ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭᠰᠤᠨ ᠪᠥᠮᠪᠥᠭᠡ ᠵᠢᠨ ᠮᠡᠷᠭᠡᠵᠢᠯ᠎ᠤᠨ ᠲᠥᠯᠥᠭᠡᠯᠡᠭᠴᠢ ᠬᠢᠨᠠᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2020-12-15

   12 ᠰᠠᠷ᠎ᠠ ᠵᠢᠨ 8᠎ᠤ ᠡᠳᠦᠷ᠎ᠠᠴᠠ 9᠎ᠤ ᠡᠳᠦᠷ ᠪᠣᠯᠲᠠᠯ᠎ᠠ᠂ 2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭᠰᠤᠨ ᠪᠥᠮᠪᠥᠭᠡ ᠵᠢᠨ ᠮᠡᠷᠭᠡᠵᠢᠯ᠎ᠤᠨ ᠲᠥᠯᠥᠭᠡᠯᠡᠭᠴᠢ᠂ ᠬᠢᠨᠠᠭᠴᠢ ᠵᠢᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ᠃
    ᠪᠣᠯᠪᠠᠰᠤᠷᠠᠯ᠎ᠤᠨ ᠠᠩᠭᠢ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ ᠠ᠎ᠠᠴᠠ ᠭᠣᠤᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠮᠪᠥᠭᠡᠨ ᠲᠥᠷᠥᠯ᠎ᠤᠨ ᠪᠡᠶ᠎ᠡ ᠵᠢᠨ ᠲᠠᠮᠢᠷ᠎ᠤᠨ ᠬᠠᠮᠢᠶᠠᠷᠤᠯᠲᠠ ᠵᠢᠨ ᠲᠥᠪ᠎ᠠᠴᠠ ᠳᠠᠭ᠋ᠠᠭ᠋ᠠᠴᠢᠯᠠᠨ ᠡᠷᠭᠢᠯᠡᠵᠦ᠂ ᠪᠥᠬᠥ ᠣᠷᠣᠨ᠎ᠤ ᠡᠯ᠎ᠡ ᠠᠶ᠋ᠢᠮᠠᠭ ᠬᠣᠲᠠ ᠵᠢᠨ 100 ᠰᠢᠬᠠᠮ ᠮᠡᠷᠭᠡᠵᠢᠯ᠎ᠤᠨ ᠲᠥᠯᠥᠭᠡᠯᠡᠭᠴᠢ᠂ ᠬᠢᠨᠠᠭᠴᠢ ᠪᠣᠯᠪᠠᠰᠤᠷᠠᠯ᠎ᠳᠤ ᠣᠷᠣᠯᠴᠠᠪᠠ᠃
    ᠪᠣᠯᠪᠠᠰᠤᠷᠠᠯ᠎ᠤᠨ ᠠᠩᠭᠢ᠎ᠨᠢ ᠬᠢᠨᠠᠭᠴᠢ ᠵᠢᠨ ᠤᠳᠤᠬᠠᠨ᠎ᠤ ᠬᠡᠷᠡᠭᠴᠡᠭᠡ ᠱᠠᠭ᠋ᠠᠷᠳᠠᠯᠭ᠎ᠠ ᠪᠠ ᠲᠤᠬᠠᠶ᠋ᠢᠯᠠᠭᠰᠠᠨ ᠠᠵᠢᠯ᠎ᠤᠨ ᠬᠢᠷᠢ ᠬᠡᠮᠵᠢᠶᠡᠨ᠎ᠤ ᠣᠨᠴᠠᠯᠢᠭ᠎ᠲᠠᠢ ᠤᠶᠠᠯᠳᠤᠭᠤᠯᠤᠨ᠂ ᠣᠯᠠᠨ ᠤᠯᠤᠰ᠎ᠤᠨ ᠲᠡᠰ᠂ ᠤᠯᠤᠰ᠎ᠤᠨ ᠲᠠᠰ᠎ᠤᠨ ᠬᠢᠨᠠᠭᠴᠢ ᠯᠧᠺᠲ᠋ᠣᠷ᠎ᠢ ᠤᠷᠢᠵᠤ ᠬᠢᠴᠢᠶᠡᠯᠯᠡᠭᠦᠯᠵᠦ᠂ ᠣᠨᠣᠯ ᠵᠶ᠋ᠠᠷ ᠬᠢᠴᠢᠶᠡᠯᠯᠡᠬᠦ᠂ ᠬᠠᠷᠠᠭ᠋ᠠᠨ ᠳᠠᠪᠲᠠᠮᠵᠢ᠎ᠪᠠᠷ ᠵᠠᠳᠠᠯᠬᠤ᠂ ᠲᠤᠷᠰᠢᠯᠭ᠎ᠠ ᠰᠣᠯᠢᠯᠴᠠᠬᠤ ᠵᠡᠷᠭᠡ ᠬᠡᠯᠪᠡᠷᠢ᠎ᠪᠠᠷ ᠬᠠᠮᠤᠭ ᠰᠢᠨ᠎ᠡ ᠰᠠᠭᠰᠤᠨ ᠪᠥᠮᠪᠥᠭᠡ ᠵᠢᠨ ᠳᠦᠷᠢᠮ᠂ ᠲᠠᠰᠤᠯᠤᠨ ᠲᠣᠭᠲᠠᠭ᠋ᠠᠬᠤ᠂ ᠲᠤᠬᠠᠶ ᠵᠢᠨ ᠲᠠᠯᠠᠪᠠᠢ᠎ᠳᠤ ᠲᠠᠰᠤᠯᠤᠨ ᠲᠣᠭᠲᠠᠭ᠋ᠠᠭᠰᠠᠨ ᠲᠤᠷᠰᠢᠯᠭ᠎ᠠ᠎ᠳᠤ ᠲᠠᠶ᠋ᠢᠯᠤᠮᠵᠢ ᠬᠢᠪᠡ᠃ ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ ᠣᠨᠣᠯ᠎ᠤᠨ ᠰᠢᠯᠭ᠋ᠠᠯᠲᠠ᠂ ᠲᠤᠬᠠᠶ ᠵᠢᠨ ᠲᠠᠯᠠᠪᠤᠷ᠎ᠤᠨ ᠪᠣᠳᠠᠲᠤ ᠲᠠᠮᠢᠷ ᠪᠠ ᠪᠡᠶ᠎ᠡ ᠵᠢᠨ ᠴᠢᠳᠠᠪᠤᠷᠢ ᠵᠢᠨ ᠰᠢᠯᠭ᠋ᠠᠯᠲᠠ ᠬᠢᠵᠡᠶ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠠᠩᠭᠢ ᠠᠯᠬᠤᠭ᠎ᠠ ᠤᠷᠤᠯᠳᠤᠭ᠋ᠠᠨ᠎ᠳᠤ 4 ᠠᠯᠲᠠᠨ ᠮᠧᠳᠠᠯ ᠭᠠᠷᠳᠠᠪᠠ
2020 ᠣᠨ᠎ᠤ ᠮᠠᠨ᠎ᠤ ᠤᠷᠤᠨ᠎ᠤ ᠪᠡᠶ᠎ᠡ ᠵᠢᠨ ᠲᠠᠮᠢᠷ᠎ᠤᠨ 10 ᠶᠡᠭᠡ ᠰᠣᠨᠢᠨ ᠮᠡᠳᠡᠭᠡ
ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠰᠢᠶ᠎ᠡ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ ᠳᠤᠮᠳᠠᠳᠤ ᠤᠯᠤᠰ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠬᠠᠮᠳᠤᠷᠠᠬᠰᠠᠨ ᠤᠷᠤᠯᠳᠤᠭ᠋ᠠᠨ᠎ᠳᠤ ᠮᠠᠩᠯᠠᠶ᠋ᠢᠯᠠᠪᠠ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠤᠯ ᠳᠤᠭᠤᠶ᠋ᠢᠯᠠᠩ (ᠥᠷᠭᠡᠳᠬᠡᠭᠰᠡᠨ) ᠳᠥᠷᠪᠡᠳᠦᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠦᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ ᠬᠤᠷᠠᠯ ᠬᠤᠷᠠᠯᠳᠤᠭᠤᠯᠵᠦ ᠶᠡᠷᠦᠩᠭᠡᠢ ᠱᠦᠵᠢ ᠰᠢ ᠵᠢᠨ ᠫᠢᠩ᠎ᠤᠨ ᠥᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠡᠨ ᠵᠦᠪᠯᠡᠬᠦ᠎ᠳᠤ ᠤᠷᠤᠯᠴᠠᠬᠤ ᠦᠶ᠎ᠠ ᠵᠢᠨ ᠴᠢᠬᠤᠯᠠ ᠶᠠᠷᠢᠶ᠎ᠠ ᠵᠢ ᠨᠠᠷᠢᠨ ᠬᠢᠨᠠᠮᠠᠭ᠋ᠠᠢ ᠰᠤᠷᠤᠯᠴᠠᠵᠦ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠦᠷᠬᠦᠯᠵᠢᠯᠡᠨ ᠬᠢᠨᠡᠨ ᠵᠦᠪᠯᠡᠵᠦ 《ᠠᠷᠪᠡᠨ ᠲᠦᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠭᠡ ᠪᠠ 2035 ᠣᠨ᠎ᠤ ᠠᠯᠤᠰ᠎ᠤᠨ ᠬᠠᠷᠠᠯᠳᠠ ᠵᠢᠨ ᠬᠦᠳᠦᠯᠪᠦᠷᠢ ᠵᠢᠨ ᠲᠦᠰᠦᠯ᠎ᠢ ᠬᠢᠨᠡᠨ ᠪᠠᠶ᠋ᠢᠴᠠᠭ᠋ᠠᠪᠠ ᠱ᠌ᠢ᠎ᠲᠠᠢ ᠹᠧᠩ ᠯᠢ ᠰᠢᠦ ᠯᠢᠩ ᠯᠢ ᠵᠢᠢ ᠾᠧᠩ ᠹᠦ᠋ ᠶᠢᠩ ᠦᠭᠡ ᠭᠡᠯᠡᠵᠡᠢ
 
            