ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠤᠨ ᠲᠤᠬᠠᠶ ᠵᠢᠨ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠪᠠ ᠪᠦ᠋ ᠰᠢᠶᠣᠤ ᠯᠢᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ
ᠨᠡᠶ᠋ᠢᠲᠡᠯᠡᠭᠰᠡᠨ ᠴᠠᠭ᠄ 2019-12-24

    12 ᠳ᠋ᠤᠭ᠋ᠠᠷ ᠰᠠᠷ᠎ᠠ ᠵᠢᠨ 21᠎ᠤ ᠡᠳᠦᠷ᠂ ᠠᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠤᠨ ᠲᠤᠬᠠᠶ ᠵᠢᠨ ᠲᠠᠯᠠᠪᠠᠢ ᠵᠢᠨ ᠠᠬᠢᠭᠤᠯᠬᠤ ᠬᠤᠷᠠᠯ ᠬᠥᠯᠥᠨ ᠪᠣᠶ᠋ᠢᠷ ᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠺᠣᠮᠢᠰ᠎ᠤᠨ ᠡᠷᠬᠢᠯᠡᠭᠴᠢ ᠪᠦ᠋ ᠰᠢᠶᠣᠤ ᠯᠢᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
    ᠪᠦ᠋ ᠰᠢᠶᠣᠤ ᠯᠢᠨ ᠵᠢᠭ᠋ᠠᠬᠤ᠎ᠳᠠᠭᠠᠨ᠂ ᠣᠳᠣ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠡᠬᠢᠯᠡᠬᠦ ᠪᠣᠯᠲᠠᠯ᠎ᠠ ᠲᠠᠪᠢ ᠭᠠᠷᠤᠶ᠋ᠢᠬᠠᠨ ᠡᠳᠦᠷ ᠪᠠᠶ᠋ᠢᠨ᠎ᠠ᠂ ᠣᠯᠠᠨ ᠵᠶ᠋ᠠᠷ ᠵᠶ᠋ᠠᠨ ᠴᠢᠩᠭ᠎ᠠ ᠬᠦᠴᠦᠲᠡᠶ ᠤᠯᠤᠰ ᠲᠥᠷᠥ ᠵᠢᠨ ᠡᠭᠦᠷᠭᠡᠯᠡᠯ ᠪᠣᠯᠤᠨ ᠲᠡᠭᠡᠳᠦ ᠬᠡᠮᠵᠢᠶ᠎ᠡ᠎ᠪᠠᠷ ᠬᠠᠷᠢᠭᠤᠴᠠᠬᠤ ᠵᠣᠷᠢᠭ ᠰᠠᠨᠠᠭ᠎ᠠ᠎ᠪᠠᠷ ᠡᠯ᠎ᠡ ᠵᠦᠢ᠍ᠯ᠎ᠤᠨ ᠠᠵᠢᠯ ᠵᠶ᠋ᠠᠨ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠶ᠃ ᠡᠯ᠎ᠡ ᠤᠷᠤᠯᠳᠤᠭ᠋ᠠᠨ᠎ᠤ ᠲᠣᠭᠣᠷᠢᠭ᠎ᠤᠨ ᠡᠯ᠎ᠡ ᠨᠢᠭᠡᠴᠡ ᠪᠣᠯᠤᠨ ᠪᠡᠯᠡᠳᠬᠡᠯ ᠠᠵᠢᠯ᠎ᠳᠤ ᠣᠷᠣᠯᠴᠠᠭᠰᠠᠨ ᠪᠦᠬᠦ   ᠨᠥᠬᠥᠳ   ᠴᠥᠮ   ᠪᠠᠶ᠋ᠢᠯᠳᠤᠭ᠋ᠠᠨ ᠎ᠤ   ᠡᠮᠦᠨᠡᠬᠢ   ᠪᠠᠢ᠌ᠳᠠᠯ ᠎ᠳᠤ   ᠣᠷᠣᠵᠤ᠂ ᠨᠢᠭᠡᠳᠦᠭᠡᠷ   ᠹᠷᠣᠨᠲ ᠎ᠲᠤ   