ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2019 ᠤᠨ᠎ᠤ ᠦᠪᠦᠷ ᠮᠤᠩᠭᠤᠯ᠎ᠤᠨ ᠠᠷᠪᠠᠨ ᠶᠡᠬᠡ ᠲᠠᠮᠢᠷ᠎ᠤᠨ ᠰᠤᠨᠢᠨ ᠮᠡᠳᠡᠭᠡ
ᠨᠡᠶ᠋ᠢᠲᠡᠯᠡᠭᠰᠡᠨ ᠴᠠᠭ᠄ 2019-12-30

    1. ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ ᠡᠷᠴᠢᠮᠳᠠᠢ ᠶᠠᠪᠤᠭᠳᠠᠵᠦ ᠪᠤᠢ
    ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ 2020᠎ᠤᠨ 2 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ 26᠎ᠤ ᠡᠳᠦᠷ ᠪᠣᠯᠲᠠᠯ᠎ᠠ ᠥᠪᠥᠷ ᠮᠣᠩᠭᠣᠯ᠎ᠳᠤ ᠶᠠᠪᠤᠭᠳᠠᠨ᠎ᠠ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 72 ᠵᠢᠯ᠎ᠤᠨ ᠲᠤᠷᠰᠢ ᠠᠩᠬ᠎ᠠ ᠤᠳᠠᠭ᠎ᠠ ᠲᠠᠭ᠋ᠠᠭ᠋ᠠᠴᠢᠯᠠᠨ ᠡᠷᠬᠢᠯᠡᠭᠰᠡᠨ ᠪᠥᠬᠥ ᠤᠯᠤᠰ᠎ᠤᠨ ᠲᠣᠮᠣ ᠬᠡᠯᠪᠡᠷᠢ ᠵᠢᠨ ᠶᠡᠷᠦᠩᠬᠡᠶ᠋ᠢᠯᠡᠭᠰᠡᠨ ᠴᠢᠨᠠᠷᠲᠠᠶ ᠲᠠᠮᠢᠷ᠎ᠤᠨ ᠴᠤᠭᠯᠠᠭ᠋ᠠᠨ ᠪᠣᠯᠤᠨ᠎ᠠ᠂ ᠮᠥᠨ ᠴᠦ᠍ 2022 ᠤᠨ᠎ᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠠᠴᠠ ᠡᠮᠦᠨᠡᠬᠢ ᠮᠠᠨ᠎ᠤ ᠤᠯᠤᠰ᠎ᠠᠴᠠ ᠡᠷᠬᠢᠯᠡᠭᠰᠡᠨ ᠬᠡᠪᠴᠢᠶ᠎ᠡ᠎ᠪᠠᠷ ᠬᠠᠮᠤᠭ᠎ᠤᠨ ᠶᠡᠬᠡ᠂ ᠬᠢᠷᠢ ᠬᠡᠮᠵᠢᠶ᠎ᠡ᠎ᠪᠠᠷ ᠬᠠᠮᠤᠭ᠎ᠤᠨ ᠥᠨᠳᠥᠷ ᠮᠥᠰᠥ ᠴᠠᠰᠤᠨ᠎ᠤ ᠲᠠᠮᠢᠷ᠎ᠤᠨ ᠴᠤᠭᠯᠠᠭ᠋ᠠᠨ ᠪᠣᠯᠤᠨ᠎ᠠ᠃ ᠣᠳᠣᠬᠠᠨ᠎ᠳᠤ᠂ ᠡᠯ᠎ᠡ ᠲᠠᠯᠠᠪᠤᠷ ᠣᠷᠳᠣᠨ ᠪᠦᠬᠦᠨ ᠵᠶ᠋ᠠᠷ ᠵᠶ᠋ᠠᠨ ᠪᠠᠷᠢᠯᠭ᠎ᠠ ᠳᠠᠭᠤᠰᠴᠤ ᠲᠤᠰᠢᠶᠠᠨ ᠥᠭᠴᠦ ᠬᠡᠷᠡᠭᠯᠡᠭᠦᠯᠵᠦ᠂ ᠤᠬᠠᠭ᠋ᠠᠯᠠᠭ᠎ᠠ᠂ ᠵᠠᠮ ᠬᠠᠷᠢᠯᠴᠠᠭ᠎ᠠ᠂ ᠪᠠᠭᠤᠳᠠᠯ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠢᠳᠡᠭᠡᠨ᠎ᠤ ᠵᠦᠢ᠍ᠯ ᠡᠮ᠎ᠤᠨ ᠵᠦᠢ᠍ᠯ᠂ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠡᠷᠭᠡ ᠡᠯ᠎ᠡ ᠵᠦᠢ᠍ᠯ᠎ᠤᠨ ᠪᠡᠯᠡᠳᠬᠡᠯ ᠠᠵᠢᠯ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠣᠯᠵᠤ᠂ ᠡᠴᠦᠰ᠎ᠤᠨ ᠰᠢᠪᠲᠤᠯᠤᠯᠲᠠ ᠵᠢᠨ ᠱᠠᠲᠤᠨ᠎ᠳᠤ ᠣᠷᠣᠪᠠ᠃ ᠰᠦᠯᠵᠢᠶᠡᠨ ᠳᠡᠭᠡᠷᠡᠬᠢ ᠭᠠᠯ ᠪᠠᠮᠪᠠᠷ ᠳᠠᠮᠵᠢᠭᠤᠯᠬᠤ ᠠᠵᠢᠯ ᠪᠦᠬᠦ ᠤᠯᠤᠰ᠎ᠤᠨ ᠬᠡᠪᠴᠢᠶᠡᠨ᠎ᠳᠤ ᠶᠠᠪᠤᠭᠳᠠᠵᠤ᠂ ᠭᠠᠵᠠᠷ ᠳᠡᠭᠡᠷᠡᠬᠢ ᠭᠠᠯ ᠪᠠᠮᠪᠠᠷ ᠳᠠᠮᠵᠢᠭᠤᠯᠬᠤ ᠠᠵᠢᠯ᠎ᠢ ᠨᠢᠭᠡᠨᠲᠡ ᠪᠦᠬᠦ ᠣᠷᠣᠨ᠎ᠤ 11 ᠠᠢ᠌ᠮᠠᠭ ᠬᠣᠲᠠ᠎ᠳᠤ ᠪᠡᠶᠡᠯᠡᠭᠦᠯᠵᠦ᠂ ᠬᠠᠮᠤᠭ᠎ᠤᠨ ᠡᠴᠦᠰ᠎ᠲᠤ ᠬᠥᠯᠥᠨ ᠪᠤᠢ᠍ᠢ᠍ᠷ ᠬᠣᠲᠠ᠎ᠳᠤ ᠬᠦᠷᠬᠦ ᠪᠣᠯᠤᠨ᠎ᠠ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠤᠬᠠᠭᠤᠯᠭ᠎ᠠ ᠵᠢᠨ ᠤᠷᠢᠶ᠎ᠠ᠂ ᠥᠯᠵᠡᠶ᠋ᠢᠲᠦ ᠠᠮᠢᠲᠠᠨ ᠵᠡᠭᠡᠯᠢ ᠭᠤᠳᠤᠮᠵᠢ᠎ᠪᠠᠷ ᠲᠦᠭᠡᠵᠦ᠂ ᠪᠥᠬᠥ ᠠᠷᠠᠳ ᠵᠶ᠋ᠠᠷ ᠵᠶ᠋ᠠᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠪᠠᠶᠠᠷᠯᠠᠨ ᠤᠭᠲᠤᠬᠤ ᠠᠭᠤᠷ ᠠᠮᠢᠰᠬᠤᠯ᠎ᠢ ᠪᠣᠶ ᠪᠣᠯᠭ᠋ᠠᠪᠠ᠃ ᠥᠪᠥᠷ ᠮᠣᠩᠭᠣᠯ 《ᠭᠤᠷᠪᠠᠨ ᠳ᠋ᠦᠩᠰᠢᠭᠤᠷ ᠬᠥᠮᠦᠨ᠎ᠢ ᠳᠠᠶ᠋ᠢᠴᠢᠯᠠᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠤᠯᠬᠤ》 ᠤᠷᠢᠶᠠᠯᠠᠭ᠎ᠠ ᠵᠢ ᠢᠳᠡᠪᠬᠢᠲᠡᠢ ᠴᠤᠤᠷᠢᠶᠠᠲᠤᠨ ᠳᠠᠭ᠋ᠠᠵᠤ᠂ ᠪᠦᠬᠦ ᠤᠯᠤᠰ᠎ᠤᠨ ᠠᠷᠠᠳ ᠲᠦᠮᠡᠨ᠎ᠳᠤ ᠰᠢᠨ᠎ᠡ ᠴᠠᠭ ᠦᠶ᠎ᠡ ᠵᠢ ᠬᠠᠷᠠᠭᠤᠯᠵᠦ᠂ ᠥᠪᠥᠷ ᠮᠣᠩᠭᠣᠯ᠎ᠤᠨ ᠣᠨᠴᠠᠯᠢᠭ᠎ᠢ ᠢᠯᠡᠷᠡᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠪᠣᠯᠪᠠᠰᠤᠨ ᠡᠶ᠎ᠡ ᠵᠣᠬᠢᠴᠠᠩᠭᠤᠶ ᠮᠥᠰᠥ ᠴᠠᠰᠤᠨ᠎ᠤ ᠲᠠᠮᠢᠷ᠎ᠤᠨ ᠴᠤᠭᠯᠠᠭ᠋ᠠᠨ᠎ᠢ ᠵᠤᠬᠢᠶᠠᠨ ᠪᠠᠢ᠌ᠭᠤᠯᠬᠤ᠎ᠪᠠᠷ ᠵᠢᠳᠬᠦᠵᠦ ᠪᠤᠢ᠃

    2. ᠦᠪᠦᠷ ᠮᠤᠩᠭᠤᠯ᠎ᠤᠨ ᠲᠦᠯᠦᠭᠡᠯᠡᠭᠴᠢᠳ᠎ᠤᠨ ᠠᠩᠭᠢ ᠬᠣᠶᠠᠳᠤᠭ᠋ᠠᠷ ᠬᠤᠭᠤᠴᠠᠭ᠋ᠠᠨ᠎ᠤ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠰᠢᠯᠢᠳᠡᠭ ᠠᠮᠵᠢᠯᠳᠠ ᠤᠯᠪᠠ
    8 ᠰᠠᠷ᠎ᠠ ᠵᠢᠨ 8᠎ᠤ ᠡᠳᠦᠷ᠎ᠠᠴᠠ 18᠎ᠤ ᠡᠳᠦᠷ ᠪᠣᠯᠲᠠᠯ᠎ᠠ᠂ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠶᠠᠳᠤᠭ᠋ᠠᠷ ᠬᠤᠭᠤᠴᠠᠭ᠋ᠠᠨ᠎ᠤ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠱᠠᠨ ᠰᠢ ᠮᠤᠵᠢ᠎ᠳᠤ ᠶᠠᠪᠤᠭᠳᠠᠪᠠ᠃ ᠰᠢᠶᠠᠩᠭ᠋ᠠᠩ᠂ ᠣᠣᠮᠧᠨ᠎ᠤ ᠵᠠᠰᠠᠭ ᠵᠠᠬᠢᠷᠭ᠋ᠠᠨ᠎ᠤ ᠣᠨᠴᠠᠭ᠋ᠠᠢ ᠣᠷᠣᠨ᠎ᠢ ᠪᠠᠭᠲᠠᠭ᠋ᠠᠭᠰᠠᠨ 34 ᠲᠥᠯᠥᠭᠡᠯᠡᠭᠴᠢᠳ᠎ᠤᠨ ᠪᠦᠯᠬᠦᠮ᠂ 33517 ᠲᠠᠮᠢᠷᠴᠢᠨ ᠤᠷᠤᠯᠳᠤᠭ᠋ᠠᠨ᠎ᠳᠤ ᠣᠷᠣᠯᠴᠠᠪᠠ᠃ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ 942 ᠲᠠᠮᠢᠷᠴᠢᠨ᠎ᠢ ᠲᠣᠮᠢᠯᠠᠨ᠂ ᠲᠠᠮᠢᠷ᠎ᠤᠨ ᠰᠤᠷᠭ᠋ᠠᠭᠤᠯᠢ ᠵᠢᠨ ᠲᠤᠭᠤᠢ᠌ᠯᠠᠩ᠎ᠤᠨ 39 ᠶᠡᠬᠡ ᠲᠥᠷᠥᠯ ᠵᠦᠢ᠍ᠯ᠂ ᠨᠡᠢ᠌ᠭᠡᠮ᠎ᠤᠨ ᠺᠯᠦ᠋ᠪ᠎ᠤᠨ ᠲᠤᠭᠤᠢ᠌ᠯᠠᠩ᠎ᠤᠨ 26 ᠶᠡᠬᠡ ᠲᠥᠷᠥᠯ᠎ᠤᠨ ᠤᠷᠤᠯᠳᠤᠭ᠋ᠠᠨ᠎ᠳᠤ ᠣᠷᠣᠯᠴᠠᠭᠤᠯᠵᠤ᠂ ᠨᠡᠢ᠍ᠢ᠍ᠲᠡ 35 ᠠᠯᠲᠠᠨ ᠮᠧᠳᠠᠯ᠂ 35 ᠮᠥᠩᠭᠥᠨ ᠮᠧᠳᠠᠯ᠂ 68 ᠬᠦᠷᠡᠯ ᠮᠧᠳᠠᠯ ᠣᠯᠵᠠᠶ᠃ ᠡᠭᠦᠨ᠎ᠤ ᠬᠠᠮᠲᠤ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠪᠠᠰᠠ ᠬᠣᠶᠠᠳᠤᠭ᠋ᠠᠷ ᠬᠤᠭᠤᠴᠠᠭ᠋ᠠᠨ᠎ᠤ ᠵᠠᠯᠠᠭᠤᠴᠤᠳ᠎ᠤᠨ ᠲᠠᠮᠢᠷ᠎ᠤᠨ ᠴᠤᠭᠯᠠᠭ᠋ᠠᠨ᠎ᠤ ᠶᠣᠰᠣ ᠰᠤᠷᠲᠠᠬᠤᠨ ᠬᠡᠪ ᠰᠤᠷᠲᠠᠯ᠎ᠤᠨ ᠱᠠᠩᠨᠠᠯ᠎ᠢ ᠬᠦᠷᠲᠡᠵᠦ᠂ ᠤᠷᠤᠯᠳᠤᠭ᠋ᠠᠨ᠎ᠤ ᠬᠢᠷᠢ ᠪᠦᠲᠦᠮᠵᠢ ᠪᠣᠯᠤᠨ ᠣᠶᠤᠨ᠎ᠤ ᠪᠣᠯᠪᠠᠰᠤᠨ᠎ᠤ ᠬᠣᠤᠰ ᠬᠠᠷᠠᠯᠳᠠ ᠵᠢ ᠪᠡᠶᠡᠯᠡᠭᠦᠯᠪᠡ᠃

    3. ᠲᠠᠯ᠎ᠠ ᠨᠤᠳᠤᠭ᠎ᠤᠨ ᠲᠠᠮᠢᠷᠴᠢᠳ ᠦᠨᠳᠦᠰᠦᠳᠡᠨ᠎ᠤ ᠤᠯᠠᠮᠵᠢᠯᠠᠯᠳᠦ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠰᠢᠨ᠎ᠡ ᠲᠠᠪᠠᠯᠳᠠ᠎ᠲᠠᠢ ᠪᠤᠯᠤᠯ᠎ᠠ
    9 ᠰᠠᠷ᠎ᠠ ᠵᠢᠨ 8᠎ᠤ ᠡᠳᠦᠷ᠎ᠠᠴᠠ 16᠎ᠤ ᠡᠳᠦᠷ ᠪᠣᠯᠲᠠᠯ᠎ᠠ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠾᠧᠨᠠᠨ ᠮᠤᠵᠢ ᠵᠢᠨ ᠵᠧᠩᠵᠧᠤ ᠬᠣᠲᠠ᠎ᠳᠤ ᠶᠠᠪᠤᠭᠳᠠᠪᠠ᠂ ᠡᠭᠦᠨ᠎ᠳᠤ ᠮᠣᠷᠢᠨ ᠮᠡᠷᠭᠡᠵᠢᠯ᠎ᠤᠨ ᠲᠥᠷᠥᠯ ᠵᠦᠢ᠍ᠯ᠎ᠤᠨ ᠤᠷᠤᠯᠳᠤᠭ᠋ᠠᠨ   ᠬᠦᠬᠡᠬᠤᠳᠠ  ᠎ᠳᠤ ᠶᠠᠪᠤᠭᠳᠠᠪᠠ᠃ ᠥᠪᠥᠷ   ᠮᠣᠩᠭᠣᠯ ᠎ᠤᠨ   ᠲᠥᠯᠥᠭᠡᠯᠡᠭᠴᠢᠳ ᠎ᠤᠨ   ᠪᠦᠯᠬᠦᠮ  《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ》 ᠵᠣᠷᠢᠯᠲᠠ ᠵᠢ ᠪᠠᠷᠢᠮᠲᠠᠯᠠᠵᠤ᠂ 《ᠵᠣᠪᠠᠭᠤᠷᠢ ᠵᠦᠳᠡᠭᠦᠷᠢ ᠵᠢ ᠲᠡᠰᠪᠦᠷᠢᠯᠡᠵᠦ᠂ ᠵᠣᠷᠢᠭᠰᠠᠨ᠎ᠳᠠᠭᠠᠨ ᠬᠦᠷᠬᠦ ᠦᠭᠡᠢ ᠪᠣᠯ ᠶᠠᠭ᠋ᠠᠬᠢᠭᠰᠠᠨ ᠴᠤ᠌ ᠵᠣᠭᠰᠣᠬᠤ ᠦᠭᠡᠢ》 ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ 25 ᠨᠢᠭᠡᠳᠦᠭᠡᠷ ᠲᠡᠰ᠎ᠤᠨ ᠱᠠᠩᠨᠠᠯ᠂ 33 ᠬᠣᠶᠠᠳᠤᠭ᠋ᠠᠷ ᠲᠡᠰ᠎ᠤᠨ ᠱᠠᠩᠨᠠᠯ᠂ 38 ᠭᠤᠷᠪᠠᠳᠤᠭ᠋ᠠᠷ ᠲᠡᠰ᠎ᠤᠨ ᠱᠠᠩᠨᠠᠯ ᠬᠦᠷᠲᠡᠵᠦ᠂ ᠱᠠᠩᠨᠠᠯ᠎ᠤᠨ ᠮᠧᠳᠠᠯ᠎ᠤᠨ ᠶᠡᠷᠦᠩᠬᠡᠶ ᠲᠣᠭ᠎ᠠ 96 ᠬᠦᠷᠴᠦ᠂ ᠨᠢᠭᠡᠳᠦᠭᠡᠷ ᠲᠡᠰ᠎ᠤᠨ ᠱᠠᠩᠨᠠᠯ᠎ᠤᠨ ᠶᠡᠷᠦᠩᠬᠡᠶ ᠲᠣᠭ᠎ᠠ ᠪᠠ ᠱᠠᠩᠨᠠᠯ᠎ᠤᠨ ᠮᠧᠳᠠᠯ᠎ᠤᠨ ᠶᠡᠷᠦᠩᠬᠡᠶ ᠲᠣᠭ᠎ᠠ᠎ᠨᠢ ᠪᠦᠬᠦ ᠤᠯᠤᠰ᠎ᠲᠤ ᠨᠢᠭᠡᠳᠦᠭᠡᠷ᠎ᠲᠤ ᠤᠷᠤᠭᠰᠠᠨ ᠰᠠᠶ᠋ᠢᠨ ᠬᠢᠷᠢ ᠪᠦᠲᠦᠮᠵᠢ ᠣᠯᠪᠠ᠃ ᠪᠦᠬᠦ ᠤᠯᠤᠰ᠎ᠤᠨ ᠡᠯ᠎ᠡ ᠮᠣᠵᠢ᠂ ᠬᠣᠲᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ ᠲᠠᠰᠤᠷᠠᠯᠲᠠ ᠦᠭᠡᠢ ᠬᠥᠭᠵᠢᠨ ᠳᠠᠪᠰᠢᠵᠤ ᠪᠠᠢ᠌ᠭ᠎ᠠ ᠪᠠᠢ᠌ᠳᠠᠯ ᠳᠣᠤᠷ᠎ᠠ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠣᠷᠣᠯᠴᠠᠭᠰᠠᠨ 8 ᠤᠷᠤᠯᠳᠤᠭ᠋ᠠᠨ᠎ᠤ ᠲᠥᠷᠥᠯ ᠵᠦᠢ᠍ᠯ ᠪᠠ 5 ᠲᠣᠭᠯᠠᠯᠲᠠ ᠵᠢᠨ ᠲᠥᠷᠥᠯ ᠵᠦᠢ᠍ᠯ᠎ᠤᠨ ᠤᠷᠤᠯᠳᠤᠭ᠋ᠠᠨ᠎ᠳᠤ᠂ ᠤᠯᠠᠮᠵᠢᠯᠠᠯᠲᠤ ᠳᠠᠪᠠᠭᠤᠯᠢᠭ ᠲᠥᠷᠥᠯ ᠵᠦᠢ᠍ᠯ᠎ᠪᠠᠨ ᠪᠠᠳᠠᠷᠠᠭᠤᠯᠵᠦ᠂ ᠳᠠᠯᠳᠠ ᠬᠦᠴᠦᠨ᠎ᠤ ᠲᠥᠷᠥᠯ ᠵᠦᠢ᠍ᠯ ᠰᠢᠨ᠎ᠡ ᠰᠢᠪᠲᠤᠯᠤᠯᠲᠠ᠎ᠲᠠᠢ ᠪᠣᠯᠵᠤ᠂ ᠦᠨᠳᠦᠰᠦᠲᠡᠨ᠎ᠤ ᠮᠠᠶᠢᠭ᠎ᠤᠨ ᠪᠥᠬᠡ ᠵᠢᠨ ᠲᠥᠷᠥᠯ   ᠵᠦᠢ᠍ᠯ 12 ᠨᠢᠭᠡᠳᠦᠭᠡᠷ ᠲᠡᠰ᠎ᠤᠨ ᠱᠠᠩᠨᠠᠯ ᠣᠯᠵᠤ᠂ ᠦᠨᠳᠦᠰᠦᠲᠡᠨ᠎ᠤ ᠮᠣᠷᠢᠨ ᠳᠡᠭᠡᠷᠡᠬᠢ ᠲᠥᠷᠥᠯ ᠵᠦᠢ᠍ᠯ 10 ᠨᠢᠭᠡᠳᠦᠭᠡᠷ ᠲᠡᠰ᠎ᠤᠨ ᠱᠠᠩᠨᠠᠯ ᠣᠯᠵᠤ᠂ ᠬᠠᠷᠪᠤᠯᠲᠠ ᠵᠢᠨ ᠲᠥᠷᠥᠯ ᠵᠦᠢ᠍ᠯ 2 ᠨᠢᠭᠡᠳᠦᠭᠡᠷ ᠲᠡᠰ᠎ᠤᠨ ᠱᠠᠩᠨᠠᠯ ᠣᠯᠵᠠᠶ᠃ ᠡᠭᠦᠨ᠎ᠠᠴᠠ ᠭᠠᠳᠠᠨ᠎ᠠ 5 ᠲᠣᠭᠯᠠᠯᠲᠠ ᠵᠢᠨ ᠵᠦᠢ᠍ᠯ᠎ᠳᠤ 2 ᠨᠢᠭᠡᠳᠦᠭᠡᠷ ᠲᠡᠰ᠎ᠤᠨ ᠱᠠᠩᠨᠠᠯ᠂ 1 ᠬᠣᠶᠠᠳᠤᠭ᠋ᠠᠷ ᠲᠡᠰ᠎ᠤᠨ ᠱᠠᠩᠨᠠᠯ᠂ 2 ᠭᠤᠷᠪᠠᠳᠤᠭ᠋ᠠᠷ ᠲᠡᠰ᠎ᠤᠨ ᠱᠠᠩᠨᠠᠯ ᠬᠦᠷᠲᠡᠪᠡ᠃

    4. ᠦᠷᠢᠰᠦᠯᠳᠦᠭᠡᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ 115 ᠠᠯᠳᠠᠨ ᠮᠸᠳᠠᠯ ᠬᠦᠷᠳᠡᠪᠡ
    ᠥᠪᠥᠷ ᠮᠣᠩᠭᠣᠯ ᠣᠯᠠᠨ ᠲᠦᠮᠡᠨ᠎ᠤ ᠪᠡᠶ᠎ᠡ ᠵᠢᠨ ᠲᠠᠮᠢᠷ᠎ᠢ ᠠᠮᠢᠳᠤᠷᠠᠯ᠎ᠳᠤ ᠤᠢ᠌ᠷᠠᠳᠤᠭᠤᠯᠬᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠵᠠᠬ᠎ᠠ ᠳᠡᠯᠭᠡᠭᠦᠷᠴᠢᠯᠡᠬᠦ ᠠᠬᠢᠴᠠ ᠵᠢ ᠶᠡᠬᠡᠪᠡᠷ ᠠᠬᠢᠭᠤᠯᠬᠤ ᠵᠢᠨ ᠬᠠᠮᠲᠤ᠂ ᠥᠷᠢᠰᠥᠯᠳᠦᠭᠡᠨ᠎ᠤ ᠪᠡᠶ᠎ᠡ ᠵᠢᠨ ᠲᠠᠮᠢᠷ᠎ᠤᠨ ᠠᠬᠢᠴᠠ ᠵᠢ ᠬᠦᠴᠦᠯᠡᠨ ᠠᠬᠢᠭᠤᠯᠵᠤ᠂ ᠨᠡᠢ᠌ᠭᠡᠮ᠎ᠤᠨ ᠦᠷ᠎ᠡ ᠠᠰᠢᠭ ᠪᠣᠯᠤᠨ ᠠᠵᠤ ᠠᠬᠤᠢ ᠵᠢᠨ ᠦᠷ᠎ᠡ ᠠᠰᠢᠭ᠎ᠢ ᠬᠠᠷᠢᠯᠴᠠᠨ ᠨᠢᠭᠡᠳᠬᠡᠭᠰᠡᠨ ᠥᠷᠢᠰᠥᠯᠳᠦᠭᠡᠨ᠎ᠤ ᠪᠡᠶ᠎ᠡ ᠵᠢᠨ ᠲᠠᠮᠢᠷ᠎ᠤᠨ ᠲᠤᠭᠳᠠᠯᠴᠠᠭ᠎ᠠ ᠵᠢᠨ ᠪᠠᠢ᠌ᠭᠤᠯᠤᠯᠳᠠ ᠵᠢ ᠲᠦᠷᠭᠡᠳᠬᠡᠵᠦ᠂ ᠣᠨᠴᠠᠯᠢᠭᠲᠤ ᠲᠥᠷᠥᠯ ᠵᠦᠢ᠍ᠯ ᠪᠣᠯᠤᠨ ᠭᠣᠤᠯᠳᠠᠯᠭ᠎ᠠ᠎ᠲᠠᠢ ᠲᠥᠷᠥᠯ ᠵᠦᠢ᠍ᠯ᠎ᠢ ᠲᠣᠪᠣᠢ᠍ᠮ᠎ᠠ ᠰᠠᠶ᠋ᠢᠲᠤᠷ ᠠᠳᠬᠤᠵᠤ᠂ ᠥᠷᠢᠰᠥᠯᠳᠦᠭᠡᠨ᠎ᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠤᠨ ᠲᠡᠩᠴᠡᠭᠦᠷᠢᠲᠡᠶ ᠬᠥᠭᠵᠢᠬᠦ ᠵᠢ ᠠᠬᠢᠭᠤᠯᠪᠠ᠃ ᠨᠢᠭᠡ ᠵᠢᠯ᠎ᠤᠨ ᠲᠤᠷᠰᠢ᠂ ᠥᠪᠥᠷ ᠮᠣᠩᠭᠣᠯ᠎ᠤᠨ ᠲᠠᠮᠢᠷᠴᠢᠳ ᠳᠡᠯᠡᠬᠡᠶ ᠵᠢᠨ ᠪᠠ ᠤᠯᠤᠰ᠎ᠠᠴᠠ ᠳᠣᠲᠣᠭ᠋ᠠᠳᠤ ᠵᠢᠨ ᠤᠷᠤᠯᠳᠤᠭ᠋ᠠᠨ᠎ᠳᠤ ᠣᠯᠠᠨᠲᠠ ᠰᠠᠶ᠋ᠢᠨ ᠬᠢᠷᠢ ᠪᠦᠲᠦᠮᠵᠢ ᠣᠯᠵᠤ᠂ 12 ᠰᠠᠷ᠎ᠠ ᠵᠢᠨ 25᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠲᠠᠮᠢᠷᠴᠢᠳ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠴᠢᠬᠤᠯᠠ ᠶᠡᠬᠡ ᠤᠷᠤᠯᠳᠤᠭ᠋ᠠᠨ᠎ᠳᠤ ᠣᠷᠣᠯᠴᠠᠭ᠋ᠠᠳ ᠨᠡᠶ᠋ᠢᠲᠡ 115 ᠠᠯᠲᠠᠨ ᠮᠧᠳᠠᠯ᠂ 116 ᠮᠥᠩᠭᠥᠨ ᠮᠧᠳᠠᠯ᠂ 167 ᠬᠦᠷᠡᠯ ᠮᠧᠳᠠᠯ ᠣᠯᠵᠤ᠂ ᠤᠷᠤᠯᠳᠤᠭ᠋ᠠᠨ᠎ᠤ ᠬᠢᠷᠢ ᠪᠦᠲᠦᠮᠵᠢ ᠪᠠ ᠣᠶᠤᠨ᠎ᠤ ᠪᠣᠯᠪᠠᠰᠤᠨ᠎ᠤ ᠬᠣᠤᠰ ᠡᠯᠪᠡᠭ ᠬᠤᠷᠢᠶᠠᠯᠲᠠ ᠵᠢ ᠪᠡᠶᠡᠯᠡᠭᠦᠯᠵᠡᠶ᠃ 2019 ᠤᠨ᠎ᠤ ᠳᠡᠯᠡᠬᠡᠶ ᠵᠢᠨ ᠡᠮᠡᠭᠲᠡᠶ ᠵᠢᠨ ᠨᠢᠳᠤᠷᠭ᠋ᠠᠨ ᠲᠡᠮᠡᠴᠡᠭᠡᠨ᠎ᠤ ᠤᠷᠤᠯᠳᠤᠭ᠋ᠠᠨ ᠳᠡᠭᠡᠷ᠎ᠡ᠂ ᠥᠪᠥᠷ ᠮᠣᠩᠭᠣᠯ᠎ᠤᠨ ᠲᠠᠮᠢᠷᠴᠢᠨ 1 ᠠᠯᠲᠠ 2 ᠮᠥᠩᠭᠥ ᠣᠯᠪᠠ᠃ ᠳᠣᠯᠣᠳᠤᠭ᠋ᠠᠷ ᠬᠤᠭᠤᠴᠠᠭ᠋ᠠᠨ᠎ᠤ ᠳᠡᠯᠡᠬᠡᠶ ᠵᠢᠨ ᠴᠡᠷᠢᠭ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠳᠡᠭᠡᠷ᠎ᠡ᠂ ᠥᠪᠥᠷ ᠮᠣᠩᠭᠣᠯ᠎ᠤᠨ 8 ᠲᠠᠮᠢᠷᠴᠢᠳ 5 ᠲᠥᠷᠥᠯ   ᠵᠦᠢ᠍ᠯ᠎ᠳᠤ 3 ᠠᠯᠲᠠᠨ ᠮᠧᠳᠠᠯ 1 ᠮᠥᠩᠭᠥᠨ ᠮᠧᠳᠠᠯ ᠣᠯᠵᠠᠶ᠃ 2020᠎ᠤᠨ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠮᠣᠷᠢᠨ ᠮᠡᠷᠭᠡᠵᠢᠯ᠎ᠤᠨ   ᠰᠠᠭ᠋ᠠᠳ ᠲᠠᠪᠠᠬᠤ ᠤᠷᠤᠯᠳᠤᠭ᠋ᠠᠨ᠎ᠳᠤ ᠯᠢᠦ ᠲᠦᠩ ᠶᠠᠨ   ᠤᠷᠤᠯᠴᠠᠭ᠋ᠠᠳ᠂ ᠥᠪᠥᠷ ᠮᠣᠩᠭᠣᠯ᠎ᠤᠨ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠣᠷᠣᠬᠤ ᠪᠢᠯᠧᠲ ᠣᠯᠤᠭᠰᠠᠨ ᠠᠩᠬᠠᠳᠠᠭᠴᠢ ᠲᠠᠮᠢᠷᠴᠢᠨ ᠪᠣᠯᠪᠠ᠃

    5. ᠬᠦᠯ ᠪᠦᠮᠪᠤᠭᠡ ᠵᠢᠨ ᠦᠭᠡᠷᠡᠴᠢᠯᠠᠯᠳᠠ ᠬᠦᠭᠵᠢᠯᠳᠡ ᠰᠢᠨ᠎ᠡ ᠰᠢᠪᠳᠤᠯᠤᠯᠳᠠ᠎ᠲᠠᠢ ᠪᠤᠯᠪᠠ
     ᠪᠥᠬᠥ ᠤᠯᠤᠰ᠎ᠤᠨ ᠠᠩᠬᠠᠳᠠᠭᠴᠢ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠲᠤᠷᠰᠢᠯᠲᠠ ᠵᠢᠨ ᠮᠣᠵᠢ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠤᠳᠤ ᠦᠶ᠎ᠡ ᠵᠢᠨ ᠬᠥᠯ ᠪᠥᠮᠪᠥᠭᠡ ᠵᠢᠨ ᠣᠨᠣᠯᠵᠢᠬᠤᠨ᠎ᠢ ᠪᠣᠶ ᠪᠣᠯᠭ᠋ᠠᠬᠤ ᠵᠢ ᠪᠠᠷᠢᠮᠲᠠᠯᠠᠵᠤ᠂ ᠬᠥᠯ ᠪᠥᠮᠪᠥᠭᠡ ᠵᠢᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠨ᠂ ᠦᠵᠡᠯ ᠰᠠᠨᠠᠭ᠎ᠠ᠎ᠪᠠᠨ ᠴᠢᠯᠥᠭᠡᠯᠡᠨ ᠲᠠᠨᠢᠯᠲᠠ᠎ᠪᠠᠨ ᠳᠡᠭᠡᠭᠰᠢᠯᠡᠭᠦᠯᠬᠦ ᠲᠠᠯ᠎ᠠ᠎ᠪᠠᠷ ᠴᠢᠷᠮᠠᠢ᠌ᠵᠦ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠲᠡᠭᠦᠯᠳᠡᠷᠵᠢᠭᠦᠯᠦᠨ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ   ᠬᠦᠴᠦᠯᠠᠨ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠬᠥᠯ ᠪᠥᠮᠪᠥᠭᠡ ᠵᠢᠨ ᠨᠡᠷᠡᠲᠦ ᠲᠥᠷᠥᠯ ᠲᠡᠮᠳᠡᠭᠲᠦ ᠬᠣᠯᠪᠣᠭ᠋ᠠᠲᠤ ᠤᠷᠤᠯᠳᠤᠭ᠋ᠠᠨ ᠪᠠᠶ᠋ᠢᠭᠤᠯᠬᠤ ᠲᠠᠯ᠎ᠠ᠎ᠪᠠᠷ ᠮᠠᠷᠡᠢ᠌ᠵᠦ᠂ ᠰᠠᠭᠤᠷᠢ ᠵᠢ ᠪᠡᠬᠢᠵᠢᠭᠦᠯᠦᠨ ᠴᠢᠳᠠᠪᠤᠷᠢᠲᠠᠨ᠎ᠢ ᠬᠥᠮᠦᠵᠢᠭᠦᠯᠬᠦ ᠲᠠᠯ᠎ᠠ᠎ᠪᠠᠷ ᠵᠢᠷᠳᠬᠦᠨ᠂ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠶ ᠲᠦᠯᠬᠢᠨ ᠠᠬᠢᠭᠤᠯᠪᠠ᠃ ᠡᠨᠡ ᠵᠢᠯ᠂ ᠥᠪᠥᠷ ᠮᠣᠩᠭᠣᠯ 40 ᠲᠥᠯᠥᠭᠡᠯᠡᠭᠴᠢᠳ᠎ᠤᠨ ᠠᠩᠭᠢ᠂ 900 ᠭᠠᠷᠤᠶ ᠬᠥᠮᠦᠨ᠎ᠢ ᠲᠣᠮᠢᠯᠠᠵᠤ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠤᠷᠤᠯᠴᠠᠭᠤᠯᠤᠨ  ᠂ ᠲᠥᠯᠥᠭᠡᠯᠡᠭᠴᠢᠳ᠎ᠤᠨ ᠠᠩᠭᠢ᠂ ᠬᠥᠮᠦᠨ᠎ᠤ ᠲᠣᠭ᠎ᠠ ᠬᠣᠶᠠᠷ ᠲᠣᠭ᠎ᠠ ᠪᠠᠷᠢᠮᠲᠠ᠎ᠨᠢ ᠬᠠᠮᠤᠭ᠎ᠤᠨ ᠦᠨᠳᠤᠷ ᠪᠥᠭᠡᠳ 4 ᠠᠯᠲᠠᠨ ᠮᠧᠳᠠᠯ᠂ 2 ᠮᠥᠩᠭᠥᠨ ᠮᠧᠳᠠᠯ᠂ 2 ᠬᠦᠷᠡᠯ ᠮᠧᠳᠠᠯ ᠣᠯᠵᠤ᠂ ᠥᠪᠥᠷ ᠮᠣᠩᠭᠣᠯ ᠪᠦᠬᠦ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠶ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠥᠭᠡ ᠵᠢᠨ ᠲᠥᠷᠥᠯ ᠵᠦᠢ᠍ᠯ᠎ᠤᠨ ᠱᠠᠩᠨᠠᠯ᠎ᠤᠨ ᠮᠧᠳᠠᠯ  ᠎ᠤᠨ ᠬᠤᠭᠤᠰᠤᠨ᠎ᠢ ᠨᠦᠬᠦᠪᠦᠷᠢᠯᠡᠪᠡ᠃ ᠣᠳᠣᠬᠠᠨ᠎ᠳᠤ᠂ ᠥᠪᠥᠷ ᠮᠣᠩᠭᠣᠯ᠎ᠤᠨ ᠬᠥᠯ ᠪᠥᠮᠪᠥᠭᠡ ᠵᠢᠨ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ᠂ ᠪᠣᠯᠪᠠᠰᠤᠷᠠᠭᠤᠯᠤᠯ᠎ᠤᠨ ᠰᠢᠰᠲ᠋ᠧᠮᠵᠢ᠂ ᠤᠷᠤᠯᠳᠤᠭ᠋ᠠᠨ᠎ᠤ ᠰᠢᠰᠲ᠋ᠧᠮᠵᠢ᠂ ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲ᠋ᠧᠮᠵᠢ ᠦᠨᠳᠦᠰᠦᠨ᠎ᠳᠡᠭᠡᠨ ᠪᠠᠶ᠋ᠢᠭᠤᠯᠤᠭᠳᠠᠵᠤ᠂ ᠲᠠᠯᠠᠪᠠᠢ ᠭᠠᠵᠠᠷ᠎ᠤᠨ ᠪᠡᠯᠡᠳᠬᠡᠮᠵᠢ ᠰᠠᠶ᠋ᠢᠵᠢᠷᠠᠵᠤ᠂ ᠠᠵᠢᠯᠯᠠᠭ᠎ᠠ ᠤᠯᠠᠳᠠᠵᠦ᠂ ᠬᠥᠯ ᠪᠥᠮᠪᠥᠭᠡ ᠵᠢᠨ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠵᠦ᠂ ᠬᠥᠯ ᠪᠥᠮᠪᠥᠭᠡ᠎ᠨᠢ ᠣᠯᠠᠨ ᠲᠦᠮᠡᠨ᠎ᠤ ᠳᠤᠷ᠎ᠠ ᠪᠠᠬ᠎ᠠ ᠵᠢ ᠥᠷᠭᠡᠨ ᠵᠶ᠋ᠠᠷ ᠲᠠᠲᠠᠭᠰᠠᠨ ᠡᠳᠦᠷ ᠲᠤᠲᠤᠮ᠎ᠤᠨ   ᠲᠠᠮᠢᠷ᠎ᠤᠨ ᠬᠥᠳᠡᠯᠭᠡᠭᠡᠨ ᠪᠣᠯᠪᠠ᠃

     6. ᠮᠤᠷᠢᠨ ᠮᠡᠷᠭᠡᠵᠢᠯ᠎ᠤᠨ ᠲᠠᠮᠢᠷ᠎ᠤᠨ ᠬᠦᠳᠡᠯᠭᠡᠭᠡᠨ ᠰᠢᠨ᠎ᠡ ᠱᠠᠳᠤᠨ᠎ᠳᠤ ᠤᠷᠤᠪᠡ
    6 ᠰᠠᠷ᠎ᠠ ᠵᠢᠨ 15᠎ᠤ ᠡᠳᠦᠷ᠎ᠠᠴᠠ 8 ᠰᠠᠷ᠎ᠠ ᠵᠢᠨ 27᠎ᠤ ᠡᠳᠦᠷ ᠪᠣᠯᠲᠠᠯ᠎ᠠ᠂ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ   ᠠᠳᠤᠭᠤᠨ ᠰᠣᠶᠣᠯ᠎ᠤᠨ ᠨᠠᠶ᠋ᠢᠷ ᠵᠢᠴᠢ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠣᠯᠠᠨ ᠤᠯᠤᠰ᠎ᠤᠨ ᠮᠣᠷᠢᠨ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ ᠣᠯᠠᠨ᠎ᠤ ᠠᠩᠬᠠᠷᠤᠯ᠎ᠢ ᠲᠠᠲᠠᠵᠤ᠂ 8 ᠶᠡᠬᠡ ᠲᠦᠷᠦᠯ᠎ᠤᠨ 41 ᠵᠦᠢ᠍ᠯ᠎ᠤᠨ ᠪᠠᠶᠠᠯᠢᠭ ᠰᠠᠢ᠍ᠬᠠᠨ ᠠᠵᠢᠯᠯᠠᠭ᠎ᠠ᠎ᠨᠢ ᠮᠣᠷᠢᠨ ᠮᠡᠷᠭᠡᠵᠢᠯ᠎ᠤᠨ ᠬᠥᠳᠡᠯᠭᠡᠭᠡᠨ᠎ᠤ ᠭᠡᠷᠡᠯ ᠰᠠᠴᠤᠷᠠᠩᠭᠤᠶ ᠴᠠᠭ ᠮᠥᠴᠡ ᠵᠢ ᠡᠬᠢᠯᠡᠭᠦᠯᠵᠦ᠂ 《ᠵᠣᠪᠠᠭᠤᠷᠢ ᠵᠦᠳᠡᠭᠦᠷᠢ ᠵᠢ ᠲᠡᠰᠪᠦᠷᠢᠯᠡᠵᠦ᠂ ᠵᠣᠷᠢᠭᠰᠠᠨ᠎ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ》 ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠭᠠᠵᠠᠷ ᠣᠷᠣᠨ᠎ᠤ ᠮᠣᠷᠢᠨ ᠮᠡᠷᠭᠡᠵᠢᠯ᠎ᠤᠨ ᠤᠷᠤᠯᠳᠤᠭ᠋ᠠᠨ᠎ᠤ ᠲᠦᠪᠰᠢᠨ᠎ᠢ ᠳᠡᠭᠡᠭᠰᠢᠯᠡᠭᠦᠯᠬᠦ᠂ ᠮᠣᠷᠢᠨ ᠮᠡᠷᠭᠡᠵᠢᠯ᠎ᠤᠨ ᠠᠵᠤ ᠦᠢ᠍ᠯᠡᠰ᠎ᠤᠨ ᠬᠥᠳᠡᠯᠭᠡᠬᠦ ᠡᠨᠧᠷᠭᠢ ᠵᠢ ᠨᠡᠮᠡᠭᠳᠡᠭᠦᠯᠬᠦ᠎ᠳᠤ ᠰᠠᠶ᠋ᠢᠨ ᠬᠥᠭᠵᠢᠯᠲᠡ ᠵᠢᠨ ᠰᠠᠭᠤᠷᠢ ᠵᠢ ᠲᠠᠯᠪᠢᠵᠤ ᠥᠭᠴᠡᠶ᠃ 6 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ 10 ᠳ᠋ᠤᠭ᠋ᠠᠷ ᠰᠠᠷ᠎ᠠ ᠵᠢᠨ 6᠎ᠤ ᠡᠳᠦᠷ ᠪᠣᠯᠲᠠᠯ᠎ᠠ᠂ ᠳᠤᠮᠳᠠᠳᠤ ᠤᠯᠤᠰ · ᠥᠪᠥᠷ ᠮᠣᠩᠭᠣᠯ᠎ᠤᠨ ᠮᠣᠷᠢᠨ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠣᠯᠠᠨ ᠤᠯᠤᠰ᠎ᠠᠴᠠ ᠮᠣᠷᠢᠨ ᠮᠡᠷᠭᠡᠵᠢᠯ᠎ᠤᠨ ᠨᠠᠶ᠋ᠢᠷ ᠬᠥᠷ ᠬᠥᠭᠵᠢᠶᠡᠨᠲᠡᠶ ᠶᠠᠪᠤᠭᠳᠠᠵᠤ᠂ ᠪᠥᠬᠥ ᠣᠷᠣᠨ᠎ᠤ ᠡᠯ᠎ᠡ ᠭᠠᠵᠠᠷ᠎ᠤᠨ᠎ᠬᠢᠨ ᠣᠯᠠᠨ ᠤᠯᠤᠰ᠎ᠠᠴᠠ ᠮᠣᠷᠢᠨ ᠮᠡᠷᠭᠡᠵᠢᠯ᠎ᠤᠨ ᠤᠷᠤᠯᠳᠤᠭ᠋ᠠᠨ᠂ 《ᠨᠢᠭᠡ ᠪᠦᠰᠡ ᠨᠢᠭᠡ ᠵᠠᠮ》᠎ᠤᠨ ᠮᠣᠷᠢᠨ ᠪᠥᠮᠪᠥᠭᠡ ᠵᠢᠨ ᠤᠷᠤᠯᠳᠤᠭ᠋ᠠᠨ᠂ ᠳᠤᠮᠳᠠᠳᠤ ᠵᠢᠨ ᠦᠨᠳᠦᠰᠦᠲᠡᠨ᠎ᠤ ᠤᠷᠤᠯᠳᠤᠭ᠋ᠠᠨ᠎ᠤ ᠮᠣᠷᠢᠨ ᠤᠷᠤᠯᠳᠤᠭ᠋ᠠᠨ᠎ᠤ ᠶᠡᠷᠦᠩᠬᠡᠶ   ᠰᠢᠢ᠍ᠳᠪᠦᠷᠢᠳᠦ ᠤᠷᠤᠯᠳᠤᠭ᠋ᠠᠨ ᠵᠡᠷᠭᠡ 30 ᠭᠠᠷᠤᠶ ᠲᠠᠯᠠᠪᠤᠷ ᠣᠯᠠᠨ ᠤᠯᠤᠰ᠎ᠤᠨ ᠪᠠ ᠪᠥᠬᠥ ᠤᠯᠤᠰ᠎ᠤᠨ ᠴᠢᠨᠠᠷᠲᠠᠶ ᠭᠣᠢ᠍ᠳᠠ ᠰᠠᠢ᠍ᠬᠠᠨ ᠲᠣᠭᠯᠠᠯᠲᠠ ᠭᠠᠷᠭ᠋ᠠᠵᠤ᠂ ᠲᠠᠯ᠎ᠠ ᠨᠤᠲᠤᠭ᠎ᠤᠨ ᠰᠣᠶᠣᠯ᠂ ᠪᠠᠶ᠋ᠢᠭ᠋ᠠᠯᠢ ᠵᠢᠨ ᠭᠤᠶᠤ ᠦᠵᠡᠮᠵᠢ᠎ᠯᠦᠭᠡ ᠭᠦᠢ᠍ᠴᠡᠳ ᠠᠭᠤᠰᠤᠯᠴᠠᠵᠤ᠂ ᠣᠯᠠᠨ ᠲᠦᠮᠡᠨ᠎ᠳᠤ ᠤᠯᠠᠮᠵᠢᠯᠠᠯᠲᠤ ᠪᠠ ᠣᠳᠣ ᠦᠶ᠎ᠡ ᠵᠢ ᠤᠶᠠᠯᠳᠤᠭᠤᠯᠤᠭᠰᠠᠨ ᠮᠣᠷᠢᠨ ᠮᠡᠷᠭᠡᠵᠢᠯ᠎ᠤᠨ ᠦᠪᠡᠳᠡᠭᠰᠢ ᠨᠠᠶ᠋ᠢᠷ᠎ᠢ ᠳᠡᠯᠭᠡᠨ ᠦᠵᠡᠭᠦᠯᠵᠡᠶ᠃

    7. ᠦᠪᠦᠷ ᠮᠤᠩᠭᠤᠯ᠎ᠤᠨ ᠡᠮᠡᠭᠳᠡᠢ ᠵᠢᠨ ᠰᠠᠭᠰᠤᠨ ᠪᠦᠮᠪᠤᠭᠡ ᠵᠢᠨ ᠠᠩᠭᠢ ᠲᠤᠮᠳᠠᠳᠦ ᠤᠯᠤᠰ᠎ᠤᠨ ᠡᠮᠡᠭᠳᠡᠢ ᠵᠢᠨ ᠰᠠᠭᠰᠤᠨ ᠪᠦᠮᠪᠤᠭᠡ ᠵᠢᠨ ᠬᠤᠯᠪᠤᠭ᠋ᠠᠳᠦ ᠤᠷᠤᠯᠳᠤᠭ᠋ᠠᠨ᠎ᠳᠤ ᠤᠷᠤᠯᠴᠠᠬᠤ ᠪᠤᠯᠪᠠ
    2019 — 2020 ᠤᠨ᠎ᠤ ᠳᠤᠮᠳᠠᠳᠤ ᠤᠯᠤᠰ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ (W C B A)  ᠎ᠳᠤ ᠥᠪᠥᠷ ᠮᠣᠩᠭᠣᠯ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ ᠰᠢᠨ᠎ᠡ ᠭᠡᠰᠢᠭᠦᠨ᠎ᠤ ᠬᠤᠪᠢ᠎ᠪᠠᠷ ᠤᠷᠤᠯᠴᠠᠭᠰᠠᠨ᠎ᠨᠢ ᠥᠪᠥᠷ ᠮᠣᠩᠭᠣᠯ᠎ᠤᠨ ᠲᠤᠰᠬᠠᠶ ᠮᠡᠷᠭᠡᠵᠢᠯ᠎ᠤᠨ ᠰᠠᠭᠰᠤᠨ ᠪᠥᠮᠪᠥᠭᠡ ᠵᠢᠨ ᠤᠷᠤᠯᠳᠤᠭ᠋ᠠᠨ ᠵᠢᠩᠬᠢᠨᠢ᠎ᠪᠠᠷ ᠡᠬᠢᠯᠡᠭᠰᠡᠨ᠎ᠢ ᠬᠠᠷᠠᠭᠤᠯᠵᠤ ᠪᠠᠢ᠍ᠨ᠎ᠠ᠃ ᠥᠪᠥᠷ ᠮᠣᠩᠭᠣᠯ᠎ᠤᠨ ᠬᠥᠳᠡᠭᠡ ᠲᠣᠰᠬᠣᠨ᠎ᠤ ᠢᠲᠡᠭᠡᠮᠵᠢ ᠵᠢᠨ ᠺᠠᠷᠲ᠎ᠤᠨ ᠺᠯᠦ᠋ᠪ 2018 ᠤᠨ᠎ᠤ ᠰᠡᠭᠦᠯᠴᠢ᠎ᠪᠠᠷ ᠪᠠᠶ᠋ᠢᠭᠤᠯᠤᠭᠳᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠰᠠᠭᠰᠤᠨ ᠪᠥᠮᠪᠥᠭᠡ ᠵᠢᠨ ᠺᠯᠦ᠋ᠪ ᠪᠣᠯᠬᠤ ᠪᠥᠭᠡᠳ ᠴᠣᠷ᠎ᠤᠨ ᠭᠠᠭᠴᠠ ᠮᠡᠷᠭᠡᠵᠢᠯ᠎ᠤᠨ ᠰᠠᠭᠰᠤᠨ ᠪᠥᠮᠪᠥᠭᠡ ᠵᠢᠨ ᠺᠯᠦ᠋ᠪ ᠪᠣᠯᠤᠨ᠎ᠠ᠃ ᠬᠠᠭ᠋ᠠᠰ ᠵᠢᠯ ᠭᠠᠷᠤᠶ ᠵᠢᠨ ᠢᠳᠡᠪᠬᠢᠲᠡᠢ ᠪᠡᠯᠡᠳᠬᠡᠯ ᠪᠠ ᠣᠯᠠᠨ ᠲᠠᠯ᠎ᠠ ᠵᠢᠨ ᠵᠣᠬᠢᠴᠠᠭᠤᠯᠤᠯᠲᠠ᠎ᠪᠠᠷ ᠳᠠᠮᠵᠢᠨ᠂ ᠺᠯᠦ᠋ᠪ 2019᠎ᠤᠨ 6 ᠰᠠᠷ᠎ᠠ ᠵᠢᠨ 27᠎ᠤ ᠡᠳᠦᠷ ᠵᠢᠩᠬᠢᠨᠢ᠎ᠪᠠᠷ 2019 — 2020 ᠤᠨ᠎ᠤ ᠳᠤᠮᠳᠠᠳᠤ ᠤᠯᠤᠰ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ (W C B A)᠎ᠳᠤ ᠣᠷᠣᠬᠤ ᠵᠥᠪᠰᠢᠶᠡᠷᠡᠯ᠎ᠢ ᠣᠯᠵᠠᠶ᠂ ᠡᠨᠡ᠎ᠨᠢ ᠥᠪᠥᠷ ᠮᠣᠩᠭᠣᠯ ᠪᠥᠬᠥ ᠤᠯᠤᠰ᠎ᠤᠨ ᠲᠡᠭᠡᠳᠦ ᠲᠡᠰ᠎ᠤᠨ ᠬᠣᠯᠪᠣᠭ᠋ᠠᠲᠤ ᠤᠷᠤᠯᠳᠤᠭ᠋ᠠᠨ᠎ᠳᠤ ᠦᠭᠡᠢ   ᠪᠠᠢ᠌ᠳᠠᠯ᠎ᠢ ᠦᠭᠡᠷᠡᠴᠢᠯᠡᠭᠰᠡᠨ ᠪᠥᠭᠡᠳ ᠥᠪᠥᠷ ᠮᠣᠩᠭᠣᠯ᠎ᠤᠨ ᠣᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠰᠣᠶᠣᠯ᠎ᠤᠨ ᠠᠮᠢᠳᠤᠷᠠᠯ᠎ᠢ ᠶᠡᠬᠡ᠎ᠪᠠᠷ ᠪᠠᠶᠠᠯᠢᠭᠵᠢᠭᠤᠯᠵᠤ᠂ ᠥᠪᠥᠷ ᠮᠣᠩᠭᠣᠯ᠎ᠤᠨ ᠰᠠᠭᠰᠤᠨ ᠪᠥᠮᠪᠥᠭᠡ ᠵᠢᠨ ᠤᠷᠤᠯᠳᠤᠭ᠋ᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠭᠠᠵᠠᠷ ᠣᠷᠣᠨ᠎ᠤ ᠨᠥᠯᠥᠭᠡᠯᠡᠬᠦ ᠬᠦᠴᠦᠨ ᠪᠠ ᠠᠯᠳᠠᠷᠰᠢᠯ᠎ᠢ ᠥᠷᠭᠡᠳᠬᠡᠬᠦ ᠪᠣᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠬᠦᠴᠦᠲᠡᠶ ᠳᠡᠮᠵᠢᠯᠭᠡ ᠪᠠ ᠵᠢᠯᠣᠭᠣᠳᠣᠯᠭ᠎ᠠ ᠳᠣᠤᠷ᠎ᠠ᠂ ᠺᠯᠦ᠋ᠪ᠎ᠲᠤ ᠲᠦᠰᠢᠭᠯᠡᠨ ᠥᠷᠨᠢᠭᠦᠯᠦᠭᠰᠡᠨ ᠥᠪᠥᠷ ᠮᠣᠩᠭᠣᠯ᠎ᠤᠨ ᠰᠠᠭᠰᠤᠨ ᠪᠥᠮᠪᠥᠭᠡ ᠵᠢᠨ ᠡᠷᠡᠭᠲᠡᠶ ᠵᠢᠨ ᠵᠠᠯᠠᠭᠤᠴᠤᠳ ᠪᠠᠭ᠋ᠠᠴᠤᠳ᠎ᠤᠨ ᠱᠠᠲᠤᠯᠵᠢᠨ ᠡᠩᠨᠡᠭᠡ ᠵᠢᠨ ᠠᠵᠢᠯ ᠴᠤ᠌ ᠵᠢᠩᠬᠢᠨᠢ᠎ᠪᠠᠷ ᠡᠬᠢᠯᠡᠪᠡ᠃

    8. ᠰᠠᠶ᠎ᠡ ᠤᠯᠠᠨ ᠤᠯᠤᠰ᠎ᠤᠨ ᠮᠢᠭᠮᠡᠨ ᠰᠢᠳᠠᠷ᠎ᠠ ᠵᠢᠨ ᠤᠷᠤᠯᠳᠤᠭ᠋ᠠᠨ᠎ᠤ ᠨᠠᠰᠤᠨ᠎ᠳᠤ ᠬᠦᠷᠦᠭᠰᠡᠳ᠎ᠤᠨ ᠲᠤᠭᠤᠢ᠌ᠯᠠᠩ᠎ᠤᠨ ᠮᠠᠩᠯᠠᠶ ᠪᠤᠯᠤᠯ᠎ᠡ
    5 ᠰᠠᠷ᠎ᠠ ᠵᠢᠨ 16᠎ᠤ ᠡᠳᠦᠷ᠂ ᠠᠩᠬᠠᠳᠤᠭ᠋ᠠᠷ ᠬᠤᠭᠤᠴᠠᠭ᠋ᠠᠨ᠎ᠤ ᠣᠯᠠᠨ ᠤᠯᠤᠰ᠎ᠤᠨ ᠣᠶᠤᠨ᠎ᠤ ᠲᠠᠮᠢᠷ᠎ᠤᠨ ᠬᠣᠯᠪᠣᠭ᠎ᠠ᠎ᠠᠴᠠ ᠡᠷᠬᠢᠯᠡᠭᠰᠡᠨ ᠣᠯᠠᠨ ᠤᠯᠤᠰ᠎ᠤᠨ ᠮᠢᠩᠮᠠᠨ ᠰᠢᠳᠠᠷ᠎ᠠ ᠵᠢᠨ ᠡᠮᠡᠭᠲᠡᠶ ᠵᠢᠨ ᠳᠤᠭᠤᠶ᠋ᠢᠯᠠᠩ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠥᠨᠳᠥᠷᠯᠡᠪᠡ᠃   ᠥᠪᠥᠷ ᠮᠣᠩᠭᠣᠯ᠎ᠤᠨ ᠲᠠᠮᠢᠷᠴᠢᠨ ᠰᠠᠶ᠎ᠡ ᠲᠣᠰ ᠤᠷᠤᠯᠳᠤᠭ᠋ᠠᠨ᠎ᠳᠤ ᠢᠷᠠᠭᠤ ᠠᠯᠳᠠᠷᠲᠠᠶ᠎ᠪᠠᠷ ᠮᠠᠩᠯᠠᠶ᠋ᠢᠯᠠᠪᠠ᠂ ᠡᠨᠡ ᠪᠣᠯ ᠣᠯᠠᠨ ᠤᠯᠤᠰ᠎ᠤᠨ ᠮᠢᠭᠮᠡᠨ ᠰᠢᠳᠠᠷ᠎ᠠ ᠵᠢᠨ ᠤᠷᠤᠯᠳᠤᠭ᠋ᠠᠨ᠎ᠤ ᠨᠠᠰᠤᠨ᠎ᠳᠤ ᠬᠦᠷᠦᠭᠰᠡᠳ᠎ᠤᠨ ᠲᠤᠭᠤᠢ᠌ᠯᠠᠩ᠎ᠤᠨ ᠳᠤᠮᠳᠠᠳᠤ ᠤᠯᠤᠰ᠎ᠤᠨ ᠠᠩᠬᠠᠳᠠᠭᠴᠢ ᠳᠡᠯᠡᠬᠡᠶ ᠵᠢᠨ ᠮᠠᠩᠯᠠᠶ ᠪᠣᠯᠤᠨ᠎ᠠ᠃ ᠲᠣᠰ ᠤᠳᠠᠭ᠋ᠠᠨ᠎ᠤ ᠣᠯᠠᠨ ᠤᠯᠤᠰ᠎ᠤᠨ ᠮᠢᠭᠮᠡᠨ ᠰᠢᠳᠠᠷ᠎ᠠ ᠵᠢᠨ ᠡᠮᠡᠭᠲᠡᠶ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠳᠡᠯᠡᠬᠡᠶ ᠵᠢᠨ ᠮᠠᠩᠯᠠᠶ᠂ ᠡᠯ᠎ᠡ ᠲᠢᠪ᠎ᠤᠨ ᠮᠠᠩᠯᠠᠶ ᠵᠢᠴᠢ 2018 ᠤᠨ᠎ᠤ ᠳᠡᠯᠡᠬᠡᠶ ᠵᠢᠨ ᠬᠤᠨᠳᠠᠭ᠋ᠠᠲᠤ ᠤᠷᠤᠯᠳᠤᠭ᠋ᠠᠨ᠎ᠤ ᠡᠯ᠎ᠡ ᠬᠤᠪᠢᠶᠠᠷᠢ ᠥᠷᠲᠡᠭᠡᠨ᠎ᠤ ᠤᠷᠤᠯᠳᠤᠭ᠋ᠠᠨ᠎ᠳᠤ ᠢᠯᠠᠭᠴᠢ ᠵᠢ ᠤᠷᠢᠵᠤ ᠣᠷᠣᠯᠴᠠᠭᠤᠯᠪᠠ᠂ ᠰᠠᠶ᠎ᠡ ᠵᠢᠨ ᠲᠣᠰ ᠤᠷᠤᠯᠳᠤᠭ᠋ᠠᠨ᠎ᠳᠤ ᠮᠠᠩᠯᠠᠶ᠋ᠢᠯᠠᠭᠰᠠᠨ   ᠮᠠᠩᠯᠠᠢ᠎ᠨᠢ 《ᠮᠠᠩᠯᠠᠶ ᠳᠤᠮᠳᠠᠬᠢ ᠮᠠᠩᠯᠠᠢ》 ᠬᠡᠮᠡᠭᠳᠡᠭᠰᠡᠨ ᠪᠠᠢ᠌ᠨ᠎ᠡ᠃

     9. ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠲᠠᠮᠢᠷ᠎ᠤᠨ ᠴᠤᠭᠯᠠᠭ᠋ᠠᠨ ᠨᠡᠷᠡᠳᠦ ᠲᠡᠮᠳᠡᠭ ᠪᠤᠯᠵᠦ ᠪᠠᠢ᠌ᠨ᠎ᠡ
    5   ᠳ᠋ᠤᠭ᠋ᠠᠷ   ᠰᠠᠷ᠎ᠠ ᠎ᠠᠴᠠ  10   ᠳ᠋ᠤᠭ᠋ᠠᠷ   ᠰᠠᠷ᠎ᠠ   ᠪᠣᠯᠲᠠᠯ᠎ᠠ  ᠂   ᠠᠷᠪᠠᠨ   ᠨᠢᠭᠡᠳᠦᠭᠡᠷ   ᠬᠤᠭᠤᠴᠠᠭ᠋ᠠᠨ ᠎ᠤ  《ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠣᠯ》 ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠪᠥᠬᠥ ᠣᠷᠣᠨ᠎ᠤ ᠬᠡᠪᠴᠢᠶᠡᠨ᠎ᠳᠤ ᠶᠠᠪᠤᠭᠳᠠᠪᠠ᠃ ᠲᠣᠰ ᠬᠤᠭᠤᠴᠠᠭ᠋ᠠᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠮᠢᠷ᠎ᠤᠨ ᠴᠤᠭᠯᠠᠭ᠋ᠠᠨ᠎ᠳᠤ ᠪᠥᠭᠡ᠂ ᠬᠠᠷᠪᠤᠭ᠎ᠠ᠂ ᠮᠣᠩᠭᠣᠯ ᠰᠢᠲᠠᠷ᠎ᠠ᠂ ᠠᠭᠤᠳᠠᠮ ᠲᠠᠯᠠᠪᠠᠢ ᠵᠢᠨ ᠪᠡᠶ᠎ᠡ ᠴᠢᠭᠢᠷᠠᠭᠵᠢᠭᠤᠯᠬᠤ ᠲᠠᠮᠢᠷ (ᠪᠥᠵᠢᠭ)᠂ ᠤᠯᠠᠮᠵᠢᠯᠠᠯᠲᠤ ᠵᠡᠪᠰᠡᠭ᠎ᠤᠨ ᠡᠷᠳᠡᠮ᠂ ᠶᠠᠪᠠᠭ᠋ᠠᠨ ᠠᠯᠬᠤᠭ᠎ᠠ   ᠤᠯᠠᠨ ᠲᠦᠷᠦᠯ ᠵᠦᠢ᠍ᠯ᠎ᠢ ᠪᠠᠭᠳᠠᠭ᠋ᠠᠵᠦ᠂ ᠪᠦᠬᠦ ᠣᠷᠣᠨ᠎ᠤ 12 ᠠᠢ᠌ᠮᠠᠭ ᠬᠣᠲᠠ ᠵᠢᠴᠢ ᠮᠠᠨᠵᠤᠤᠷ ᠬᠣᠲᠠ᠂ ᠡᠷᠢᠶᠡᠨ ᠬᠣᠲᠠ ᠵᠢ ᠬᠠᠮᠤᠷᠴᠤ᠂ ᠪᠠᠷᠤᠭ 5 ᠲᠦᠮᠡᠨ ᠣᠯᠠᠨ ᠲᠦᠮᠡᠨ ᠣᠷᠣᠯᠴᠠᠵᠠᠶ᠃ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠵᠣᠷᠢᠯᠭ᠎ᠠ᠎ᠨᠢ ᠥᠪᠥᠷ ᠮᠣᠩᠭᠣᠯ᠎ᠤᠨ ᠡᠯ᠎ᠡ ᠭᠠᠵᠠᠷ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠣᠳᠣᠨ ᠪᠦᠲᠦᠭᠡᠯ᠎ᠤᠨ ᠠᠵᠢᠯᠯᠠᠭ᠎ᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠡᠷᠡᠭᠦᠯ ᠡᠩᠬᠡ ᠥᠪᠥᠷ ᠮᠣᠩᠭᠣᠯ᠎ᠤᠨ ᠪᠦᠲᠦᠭᠡᠨ ᠪᠠᠢ᠌ᠭᠤᠯᠥᠯᠲᠡ ᠵᠢ ᠯᠠᠪᠳᠠᠭᠤᠨ ᠪᠠᠲᠤᠲᠠᠶ ᠠᠬᠢᠭᠤᠯᠤᠨ᠂ ᠠᠷᠠᠳ ᠣᠯᠠᠨ᠎ᠳᠤ ᠪᠡᠶ᠎ᠡ ᠵᠢᠨ ᠲᠠᠮᠢᠷ᠎ᠤᠨ   ᠦᠢ᠍ᠯᠡᠰ᠎ᠢ ᠬᠠᠮᠲᠤ᠎ᠪᠠᠷ ᠪᠠᠶ᠋ᠢᠭᠤᠯᠬᠤ᠂ ᠪᠡᠶ᠎ᠡ ᠵᠢᠨ ᠲᠠᠮᠢᠷ᠎ᠤᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠳᠤᠮᠳᠠ ᠨᠠᠩ ᠣᠯᠠᠨ ᠠᠰᠢᠭ ᠬᠦᠷᠲᠡᠭᠰᠡᠨ ᠲᠥᠷᠥᠭᠳᠡᠯ ᠪᠠ ᠵᠣᠯ ᠵᠢᠷᠭ᠋ᠠᠯ᠎ᠤᠨ ᠲᠥᠷᠥᠭᠳᠡᠯ ᠣᠯᠭᠣᠬᠤ ᠶᠠᠪᠤᠳᠠᠯ ᠪᠣᠯᠤᠨ᠎ᠠ᠃ 2009 ᠤᠨ᠎ᠳᠤ ᠠᠩᠬᠠᠳᠤᠭ᠋ᠠᠷ ᠬᠤᠭᠤᠴᠠᠭ᠋ᠠᠨ᠎ᠤ 《ᠪᠠᠶᠠᠰᠬᠤᠯᠠᠩᠲᠤ ᠲᠠᠯ᠎ᠠ ᠨᠤᠲᠤᠭ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠶᠡᠬᠡ ᠬᠤᠷᠠᠯ᠎ᠢ ᠰᠢᠯᠢᠩᠬᠣᠲᠠ᠎ᠳᠤ ᠡᠷᠬᠢᠯᠡᠭᠰᠡᠨ᠎ᠠᠴᠠ ᠣᠳᠣ ᠪᠣᠯᠲᠠᠯ᠎ᠠ᠂ ᠲᠦᠭ ᠲᠦᠮᠡᠨ ᠣᠯᠠᠨ ᠲᠦᠮᠡᠨ᠎ᠤ ᠬᠠᠯᠠᠭᠤᠨ ᠬᠦᠷᠢᠶᠡᠯᠡᠯ᠎ᠢ ᠣᠯᠵᠤ᠂ ᠣᠳᠣ ᠨᠢᠭᠡᠨᠲᠡ ᠥᠪᠥᠷ ᠮᠣᠩᠭᠣᠯ᠎ᠤᠨ ᠭᠠᠵᠠᠷ ᠣᠷᠣᠨ᠎ᠤ ᠣᠨᠴᠠᠯᠢᠭ ᠪᠠ ᠦᠨᠳᠦᠰᠦᠲᠡᠨ᠎ᠤ ᠣᠨᠴᠠᠯᠢᠭ ᠵᠶ᠋ᠠᠷ   ᠲᠦᠢ᠍ᠯ᠎ᠤᠨ ᠶᠡᠬᠡ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠷᠥᠯ ᠲᠡᠮᠳᠡᠭ᠎ᠤᠨ ᠠᠵᠢᠯᠯᠠᠭ᠎ᠠ ᠪᠣᠯᠵᠠᠶ᠃

    10. ᠮᠠᠰᠢᠨ ᠲᠡᠷᠭᠡᠨ᠎ᠤ ᠭᠡᠭᠡᠷᠯᠡᠨ ᠲᠠᠪᠬᠢᠬᠤ ᠴᠡᠩᠬᠡᠭᠦᠨ ᠨᠢᠵᠢᠭᠡᠷ ᠶᠠᠪᠤᠭᠳᠠᠯ᠎ᠠ
    10 ᠰᠠᠷ᠎ᠠ ᠵᠢᠨ 1᠎ᠤ ᠡᠳᠦᠷ᠎ᠠᠴᠠ 5᠎ᠤ ᠡᠳᠦᠷ ᠪᠣᠯᠲᠠᠯ᠎ᠠ᠂ ᠠᠷᠪᠠᠳᠤᠭ᠋ᠠᠷ ᠲᠦᠷᠪᠡᠳᠦᠭᠡᠷ ᠬᠤᠭᠤᠴᠠᠭ᠋ᠠᠨ᠎ᠤ ᠠᠯᠠᠱ᠌ᠠ ᠪᠠᠭ᠋ᠠᠲᠤᠷᠴᠤᠳ᠎ᠤᠨ ᠴᠤᠭᠯᠠᠭ᠋ᠠᠨ ᠥᠪᠥᠷ ᠮᠣᠩᠭᠣᠯ᠎ᠤᠨ ᠲᠩᠷᠢ ᠡᠯᠡᠰᠦᠨ᠎ᠳᠤ ᠦᠪᠡᠳᠡᠭᠰᠢ ᠶᠡᠬᠡ᠎ᠪᠠᠷ ᠶᠠᠪᠤᠭᠳᠠᠵᠤ᠂ 40 ᠲᠦᠮᠡ ᠰᠢᠬᠠᠮ ᠲᠡᠷᠭᠡ  (ᠤᠳᠠᠭ᠎ᠠ)᠂ 120 ᠲᠦᠮᠡᠨ ᠬᠥᠮᠦᠨ (ᠤᠳᠠᠭ᠎ᠠ) ᠠᠵᠢᠯᠯᠠᠭ᠎ᠠ᠎ᠳᠤ ᠣᠷᠣᠯᠴᠠᠪᠠ᠃ 10 ᠰᠠᠷ᠎ᠠ ᠵᠢᠨ 16᠎ᠤ ᠡᠳᠦᠷ᠂ 2019 ᠣᠨ᠎ᠳᠤ ᠥᠪᠥᠷ ᠮᠣᠩᠭᠣᠯ᠎ᠤᠨ ᠲᠦᠮᠡᠨ ᠭᠠᠵᠠᠷ᠎ᠤᠨ ᠮᠠᠰᠢᠨ ᠲᠡᠷᠭᠡᠨ᠎ᠤ ᠤᠷᠤᠯᠳᠤᠭ᠋ᠠᠨ ᠮᠠᠨᠵᠤᠤᠷ ᠬᠣᠲᠠ᠎ᠠᠴᠠ ᠡᠬᠢᠯᠡᠵᠦ᠂ 26᠎ᠤ ᠡᠳᠦᠷ ᠡᠵᠡᠨ᠎ᠡ ᠬᠣᠰᠢᠭᠤᠨ᠎ᠳᠤ ᠦᠨᠳᠦᠷᠯᠡᠪᠡ᠃   ᠲᠤᠰ ᠤᠷᠤᠯᠳᠤᠭ᠋ᠠᠨ᠎ᠨᠢ 14 ᠴᠠᠭ ᠲᠡᠮᠳᠡᠭᠯᠡᠬᠦ ᠤᠷᠤᠯᠳᠤᠭ᠋ᠠᠨ ᠪᠠ 3 ᠤᠳᠠᠭ᠋ᠠᠨ᠎ᠤ ᠣᠨᠴᠠᠯᠢᠭᠲᠤ ᠤᠷᠤᠯᠳᠤᠭ᠋ᠠᠨ ᠵᠶ᠋ᠠᠷ ᠪᠦᠷᠢᠯᠳᠦᠵᠦ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠣᠤᠯ ᠠᠶ᠋ᠢᠮᠠᠭ᠂ ᠡᠷᠢᠶᠡᠨ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠠᠯᠠᠱ᠌ᠠ ᠠᠢ᠌ᠮᠠᠭ᠎ᠢ ᠬᠠᠮᠤᠷᠴᠠᠶ᠃ ᠡᠭᠦᠨ᠎ᠠᠴᠠ ᠭᠠᠳᠠᠨ᠎ᠠ᠂   ᠤᠷᠤᠯᠳᠤᠭ᠋ᠠᠨ ᠲᠤᠮᠳᠠᠬᠢ ᠣᠯᠠᠨ ᠭᠣᠤᠯ ᠰᠡᠳᠦᠪᠲᠦ ᠠᠵᠢᠯᠯᠠᠭ᠎ᠠ᠎ᠨᠢ ᠡᠯ᠎ᠡ ᠭᠠᠵᠠᠷ᠎ᠤᠨ ᠮᠠᠰᠢᠨ ᠲᠡᠷᠭᠡ ᠪᠠᠬᠠᠷᠬᠠᠭᠴᠢᠳ᠎ᠲᠤ ᠤᠮᠠᠷᠠᠲᠤ ᠬᠢᠯᠢ ᠵᠢᠨ ᠦᠵᠡᠰᠬᠦᠯᠡᠩᠲᠦ ᠰᠠᠢ᠍ᠬᠠᠨ ᠦᠵᠡᠮᠵᠢ ᠵᠢᠨ ᠣᠷᠣᠨ ᠳᠡᠭᠡᠷᠡᠬᠢ ᠣᠷᠭᠢᠯᠤᠮ᠎ᠠ ᠬᠠᠯᠠᠭᠤᠨ ᠬᠣᠷᠣᠮ᠎ᠢ ᠳᠡᠯᠭᠡᠨ ᠦᠵᠡᠭᠦᠯᠵᠡᠶ᠃


ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠬᠦᠯ ᠪᠦᠮᠪᠤᠭᠡ ᠵᠢᠨ ᠠᠩᠭᠢ ᠴᠠᠰᠤᠨ ᠲᠡᠭᠡᠷᠡᠬᠢ ᠬᠦᠯ ᠪᠦᠮᠪᠤᠭᠡ ᠵᠢᠨ ᠤᠷᠤᠯᠳᠤᠭ᠋ᠠᠨ᠎ᠳᠤ ᠮᠦᠩᠭᠦᠨ ᠮᠸᠳᠠᠯ ᠬᠦᠷᠳᠡᠯ᠎ᠡ
ᠰᠢᠨ᠎ᠡ ᠤᠨ᠎ᠳᠠᠭᠠᠨ ᠦᠨᠳᠦᠷ᠎ᠲᠤ ᠠᠪᠠᠷᠢᠵᠦ ᠪᠠᠶ᠎ᠡ ᠮᠠᠬᠠᠪᠤᠳ ᠵᠶ᠋ᠠᠨ ᠴᠢᠬᠢᠷᠠᠭᠵᠢᠭᠤᠯᠤᠨᠡᠮ
2020 ᠤᠨ᠎ᠤ ᠪᠦᠬᠦ ᠤᠷᠤᠨ᠎ᠤ ᠲᠠᠮᠢᠷ᠎ᠤᠨ ᠠᠵᠢᠯ᠎ᠤᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠬᠤᠷᠠᠯᠳᠤᠪᠠ
ᠲᠤᠪᠴᠢᠶᠠᠨ ᠲᠠᠷᠤᠭ᠎ᠠ ᠲᠠᠨ ᠵᠢᠩ ᠹᠸᠩ ᠲᠤᠪᠴᠢᠶᠠᠨ ᠲᠠᠷᠤᠭ᠎ᠠ ᠵᠢᠨ ᠠᠯᠪᠠᠨ ᠭᠡᠷ᠎ᠤᠨ ᠬᠤᠷᠠᠯ ᠡᠷᠬᠢᠯᠡᠨ ᠬᠤᠷᠠᠯᠳᠤᠭᠤᠯᠪᠠ
 
            