ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠰᠢᠨ᠎ᠡ ᠤᠨ᠎ᠳᠠᠭᠠᠨ ᠦᠨᠳᠦᠷ᠎ᠲᠤ ᠠᠪᠠᠷᠢᠵᠦ ᠪᠠᠶ᠎ᠡ ᠮᠠᠬᠠᠪᠤᠳ ᠵᠶ᠋ᠠᠨ ᠴᠢᠬᠢᠷᠠᠭᠵᠢᠭᠤᠯᠤᠨᠡᠮ
ᠨᠡᠶ᠋ᠢᠲᠡᠯᠡᠭᠰᠡᠨ ᠴᠠᠭ᠄ 2020-01-06

    1 ᠰᠠᠷ᠎ᠠ ᠵᠢᠨ 1᠎ᠤ ᠡᠳᠦᠷ᠂ 2020 ᠣᠨ᠎ᠤ ᠪᠥᠬᠥ ᠤᠯᠤᠰ᠎ᠤᠨ ᠰᠢᠨ᠎ᠡ ᠤᠨ᠎ᠳᠤ ᠥᠨᠳᠥᠷ᠎ᠲᠤ ᠠᠪᠠᠷᠢᠬᠤ ᠪᠡᠶ᠎ᠡ ᠴᠢᠬᠢᠷᠠᠭᠵᠢᠭᠤᠯᠬᠤ ᠶᠡᠬᠡ ᠬᠤᠷᠠᠯ᠎ᠤᠨ ᠥᠪᠥᠷ ᠮᠣᠩᠭᠣᠯ᠎ᠤᠨ ᠭᠣᠤᠯ ᠬᠤᠷᠠᠯ᠎ᠤᠨ ᠲᠠᠯᠠᠪᠠᠶ ᠵᠢᠴᠢ ᠬᠥᠬᠡᠬᠣᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠡᠭᠴᠡ   ᠮᠠᠷᠠᠽᠤᠨ᠎ᠤ ᠢᠯᠡ ᠤᠷᠤᠯᠳᠤᠭ᠋ᠠᠨ ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶᠠᠨ ᠳᠠᠷᠤᠭ᠎ᠠ ᠲᠠᠨ ᠵᠢᠩ ᠹᠧᠩ ᠤᠷᠤᠯᠳᠤᠭ᠋ᠠᠨ ᠡᠬᠢᠯᠡᠭᠰᠡᠨ᠎ᠢ ᠵᠠᠷᠯᠠᠪᠠ᠃
     ᠰᠢᠨ᠎ᠡ ᠤᠨ᠎ᠳᠤ ᠥᠨᠳᠥᠷ᠎ᠲᠤ ᠮᠠᠴᠤᠬᠤ ᠠᠵᠢᠯᠯᠠᠭ᠎ᠠ ᠪᠣᠯ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠤᠪᠴᠢᠶ᠎ᠠ ᠵᠢᠨ ᠰᠠᠨᠠᠭ᠋ᠠᠴᠢᠯᠠᠭᠰᠠᠨ ᠤᠯᠠᠮᠵᠢᠯᠠᠯᠲᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠨᠦᠯᠦᠭᠡ ᠪᠦᠬᠦᠢ ᠠᠵᠢᠯᠯᠠᠭ᠎ᠠ ᠮᠥᠨ᠂ 20 ᠭᠠᠷᠤᠶ ᠵᠢᠯ᠎ᠤᠨ ᠲᠡᠤᠬᠡ᠎ᠲᠠᠢ ᠪᠤᠯᠵᠦ᠂ ᠨᠢᠭᠡᠨᠲᠡ ᠡᠯ᠎ᠡ ᠭᠠᠵᠠᠷ᠎ᠤᠨ ᠨᠢᠭᠡ ᠵᠦᠢ᠍ᠯ᠎ᠤᠨ ᠰᠢᠨ᠎ᠡ ᠤᠨ ᠵᠶ᠋ᠠᠨ ᠪᠠᠶᠠᠷᠯᠠᠨ ᠪᠡᠯᠭᠡᠯᠡᠬᠦ ᠠᠷᠭ᠎ᠠ ᠬᠡᠯᠪᠡᠷᠢ ᠪᠣᠯᠤᠭᠰᠠᠨ ᠪᠠᠶ᠋ᠢᠨ᠎ᠠ᠃ ᠲᠣᠰ ᠤᠳᠠᠭ᠋ᠠᠨ᠎ᠤ ᠰᠢᠨ᠎ᠡ ᠵᠢᠯ᠎ᠤᠨ ᠥᠨᠳᠥᠷ᠎ᠲᠤ ᠠᠪᠠᠷᠢᠬᠤ ᠠᠵᠢᠯᠯᠠᠭ᠎ᠠ ᠵᠢ 《ᠡᠭᠴᠡ ᠮᠠᠷᠠᠽᠤᠨ》 ᠬᠡᠯᠪᠡᠷᠢ᠎ᠪᠠᠷ ᠦᠷᠨᠢᠭᠦᠯᠪᠡ᠃ ᠤᠷᠤᠯᠳᠤᠭ᠋ᠠᠨ᠎ᠳᠤ ᠡᠷᠡᠭᠲᠡᠶ ᠵᠢᠨ ᠬᠤᠪᠢ ᠬᠥᠮᠦᠨ᠎ᠤ ᠤᠷᠤᠯᠳᠤᠭ᠋ᠠᠨ ᠪᠠ ᠡᠮᠡᠭᠲᠡᠶ ᠵᠢᠨ ᠬᠤᠪᠢ ᠬᠥᠮᠦᠨ᠎ᠤ ᠤᠷᠤᠯᠳᠤᠭ᠋ᠠᠨ ᠲᠣᠬᠢᠷᠠᠭᠤᠯᠵᠤ᠂ ᠳᠤᠭᠤᠶ᠋ᠢᠯᠠᠩ ᠪᠦᠷᠢ᠎ᠳᠤ ᠲᠦᠷᠦᠭᠦᠦ ᠨᠠᠢ᠍ᠮᠠᠨ ᠨᠡᠷᠡᠰ᠎ᠢ ᠲᠤᠳᠤᠷᠠᠭᠤᠯᠤᠭᠰᠠᠨ ᠪᠥᠭᠡᠳ   ᠪᠡᠯᠡᠨ ᠮᠦᠩᠭᠦᠨ᠎ᠤ ᠱᠠᠩᠨᠠᠯ ᠣᠯᠭᠣᠵᠤ᠂ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 300 ᠲᠠᠮᠢᠷᠴᠢᠨ ᠤᠷᠤᠯᠳᠤᠭ᠋ᠠᠨ᠎ᠳᠤ ᠤᠷᠤᠯᠴᠠᠪᠠ᠃