ᠭᠦᠨᠵᠡᠭᠡᠶ᠋ᠢᠷᠡᠵᠦ᠂ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠵᠦ᠂ ᠠᠵᠢᠯ ᠵᠶ᠋ᠠᠨ ᠠᠬᠢᠭᠤᠯᠬᠤ ᠬᠡᠷᠡᠭᠲᠡᠶ᠃ ᠭᠠᠷᠮᠠᠭ᠋ᠠᠶ ᠪᠦᠲᠦᠭᠡᠯ᠎ᠢ ᠬᠥᠭᠡᠭᠡᠴᠡᠯᠳᠦᠬᠦ ᠵᠣᠷᠢᠭ ᠰᠠᠨᠠᠭ᠎ᠠ᠎ᠪᠠᠷ ᠠᠵᠢᠯ᠎ᠤᠨ ᠲᠥᠰᠦᠯ ᠵᠶ᠋ᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠨᠴᠠᠯᠢᠭ ᠪᠠ ᠬᠢᠷᠢ ᠬᠡᠮᠵᠢᠶ᠎ᠡ ᠭᠠᠷᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠤᠷᠤᠯᠳᠤᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ᠎ᠬᠢᠨ 2022᠎ᠤᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠪᠠᠷᠢᠮᠵᠢᠶ᠎ᠠ᠎ᠪᠠᠷ ᠪᠠᠷᠢᠮᠵᠢᠶ᠎ᠠ ᠪᠣᠯᠭ᠋ᠠᠵᠤ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠡᠯ᠎ᠡ ᠲᠥᠷᠥᠯ᠎ᠤᠨ ᠠᠵᠠ ᠲᠣᠬᠢᠶᠠᠯ᠎ᠢ ᠭᠦᠢ᠍ᠴᠡᠳ ᠠᠰᠢᠭᠯᠠ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠳᠤᠮᠳᠠ ᠲᠣᠭᠲᠠᠴᠠ᠎ᠪᠠᠨ ᠲᠡᠭᠦᠯᠳᠡᠷᠵᠢᠭᠦᠯᠵᠦ᠂ ᠠᠵᠢᠯ ᠵᠶ᠋ᠠᠨ ᠰᠠᠢ᠌ᠵᠢᠷᠠᠭᠤᠯᠬᠤ ᠬᠡᠷᠡᠭᠳᠡᠢ ᠭᠡᠵᠡᠶ᠃
    ᠪᠦ᠋ ᠰᠢᠶᠣᠤ ᠯᠢᠨ ᠪᠠᠰᠠ ᠬᠡᠳᠦᠶ ᠤᠢ᠌ᠷᠠᠳᠤᠬᠤ ᠳᠣᠳᠥᠮ ᠲᠡᠳᠦᠶ ᠣᠰᠣᠯᠳᠠᠬᠤ ᠦᠭᠡᠢ ᠪᠠᠶ᠋ᠢᠵᠤ᠂ ᠨᠢᠭᠲᠠ᠎ᠠᠴᠠ ᠨᠢᠭᠲᠠ ᠪᠠᠢ᠌ᠬᠤ ᠬᠡᠷᠡᠭᠲᠡᠶ᠃ ᠡᠯ᠎ᠡ ᠠᠵᠢᠯᠯᠠᠬᠤ ᠳᠤᠭᠤᠶ᠋ᠢᠯᠠᠩ᠂ ᠡᠯ᠎ᠡ ᠤᠷᠤᠯᠳᠤᠭ᠋ᠠᠨ᠎ᠤ ᠲᠣᠭᠣᠷᠢᠭ ᠪᠣᠯᠤᠨ ᠬᠠᠮᠢᠶ᠎ᠠ ᠪᠦᠬᠦᠢ ᠨᠢᠭᠡᠴᠡ᠎ᠨᠦᠭᠦᠳ ᠵᠣᠬᠢᠶᠠᠨ ᠪᠠᠶ᠋ᠢᠭᠤᠯᠬᠤ ᠺᠣᠮᠢᠰ᠎ᠤᠨ ᠨᠢᠭᠡᠳᠦᠯᠲᠡᠶ ᠲᠣᠬᠢᠷᠠᠭᠤᠯᠤᠯᠲᠠ ᠵᠢ ᠡᠷᠡᠰ ᠳᠠᠭ᠋ᠠᠵᠤ᠂ ᠬᠣᠭᠣᠷᠣᠨᠳᠣ᠎ᠪᠠᠨ ᠨᠢᠭᠲᠠ ᠬᠠᠮᠵᠢᠯᠴᠠᠨ᠂ ᠨᠡᠶ᠋ᠢᠯᠡᠮᠡᠯ ᠬᠦᠴᠦᠨ᠎ᠢ ᠪᠤᠢ ᠪᠣᠯᠭ᠋ᠠᠬᠤ ᠬᠡᠷᠡᠭᠲᠡᠶ᠃ ᠠᠷᠪᠢᠴᠢ ᠭᠠᠮᠲᠠᠶ᠎ᠪᠠᠷ ᠡᠷᠬᠢᠯᠡᠬᠦ ᠵᠠᠷᠴᠢᠮ᠎ᠢ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠡᠷᠭᠡ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠤᠷᠤᠯᠳᠤᠭ᠋ᠠᠨ᠎ᠤ ᠰᠢᠭᠤᠳ ᠨᠡᠪᠲᠡᠷᠡᠭᠦᠯᠭᠡ᠂ ᠳᠠᠮᠵᠢᠭᠤᠯᠤᠨ ᠨᠡᠪᠲᠡᠷᠡᠭᠦᠯᠬᠦ ᠪᠠ ᠰᠣᠨᠢᠨ ᠮᠡᠳᠡᠭᠡᠨ᠎ᠤ ᠮᠡᠳᠡᠭᠡᠯᠡᠯ᠎ᠢ ᠨᠠᠷᠢᠨ ᠨᠢᠮᠪᠠᠶ ᠲᠥᠰᠦᠪᠯᠡᠵᠦ ᠬᠡᠷᠡᠭᠲᠡᠶ ᠭᠡᠪᠡ᠃
    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠺᠣᠮᠢᠰ᠎ᠤᠨ ᠳᠡᠳ᠋ ᠡᠷᠬᠢᠯᠡᠭᠴᠢ ᠵᠧᠩ ᠬᠣᠩ ᠹᠠᠨ ᠪᠣᠳᠠᠲᠠᠶ ᠠᠵᠢᠯ᠎ᠤᠨ ᠪᠠᠶ᠋ᠢᠷᠢᠯᠠᠭᠤᠯᠤᠯᠲᠠ ᠬᠢᠵᠦ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠺᠣᠮᠢᠰ᠎ᠤᠨ ᠠᠯᠪᠠᠨ ᠭᠡᠷ᠎ᠠᠴᠠ ᠪᠡᠯᠡᠳᠬᠡᠯ ᠠᠵᠢᠯ᠎ᠤᠨ ᠪᠠᠶ᠋ᠢᠳᠠᠯ᠎ᠢ ᠮᠡᠳᠡᠭᠳᠡᠵᠦ᠂ ᠡᠯ᠎ᠡ   ᠤᠷᠤᠯᠳᠤᠭ᠋ᠠᠨ ᠎ᠤ   ᠲᠣᠭᠣᠷᠢᠭ ᠎ᠤᠨ   ᠭᠦᠢ᠍ᠴᠡᠳᠬᠡᠬᠦ   ᠵᠥᠪᠯᠡᠯ ᠎ᠠᠴᠠ   ᠲᠠᠷᠠᠭ᠋ᠠᠴᠢ ᠵᠢᠨ   ᠠᠯᠬᠤᠮ᠎ᠤᠨ   ᠠᠵᠢᠯ  ᠎ᠤᠨ   ᠲᠣᠬᠢᠷᠠᠭᠤᠯᠤᠯᠲᠠ ᠵᠢ   ᠬᠠᠷᠢᠭᠤ ᠮᠡᠳᠡᠭᠦᠯᠪᠡ᠃
    ᠬᠤᠷᠠᠯ᠎ᠠᠴᠠ ᠡᠮᠦᠨ᠎ᠡ᠂ ᠪᠦ᠋ ᠰᠢᠶᠣᠤ ᠯᠢᠨ ᠤᠷᠢᠳ ᠬᠣᠵᠢᠳ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠵᠢᠯᠣᠭᠣᠳᠬᠤ ᠲᠥᠪ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠦᠵᠡᠭᠦᠯᠦᠯᠭᠡ ᠵᠢᠨ ᠲᠥᠪ ᠵᠢᠴᠢ   ᠮᠥᠰᠥᠨ   ᠳᠡᠪᠦᠷ᠎ᠡ ᠵᠢᠨ   ᠣᠷᠳᠣᠨ᠂ ᠮᠥᠰᠥᠨ   ᠪᠥᠮᠪᠥᠭᠡ ᠵᠢᠨ   ᠣᠷᠳᠣᠨ   ᠵᠡᠷᠭᠡ   ᠲᠠᠯᠠᠪᠠᠢ   ᠣᠷᠳᠣᠨ ᠎ᠳᠤ   ᠬᠦᠷᠴᠦ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠠᠵᠢᠯ᠎ᠤᠨ ᠰᠣᠷᠢᠯᠲᠠ᠂ ᠳᠡᠯᠭᠡᠨ ᠦᠵᠡᠭᠦᠯᠬᠦ ᠪᠠᠶ᠋ᠢᠷᠢᠯᠠᠭᠤᠯᠤᠯᠲᠠ᠂ ᠤᠷᠤᠯᠳᠤᠭ᠋ᠠᠨ᠎ᠤ ᠲᠠᠯᠠᠪᠠᠢ ᠣᠷᠳᠣᠨ᠎ᠤ ᠪᠦᠲᠦᠭᠡᠨ ᠪᠠᠶ᠋ᠢᠭᠤᠯᠤᠯᠲᠠ ᠪᠠ ᠬᠡᠷᠡᠭᠯᠡᠯᠲᠡ ᠵᠡᠷᠭᠡ ᠪᠠᠶ᠋ᠢᠳᠠᠯ᠎ᠢ ᠪᠠᠢ᠌ᠴᠠᠭ᠋ᠠᠨ ᠦᠵᠡᠭᠰᠡᠨ ᠪᠥᠭᠡᠳ ᠪᠣᠯᠪᠠᠰᠤᠷᠠᠵᠤ ᠪᠠᠢ᠌ᠭ᠎ᠠ ᠲᠠᠮᠢᠷᠴᠢᠨ᠂ ᠰᠤᠷᠭ᠋ᠠᠭᠴᠢ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ ᠪᠠᠰᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠺᠣᠮᠢᠰ᠎ᠤᠨ ᠠᠯᠪᠠᠨ ᠭᠡᠷ᠎ᠲᠤ ᠬᠦᠷᠴᠦ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠬᠥᠯᠥᠨ ᠪᠣᠢ᠍ᠢ᠍ᠷ᠎ᠤᠨ ᠠᠵᠢᠯ᠎ᠤᠨ ᠺᠣᠮᠢᠰ᠎ᠤᠨ ᠬᠠᠮᠲᠤᠷᠠᠨ ᠠᠵᠢᠯᠯᠠᠬᠤ ᠭᠠᠵᠠᠷ᠎ᠲᠤ ᠬᠦᠷᠴᠦ᠂ ᠠᠵᠢᠯ᠎ᠤᠨ ᠠᠬᠢᠯᠲᠠ ᠵᠢᠨ ᠪᠠᠶ᠋ᠢᠳᠠᠯ᠎ᠢ ᠣᠶ᠋ᠢᠯᠭ᠋ᠠᠭᠰᠠᠨ ᠪᠥᠭᠡᠳ ᠠᠵᠢᠯᠲᠠᠳ᠎ᠢ ᠪᠣᠯᠭᠣᠭ᠋ᠠᠨ ᠲᠣᠬᠣᠨᠢᠭᠤᠯᠪᠠ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠲᠦᠷᠭᠡᠨ ᠲᠡᠰᠢᠯᠲᠡ ᠵᠢᠨ ᠬᠤᠯᠪᠤᠭ᠋ᠠᠳᠦ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠳ ᠬᠣᠶᠠᠷ ᠠᠯᠲᠠᠨ ᠮᠧᠳᠠᠯ ᠣᠯᠪᠠ
2019 ᠤᠨ᠎ᠤ ᠦᠪᠦᠷ ᠮᠤᠩᠭᠤᠯ᠎ᠤᠨ ᠠᠷᠪᠠᠨ ᠶᠡᠬᠡ ᠲᠠᠮᠢᠷ᠎ᠤᠨ ᠰᠤᠨᠢᠨ ᠮᠡᠳᠡᠭᠡ
ᠦᠪᠦᠷ ᠮᠤᠩᠭᠤᠯ᠎ᠤᠨ ᠬᠦᠯ ᠪᠦᠮᠪᠤᠭᠡ ᠵᠢᠨ ᠠᠩᠭᠢ ᠴᠠᠰᠤᠨ ᠲᠡᠭᠡᠷᠡᠬᠢ ᠬᠦᠯ ᠪᠦᠮᠪᠤᠭᠡ ᠵᠢᠨ ᠤᠷᠤᠯᠳᠤᠭ᠋ᠠᠨ᠎ᠳᠤ ᠮᠦᠩᠭᠦᠨ ᠮᠸᠳᠠᠯ ᠬᠦᠷᠳᠡᠯ᠎ᠡ
ᠰᠢᠨ᠎ᠡ ᠤᠨ᠎ᠳᠠᠭᠠᠨ ᠦᠨᠳᠦᠷ᠎ᠲᠤ ᠠᠪᠠᠷᠢᠵᠦ ᠪᠠᠶ᠎ᠡ ᠮᠠᠬᠠᠪᠤᠳ ᠵᠶ᠋ᠠᠨ ᠴᠢᠬᠢᠷᠠᠭᠵᠢᠭᠤᠯᠤᠨᠡᠮ
2020 ᠤᠨ᠎ᠤ ᠪᠦᠬᠦ ᠤᠷᠤᠨ᠎ᠤ ᠲᠠᠮᠢᠷ᠎ᠤᠨ ᠠᠵᠢᠯ᠎ᠤᠨ ᠬᠤᠷᠠᠯ ᠬᠤᠷᠠᠯᠳᠤᠪᠠ
 
            