ᠨᠢ ᠡᠪᠦᠯ᠎ᠤᠨ ᠤᠯᠠᠷᠢᠯ ᠲᠤᠷᠰᠢ ᠦᠷᠭᠦᠯᠵᠢᠯᠡᠨ᠂ ᠣᠯᠢᠮᠫᠢᠺ᠎ᠤᠨ ᠴᠡᠴᠡᠷᠯᠢᠭ᠎ᠤᠨ ᠵᠣᠬᠢᠶᠠᠮᠠᠯ ᠨᠠᠭᠤᠷ᠎ᠨᠢ ᠬᠣᠲᠠ ᠵᠢᠨ ᠠᠷᠠᠳ᠎ᠤᠨ ᠵᠤᠭ᠎ᠠ ᠴᠡᠩᠭᠡᠯ᠎ᠤᠨ ᠤᠷᠤᠨ ᠪᠤᠯᠬᠤ ᠪᠣᠯᠤᠨ᠎ᠠ᠃ ᠡᠨᠡ ᠵᠢᠯ᠎ᠤᠨ 12 ᠰᠠᠷ᠎ᠠ᠎ᠠᠴᠠ ᠡᠬᠢᠯᠡᠨ᠂ ᠪᠤᠭᠤᠲᠤ ᠬᠣᠲᠠ ᠣᠯᠢᠮᠫᠢᠺ᠎ᠤᠨ ᠴᠡᠴᠡᠷᠯᠢᠭ᠎ᠤᠨ ᠵᠤᠬᠢᠶᠠᠮᠠᠯ ᠨᠠᠭᠤᠷ᠎ᠤᠨ ᠲᠣᠭᠣᠷᠢᠨ᠎ᠳᠤ᠂ ᠪᠠᠷᠤᠭ 10 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠮᠥᠰᠥ ᠴᠠᠰᠤᠨ᠎ᠤ ᠬᠥᠳᠡᠯᠭᠡᠭᠡᠨ᠎ᠤ ᠲᠠᠯᠠᠪᠠᠢ ᠰᠡᠯᠪᠢᠨ ᠵᠠᠰᠠᠵᠤ᠂ ᠭᠡᠷ᠎ᠤᠨ ᠭᠠᠳᠠᠨᠠᠬᠢ ᠮᠥᠰᠥ ᠴᠠᠰᠤᠨ᠎ᠤ ᠲᠠᠯᠠᠪᠠᠢ ᠵᠢ ᠪᠠᠶ᠋ᠢᠭᠤᠯᠪᠠ᠃ ᠡᠭᠦᠨ᠎ᠤ ᠬᠠᠮᠲᠤ᠂ ᠲᠦᠷᠭᠡᠨ ᠲᠡᠰᠢᠯᠲᠡ ᠵᠢᠨ ᠰᠢᠷᠢᠰ ᠤᠷᠤᠯᠳᠤᠭ᠋ᠠᠨ᠎ᠤ ᠲᠠᠯᠠᠪᠠᠢ ᠵᠢᠨ ᠡᠷᠭᠢᠨ ᠲᠣᠭᠣᠷᠢᠨ᠎ᠳᠤ ᠵᠢᠭ᠋ᠠᠨ ᠰᠤᠷᠭ᠋ᠠᠯᠲᠠ ᠵᠢᠨ ᠪᠣᠯᠪᠠᠰᠤᠷᠠᠯ᠂ ᠮᠥᠰᠥᠨ ᠪᠥᠮᠪᠥᠭᠡ᠂ ᠮᠥᠰᠥᠨ ᠳᠡᠭᠡᠷᠡᠬᠢ ᠲᠣᠭᠯᠠᠯᠲᠠ᠂ ᠮᠥᠰᠥᠨ ᠭᠤᠯᠭᠤᠭᠤᠷ ᠱᠠᠲᠤ ᠵᠡᠷᠭᠡ ᠰᠣᠨᠢᠷᠬᠠᠯᠲᠤ ᠠᠵᠢᠯᠯᠠᠭ᠎ᠠ ᠵᠢᠴᠢ ᠦᠵᠡᠮᠦᠷᠢ ᠵᠢᠨ ᠴᠢᠳᠠᠪᠬᠢᠲᠤ ᠣᠷᠣᠨ᠎ᠢ ᠪᠦᠲᠦᠭᠡᠨ ᠪᠠᠢ᠍ᠭᠤᠯᠵᠤ᠂ ᠨᠠᠩ ᠣᠯᠠᠨ ᠬᠦᠮᠦᠨ᠎ᠤ ᠭᠡᠷ᠎ᠠᠴᠠ᠎ᠪᠠᠨ ᠭᠠᠷᠴᠤ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠤᠷᠤᠯᠴᠠᠬᠤ ᠵᠢ ᠵᠤᠷᠢᠭᠵᠢᠭᠤᠯᠪᠠ᠃
    ᠣᠶ᠋ᠢᠯᠠᠭ᠋ᠠᠭᠰᠠᠨ ᠵᠶ᠋ᠠᠷ᠂ ᠲᠣᠰ ᠤᠳᠠᠭ᠋ᠠᠨ᠎ᠤ ᠤᠷᠤᠯᠳᠤᠭ᠋ᠠᠨ᠎ᠢ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠢᠶᠠᠷᠤᠯᠲᠠ ᠵᠢᠨ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠤᠯᠯᠠᠨ ᠡᠷᠬᠢᠯᠡᠵᠦ᠂ ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠮᠤᠩᠭᠤᠯ ᠠᠵᠢᠨᠠᠢ ᠰᠣᠶᠣᠯ ᠵᠢᠭᠤᠯᠴᠢᠯᠠᠯ᠎ᠢ ᠬᠦᠭᠵᠢᠭᠦᠯᠬᠦ ᠬᠢᠵᠠᠭ᠋ᠠᠷᠲᠤ ᠺᠣᠮᠫᠠᠨᠢ᠎ᠠᠴᠠ ᠳᠠᠭ᠋ᠠᠭ᠋ᠠᠴᠢᠯᠠᠨ ᠡᠷᠬᠢᠯᠡᠪᠡ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠤᠨ ᠲᠤᠬᠠᠶ ᠵᠢᠨ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠪᠠ ᠪᠦ᠋ ᠰᠢᠶᠣᠤ ᠯᠢᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ
ᠪᠦᠬᠦ ᠤᠯᠤᠰ᠎ᠤᠨ ᠲᠦᠷᠭᠡᠨ ᠲᠡᠰᠢᠯᠲᠡ ᠵᠢᠨ ᠬᠤᠯᠪᠤᠭ᠋ᠠᠳᠦ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠳ ᠬᠣᠶᠠᠷ ᠠᠯᠲᠠᠨ ᠮᠧᠳᠠᠯ ᠣᠯᠪᠠ
2019 ᠤᠨ᠎ᠤ ᠦᠪᠦᠷ ᠮᠤᠩᠭᠤᠯ᠎ᠤᠨ ᠠᠷᠪᠠᠨ ᠶᠡᠬᠡ ᠲᠠᠮᠢᠷ᠎ᠤᠨ ᠰᠤᠨᠢᠨ ᠮᠡᠳᠡᠭᠡ
ᠦᠪᠦᠷ ᠮᠤᠩᠭᠤᠯ᠎ᠤᠨ ᠬᠦᠯ ᠪᠦᠮᠪᠤᠭᠡ ᠵᠢᠨ ᠠᠩᠭᠢ ᠴᠠᠰᠤᠨ ᠲᠡᠭᠡᠷᠡᠬᠢ ᠬᠦᠯ ᠪᠦᠮᠪᠤᠭᠡ ᠵᠢᠨ ᠤᠷᠤᠯᠳᠤᠭ᠋ᠠᠨ᠎ᠳᠤ ᠮᠦᠩᠭᠦᠨ ᠮᠸᠳᠠᠯ ᠬᠦᠷᠳᠡᠯ᠎ᠡ
ᠰᠢᠨ᠎ᠡ ᠤᠨ᠎ᠳᠠᠭᠠᠨ ᠦᠨᠳᠦᠷ᠎ᠲᠤ ᠠᠪᠠᠷᠢᠵᠦ ᠪᠠᠶ᠎ᠡ ᠮᠠᠬᠠᠪᠤᠳ ᠵᠶ᠋ᠠᠨ ᠴᠢᠬᠢᠷᠠᠭᠵᠢᠭᠤᠯᠤᠨᠡᠮ
 
            