    ᠲᠣᠰ ᠤᠳᠠᠭ᠋ᠠᠨ᠎ᠤ ᠠᠵᠢᠯᠯᠠᠭ᠎ᠠ ᠵᠢ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠭᠣᠤᠯᠯᠠᠨ ᠡᠷᠭᠢᠯᠡᠵᠦ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠠᠭᠤᠯᠠ ᠠᠪᠠᠷᠢᠬᠤ ᠰᠫᠤᠷᠲ᠎ᠤᠨ ᠬᠠᠮᠢᠶᠠᠷᠤᠯᠳᠠ ᠵᠢᠨ ᠲᠥᠪ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠪᠡᠶ᠎ᠡ ᠵᠢᠨ ᠲᠠᠮᠢᠷ ᠵᠢᠨ ᠱᠠᠩᠨᠠᠯᠳᠦ ᠰᠤᠭᠤᠯᠤᠭ᠎ᠠ ᠵᠢᠨ ᠬᠠᠮᠢᠶᠠᠷᠤᠯᠲᠠ ᠵᠢᠨ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠤᠪᠴᠢᠶ᠎ᠠ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ ᠲᠠᠭ᠋ᠠᠭ᠋ᠠᠴᠢᠯᠠᠨ ᠡᠷᠬᠢᠯᠡᠪᠡ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
2020 ᠤᠨ᠎ᠤ ᠪᠦᠬᠦ ᠤᠷᠤᠨ᠎ᠤ ᠲᠠᠮᠢᠷ᠎ᠤᠨ ᠠᠵᠢᠯ᠎ᠤᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠬᠤᠷᠠᠯᠳᠤᠪᠠ
ᠲᠤᠪᠴᠢᠶᠠᠨ ᠲᠠᠷᠤᠭ᠎ᠠ ᠲᠠᠨ ᠵᠢᠩ ᠹᠸᠩ ᠲᠤᠪᠴᠢᠶᠠᠨ ᠲᠠᠷᠤᠭ᠎ᠠ ᠵᠢᠨ ᠠᠯᠪᠠᠨ ᠭᠡᠷ᠎ᠤᠨ ᠬᠤᠷᠠᠯ ᠡᠷᠬᠢᠯᠡᠨ ᠬᠤᠷᠠᠯᠳᠤᠭᠤᠯᠪᠠ
ᠦᠪᠦᠷ ᠮᠤᠩᠭᠤᠯ᠎ᠤᠨ ᠲᠠᠮᠢᠷᠴᠢᠨ ᠯᠢ ᠴᠢᠶᠠᠨ ᠲᠤᠤᠺᠢᠤ᠋ ᠵᠢᠨ ᠤᠯᠢᠮᠫᠢᠺ᠎ᠤᠨ ᠴᠤᠭᠯᠠᠭ᠋ᠠᠨ᠎ᠳᠤ ᠤᠷᠤᠯᠴᠠᠬᠤ ᠡᠷᠬᠡ ᠵᠢ ᠤᠯᠤᠯ᠎ᠠ
ᠲᠠᠮᠢᠷ᠎ᠤᠨ ᠱᠠᠩᠨᠠᠯᠳᠦ ᠰᠤᠭᠤᠯᠤᠭ᠎ᠠ ᠵᠢᠨ ᠬᠠᠮᠢᠶᠠᠷᠤᠯᠳᠠ ᠵᠢᠨ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠲᠠᠨ᠎ᠤ ᠨᠡᠢ᠌ᠭᠡᠮᠯᠢᠭ᠎ᠲᠤ ᠮᠥᠩᠭᠥ ᠬᠠᠨᠳᠢᠪᠯᠠᠵᠤ ᠬᠢᠵᠢᠭ᠎ᠢ ᠡᠰᠡᠷᠭᠦᠴᠡᠬᠦ᠎ᠳᠤ ᠲᠤᠰᠠᠯᠠᠪᠠ
 
            