ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠵᠧᠩ ᠬᠤᠩ ᠹᠠᠨ ᠶᠤᠤ ᠮᠢᠩ᠎ᠲᠠᠢ ᠠᠭᠤᠯᠵᠠᠬᠤ᠎ᠳᠠᠭᠠᠨ ᠵᠢᠭ᠋ᠠᠵᠦ ᠭᠠᠷᠭ᠋ᠠᠭᠰᠠᠨ᠎ᠨᠢ ᠠᠵᠠ ᠲᠤᠬᠢᠶᠠᠯ᠎ᠢ ᠠᠮᠵᠢᠵᠤ ᠰᠠᠬᠰᠤᠨ ᠪᠦᠮᠪᠦᠭᠡ ᠵᠢᠨ ᠤᠷᠤᠯᠳᠤᠭ᠋ᠠᠨ ᠵᠶ᠋ᠠᠷ ᠪᠠᠶ᠎ᠠ ᠵᠢᠨ ᠲᠠᠮᠢᠷ᠎ᠤᠨ ᠬᠦᠴᠦᠷᠭᠡᠭ ᠤᠯᠤᠰ ᠪᠤᠯᠤᠨ ᠡᠷᠡᠬᠦᠯ ᠡᠩᠬᠡ ᠳᠤᠮᠳᠠᠳᠤ ᠤᠯᠤᠰ᠎ᠤᠨ ᠪᠠᠶ᠋ᠢᠭᠤᠯᠤᠯᠳᠠ᠎ᠳᠤ ᠬᠦᠴᠤᠨ ᠨᠠᠮᠠᠷᠢᠯᠡᠬᠦ ᠭᠡᠷᠡᠭᠳᠠᠢ
ᠨᠡᠶ᠋ᠢᠲᠡᠯᠡᠭᠰᠡᠨ ᠴᠠᠭ᠄ 2020-12-05

    12 ᠰᠠᠷ᠎ᠠ ᠵᠢᠨ 1᠎ᠤ ᠡᠳᠤᠷ᠂ ᠦᠪᠡᠷᠳᠡᠬᠡᠨ ᠵᠠᠰᠠᠬᠤ ᠤᠷᠤᠨ᠎ᠤ ᠲᠡᠳ᠋ ᠲᠡᠷᠢᠬᠦᠯᠡᠭᠴᠢ ᠵᠧᠩ ᠬᠤᠩ ᠹᠠᠨ ᠬᠦᠬᠡᠬᠤᠳᠠ᠎ᠳᠤ ᠳᠤᠮᠳᠠᠳᠤ ᠤᠯᠤᠰ᠎ᠤᠨ ᠡᠮᠡᠭᠳᠠᠢ ᠵᠢᠨ ᠰᠠᠬᠰᠤᠨ ᠪᠦᠮᠪᠦᠭᠡ ᠵᠢᠨ ᠬᠤᠯᠪᠤᠭ᠋ᠠᠳᠤ ᠤᠷᠤᠯᠳᠤᠭ᠋ᠠᠨ᠎ᠤ ᠬᠦᠬᠡᠬᠤᠳᠠ ᠤᠷᠤᠨ᠎ᠤ ᠤᠷᠤᠯᠳᠤᠭ᠋ᠠᠨ᠎ᠤ ᠡᠬᠢᠯᠡᠬᠦ ᠶᠤᠰᠤᠯᠠᠯ᠎ᠳᠤ ᠤᠷᠤᠯᠴᠠᠬᠤ᠎ᠪᠠᠷ ᠢᠷᠡᠭᠰᠡᠨ ᠳᠤᠮᠳᠠᠳᠤ ᠤᠯᠤᠰ᠎ᠤᠨ ᠰᠠᠬᠰᠤᠨ ᠪᠦᠮᠪᠦᠭᠡ ᠵᠢᠨ ᠨᠡᠶ᠋ᠢᠭᠡᠮᠯᠢᠭ᠎ᠤᠨ ᠲᠡᠷᠢᠬᠦᠯᠡᠭᠴᠢ ᠶᠤᠤ ᠮᠢᠩ᠎ᠲᠠᠢ ᠠᠭᠤᠯᠵᠠᠵᠤ᠂ ᠳᠤᠮᠳᠠᠳᠤ ᠤᠯᠤᠰ᠎ᠤᠨ ᠰᠠᠬᠰᠤᠨ ᠪᠦᠮᠪᠦᠭᠡ ᠵᠢᠨ ᠨᠡᠶ᠋ᠢᠬᠡᠮᠯᠢᠭ᠎ᠤᠨ᠎ᠬᠢᠨ ᠦᠪᠤᠷ ᠮᠤᠩᠭᠤᠯ᠎ᠤᠨ ᠰᠠᠬᠰᠤᠨ ᠪᠦᠮᠪᠦᠭᠡ ᠵᠢᠨ ᠤᠢ᠍ᠢ᠍ᠯᠡᠰ᠎ᠤᠨ ᠬᠦᠭᠵᠢᠯᠳᠠ᠎ᠳᠤ ᠬᠦᠴᠤᠨ ᠨᠡᠮᠡᠷᠢᠯᠠᠵᠤ᠂ ᠪᠠᠶ᠎ᠠ ᠵᠢᠨ ᠲᠠᠮᠢᠷ᠎ᠤᠨ ᠬᠦᠴᠦᠷᠭᠡᠭ ᠤᠯᠤᠰ ᠪᠤᠯᠤᠨ ᠡᠷᠡᠬᠦᠯ ᠡᠩᠬᠡ ᠳᠤᠮᠳᠠᠳᠤ ᠤᠯᠤᠰ᠎ᠤᠨ ᠪᠠᠶ᠋ᠢᠭᠤᠯᠤᠯᠳᠠ᠎ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠵᠢ ᠬᠦᠰᠡᠪᠠ᠃
    ᠵᠧᠩ ᠬᠤᠩ ᠹᠠᠨ ᠶᠠᠭᠤᠨ᠎ᠤ ᠤᠷᠢᠳ ᠶᠤᠤ ᠮᠢᠩ ᠨᠠᠷ᠎ᠤᠨ ᠬᠦᠷᠴᠤ ᠢᠷᠡᠭᠰᠡᠨ᠎ᠢ ᠪᠠᠶᠠᠷᠯᠠᠨ ᠤᠬᠳᠤᠵᠤ ᠪᠠᠶ᠋ᠢᠬᠤ᠎ᠪᠠᠨ ᠢᠯᠡᠳᠬᠡᠬᠦ ᠵᠢᠨ ᠬᠠᠮᠳᠦ ᠳᠤᠮᠳᠠᠳᠤ ᠤᠯᠤᠰ᠎ᠤᠨ ᠰᠠᠬᠰᠤᠨ ᠪᠦᠮᠪᠦᠭᠡ ᠵᠢᠨ ᠨᠡᠶ᠋ᠢᠬᠡᠮᠯᠢᠭ᠎ᠤᠨ᠎ᠬᠢᠨ ᠬᠦᠬᠡᠬᠤᠳᠠ᠎ᠳᠤ WCBA ᠵᠢᠨ ᠬᠤᠶᠠᠳᠤᠭ᠋ᠠᠷ ᠱᠠᠳᠤᠨ᠎ᠤ ᠤᠷᠤᠯᠳᠤᠭ᠋ᠠᠨ᠎ᠢ ᠡᠷᠬᠢᠯᠡᠭᠰᠡᠨ᠎ᠳᠤ ᠪᠠᠶᠠᠷᠯᠠᠵᠤ ᠪᠠᠶ᠋ᠢᠬᠤ᠎ᠪᠠᠨ ᠢᠯᠡᠳᠬᠡᠪᠡ᠃ ᠵᠧᠩ ᠬᠤᠩ ᠹᠠᠨ᠂ ᠳᠤᠮᠳᠠᠳᠤ ᠤᠯᠤᠰ᠎ᠤᠨ ᠰᠠᠬᠰᠤᠨ ᠪᠦᠮᠪᠦᠭᠡ ᠵᠢᠨ ᠨᠡᠶ᠋ᠢᠬᠡᠮᠯᠢᠭ᠎ᠤᠨ᠎ᠬᠢᠨ ᠦᠨᠳᠤᠷ᠎ᠲᠤ ᠵᠤᠬᠰᠤᠨ᠂ ᠵᠤᠷᠢᠬᠳᠠᠢ᠎ᠪᠠᠷ ᠬᠠᠷᠢᠭᠤᠴᠠᠯᠭ᠎ᠠ ᠡᠬᠦᠷᠬᠡᠯᠠᠵᠤ᠂ ᠬᠦᠴᠢᠷᠳᠠᠯ᠎ᠢ ᠢᠯᠠᠨ ᠲᠠᠪᠠᠵᠤ᠂ ᠤᠷᠤᠯᠳᠤᠭ᠋ᠠᠨ᠎ᠢ ᠰᠡᠷᠬᠦᠬᠡᠨ ᠡᠷᠬᠢᠯᠡᠬᠦ ᠵᠢ ᠢᠳᠡᠪᠬᠢᠳᠠᠢ ᠠᠬᠢᠭᠤᠯᠪᠠ᠃ ᠳᠤᠮᠳᠠᠳᠤ ᠤᠯᠤᠰ᠎ᠤᠨ ᠰᠠᠬᠰᠤᠨ ᠪᠦᠮᠪᠦᠭᠡ ᠵᠢᠨ ᠨᠡᠶ᠋ᠢᠬᠡᠮᠯᠢᠭ᠎ᠤᠨ᠎ᠬᠢᠨ ᠨᠡᠩ ᠤᠯᠠᠨ ᠪᠦᠬᠦ ᠤᠯᠤᠰ᠎ᠤᠨ ᠴᠢᠨᠠᠷᠳᠠᠢ ᠤᠷᠤᠯᠳᠤᠭ᠋ᠠᠨ᠎ᠢ ᠦᠪᠤᠷ ᠮᠤᠩᠭᠤᠯ᠎ᠳᠤ ᠡᠷᠬᠢᠯᠡᠵᠤ᠂ ᠦᠪᠤᠷ ᠮᠤᠩᠭᠤᠯ᠎ᠤᠨ ᠰᠠᠬᠰᠤᠨ ᠪᠦᠮᠪᠦᠭᠡ ᠵᠢᠨ ᠤᠢ᠍ᠢ᠍ᠯᠡᠰ᠎ᠤᠨ ᠬᠦᠭᠵᠢᠯᠳᠠ ᠵᠢ ᠲᠡᠮᠵᠢᠵᠤ᠂ ᠪᠠᠶ᠎ᠠ ᠵᠢᠨ ᠲᠠᠮᠢᠷ᠎ᠤᠨ ᠬᠦᠴᠦᠷᠭᠡᠭ ᠤᠯᠤᠰ ᠪᠤᠯᠤᠨ ᠡᠷᠡᠬᠦᠯ ᠡᠩᠬᠡ ᠳᠤᠮᠳᠠᠳᠤ ᠤᠯᠤᠰ᠎ᠤᠨ ᠪᠠᠶ᠋ᠢᠭᠤᠯᠤᠯᠳᠠ᠎ᠳᠤ ᠬᠦᠴᠤᠨ ᠨᠠᠮᠠᠷᠢᠯᠡᠬᠦ ᠵᠢ ᠬᠦᠰᠡᠵᠤ ᠪᠠᠶ᠋ᠢᠨ᠎ᠠ ᠭᠡᠪᠡ᠃
    ᠶᠤᠤ ᠮᠢᠩ ᠦᠪᠤᠷ ᠮᠤᠩᠭᠤᠯ᠎ᠤᠨ᠎ᠬᠢᠨ ᠳᠤᠮᠳᠠᠳᠤ ᠤᠯᠤᠰ᠎ᠤᠨ ᠰᠠᠬᠰᠤᠨ ᠪᠦᠮᠪᠦᠭᠡ ᠵᠢᠨ ᠨᠡᠶ᠋ᠢᠬᠡᠮᠯᠢᠭ᠎ᠤᠨ ᠬᠠᠮᠢᠶ᠎ᠠ ᠪᠦᠬᠦᠢ ᠠᠵᠢᠯᠯᠠᠭ᠎ᠠ ᠵᠢ ᠲᠡᠮᠵᠢᠭᠰᠡᠨ᠎ᠳᠤ ᠲᠠᠯᠠᠷᠬᠠᠵᠤ᠂ ᠦᠪᠤᠷ ᠮᠤᠩᠭᠤᠯ᠎ᠯᠤᠭ᠎ᠠ ᠵᠢᠨ ᠪᠦᠬᠦ ᠲᠠᠯ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠲᠠᠯ᠎ᠠ ᠵᠢᠨ ᠬᠠᠮᠳᠤ ᠵᠢᠨ ᠴᠢᠷᠮᠠᠶ᠋ᠢᠯᠭ᠎ᠠ ᠲᠤᠤᠷ᠎ᠠ᠂ ᠦᠪᠤᠷ ᠮᠤᠩᠭᠤᠯ᠎ᠳᠤ ᠨᠡᠩ ᠤᠯᠠᠨ ᠰᠢᠯᠢᠳᠡᠭ ᠰᠠᠬᠰᠤᠨ ᠪᠦᠮᠪᠦᠭᠡ ᠵᠢᠨ ᠴᠢᠳᠠᠪᠤᠷᠢᠳᠠᠨ ᠴᠤᠯᠭᠤᠷᠠᠨ ᠭᠠᠷᠬᠤ ᠵᠢ ᠬᠦᠰᠡᠪᠠ᠃
    ᠤᠢ᠍ᠢ᠍ᠯᠠᠭ᠋ᠠᠬᠰᠠᠨ ᠵᠶ᠋ᠠᠷ᠂ 2020 — 2021 ᠤᠨ᠎ᠤ ᠳᠤᠮᠳᠠᠳᠤ ᠤᠯᠤᠰ᠎ᠤᠨ ᠡᠮᠡᠭᠳᠠᠢ ᠵᠢᠨ ᠰᠠᠬᠰᠤᠨ ᠪᠦᠮᠪᠦᠭᠡ ᠵᠢᠨ ᠬᠤᠯᠪᠤᠭ᠋ᠠᠳᠤ ᠤᠷᠤᠯᠳᠤᠭ᠋ᠠᠨ᠎ᠤ ᠬᠦᠬᠡᠬᠤᠳᠠ ᠤᠷᠤᠨ᠎ᠤ ᠤᠷᠤᠯᠳᠤᠭ᠋ᠠᠨ 12 ᠰᠠᠷ᠎ᠠ ᠵᠢᠨ 1᠎ᠤ ᠡᠳᠤᠷ᠎ᠠᠴᠠ 21᠎ᠤ ᠡᠳᠤᠷ ᠪᠤᠯᠳᠠᠯ᠎ᠠ ᠶᠠᠪᠤᠬᠳᠠᠨ᠎ᠠ᠃ ᠪᠦᠬᠦ ᠤᠯᠤᠰ᠎ᠤᠨ ᠡᠯ᠎ᠠ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠵᠢᠨ ᠨᠡᠶ᠋ᠢᠳᠠ 17 ᠰᠠᠬᠰᠤᠨ ᠪᠦᠮᠪᠦᠭᠡ ᠵᠢᠨ ᠠᠩᠬᠢ ᠤᠷᠤᠯᠳᠤᠭ᠋ᠠᠨ᠎ᠳᠤ ᠤᠷᠤᠯᠴᠠᠨ᠎ᠠ᠃ ᠤᠳᠤᠬᠠᠨ᠎ᠳᠤ᠂ ᠦᠪᠤᠷ ᠮᠤᠩᠭᠤᠯ᠎ᠤᠨ ᠬᠦᠳᠡᠭᠡ ᠲᠤᠰᠬᠤᠨ᠎ᠤ ᠢᠳᠡᠬᠡᠮᠵᠢ ᠵᠢᠨ ᠬᠤᠷᠰᠢᠶ᠎ᠠ ᠵᠢᠨ ᠡᠮᠡᠭᠳᠠᠢ ᠵᠢᠨ ᠰᠠᠬᠰᠤᠨ ᠪᠦᠮᠪᠦᠭᠡ ᠵᠢᠨ ᠠᠩᠬᠢ ᠨᠢᠬᠡᠳᠤᠭᠡᠷ ᠱᠠᠳᠤᠨ᠎ᠤ 9 ᠲᠠᠯᠠᠪᠠᠢ ᠵᠢᠨ ᠤᠷᠤᠯᠳᠤᠭ᠋ᠠᠨ᠎ᠳᠤ ᠴᠦᠮ ᠢᠯᠠᠬᠰᠠᠨ ᠬᠢᠷᠢ ᠪᠦᠳᠤᠮᠵᠢ᠎ᠪᠠᠷ ᠲᠡᠷᠢᠬᠦᠯᠡᠵᠦ ᠪᠠᠶ᠋ᠢᠨ᠎ᠠ᠃

ᠢᠷᠡᠯᠲᠡ᠄ ᠦᠪᠦᠷ ᠮᠤᠩᠭᠤᠯ ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠠᠮᠢᠷ᠎ᠤᠨ ᠰᠢᠢ᠍ᠳᠪᠦᠷᠢᠳᠦ ᠤᠷᠤᠯᠳᠤᠭ᠋ᠠᠨ ᠶᠠᠪᠤᠭᠳᠠᠪᠠ
ᠪᠦᠬᠦ ᠤᠯᠤᠰ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠨᠠᠢ᠍ᠮᠠᠳᠤᠭ᠋ᠠᠷ ᠬᠤᠭᠤᠴᠠᠭ᠋ᠠᠨ᠎ᠤ ᠣᠨᠴᠠᠭ᠋ᠠᠢ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭᠰᠤᠨ ᠪᠥᠮᠪᠥᠭᠡ ᠵᠢᠨ ᠮᠡᠷᠭᠡᠵᠢᠯ᠎ᠤᠨ ᠲᠥᠯᠥᠭᠡᠯᠡᠭᠴᠢ ᠬᠢᠨᠠᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠥᠪᠥᠷ ᠮᠣᠩᠭᠤᠯ᠎ᠤᠨ ᠠᠩᠭᠢ ᠠᠯᠬᠤᠭ᠎ᠠ ᠤᠷᠤᠯᠳᠤᠭ᠋ᠠᠨ᠎ᠳᠤ 4 ᠠᠯᠲᠠᠨ ᠮᠧᠳᠠᠯ ᠭᠠᠷᠳᠠᠪᠠ
2020 ᠣᠨ᠎ᠤ ᠮᠠᠨ᠎ᠤ ᠤᠷᠤᠨ᠎ᠤ ᠪᠡᠶ᠎ᠡ ᠵᠢᠨ ᠲᠠᠮᠢᠷ᠎ᠤᠨ 10 ᠶᠡᠭᠡ ᠰᠣᠨᠢᠨ ᠮᠡᠳᠡᠭᠡ
 
            