ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
 ᠮᠦᠰᠦ ᠴᠠᠰᠤᠨ᠎ᠳᠤ ᠤᠷᠤᠭᠰᠢᠯᠠᠯᠳᠠ ᠵᠢᠨ ᠮᠦᠷ ᠵᠶ᠋ᠠᠨ ᠦᠯᠡᠳᠡᠬᠡᠵᠤ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠰᠦᠬᠡᠢ
ᠨᠡᠶ᠋ᠢᠲᠡᠯᠡᠭᠰᠡᠨ ᠴᠠᠭ᠄ 2019-02-18

    — ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠬᠯᠠᠭ᠋ᠠᠨ ᠡᠬᠢᠯᠡᠭᠰᠡᠨ᠎ᠳᠤ ᠬᠠᠯᠠᠭᠤᠨ ᠪᠠᠶᠠᠷ ᠬᠦᠷᠭᠡᠶ᠎ᠠ

    ᠮᠦᠩᠭᠦᠨ ᠳᠡᠯᠡᠬᠡᠢ᠎ᠳᠤ ᠪᠤᠯᠵᠤᠵᠤ᠂ ᠰᠢᠵᠢᠷ ᠵᠡᠭᠦᠳᠦ᠎ᠪᠠᠨ ᠬᠠᠮᠲᠤ᠎ᠪᠠᠷ ᠴᠤᠭᠴᠠᠯᠠᠨ᠎ᠠ᠃ 2 ᠰᠠᠷ᠎ᠠ ᠵᠢᠨ 16᠎ᠤ ᠡᠳᠦᠷ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠬᠯᠠᠭ᠋ᠠᠨ ᠬᠦᠯᠦᠨ ᠪᠤᠶ᠋ᠢᠷ ᠬᠤᠲᠠ᠎ᠳᠤ ᠦᠪᠡᠳᠡᠭᠰᠢ ᠶᠡᠭᠡ᠎ᠪᠠᠷ ᠡᠬᠢᠯᠡᠯ᠎ᠡ᠃ ᠮᠦᠰᠦ ᠴᠠᠰᠳ᠎ᠳᠤ ᠬᠤᠴᠢᠬᠳᠠᠬᠰᠠᠨ ᠮᠦᠩᠭᠦᠨ ᠴᠠᠭ᠋ᠠᠨ ᠳᠡᠯᠡᠬᠡᠢ ᠵᠠᠯᠠᠭᠤ ᠨᠠᠰᠤᠨ᠎ᠤ ᠲᠡᠮᠡᠦᠯᠦᠯ᠎ᠤᠨ ᠵᠠᠮ᠂ ᠬᠦᠴᠦᠨ ᠴᠢᠳᠠᠯ᠎ᠤᠨ ᠤᠷᠤᠯᠳᠤᠭ᠋ᠠᠨ᠎ᠤ ᠲᠠᠯᠠᠪᠠᠢ᠂ ᠬᠦᠰᠡᠯ ᠪᠢᠯᠬᠠᠭᠰᠠᠨ ᠬᠠᠮᠳᠤ ᠵᠢᠨ ᠲᠠᠪᠴᠠᠩ ᠪᠤᠯᠪᠠ᠃ ᠪᠢᠳᠠ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠤᠷᠬᠢᠯᠦᠮ᠎ᠠ ᠰᠡᠳᠬᠢᠯ ᠪᠤᠯᠤᠨ ᠪᠠᠶᠠᠷ ᠪᠠᠶᠠᠰᠤᠯ᠎ᠢ ᠬᠠᠮᠲᠤ᠎ᠪᠠᠷ ᠡᠳ᠋ᠯᠡᠵᠦ᠂ ᠮᠦᠰᠦ ᠴᠠᠰᠤᠨ᠎ᠤ ᠬᠦᠰᠡᠯ᠎ᠳᠡᠭᠡᠨ ᠲᠡᠮᠡᠤᠯᠬᠦ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ᠎ᠳᠤ ᠬᠠᠮᠲᠤ᠎ᠪᠠᠷ ᠨᠠᠷᠬᠢᠬᠤ ᠪᠤᠯᠤᠯ᠎ᠠ᠃
    ᠪᠦᠬᠦ ᠤᠷᠤᠨ᠎ᠤ ᠶᠡᠷᠦᠩᠬᠡᠶ᠋ᠢᠯᠡᠭᠰᠡᠨ ᠴᠢᠨᠠᠷᠲᠠᠢ ᠡᠪᠦᠯ᠎ᠤᠨ ᠤᠯᠠᠷᠢᠯ᠎ᠤᠨ ᠲᠠᠮᠢᠷ᠎ᠤᠨ ᠴᠤᠬᠯᠠᠭ᠋ᠠᠨ ᠪᠤᠯᠤᠬᠰᠠᠨ᠎ᠤ ᠬᠤᠪᠢ᠎ᠳᠤ᠂ ᠲᠤᠰ ᠠᠵᠢᠯᠯᠠᠭ᠎ᠠ ᠪᠤᠯ ᠮᠠᠨ᠎ᠤ ᠤᠷᠤᠨ᠎ᠤ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠬᠦᠭᠵᠢᠯᠲᠡ ᠵᠢᠨ ᠬᠠᠮᠤᠬ᠎ᠤᠨ ᠰᠢᠨ᠎ᠡ ᠦᠷ᠎ᠡ ᠪᠦᠲᠦᠭᠡᠯ᠎ᠤᠨ ᠨᠢᠭᠡ ᠤᠳᠠᠭ᠎ᠠ ᠵᠢᠨ ᠲᠦᠪᠯᠡᠷᠡᠩᠭᠦᠢ ᠰᠢᠯᠭ᠋ᠠᠯᠲᠠ ᠪᠤᠯᠤᠨ᠎ᠠ᠂ ᠮᠦᠨ ᠴᠤ᠌ ᠦᠪᠦᠷ ᠮᠤᠩᠭᠤᠯ᠎ᠤᠨ ᠠᠵᠤ ᠠᠬᠤᠢ ᠨᠡᠶ᠋ᠢᠭᠡᠮ᠎ᠤᠨ ᠬᠦᠭᠵᠢᠯᠲᠡ ᠵᠢᠨ ᠠᠮᠵᠢᠯᠲᠠ ᠵᠢ ᠭᠦᠢ᠍ᠴᠡᠳ ᠳᠡᠯᠭᠡᠨ ᠦᠵᠡᠭᠦᠯᠬᠦ ᠴᠢᠬᠤᠯᠠ ᠴᠤᠩᠬᠤ ᠪᠤᠯᠬᠤ ᠶᠤᠮ᠃ ᠤᠢ᠍ᠢ᠍ᠷ᠎ᠠ ᠵᠢᠨ ᠵᠢᠯ᠎ᠳᠤ᠂ ᠦᠪᠦᠷ ᠮᠤᠩᠭᠤᠯ ᠶᠡᠷᠦᠩᠬᠡᠢ ᠱᠦᠵᠢ ᠰᠢ ᠵᠢᠨ ᠫᠢᠩ᠎ᠤᠨ 《3 ᠳ᠋ᠦᠩᠰᠢᠭᠤᠷ ᠬᠦᠮᠦᠨ᠎ᠢ ᠳᠠᠶ᠋ᠢᠴᠢᠯᠠᠨ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠳᠤ ᠤᠷᠤᠯᠴᠠᠭᠤᠯᠬᠤ》 ᠤᠷᠢᠶᠠᠯᠠᠭ᠎ᠠ ᠵᠢ ᠢᠳᠡᠪᠬᠢᠲᠡᠢ ᠴᠤᠤᠷᠢᠶᠠᠳᠤᠨ ᠳᠠᠭ᠋ᠠᠵᠤ᠂ ᠤᠯᠤᠰ᠎ᠤᠨ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠬᠦᠭᠵᠢᠯᠲᠡ ᠵᠢᠨ ᠲᠦᠯᠦᠪᠵᠢᠭᠦᠯᠭᠡ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠮᠦᠰᠦ ᠴᠠᠰᠤ᠎ᠲᠠᠢ ᠬᠤᠯᠪᠤᠬᠳᠠᠬᠰᠠᠨ ᠠᠯᠢ ᠤᠯᠠᠨ ᠠᠵᠢᠯᠯᠠᠭ᠎ᠠ ᠵᠢ ᠠᠮᠵᠢᠯᠲᠠ᠎ᠲᠠᠢ ᠶᠠᠪᠤᠬᠳᠠᠭᠤᠯᠵᠤ᠂ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠢ ᠳᠡᠯᠭᠡᠷᠡᠭᠦᠯᠬᠦ᠂ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠰᠤᠶᠤᠯ᠎ᠢ ᠬᠦᠮᠦᠵᠢᠭᠦᠯᠬᠦ ᠵᠡᠷᠭᠡ ᠲᠠᠯ᠎ᠠ᠎ᠳᠤ ᠢᠳᠡᠪᠬᠢᠲᠡᠢ ᠦᠷ᠎ᠡ ᠪᠦᠲᠦᠮᠵᠢ ᠤᠯᠵᠠᠢ᠃ 《ᠮᠦᠰᠦ ᠴᠠᠰᠤᠨ᠎ᠳᠤ ᠬᠤᠴᠢᠬᠳᠠᠬᠰᠠᠨ ᠮᠦᠩᠭᠦᠨ ᠴᠠᠭ᠋ᠠᠨ ᠳᠡᠯᠡᠬᠡᠢ ᠴᠤ᠌ ᠠᠯᠲᠠ ᠮᠦᠩᠭᠦᠨ ᠠᠭᠤᠯᠠ ᠮᠦᠨ》 ᠭᠡᠬᠦ ᠤᠢ᠍ᠢ᠍ᠯᠠᠭ᠋ᠠᠬᠳᠠᠬᠤᠨ᠎ᠢ ᠴᠢᠨᠠᠬᠰᠢᠲᠠ ᠪᠠᠬᠢᠵᠢᠭᠦᠯᠵᠦ᠂ ᠡᠪᠦᠯ᠎ᠤᠨ ᠤᠯᠠᠷᠢᠯ᠎ᠤᠨ ᠮᠦᠰᠦ ᠴᠠᠰᠤᠨ᠎ᠤ ᠵᠢᠭᠤᠯᠴᠢᠯᠠᠯ᠎ᠤᠨ ᠦᠪᠡᠷᠮᠢᠴᠡ ᠤᠨᠴᠠᠯᠢᠭ᠎ᠲᠠᠢ ᠤᠨᠴᠠᠯᠢᠬᠲᠤ ᠲᠦᠷᠦᠯ ᠵᠦᠢ᠍ᠯ᠎ᠤᠳ᠎ᠢ ᠭᠤᠤᠯᠳᠠᠯᠭ᠎ᠠ᠎ᠲᠠᠢ ᠴᠤᠬ᠍ᠴᠠᠯᠠᠨ᠂ 《ᠮᠦᠰᠦ ᠴᠠᠰᠤᠨ᠎ᠤ ᠵᠢᠭᠤᠯᠴᠢᠯᠠᠯ +》᠎ᠤᠨ ᠰᠢᠨ᠎ᠡ ᠵᠠᠬ᠍ᠪᠤᠷ ᠰᠢᠨ᠎ᠡ ᠡᠵᠡᠩᠨᠡᠯᠲᠡ ᠵᠢᠨ ᠬᠡᠯᠪᠡᠷᠢ ᠵᠢ ᠦᠷᠨᠢᠨ ᠬᠦᠭᠵᠢᠬᠦᠯᠪᠡ᠃ ᠡᠭᠦᠨ᠎ᠤ ᠬᠠᠮᠲᠤ ᠰᠤᠶᠤᠯ ᠬᠢᠬᠡᠳ ᠤᠷᠤᠯᠳᠤᠭ᠋ᠠᠨ᠎ᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ ᠦᠪᠦᠷ ᠮᠤᠩᠭᠤᠯ᠎ᠤᠨ ᠰᠤᠶᠤᠯ᠎ᠤᠨ ᠦᠪᠡᠷᠮᠢᠴᠡ ᠤᠨᠴᠠᠯᠢᠬ᠂ ᠤᠷᠤᠨ ᠪᠦᠰᠡ ᠵᠢᠨ ᠤᠨᠴᠠᠯᠢᠬ ᠪᠤᠯᠤᠨ ᠦᠨᠳᠦᠰᠦᠲᠡᠨ᠎ᠤ ᠤᠨᠴᠠᠯᠢᠬ᠎ᠢ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠳᠤ ᠠᠭᠤᠰᠬᠠᠵᠤ᠂ ᠦᠪᠦᠷ ᠮᠤᠩᠭᠤᠯ᠎ᠤᠨ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ ᠪᠤᠯᠤᠨ ᠮᠦᠰᠦ ᠴᠠᠰᠤᠨ᠎ᠤ ᠦᠢ᠍ᠯᠡᠰ᠎ᠤᠨ ᠨᠡᠩ ᠰᠠᠶ᠋ᠢᠨ ᠬᠦᠭᠵᠢᠯᠲᠡ᠎ᠳᠤ ᠬᠦᠴᠦ ᠨᠡᠮᠡᠷᠢᠯᠡᠭᠰᠡᠨ ᠠᠵᠢ᠃
    ᠮᠦᠰᠦ ᠴᠠᠰᠤᠨ᠎ᠤ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠨᠢ ᠦᠪᠡᠷ᠎ᠤᠨ ᠵᠶ᠋ᠠᠨ ᠷᠢᠲᠢ ᠰᠢᠲᠢ᠎ᠲᠠᠢ ᠪᠠᠶ᠋ᠢᠲᠠᠭ᠂ ᠲᠠᠮᠢᠷᠴᠢᠳ᠎ᠤᠨ ᠤᠷᠤᠯᠳᠤᠭ᠋ᠠᠨ᠎ᠨᠢ ᠬᠦᠮᠦᠰ᠎ᠢ ᠤᠷᠮᠠᠰᠢᠭᠤᠯᠤᠨ ᠵᠤᠷᠢᠠᠠᠵᠢᠭᠤᠯᠤᠨ᠎ᠠ᠃ ᠪᠢᠲᠠ ᠭᠤᠶ᠋ᠢᠲᠠ ᠰᠠᠶ᠋ᠢᠬᠠᠠ ᠤᠷᠤᠯᠲᠤᠭ᠋ᠠᠠ᠎ᠢ ᠰᠤᠨᠢᠷᠬᠠᠨ ᠰᠢᠯᠢᠲᠡᠭ ᠬᠢᠷᠢ ᠪᠦᠲᠦᠮᠵᠢ ᠵᠢ ᠪᠠᠭ᠍ᠠᠷᠬᠠᠵᠤ᠂ ᠤᠶᠤᠨ ᠰᠠᠨᠠᠭ᠋ᠠᠠ᠎ᠤ ᠬᠠᠪᠤ ᠴᠡᠩᠭᠡᠯ᠎ᠢ ᠡᠳ᠋ᠯᠡᠵᠤ ᠲᠠᠶ᠋ᠢᠯᠬᠦ ᠪᠦᠭᠡᠳ ᠬᠦᠮᠦᠨ᠎ᠤ ᠠᠮᠢᠲᠤᠷᠠᠯ᠎ᠤᠨ ᠰᠡᠩᠭᠡᠷᠡᠭᠦᠯᠦᠯ᠎ᠢ ᠴᠦ᠍ ᠬᠦᠷᠳᠡᠳᠡᠭ ᠶᠤᠮ᠃ ᠠᠷᠪᠠᠠ ᠲᠦᠷᠪᠡᠲᠦᠭᠡᠷ ᠬᠤᠭᠤᠴᠠᠭ᠋ᠠᠠ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠡᠮᠢᠷ᠎ᠤᠨ ᠴᠤᠭᠯᠠᠭ᠋ᠠᠠ ᠡᠬᠢᠯᠡᠬᠦ ᠪᠦᠲᠦᠨ ᠨᠢᠭᠡ ᠵᠢᠯ ᠪᠠᠶ᠋ᠢᠬᠤ ᠲᠠᠰᠢᠷᠠᠮ᠎ᠳᠤ ᠦᠪᠡᠷᠲᠡᠭᠡᠡ ᠵᠠᠰᠠᠬᠤ ᠤᠷᠤᠨ᠎ᠤ ᠬᠤᠶᠠᠲᠤᠭ᠋ᠠᠷ ᠬᠤᠭᠤᠴᠠᠭ᠋ᠠᠠ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠬᠯᠠᠭ᠋ᠠᠨ᠎ᠨᠢ ᠬᠦᠰᠡᠯ ᠵᠡᠬᠦᠲᠦ ᠵᠢ ᠡᠪᠦᠷᠯᠡᠡ ᠠᠶᠠᠯᠠᠯ ᠵᠶ᠋ᠠᠨ ᠡᠬᠢᠯᠡᠭᠦᠯᠦᠯ᠎ᠠ᠃ ᠡᠨᠡ᠎ᠨᠢ ᠲᠠᠮᠢᠷ᠎ᠤᠨ ᠴᠤᠭᠯᠠᠭ᠋ᠠᠠ᠎ᠤ ᠦᠳᠭᠡᠡ ᠵᠤᠵᠠᠭ᠋ᠠᠨ ᠠᠭᠤᠷ ᠠᠮᠢᠰᠬᠤᠯ᠎ᠢ ᠴᠢᠨᠠᠭᠰᠢᠲᠠ ᠪᠤᠢ ᠪᠤᠯᠭ᠋ᠠᠵᠦ᠂ ᠤᠯᠠᠠ ᠲᠦᠮᠡᠡ᠎ᠤ ᠰᠠᠨᠠᠭ᠋ᠠᠴᠢᠯᠠᠭ᠎ᠠ᠎ᠠᠴᠠ᠎ᠪᠠᠨ ᠤᠷᠤᠯᠴᠠᠬᠤ ᠤᠬᠠᠮᠰᠠᠷ᠎ᠢ ᠲᠡᠭᠡᠭᠰᠢᠯᠡᠭᠦᠯᠦᠨ᠂ ᠮᠦᠰᠤ ᠴᠠᠰᠤᠨ᠎ᠤ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠳᠤ ᠤᠷᠤᠯᠴᠠᠬᠤ ᠬᠦᠮᠦᠰ᠎ᠢ ᠨᠡᠮᠡᠭᠲᠡᠭᠦᠯᠵᠦ᠂ ᠡᠪᠦᠯ᠎ᠤᠨ ᠤᠯᠠᠷᠢᠯ᠎ᠤᠨ ᠲᠦᠷᠦᠯ ᠵᠦᠢ᠍ᠯ᠎ᠤᠨ ᠤᠷᠤᠯᠲᠤᠭ᠋ᠠᠠ᠎ᠤ ᠲᠦᠪᠰᠢᠨ᠎ᠢ ᠲᠡᠭᠡᠭᠰᠢᠯᠡᠭᠦᠯᠦᠨ᠂ ᠮᠦᠰᠦ ᠴᠠᠰᠤᠨ᠎ᠤ ᠠᠵᠦ ᠦᠢ᠍ᠯᠡᠰ᠎ᠤᠨ ᠬᠦᠭᠵᠢᠯᠲᠠ ᠵᠢ ᠠᠬᠢᠭᠤᠯᠬᠤ᠎ᠳᠤ ᠴᠢᠬᠤᠯᠠ ᠠᠴᠢ ᠬᠤᠯᠪᠤᠭᠲᠠᠯ᠎ᠲᠠᠢ᠃ ᠡᠨᠡ᠎ᠨᠢ ᠮᠦᠨ ᠴᠦ᠍ ᠠᠷᠪᠠᠠ ᠲᠦᠷᠪᠡᠲᠦᠭᠡᠷ ᠬᠤᠭᠤᠴᠠᠭ᠋ᠠᠠ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠠ᠎ᠤ ᠪᠡᠯᠡᠳᠭᠡᠯ ᠠᠵᠢᠯ᠂ ᠪᠤᠯᠪᠠᠰᠤᠷᠠᠯ᠎ᠤᠨ ᠲᠠᠯᠠᠪᠠᠢ ᠪᠠ ᠤᠷᠤᠯᠳᠤᠭ᠋ᠠᠨ᠎ᠤ ᠲᠠᠪᠴᠠᠩ ᠪᠤᠯᠬᠤ ᠶᠤᠮ᠃ ᠲᠤᠰ ᠬᠤᠭᠤᠴᠠᠭ᠋ᠠᠠ᠎ᠤ ᠲᠠᠮᠢᠷ᠎ᠤᠨ ᠴᠤᠬᠯᠠᠭ᠋ᠠᠨ᠎ᠢ ᠠᠮᠵᠢᠯᠲᠠ᠎ᠲᠠᠢ ᠡᠷᠬᠢᠯᠡᠬᠦ᠎ᠨᠢ ᠤᠷᠤᠨ ᠲᠠᠶᠠᠭ᠋ᠠᠷ᠎ᠤᠨ ᠮᠦᠰᠤ ᠴᠠᠰᠤᠨ᠎ᠤ ᠲᠠᠮᠢᠷ᠎ᠤᠨ ᠬᠦᠲᠡᠯᠭᠡᠭᠡᠡ᠎ᠤ ᠬᠠᠯᠠᠮᠰᠢᠯ᠎ᠢ ᠴᠢᠨᠠᠭᠰᠢᠲᠠ ᠤᠷᠮᠠᠰᠢᠭᠤᠯᠤᠨ ᠬᠦᠭᠵᠢᠭᠡᠬᠦ᠎ᠨᠢ ᠭᠠᠷᠴᠠᠭ᠎ᠠ ᠦᠬᠡᠢ᠃
    ᠭᠠᠶ᠋ᠢᠬᠠᠯᠳᠠᠢ ᠰᠠᠶ᠋ᠢᠬᠠᠠ ᠴᠠᠭ ᠮᠦᠴᠡ ᠨᠢᠭᠡᠨᠲᠡ ᠬᠦᠷᠴᠤ ᠢᠷᠡᠯ᠎ᠠ᠂ ᠬᠦᠰᠡᠯ ᠵᠡᠭᠦᠲᠦ ᠪᠤᠯᠤᠨ ᠬᠦᠰᠡᠯ ᠡᠷᠡᠮᠡᠯᠵᠡᠯ ᠬᠠᠮᠲᠤ᠎ᠳᠠᠭᠠᠨ ᠬᠦᠪᠤᠷᠡᠨ ᠪᠠᠲᠠᠷᠠᠨ᠎ᠠ᠃ ᠲᠤᠰ ᠬᠤᠭᠤᠴᠠᠭ᠋ᠠᠠ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠠ᠎ᠨᠢ ᠨᠢᠭᠡ ᠬᠤᠭᠤᠴᠠᠭ᠋ᠠᠠ᠎ᠤ ᠭᠤᠶ᠋ᠢᠲᠠ ᠰᠠᠶ᠋ᠢᠬᠠᠠ ᠠᠮᠵᠢᠯᠲᠠ ᠲᠦᠬᠦᠷᠡᠩ᠂ ᠨᠡᠭᠡᠭᠡᠯᠲᠡ᠎ᠲᠠᠢ ᠬᠠᠮᠲᠤ ᠡᠳ᠋ᠯᠡᠬᠦ᠂ ᠠᠷᠪᠢᠴᠢ ᠭᠠᠮᠲᠠᠢ ᠪᠤᠬᠢᠷᠲᠤᠯ ᠦᠭᠡᠢ ᠮᠦᠰᠦ ᠴᠠᠰᠤᠨ᠎ᠤ ᠦᠪᠡᠲᠡᠭᠰᠢ ᠴᠤᠭᠯᠠᠭ᠋ᠠᠠ ᠪᠤᠯᠬᠤ ᠵᠢ ᠪᠢᠳᠡ ᠪᠠᠳᠤ ᠢᠳᠡᠬᠡᠨ᠎ᠠ; ᠰᠢᠨ᠎ᠠ ᠴᠠᠭ ᠦᠶ᠎ᠠ ᠵᠢᠨ ᠰᠢᠨ᠎ᠠ ᠲᠦᠷᠰᠤ ᠪᠠᠶ᠋ᠢᠳᠠᠯ᠎ᠢ ᠬᠠᠷᠠᠭᠤᠯᠤᠭᠰᠠᠨ᠂ ᠦᠪᠦᠷ ᠮᠤᠩᠭᠤᠯ᠎ᠤᠨ ᠤᠨᠴᠠᠯᠢᠭ᠎ᠢ ᠬᠠᠷᠠᠭᠤᠯᠤᠭᠰᠠᠨ ᠨᠢᠭᠡ ᠬᠤᠭᠤᠴᠠᠭ᠋ᠠᠨ᠎ᠤ ᠮᠦᠰᠦ ᠴᠠᠰᠤᠨ᠎ᠤ ᠦᠪᠡᠲᠡᠭᠰᠢ ᠴᠤᠭᠯᠠᠭ᠋ᠠᠠ ᠪᠤᠯᠬᠤ ᠵᠢ ᠪᠢᠳᠡ ᠪᠠᠳᠤ ᠢᠳᠡᠬᠡᠨ᠎ᠠ᠃ ᠪᠢᠳᠡ ᠲᠤᠰ ᠬᠤᠭᠤᠴᠠᠭ᠋ᠠᠠ᠎ᠤ ᠲᠠᠮᠢᠷ᠎ᠤᠨ ᠴᠤᠭᠯᠠᠭ᠋ᠠᠠ᠎ᠢ ᠭᠤᠶ᠋ᠢᠲᠠ ᠰᠠᠶ᠋ᠢᠬᠠᠠ ᠬᠦᠭᠵᠢᠶᠠᠠᠲᠠᠢ᠂ ᠤᠷᠮ᠎ᠠ ᠵᠤᠷᠢᠭ ᠪᠠᠲᠠᠷᠠᠩᠭᠤᠢ᠂ ᠪᠤᠯᠪᠠᠰᠤᠨ ᠡ᠊ ᠡᠶ᠎ᠡ ᠵᠤᠬᠢᠴᠠᠯ᠎ᠲᠠᠢ ᠡᠷᠬᠢᠯᠡᠬᠦ ᠵᠢᠨ ᠤᠯᠠᠮ ᠵᠶ᠋ᠠᠷ ᠮᠠᠠ᠎ᠤ ᠤᠷᠤᠨ᠎ᠤ ᠮᠦᠰᠦ ᠴᠠᠰᠤᠨ᠎ᠤ ᠲᠠᠮᠢᠷ᠎ᠤᠨ ᠴᠤᠭᠯᠠᠭ᠋ᠠᠠ᠎ᠤ ᠢᠷᠠᠭᠤ ᠬᠦᠭᠵᠢᠮ᠎ᠢ ᠴᠢᠪᠬᠠᠲᠠᠵᠦ᠂ ᠮᠠᠠ᠎ᠤ ᠤᠷᠤᠨ᠎ᠤ ᠪᠡᠶ᠎ᠠ ᠵᠢᠨ ᠲᠠᠮᠢᠷ᠎ᠤᠨ ᠦᠢ᠍ᠯᠡᠰ᠎ᠤᠨ ᠴᠤ ᠰᠢᠨ᠎ᠠ ᠪᠠᠶ᠋ᠢᠲᠠᠯ᠎ᠢ ᠡᠭᠦᠳᠴᠤ᠂ ᠠᠷᠪᠠᠠ ᠲᠦᠷᠪᠡᠲᠦᠭᠡᠷ ᠬᠤᠭᠤᠴᠠᠭᠠ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠠ᠎ᠢ ᠰᠠᠶ᠋ᠢᠲᠤᠷ ᠪᠡᠯᠡᠳᠭᠡᠬᠦ᠎ᠳᠤ ᠬᠦᠴᠤᠨ ᠨᠡᠮᠡᠷᠢᠯᠡᠭᠦ ᠵᠢ ᠬᠦᠰᠡᠡ ᠬᠦᠯᠢᠶᠡᠵᠦ ᠪᠠᠶ᠋ᠢᠨ᠎ᠠ᠃
    ᠦᠪᠦᠷ ᠮᠤᠩᠭᠤᠯ᠎ᠤᠨ ᠦᠪᠡᠷᠲᠡᠭᠡᠡ ᠵᠠᠰᠠᠬᠤ ᠤᠷᠤᠨ᠎ᠤ ᠬᠤᠶᠠᠲᠤᠭ᠋ᠠᠷ ᠬᠤᠭᠤᠴᠠᠭ᠋ᠠᠠ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠠ ᠲᠡᠭᠦᠰ ᠠᠮᠵᠢᠯᠲᠠ᠎ᠲᠠᠢ ᠶᠠᠪᠤᠭᠲᠠᠬᠤ ᠵᠢ ᠵᠦᠩᠨᠡᠶ᠎ᠠ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠳᠡᠯᠡᠬᠡᠢ ᠵᠢᠨ ᠴᠡᠷᠢᠭ ᠬᠦᠮᠦᠨ᠎ᠤ ᠲᠠᠮᠢᠷ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ ᠶᠠᠪᠤᠭᠳᠠᠪᠠ
ᠠᠷᠪᠠᠨ ᠳᠦᠷᠪᠠᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠵᠢᠷᠭᠤᠭ᠋ᠠᠨ 《ᠠᠩᠬᠠᠳᠠᠬ᠍ᠴᠢ》 ᠲᠠ ᠨᠠᠷ ᠮᠡᠳᠡᠨ᠎ᠡ ᠤᠤ?
ᠳᠤᠯᠤᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠴᠡᠷᠢᠭ ᠬᠦᠮᠦᠨ᠎ᠤ ᠳᠠᠮᠢᠷ᠎ᠤᠨ ᠴᠤᠬᠯᠠᠭ᠋ᠠᠨ ᠦᠬᠠᠨ᠎ᠳᠤ ᠦᠪᠡᠳᠡᠭᠰᠢ ᠶᠡᠬᠡ᠎ᠪᠠᠷ ᠡᠬᠢᠯᠡᠪᠡ
ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠲᠤᠪᠴᠢᠶᠠᠨ ᠲᠠᠷᠤᠭ᠎ᠠ ᠵᠢᠨ ᠠᠯᠪᠠᠨ ᠠᠵᠢᠯ᠎ᠤᠨ ᠬᠤᠷᠠᠯ ᠬᠤᠷᠠᠯᠳᠤᠭᠤᠯᠵᠦ 《ᠪᠦᠬᠦ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠪᠡᠯᠡᠳᠬᠡᠯ ᠠᠵᠢᠯ᠎ᠢ ᠪᠠᠢ᠌ᠷᠢᠰᠢᠭᠤᠯᠪᠠ
ᠠᠷᠪᠠᠨ ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠳᠠᠮᠢᠷ᠎ᠤᠨ ᠴᠤᠬᠯᠠᠭ᠋ᠠᠨ ᠡᠬᠢᠯᠡᠲᠡᠯ᠎ᠡ 100 ᠡᠳᠦᠷ ᠪᠠᠶ᠋ᠢᠬᠤ ᠵᠢ ᠳᠡᠮᠳᠡᠭᠯᠡᠬᠦ ᠰᠤᠨᠢᠨ ᠮᠡᠳᠡᠭᠡ ᠨᠡᠶ᠋ᠢᠳᠡᠯᠡᠬᠦ ᠬᠤᠷᠠᠯ ᠶᠠᠪᠤᠬᠳᠠᠪᠠ
 
            