ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2020-01-11

    1 ᠰᠠᠷ᠎ᠠ ᠵᠢᠨ 7᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠬᠦᠬᠡᠬᠤᠳᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠧᠩ ᠬᠣᠩ ᠹᠠᠨ ᠤᠷᠢᠯᠭ᠎ᠠ᠎ᠪᠠᠷ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃
    ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠲᠠᠪᠤᠳᠤᠭ᠋ᠠᠷ ᠬᠤᠭᠤᠴᠠᠭ᠋ᠠᠨ᠎ᠤ ᠪᠠᠶ᠋ᠢᠩᠭᠤ ᠵᠢᠨ ᠬᠣᠷᠢᠶ᠎ᠠ ᠵᠢᠨ ᠨᠠᠶ᠋ᠢᠳᠠᠯᠭ᠎ᠠ᠎ᠪᠠᠷ᠂ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠶ ᠨᠡᠶ᠋ᠢᠭᠡᠮᠯᠢᠭ᠎ᠤᠨ ᠲᠡᠷᠢᠭᠦᠯᠡᠭᠴᠢ᠂ ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠲᠠᠪᠤᠳᠤᠭ᠋ᠠᠷ ᠬᠤᠭᠤᠴᠠᠭ᠋ᠠᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ᠎ᠤᠨ ᠳᠠᠷᠤᠭ᠎ᠠ ᠲᠠᠨ ᠵᠢᠩ ᠹᠧᠩ ᠡᠷᠭᠢᠯᠡᠪᠡ᠃
    ᠵᠧᠩ ᠬᠣᠩ ᠹᠠᠨ ᠳᠡᠳ᠋ ᠲᠡᠷᠢᠭᠦᠯᠡᠭᠴᠢ᠎ᠠᠴᠠ ᠮᠠᠨ᠎ᠤ ᠣᠷᠣᠨ ᠪᠥᠬᠥ ᠤᠯᠤᠰ᠎ᠤᠨ ᠠᠩᠬᠠᠳᠠᠭᠴᠢ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠲᠤᠷᠰᠢᠯᠲᠠ ᠵᠢᠨ ᠮᠣᠵᠢ ᠣᠷᠣᠨ ᠪᠣᠯᠤᠭᠰᠠᠨ᠎ᠤ ᠬᠤᠪᠢ᠎ᠳᠤ᠂ ᠨᠠᠮ ᠪᠠ ᠤᠯᠤᠰ᠎ᠤᠨ ᠬᠦᠰᠡᠯ ᠡᠷᠡᠮᠡᠯᠵᠡᠯ᠎ᠢ ᠡᠭᠦᠷᠭᠡᠯᠡᠵᠦ᠂ ᠢᠷᠠᠭᠤ ᠠᠯᠳᠠᠷᠲᠤ ᠤᠯᠤᠰ ᠲᠥᠷᠥ ᠵᠢᠨ ᠡᠭᠦᠷᠭᠡ ᠵᠢ ᠡᠭᠦᠷᠭᠡᠯᠡᠵᠦ ᠪᠠᠢ᠍ᠨ᠎ᠠ᠃ ᠬᠥᠯ ᠪᠥᠮᠪᠥᠭᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠥᠷᠨᠢᠭᠦᠯᠦᠭᠰᠡᠨ᠎ᠠᠴᠠ ᠨᠠᠰᠢ᠂ ᠪᠦᠬᠦ ᠣᠷᠣᠨ᠎ᠤ ᠡᠯ᠎ᠡ ᠭᠠᠵᠠᠷ᠎ᠤᠨ᠎ᠬᠢᠨ 《ᠳᠤᠮᠳᠠᠳᠤ ᠤᠯᠤᠰ᠎ᠤᠨ ᠬᠥᠯ ᠪᠥᠮᠪᠥᠭᠡ ᠵᠢᠨ ᠥᠭᠡᠷᠡᠴᠢᠯᠡᠯᠲᠡ ᠵᠢᠨ ᠶᠠᠷᠦᠩᠬᠡᠢ ᠲᠦᠰᠦᠯ》᠎ᠢ ᠨᠠᠷᠢᠨ ᠬᠢᠨᠠᠮᠠᠭ᠋ᠠᠶ ᠲᠤᠤᠱᠯᠠᠭᠤᠯᠤᠨ ᠨᠡᠢ᠌ᠳᠡᠪᠤᠷᠢᠵᠢᠭᠤᠯᠤᠨ᠂ ᠠᠯᠢ ᠣᠯᠠᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠠᠪᠴᠦ᠂ ᠨᠢᠭᠡ ᠪᠦᠯᠦᠭ ᠲᠠᠯᠠᠪᠠᠢ ᠣᠷᠳᠣᠨ᠎ᠢ ᠪᠦᠳᠦᠭᠡᠨ ᠪᠠᠢ᠌ᠭᠤᠯᠵᠦ᠂ ᠬᠤᠯᠪᠤᠭ᠋ᠠᠳᠦ ᠤᠷᠤᠯᠳᠤᠭ᠋ᠠᠨ᠎ᠤ ᠲᠣᠭᠲᠠᠴᠠ ᠵᠢᠨ ᠰᠢᠰᠲ᠋ᠧᠮ᠎ᠢ ᠪᠠᠢ᠍ᠭᠤᠯᠵᠤ᠂ ᠲᠦᠷᠭᠡᠨ ᠳᠠᠪᠰᠢᠯᠲᠠ᠎ᠲᠠᠢ ᠪᠣᠯᠪᠠ᠃ ᠭᠡᠪᠡᠴᠦ ᠥᠪᠥᠷ ᠮᠣᠩᠭᠣᠯ᠎ᠤᠨ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠵᠢ ᠠᠬᠢᠭᠤᠯᠬᠤ ᠡᠭᠦᠷᠭᠡ ᠬᠦᠨᠳᠦ ᠵᠠᠮ ᠬᠤᠯᠠ ᠪᠠᠶ᠋ᠢᠭᠰᠠᠭ᠋ᠠᠷ   ᠭᠡᠵᠦ ᠵᠢᠭ᠋ᠠᠵᠦ ᠭᠠᠷᠭ᠋ᠠᠵᠠᠢ᠃
    ᠲᠠᠨ ᠵᠢᠩ ᠹᠸᠩ ᠳ᠋ᠦᠩᠨᠡᠯᠲᠡ ᠵᠢᠨ ᠶᠠᠷᠢᠶᠠᠨ᠎ᠳᠠᠭᠠᠨ᠂ ᠣᠳᠣᠬᠠᠨ᠎ᠳᠤ ᠮᠠᠨ᠎ᠤ ᠣᠷᠣᠨ᠎ᠤ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠮᠥᠨ ᠬᠦ᠌ 《ᠲᠦᠭᠡᠮᠡᠯᠵᠢᠭᠦᠯᠬᠦ》᠎ᠠᠴᠠ 《ᠳᠡᠭᠡᠭᠰᠢᠯᠡᠭᠦᠯᠬᠦ》᠂ ᠪᠦᠳᠦᠭᠦᠯᠢᠭ ᠬᠥᠭᠵᠢᠯᠲᠡ᠎ᠠᠴᠠ ᠤᠨᠢᠨ ᠳᠡᠭᠡᠷ᠎ᠡ᠎ᠨᠢ ᠬᠥᠭᠵᠢᠭᠦᠯᠬᠦ ᠲᠡᠰᠢ ᠬᠤᠪᠢᠷᠠᠭᠤᠯᠬᠤ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠶ᠋ᠢᠨ᠎ᠠ; ᠮᠥᠨ ᠬᠦ᠌ ᠴᠢᠬᠤᠯᠠ ᠶᠡᠬᠡ ᠠᠵᠠ ᠲᠣᠬᠢᠶᠠᠯ᠎ᠢ ᠡᠵᠡᠮᠳᠡᠬᠦ ᠬᠢᠭᠡᠳ ᠬᠥᠭᠵᠢᠯᠲᠡ᠎ᠳᠤ ᠰᠢᠪᠲᠤᠯᠤᠯᠲᠠ ᠭᠠᠷᠭ᠋ᠠᠬᠤ ᠶᠠᠪᠤᠳᠠᠯ ᠵᠡᠷᠭᠡᠪᠡᠷ ᠣᠷᠣᠰᠢᠬᠤ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠶ᠋ᠢᠨ᠎ᠠ᠃ ᠡᠨᠡ ᠬᠣᠶᠠᠷ 《ᠵᠠᠩᠭᠢᠯᠠᠭ᠎ᠠ ᠵᠢᠨ ᠬᠤᠭᠤᠴᠠᠭ᠎ᠠ》 ᠵᠢ ᠰᠠᠶ᠋ᠢᠲᠤᠷ ᠡᠵᠡᠮᠳᠡᠬᠦ᠎ᠳᠤ ᠠᠯᠤᠰ ᠬᠡᠲᠦ ᠵᠢ ᠲᠥᠯᠥᠪᠵᠢᠭᠦᠯᠵᠦ᠂ ᠤᠳᠠᠭ᠋ᠠᠨ ᠳᠠᠭ᠋ᠠᠭ᠋ᠠᠮᠠᠭ᠋ᠠᠶ ᠴᠢᠷᠮᠠᠶ᠋ᠢᠬᠤ ᠬᠡᠷᠡᠭᠲᠡᠶ; ᠪᠠᠰᠠ ᠣᠳᠣᠬᠠᠨ᠎ᠤ ᠪᠠᠶ᠋ᠢᠳᠠᠯ᠎ᠳᠠᠭᠠᠨ ᠰᠠᠭᠤᠷᠢᠯᠠᠵᠤ᠂ ᠡᠷᠲᠡᠬᠡᠨ ᠦᠷ᠎ᠡ ᠪᠦᠲᠦᠮᠵᠢ ᠣᠯᠬᠤ ᠬᠡᠷᠡᠭᠲᠡᠶ ᠭᠡᠵᠡᠢ᠃


    ᠶᠡᠬᠡ ᠬᠤᠷᠠᠯ᠎ᠠᠴᠠ ᠲᠠᠪᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠠᠵᠢᠯ᠎ᠤᠨ ᠢᠯᠡᠳᠬᠡᠯ᠂ 《ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠥᠰᠦᠯ ᠪᠣᠯᠤᠨ ᠲᠠᠪᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢ ᠬᠢᠨᠠᠨ ᠵᠥᠪᠯᠡᠵᠦ ᠪᠠᠲᠤᠯᠠᠪᠠ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠳᠦᠷᠢᠮ》᠎ᠢ ᠦᠨᠳᠦᠰᠦᠯᠡᠨ᠂ ᠨᠡᠶ᠋ᠢᠭᠡᠮᠯᠢᠭ᠎ᠤᠨ ᠵᠣᠬᠢᠶᠠᠨ ᠪᠠᠢ᠍ᠭᠤᠯᠵᠤ ᠤᠳᠤᠷᠢᠳᠬᠤ ᠪᠠᠶ᠋ᠢᠭᠤᠯᠤᠮᠵᠢ ᠵᠢ ᠪᠠᠶ᠋ᠢᠩᠭᠤ ᠵᠢᠨ ᠬᠣᠷᠢᠶ᠎ᠠ ᠪᠠᠢ᠌ᠭᠰᠠᠨ᠎ᠠᠴᠠ ᠭᠦᠢ᠍ᠴᠡᠳᠬᠡᠬᠦ ᠵᠥᠪᠯᠡᠯ ᠪᠣᠯᠭ᠋ᠠᠨ ᠲᠣᠬᠢᠷᠠᠭᠤᠯᠪᠠ᠃ ᠶᠡᠬᠡ ᠬᠤᠷᠠᠯ᠎ᠠᠴᠠ ᠯᠢᠦ ᠵᠢᠶᠦ᠋ᠨ ᠴᠢᠩ᠎ᠢ ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠵᠢᠷᠭᠤᠳᠤᠭ᠋ᠠᠷ ᠬᠤᠭᠤᠴᠠᠭ᠋ᠠᠨ᠎ᠤ ᠭᠦᠢ᠍ᠴᠡᠳᠬᠡᠬᠦ ᠵᠥᠪᠯᠡᠯ᠎ᠤᠨ ᠲᠡᠷᠢᠭᠦᠯᠡᠭᠴᠢ᠎ᠪᠠᠷ ᠰᠣᠩᠭᠣᠵᠤ᠂ ᠦ᠋ ᠭᠠᠩ᠂ ᠶᠠᠩ ᠮᠤᠤ ᠱᠧᠩ᠂ ᠯᠢᠶᠠᠩ ᠳ᠋ᠦᠩ᠂ ᠭᠤᠤ ᠬᠣᠩ ᠭᠦᠢ᠍ᠴᠡᠳᠬᠡᠬᠦ ᠵᠥᠪᠯᠡᠯ᠎ᠤᠨ ᠳᠡᠳ᠋ ᠲᠡᠷᠢᠭᠦᠯᠡᠭᠴᠢ᠎ᠪᠠᠷ ᠰᠣᠩᠭᠣᠭᠳᠠᠪᠠ᠃
    ᠬᠤᠷᠠᠯ ᠳᠡᠭᠡᠷ᠎ᠡ᠂ ᠯᠢᠦ ᠵᠢᠶᠦ᠋ᠨ ᠴᠢᠩ᠎ᠠᠴᠠ ᠨᠠᠩ ᠣᠯᠠᠨ ᠬᠥᠯ ᠪᠦᠮᠪᠤᠭᠡ ᠵᠢᠨ ᠬᠦᠮᠦᠰ᠎ᠢ ᠪᠦᠯᠬᠦᠮᠳᠡᠭᠦᠯᠵᠦ ᠥᠪᠥᠷ ᠮᠣᠩᠭᠣᠯ᠎ᠤᠨ ᠬᠥᠯ ᠪᠥᠮᠪᠥᠭᠡ ᠵᠢᠨ ᠬᠥᠭᠵᠢᠯᠲᠡ ᠵᠢᠨ ᠲᠥᠯᠥᠭᠡ ᠬᠠᠮᠲᠤ᠎ᠪᠠᠷ ᠴᠢᠷᠮᠠᠢ᠌ᠵᠦ᠂ ᠨᠠᠩ ᠣᠯᠠᠨ ᠨᠡᠢ᠌ᠭᠡᠮ᠎ᠤᠨ ᠬᠦᠴᠦᠨ᠎ᠢ ᠨᠢᠭᠲᠠᠷᠠᠭᠤᠯᠵᠤ ᠥᠪᠥᠷ ᠮᠣᠩᠭᠣᠯ᠎ᠤᠨ ᠬᠥᠯ ᠪᠥᠮᠪᠥᠭᠡ ᠵᠢᠨ ᠬᠥᠭᠵᠢᠯᠲᠡ ᠵᠢᠨ ᠲᠥᠯᠥᠭᠡ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠨ᠎ᠠ᠃ ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ ᠨᠠᠩ ᠨᠡᠭᠡᠭᠡᠯᠲᠡ᠎ᠲᠠᠢ ᠪᠣᠯᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠳᠤ ᠭᠦᠢ᠍ᠴᠡᠳ ᠲᠦᠰᠢᠭᠯᠡᠨ᠂ ᠡᠯ᠎ᠡ ᠱᠠᠲᠤᠨ᠎ᠤ ᠬᠥᠯ ᠪᠥᠮᠪᠥᠭᠡ ᠵᠢᠨ ᠨᠡᠶ᠋ᠢᠭᠡᠮᠯᠢᠭ᠎ᠢ ᠭᠦᠢ᠍ᠴᠡᠳ ᠳᠠᠮᠵᠢᠵᠤ᠂ ᠡᠯ᠎ᠡ ᠱᠠᠲᠤᠨ᠎ᠤ ᠺᠯᠦ᠋ᠪ᠎ᠲᠤ ᠭᠦᠢ᠍ᠴᠡᠳ ᠦᠢ᠍ᠯᠡᠴᠢᠯᠡᠵᠦ᠂ ᠠᠷᠠᠳ᠎ᠤᠨ ᠬᠥᠯ ᠪᠥᠮᠪᠥᠭᠡ ᠵᠢᠨ ᠰᠠᠶ᠋ᠢᠨ ᠰᠠᠢ᠍ᠬᠠᠨ ᠬᠥᠭᠵᠢᠯᠲᠡ ᠵᠢᠨ ᠠᠭᠤᠷ ᠠᠮᠢᠰᠬᠤᠯ᠎ᠢ ᠪᠣᠶ ᠪᠣᠯᠭ᠋ᠠᠨ᠎ᠠ ᠭᠡᠵᠦ ᠢᠯᠡᠷᠬᠡᠢ᠌ᠯᠡᠵᠡᠢ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠤᠪᠴᠢᠶᠠᠨ ᠲᠠᠷᠤᠭ᠎ᠠ ᠲᠠᠨ ᠵᠢᠩ ᠹᠸᠩ ᠲᠤᠪᠴᠢᠶᠠᠨ ᠲᠠᠷᠤᠭ᠎ᠠ ᠵᠢᠨ ᠠᠯᠪᠠᠨ ᠭᠡᠷ᠎ᠤᠨ ᠬᠤᠷᠠᠯ ᠡᠷᠬᠢᠯᠡᠨ ᠬᠤᠷᠠᠯᠳᠤᠭᠤᠯᠪᠠ
ᠦᠪᠦᠷ ᠮᠤᠩᠭᠤᠯ᠎ᠤᠨ ᠲᠠᠮᠢᠷᠴᠢᠨ ᠯᠢ ᠴᠢᠶᠠᠨ ᠲᠤᠤᠺᠢᠤ᠋ ᠵᠢᠨ ᠤᠯᠢᠮᠫᠢᠺ᠎ᠤᠨ ᠴᠤᠭᠯᠠᠭ᠋ᠠᠨ᠎ᠳᠤ ᠤᠷᠤᠯᠴᠠᠬᠤ ᠡᠷᠬᠡ ᠵᠢ ᠤᠯᠤᠯ᠎ᠠ
ᠲᠠᠮᠢᠷ᠎ᠤᠨ ᠱᠠᠩᠨᠠᠯᠳᠦ ᠰᠤᠭᠤᠯᠤᠭ᠎ᠠ ᠵᠢᠨ ᠬᠠᠮᠢᠶᠠᠷᠤᠯᠳᠠ ᠵᠢᠨ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠲᠠᠨ᠎ᠤ ᠨᠡᠢ᠌ᠭᠡᠮᠯᠢᠭ᠎ᠲᠤ ᠮᠥᠩᠭᠥ ᠬᠠᠨᠳᠢᠪᠯᠠᠵᠤ ᠬᠢᠵᠢᠭ᠎ᠢ ᠡᠰᠡᠷᠭᠦᠴᠡᠬᠦ᠎ᠳᠤ ᠲᠤᠰᠠᠯᠠᠪᠠ
ᠲᠠᠨ ᠵᠢᠩ ᠹᠧᠩ ᠲᠣᠪᠴᠢᠶᠠᠨ ᠳᠠᠷᠤᠭ᠎ᠠ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠠᠵᠢᠯ ᠵᠶ᠋ᠠᠨ ᠰᠡᠷᠭᠦᠭᠡᠵᠦ ᠪᠠᠢ᠌ᠭ᠎ᠠ ᠪᠠᠢ᠌ᠳᠠᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠬᠤᠶ᠋ᠢᠰᠢᠯᠠᠭᠤᠯᠤᠨ ᠡᠷᠭᠢᠯᠡᠨ᠎ᠡ
 
            