ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2020 ᠤᠨ᠎ᠤ ᠪᠦᠬᠦ ᠤᠷᠤᠨ᠎ᠤ ᠲᠠᠮᠢᠷ᠎ᠤᠨ ᠠᠵᠢᠯ᠎ᠤᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2020-01-08

    1 ᠰᠠᠷ᠎ᠠ ᠵᠢᠨ 6᠎ᠤ ᠡᠳᠦᠷ᠂ 2020᠎ᠤᠨ ᠪᠥᠬᠥ ᠣᠷᠣᠨ᠎ᠤ ᠲᠠᠮᠢᠷ᠎ᠤᠨ ᠠᠵᠢᠯ᠎ᠤᠨ ᠬᠤᠷᠠᠯ ᠬᠦᠬᠡᠬᠤᠳᠠ᠎ᠳᠤ ᠬᠤᠷᠠᠯᠳᠤᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ ᠲᠠᠨ ᠵᠢᠩ ᠹᠸᠩ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠶ᠎ᠡ》 ᠭᠡᠬᠦ ᠭᠣᠤᠯ ᠰᠡᠳᠦᠪᠳᠦ ᠶᠠᠷᠢᠶ᠎ᠡ᠎ᠪᠠᠷ 2019᠎ᠤᠨ ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠠᠵᠢᠯ᠎ᠢ ᠰᠢᠰᠲ᠋ᠧᠮ᠎ᠲᠠᠢ ᠡᠷᠭᠢᠴᠡᠭᠦᠯᠦᠨ ᠳ᠋ᠦᠩᠨᠡᠭᠰᠡᠨ ᠪᠥᠭᠡᠳ 2020 ᠤᠨ᠎ᠤ ᠭᠣᠤᠯᠳᠠᠯᠭ᠎ᠠ᠎ᠲᠠᠢ ᠠᠵᠢᠯ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠵᠡᠶ᠃


    ᠬᠤᠷᠠᠯ᠎ᠳᠤ ᠲᠤᠷᠠᠳᠤᠬᠤ᠎ᠳᠠᠭᠠᠨ᠂ 2019 ᠣᠨ᠎ᠳᠤ ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠰᠢᠰᠲ᠋ᠧᠮ ᠳᠠᠪᠠᠭᠤᠯᠢᠭ ᠵᠶ᠋ᠠᠨ   ᠪᠠᠳᠠᠷᠠᠭᠤᠯᠵᠦ᠂ ᠲᠤᠳᠠᠭᠳᠠᠯ ᠵᠶ᠋ᠠᠨ ᠨᠥᠬᠥᠪᠥᠷᠢᠯᠡᠵᠦ᠂ ᠶᠠᠰᠤ ᠴᠢᠨᠠᠷ ᠵᠶ᠋ᠠᠨ ᠳᠡᠭᠡᠭᠰᠢᠯᠡᠭᠦᠯᠵᠦ᠂ ᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠡᠯ᠎ᠡ ᠵᠦᠢ᠍ᠯ᠎ᠤᠨ ᠠᠵᠢᠯ ᠲᠦᠷᠭᠡᠨ ᠳᠠᠪᠰᠢᠯᠲᠠ᠎ᠲᠠᠢ ᠪᠣᠯᠵᠤ᠂ ᠪᠡᠶ᠎ᠡ ᠵᠢᠨ ᠲᠠᠮᠢᠷ ᠠᠭ᠋ᠠᠵᠢᠮ ᠵᠶ᠋ᠠᠷ ᠭᠠᠵᠠᠷ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠦᠢ᠍ᠯᠡᠰ ᠪᠣᠯᠵᠤ᠂ ᠣᠯᠠᠨ ᠲᠦᠮᠡᠨ᠎ᠤ ᠡᠷᠡᠭᠦᠯ ᠠᠮᠢᠳᠤᠷᠠᠯ᠎ᠤᠨ ᠵᠦᠭᠯᠡᠭᠦᠷ ᠪᠣᠯᠵᠠᠶ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠥᠨᠳᠥᠷ ᠦᠷ᠎ᠡ ᠪᠦᠲᠦᠮᠵᠢ᠎ᠲᠠᠢ᠎ᠪᠠᠷ ᠠᠬᠢᠭᠤᠯᠵᠤ᠂ ᠪᠥᠬᠥ ᠣᠷᠣᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠨᠢᠭᠡᠨᠲᠡ ᠶᠠᠪᠤᠭᠳᠠᠭᠰᠠᠨ 9 ᠲᠥᠷᠥᠯ᠎ᠤᠨ ᠤᠷᠤᠯᠳᠤᠭ᠋ᠠᠨ᠎ᠳᠤ᠂ ᠮᠠᠨ᠎ᠤ ᠣᠷᠣᠨ᠎ᠤ ᠲᠥᠯᠥᠭᠡᠯᠡᠭᠴᠢᠳ᠎ᠤᠨ ᠪᠦᠯᠬᠦᠮ 8 ᠠᠯᠲᠠᠨ ᠮᠧᠳᠠᠯ 10 ᠮᠥᠩᠭᠥᠨ ᠮᠧᠳᠠᠯ 9 ᠬᠦᠷᠡᠯ ᠮᠧᠳᠠᠯ ᠣᠯᠪᠠ᠃ ᠣᠳᠣᠬᠠᠨ᠎ᠳᠤ ᠮᠠᠨ᠎ᠤ ᠣᠷᠣᠨ᠎ᠳᠤ ᠨᠡᠶ᠋ᠢᠲᠡ 61 ᠮᠥᠰᠥ ᠴᠠᠰᠤᠨ᠎ᠤ ᠲᠠᠯᠠᠪᠠᠢ᠎ᠲᠠᠢ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠰᠠᠨ ᠬᠥᠮᠦᠨ᠎ᠤ ᠲᠣᠭ᠎ᠠ 300 ᠲᠦᠮᠡ ᠵᠢ ᠳᠠᠪᠠᠪᠠ᠃ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 40 ᠪᠠᠭ ᠲᠣᠮᠢᠯᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠣᠯᠴᠠᠭᠤᠯᠵᠤ᠂ 4 ᠠᠯᠲᠠᠨ ᠮᠧᠳᠠᠯ 2 ᠮᠥᠩᠭᠥᠨ ᠮᠧᠳᠠᠯ 2 ᠬᠦᠷᠡᠯ ᠮᠧᠳᠠᠯ᠎ᠤᠨ ᠰᠢᠯᠢᠳᠡᠭ ᠬᠢᠷᠢ ᠪᠦᠲᠦᠮᠵᠢ ᠣᠯᠵᠤ᠂ ᠬᠥᠯ ᠪᠥᠮᠪᠥᠭᠡ ᠵᠢᠨ ᠲᠥᠷᠥᠯ ᠵᠦᠢ᠍ᠯ᠎ᠤᠨ ᠪᠥᠬᠥ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠶ ᠤᠷᠤᠯᠳᠤᠭ᠋ᠠᠨ᠎ᠳᠤ ᠱᠠᠩᠨᠠᠯ᠎ᠤᠨ ᠮᠧᠳᠠᠯ᠂ ᠠᠯᠲᠠᠨ ᠮᠧᠳᠠᠯ ᠦᠭᠡᠢ ᠪᠠᠢ᠌ᠭᠰᠠᠨ ᠬᠤᠭᠤᠰᠤᠨ᠎ᠢ ᠨᠦᠬᠦᠪᠦᠷᠢᠯᠡᠪᠡ᠃ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠢ᠍ᠢ᠍ᠲᠡ ᠵᠢᠨ ᠦᠨᠳᠦᠰᠦᠨ ᠦᠢ᠍ᠯᠡᠴᠢᠯᠡᠭᠡᠨ᠎ᠤ ᠰᠢᠰᠲᠸᠮ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠤᠳᠤᠷᠢᠳᠬᠤ ᠪᠠᠶ᠋ᠢᠭᠤᠯᠤᠮᠵᠢ ᠵᠢᠨ ᠭᠤᠷᠪᠠᠨ ᠳᠡᠰ (ᠥᠪᠡᠷᠲᠡᠭᠡᠨ ᠵᠠᠰᠠᠬᠤ ᠣᠷᠣᠨ — ᠠᠶ᠋ᠢᠮᠠᠭ ᠬᠣᠲᠠ — ᠬᠣᠰᠢᠭᠤ ᠰᠢᠶᠠᠨ)᠎ᠢ ᠪᠦᠷᠢᠨ ᠪᠦᠷᠬᠦᠭᠦᠯᠬᠦ ᠵᠢ ᠪᠡᠶᠡᠯᠡᠭᠦᠯᠪᠡ᠃ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠣᠭᠴᠢ 3000 ᠭᠠᠷᠤᠶ ᠬᠥᠮᠦᠨ ᠰᠢᠨ᠎ᠡ᠎ᠪᠠᠷ ᠨᠡᠮᠡᠭᠳᠡᠵᠦ᠂ ᠣᠯᠠᠨ ᠲᠦᠮᠡᠨ᠎ᠤ ᠲᠤᠮᠳᠠᠬᠢ ᠪᠡᠶ᠎ᠡ ᠴᠢᠭᠢᠷᠠᠭᠵᠢᠭᠤᠯᠬᠤ ᠵᠢᠯᠣᠭᠣᠳᠣᠯᠭ᠎ᠠ ᠲᠠᠰᠤᠷᠠᠯᠲᠠ ᠥᠬᠡᠶ ᠴᠢᠩᠭ᠋ᠠᠷᠠᠪᠠ᠃ 2019 ᠣᠨ᠎ᠳᠤ ᠮᠠᠨ᠎ᠤ ᠣᠷᠣᠨ᠎ᠤ ᠰᠢᠯᠢᠳᠡᠭ ᠲᠠᠮᠢᠷᠴᠢᠳ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠴᠢᠬᠤᠯᠠ ᠶᠡᠬᠡ ᠤᠷᠤᠯᠳᠤᠭ᠋ᠠᠨ᠎ᠳᠤ 116 ᠠᠯᠲᠠᠨ ᠮᠧᠳᠠᠯ᠂ 119 ᠮᠥᠩᠭᠥᠨ ᠮᠧᠳᠠᠯ᠂ 168 ᠬᠦᠷᠡᠯ ᠮᠧᠳᠠᠯ ᠤᠯᠪᠠ᠃ ᠵᠢᠯ᠎ᠤᠨ ᠳᠣᠲᠣᠷ᠎ᠠ᠂ ᠮᠠᠨ᠎ᠤ ᠣᠷᠣᠨ 2019 ᠤᠨ᠎ᠳᠤ ᠳᠡᠯᠡᠬᠡᠶ ᠵᠢᠨ ᠵᠢᠦᠳᠣᠣ ᠵᠢᠨ ᠶᠡᠬᠡ ᠱᠠᠩᠨᠠᠯᠲᠤ ᠤᠷᠤᠯᠳᠤᠭ᠋ᠠᠨ᠂ A T P ᠣᠯᠠᠨ ᠤᠯᠤᠰ᠎ᠤᠨ ᠡᠷᠡᠭᠲᠡᠶ ᠵᠢᠨ ᠲᠣᠤᠷ ᠪᠥᠮᠪᠥᠭᠡ ᠵᠢᠨ ᠥᠷᠢᠰᠥᠯᠳᠦᠭᠡᠨ᠎ᠤ ᠤᠷᠤᠯᠳᠤᠭ᠋ᠠᠨ᠂ ᠪᠥᠬᠥ ᠤᠯᠤᠰ᠎ᠤᠨ ᠤᠰᠤᠨ ᠪᠥᠮᠪᠥᠭᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ ᠵᠡᠷᠭᠡ ᠴᠢᠬᠤᠯᠠ ᠶᠡᠬᠡ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠲᠣᠮᠣ ᠤᠷᠤᠯᠳᠤᠭ᠋ᠠᠨ ᠵᠡᠷᠭᠡ ᠵᠢ ᠠᠮᠵᠢᠯᠲᠠ᠎ᠲᠠᠢ ᠡᠷᠬᠢᠯᠡᠵᠦ᠂ ᠭᠠᠵᠠᠷ ᠣᠷᠣᠨ᠎ᠤ ᠨᠥᠯᠥᠭᠡᠯᠡᠬᠦ ᠬᠦᠴᠦᠨ᠎ᠢ ᠥᠷᠭᠡᠳᠬᠡᠪᠡ᠃ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠦᠷ᠎ᠡ ᠠᠰᠢᠭ ᠡᠳᠦᠷ ᠢᠷᠡᠬᠦᠶ᠎ᠡ ᠮᠠᠭᠤᠳᠠᠵᠤ᠂ ᠪᠡᠶ᠎ᠡ ᠵᠢᠨ ᠲᠠᠮᠢᠷ ᠬᠢᠭᠡᠳ ᠰᠣᠶᠣᠯ᠂ ᠵᠢᠭᠤᠯᠴᠢᠯᠠᠯ ᠲᠠᠰᠤᠷᠠᠯᠲᠠ ᠥᠬᠡᠶ ᠠᠭᠤᠰᠤᠯᠳᠤᠨ ᠬᠥᠭᠵᠢᠵᠦ᠂ ᠪᠥᠬᠥ ᠣᠷᠣᠨ᠎ᠤ ᠪᠡᠶ᠎ᠡ ᠵᠢᠨ ᠱᠠᠩᠨᠠᠯᠳᠦ ᠰᠤᠭᠤᠯᠤᠭ᠎ᠠ ᠵᠢᠨ ᠪᠤᠷᠤᠯᠠᠭᠤᠯᠭ᠎ᠠ 59.29 ᠳ᠋ᠦᠩᠰᠢᠭᠤᠷ ᠲᠥᠭᠥᠷᠢᠭ᠎ᠲᠤ ᠬᠦᠷᠴᠦ᠂ 14.71 ᠳ᠋ᠦᠩᠰᠢᠭᠤᠷ ᠲᠥᠭᠥᠷᠢᠭ᠎ᠤᠨ ᠨᠡᠢ᠍ᠢ᠍ᠲᠡ ᠵᠢᠨ ᠠᠰᠠᠷᠠᠮᠵᠢ ᠵᠢᠨ ᠮᠥᠩᠭᠥ ᠴᠤᠭᠯᠠᠭᠤᠯᠵᠤ᠂   ᠪᠦᠬᠦᠢ᠌ᠯᠡ ᠪᠤᠷᠤᠯᠠᠭᠤᠯᠤᠯᠳᠠ ᠵᠢᠨ ᠬᠡᠮᠵᠢᠶ᠎ᠡ ᠪᠥᠬᠥ ᠤᠯᠤᠰ᠎ᠲᠤ 15 ᠳ᠋ᠤᠭ᠋ᠠᠷ᠎ᠲᠤ ᠵᠢᠭᠰᠠᠭ᠋ᠠᠭᠳᠠᠵᠤ᠂ ᠲᠦᠷᠦᠭᠦᠤ ᠵᠢᠯ᠎ᠤᠨ᠎ᠬᠢ᠎ᠠᠴᠠ 2   ᠨᠡᠷ᠎ᠡ ᠲᠠᠪᠰᠢᠪᠡ᠃
    ᠬᠤᠷᠠᠯ᠎ᠠᠴᠠ᠂ 2020 ᠤᠨ ᠪᠣᠯ ᠴᠢᠨᠡᠭᠡᠯᠢᠭ ᠨᠡᠶ᠋ᠢᠭᠡᠮ᠎ᠳᠤ ᠪᠦᠬᠦ ᠲᠠᠯ᠎ᠠ᠎ᠪᠠᠷ ᠲᠡᠪᠰᠢᠬᠤ ᠰᠢᠢ᠍ᠳᠪᠦᠷᠢᠳᠦ ᠢᠯᠠᠯᠲᠠ ᠵᠢ ᠣᠯᠬᠤ   ᠡᠴᠦᠰ᠎ᠤᠨ ᠵᠢᠯ ᠪᠣᠯᠤᠨ᠎ᠠ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢ ᠲᠥᠯᠥᠪᠵᠢᠭᠦᠯᠬᠦ ᠵᠠᠩᠭᠢᠯᠠᠭ᠎ᠠ ᠵᠢᠨ ᠵᠢᠯ ᠪᠣᠯᠤᠨ᠎ᠠ᠂ ᠡᠨᠡ ᠵᠢᠯ᠎ᠤᠨ ᠠᠵᠢᠯ᠎ᠢ ᠰᠠᠶ᠋ᠢᠲᠤᠷ ᠬᠢᠬᠦ᠎ᠨᠢ ᠴᠢᠬᠤᠯᠠ ᠠᠴᠢ ᠬᠣᠯᠪᠣᠭᠳᠠᠯ᠎ᠲᠠᠢ ᠶᠤᠮ᠂ 2020 ᠤᠨ᠎ᠳᠤ ᠪᠥᠬᠥ ᠬᠦᠴᠦᠨ ᠵᠶ᠋ᠠᠷ ᠵᠶ᠋ᠠᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠲᠠᠮᠢᠷ᠎ᠤᠨ ᠴᠤᠭᠯᠠᠭ᠋ᠠᠨ᠎ᠢ ᠰᠠᠶ᠋ᠢᠲᠤᠷ ᠡᠷᠬᠢᠯᠡᠨ᠎ᠡ; 《ᠠᠷᠪᠠᠨ ᠳᠥᠷᠪᠡᠳᠦᠭᠡᠷ ᠲᠠᠪᠤᠨ ᠵᠢᠯ》᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠪᠡ ᠪᠣᠯᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠪᠦᠬᠦ ᠲᠠᠯ᠎ᠠ᠎ᠪᠠᠷ ᠲᠥᠯᠥᠪᠵᠢᠭᠦᠯᠦᠨ ᠨᠠᠶ᠋ᠢᠷᠠᠭᠤᠯᠤᠨ ᠵᠣᠬᠢᠶᠠᠨ᠎ᠠ; ᠬᠥᠯ ᠪᠥᠮᠪᠥᠭᠡ ᠵᠢᠨ ᠥᠭᠡᠷᠡᠴᠢᠯᠡᠯᠲᠡ᠂ ᠪᠡᠶ᠎ᠡ ᠵᠢᠨ ᠲᠠᠮᠢᠷ᠎ᠤᠨ ᠬᠦᠷᠢᠶ᠎ᠡ ᠴᠠᠷᠠᠭ᠎ᠠ ᠵᠢᠨ ᠥᠭᠡᠷᠡᠴᠢᠯᠡᠯᠲᠡ᠂ ᠪᠡᠶ᠎ᠡ ᠵᠢᠨ ᠲᠠᠮᠢᠷ᠎ᠤᠨ ᠨᠡᠶ᠋ᠢᠭᠡᠮ᠎ᠤᠨ ᠪᠦᠯᠬᠦᠮ᠎ᠢ ᠰᠠᠯᠭ᠋ᠠᠬᠤ ᠥᠭᠡᠷᠡᠴᠢᠯᠡᠯᠲᠡ ᠵᠢ ᠭᠦᠨᠵᠡᠭᠡᠶ ᠲᠦᠯᠬᠢᠨ ᠠᠬᠢᠭᠤᠯᠤᠨ᠎ᠠ; ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠡᠩᠬᠡ ᠳᠤᠮᠳᠠᠳᠤ ᠤᠯᠤᠰ ᠪᠠᠶ᠋ᠢᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠲᠤ ᠪᠡᠯᠡᠳᠬᠡᠬᠦ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠡᠢ᠌ᠳᠡᠪᠤᠷᠵᠢᠭᠤᠯᠤᠨ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠂ ᠨᠠᠮ᠎ᠢ ᠴᠢᠩᠭ᠎ᠠ ᠵᠠᠰᠠᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠨᠡᠢ᠌ᠳᠡᠪᠦᠷᠢᠵᠢᠭᠤᠯᠤᠨ᠂ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠴᠦ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ ᠪᠤᠯᠬᠤ᠎ᠳᠤ ᠨᠡᠮᠡᠷᠢ ᠬᠠᠨᠳᠢᠪ ᠵᠶ᠋ᠠᠨ ᠡᠷᠭᠦᠬᠦ ᠬᠡᠷᠡᠭᠳᠡᠢ ᠭᠡᠵᠦ ᠵᠢᠭ᠋ᠠᠵᠦ ᠭᠠᠷᠭ᠋ᠠᠪᠠ᠃
    ᠬᠤᠷᠠᠯ᠎ᠠᠴᠠ 《〈ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠬᠥᠲᠥᠯᠪᠦᠷᠢ〉 ᠵᠢᠴᠢ ᠲᠥᠷᠦ ᠵᠢᠨ ᠪᠣᠳᠣᠯᠭ᠎ᠠ ᠵᠢᠨ ᠲᠠᠶ᠋ᠢᠯᠤᠮᠵᠢ ᠵᠢᠨ ᠰᠣᠩᠭᠣᠮᠠᠯ》 ᠵᠡᠷᠭᠡ ᠮᠠᠲᠸᠷᠢᠶᠡᠯ᠎ᠢ ᠳᠠᠷᠤᠮᠠᠯᠯᠠᠨ ᠲᠠᠷᠬᠠᠭ᠋ᠠᠵᠤ᠂ ᠲᠥᠯᠥᠭᠡᠯᠡᠭᠴᠢᠳ᠎ᠤᠨ ᠰᠤᠷᠤᠯᠴᠠᠯᠭ᠎ᠠ᠎ᠳᠤ ᠵᠣᠷᠢᠭᠤᠯᠪᠠ᠃
    ᠬᠤᠷᠠᠯ ᠳᠡᠭᠡᠷ᠎ᠡ᠂ ᠰᠢᠯᠢ ᠵᠢᠨ ᠭᠣᠤᠯ ᠠᠶ᠋ᠢᠮᠠᠭ᠎ᠤᠨ ᠰᠣᠶᠣᠯ ᠪᠡᠶ᠎ᠡ ᠵᠢᠨ ᠲᠠᠮᠢᠷ ᠵᠤᠭ᠋ᠠᠴᠠᠯ ᠷᠠᠳᠢᠣ᠋ ᠲᠧᠯᠸᠢᠰ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠦᠨᠳᠦ ᠦᠷᠢᠰᠦᠯᠳᠦᠭᠡᠨᠳᠦ ᠲᠠᠮᠢᠷ᠎ᠤᠨ ᠬᠥᠳᠡᠯᠭᠡᠭᠡᠨ᠎ᠤ ᠬᠠᠮᠢᠶᠠᠷᠤᠯᠲᠠ ᠵᠢᠨ ᠲᠥᠪ᠂ ᠮᠠᠨᠵᠤᠤᠷ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠤᠭ᠋ᠠᠴᠠᠯ ᠷᠠᠳᠢᠣ᠋ ᠲᠧᠯᠸᠢᠰ᠎ᠤᠨ ᠲᠣᠪᠴᠢᠶ᠎ᠠ᠂ ᠨᠢᠩᠴᠧᠩ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠵᠡᠷᠭᠡ ᠨᠢᠭᠡᠴᠡ   ᠦᠪᠡᠷ᠎ᠤᠨ ᠠᠵᠢᠯ᠎ᠲᠠᠢ᠎ᠪᠠᠨ ᠤᠶᠠᠯᠳᠤᠭᠤᠯᠤᠨ ᠲᠤᠷᠰᠢᠯᠭ᠎ᠠ᠎ᠪᠠᠨ ᠰᠣᠯᠢᠯᠴᠠᠵᠤ ᠶᠠᠷᠢᠶ᠎ᠠ ᠲᠠᠯᠪᠢᠪᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠶ᠋ᠢᠭᠡᠮᠯᠢᠭ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠬᠤᠷᠠᠯᠳᠤᠪᠠ
ᠲᠤᠪᠴᠢᠶᠠᠨ ᠲᠠᠷᠤᠭ᠎ᠠ ᠲᠠᠨ ᠵᠢᠩ ᠹᠸᠩ ᠲᠤᠪᠴᠢᠶᠠᠨ ᠲᠠᠷᠤᠭ᠎ᠠ ᠵᠢᠨ ᠠᠯᠪᠠᠨ ᠭᠡᠷ᠎ᠤᠨ ᠬᠤᠷᠠᠯ ᠡᠷᠬᠢᠯᠡᠨ ᠬᠤᠷᠠᠯᠳᠤᠭᠤᠯᠪᠠ
ᠦᠪᠦᠷ ᠮᠤᠩᠭᠤᠯ᠎ᠤᠨ ᠲᠠᠮᠢᠷᠴᠢᠨ ᠯᠢ ᠴᠢᠶᠠᠨ ᠲᠤᠤᠺᠢᠤ᠋ ᠵᠢᠨ ᠤᠯᠢᠮᠫᠢᠺ᠎ᠤᠨ ᠴᠤᠭᠯᠠᠭ᠋ᠠᠨ᠎ᠳᠤ ᠤᠷᠤᠯᠴᠠᠬᠤ ᠡᠷᠬᠡ ᠵᠢ ᠤᠯᠤᠯ᠎ᠠ
ᠲᠠᠮᠢᠷ᠎ᠤᠨ ᠱᠠᠩᠨᠠᠯᠳᠦ ᠰᠤᠭᠤᠯᠤᠭ᠎ᠠ ᠵᠢᠨ ᠬᠠᠮᠢᠶᠠᠷᠤᠯᠳᠠ ᠵᠢᠨ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠲᠠᠨ᠎ᠤ ᠨᠡᠢ᠌ᠭᠡᠮᠯᠢᠭ᠎ᠲᠤ ᠮᠥᠩᠭᠥ ᠬᠠᠨᠳᠢᠪᠯᠠᠵᠤ ᠬᠢᠵᠢᠭ᠎ᠢ ᠡᠰᠡᠷᠭᠦᠴᠡᠬᠦ᠎ᠳᠤ ᠲᠤᠰᠠᠯᠠᠪᠠ
ᠲᠠᠨ ᠵᠢᠩ ᠹᠧᠩ ᠲᠣᠪᠴᠢᠶᠠᠨ ᠳᠠᠷᠤᠭ᠎ᠠ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠠᠵᠢᠯ ᠵᠶ᠋ᠠᠨ ᠰᠡᠷᠭᠦᠭᠡᠵᠦ ᠪᠠᠢ᠌ᠭ᠎ᠠ ᠪᠠᠢ᠌ᠳᠠᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
 
            