
12 ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ᠂ ᠦᠪᠡᠷᠳᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠠ ᠬᠠᠮᠲᠤᠷᠠᠨ ᠪᠥᠬᠥ ᠤᠯᠤᠰ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠪᠡᠯᠡᠳᠬᠡᠬᠦ ᠵᠢᠴᠢ ᠨᠠᠢ᠍ᠮᠠᠳᠤᠭ᠋ᠠᠷ ᠬᠤᠭᠤᠴᠠᠭ᠋ᠠᠨ᠎ᠤ ᠣᠨᠴᠠᠭ᠋ᠠᠶ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠳᠠᠷᠤᠭ᠎ᠠ ᠲᠠᠨ ᠵᠢᠩ ᠹᠸᠩ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ ᠲᠦᠩ ᠭᠦᠸᠧ ᠴᠢᠩ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶᠠᠨ᠎ᠤ ᠳᠡᠳ᠋ ᠳᠠᠷᠤᠭ᠎ᠠ ᠵᠢᠶᠠᠩ ᠪᠦᠦ ᠳ᠋ᠦᠩ ᠬᠤᠷᠠᠯ᠎ᠳᠤ ᠤᠷᠤᠯᠴᠠᠵᠠᠢ᠃
ᠲᠠᠨ ᠵᠢᠩ ᠹᠧᠩ ᠬᠤᠷᠠᠯ ᠳᠡᠭᠡᠷ᠎ᠡ ᠵᠢᠭ᠋ᠠᠵᠤ ᠭᠠᠷᠭ᠋ᠠᠭᠰᠠᠨ᠎ᠨᠢ᠂ ᠵᠡᠮᠳᠡᠭᠴᠦᠳ᠎ᠤᠨ ᠪᠡᠶ᠎ᠡ ᠵᠢᠨ ᠲᠠᠮᠢᠷ ᠪᠣᠯ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠪᠡᠶ᠎ᠡ ᠵᠢᠨ ᠲᠠᠮᠢᠷ᠎ᠤᠨ ᠬᠦᠷᠢᠶᠡᠨ᠎ᠳᠠᠬᠢ ᠠᠮᠢᠳᠤᠯᠢᠭ ᠦᠢ᠍ᠯᠡᠳᠦᠯᠭᠡ ᠪᠣᠯᠤᠨ᠎ᠠ᠃ 《ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ》᠂ 《ᠪᠥᠬᠥ ᠠᠷᠠᠳ ᠵᠶ᠋ᠠᠷ ᠵᠶ᠋ᠠᠨ ᠪᠡᠶ᠎ᠡ ᠴᠢᠭᠢᠷᠠᠭᠵᠢᠭᠤᠯᠬᠤ》᠂ 《ᠡᠷᠡᠭᠦᠯ ᠡᠩᠬᠡ ᠳᠤᠮᠳᠠᠳᠤ ᠤᠯᠤᠰ》᠎ᠤᠨ ᠳᠤᠲᠠᠭᠳᠠᠵᠤ ᠪᠣᠯᠤᠰᠢ ᠥᠬᠡᠶ ᠨᠢᠭᠡ ᠬᠡᠰᠡᠭ ᠮᠦᠨ᠃ ᠦᠢ᠍ᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲ᠋ᠣᠪᠴᠢᠶᠠᠠᠴᠠ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠲᠡᠭᠡᠳᠤ ᠬᠡᠮᠵᠢᠶ᠎ᠡ᠎ᠪᠠᠷ ᠴᠢᠬᠤᠯᠠᠴᠢᠯᠠᠬᠰᠠᠨ᠎ᠠᠴᠠ᠂ ᠪᠦᠬᠦ ᠠᠷᠠᠳ ᠵᠶ᠋ᠠᠷ ᠵᠶ᠋ᠠᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠡᠩᠴᠡᠭᠦᠷᠢᠰᠢᠬᠦ ᠬᠢᠷᠢ ᠬᠡᠮᠵᠢᠶ᠎ᠡ ᠪᠠ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠢᠷᠢ ᠬᠡᠮᠵᠢᠶ᠎ᠡ ᠲᠠᠰᠤᠷᠠᠯᠲᠠ ᠤᠢ᠍ᠭᠡᠢ ᠳᠡᠭᠡᠭᠰᠢᠯᠡᠪᠡ᠃ ᠮᠦᠨ 《ᠪᠦᠬᠦ ᠤᠯᠤᠰ᠎ᠤᠨ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠲᠡᠷᠢᠭᠦᠨ᠎ᠤ ᠨᠢᠭᠡᠴᠡ》 ᠵᠢᠨ ᠴᠣᠯᠠ ᠵᠢ ᠢᠷᠠᠭᠤ ᠠᠯᠳᠠᠷᠲᠠᠢ᠎ᠪᠠᠷ ᠬᠦᠷᠲᠡᠪᠡ᠃ ᠮᠠᠨ᠎ᠤ ᠣᠷᠣᠨ᠎ᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠦᠢ᠍ᠯᠡᠰ ᠲᠠᠰᠤᠷᠠᠯᠲᠠ ᠦᠭᠡᠢ ᠬᠥᠭᠵᠢᠵᠦ᠂ ᠰᠢᠨ᠎ᠡ ᠴᠠᠭ ᠦᠶ᠎ᠡ ᠵᠢᠨ ᠵᠡᠮᠳᠡᠭᠴᠦᠳ᠎ᠤᠨ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠬᠤ᠂ ᠡᠷᠡᠮᠡᠬᠡᠶ᠋ᠢᠯᠡᠨ ᠲᠠᠪᠰᠢᠬᠤ ᠪᠠᠶ᠋ᠢᠳᠠᠯ᠎ᠢ ᠳᠡᠯᠭᠡᠨ ᠦᠵᠡᠭᠦᠯᠪᠡ᠃ ᠮᠦᠨᠴᠤ ᠮᠠᠨ᠎ᠤ ᠤᠷᠤᠨ᠎ᠤ ᠪᠦᠬᠦ ᠠᠷᠠᠳ ᠵᠶ᠋ᠠᠷ ᠵᠶ᠋ᠠᠨ ᠪᠡᠶ᠎ᠡ ᠴᠢᠭᠢᠷᠠᠭᠵᠢᠭᠤᠯᠬᠤ ᠦᠢ᠍ᠯᠡᠰ ᠥᠷᠨᠢᠨ ᠬᠥᠭᠵᠢᠭᠰᠡᠨ᠎ᠤ ᠭᠣᠶ᠋ᠢᠳᠠ ᠰᠠᠶ᠋ᠢᠬᠠᠨ ᠬᠤᠷᠢᠶᠠᠩᠭᠤᠢ ᠵᠢᠷᠤᠭ ᠪᠣᠯᠤᠨ᠎ᠠ᠃ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠢ ᠲᠡᠭᠡᠳᠤ ᠬᠡᠮᠵᠢᠶ᠎ᠡ᠎ᠪᠠᠷ ᠴᠢᠬᠤᠯᠠᠴᠢᠯᠠᠬᠤ ᠪᠠ ᠶᠡᠬᠡᠪᠡᠷ ᠬᠦᠭᠵᠢᠭᠦᠯᠵᠦ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠲᠡᠭᠡᠭᠰᠢᠯᠡᠭᠦᠯᠵᠦ᠂ ᠨᠡᠢ᠌ᠭᠡᠮ ᠳᠠᠶᠠᠭ᠋ᠠᠷ᠎ᠲᠤ ᠵᠡᠮᠳᠡᠭᠴᠦᠳ᠎ᠢ ᠬᠦᠨᠳᠦᠳᠬᠡᠬᠦ᠂ ᠬᠠᠯᠠᠮᠵᠢᠯᠠᠬᠤ᠂ ᠬᠠᠪᠰᠤᠷᠬᠤ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠤᠯᠠᠮ ᠨᠢᠭᠡ ᠠᠯᠬᠤᠮ ᠪᠤᠢ ᠪᠣᠯᠭ᠋ᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠤᠯᠪᠠ᠃
ᠲᠠᠨ ᠵᠢᠩ ᠹᠧᠩ ᠲᠣᠪᠴᠢᠶᠠᠨ ᠳᠠᠷᠤᠭ᠎ᠠ ᠱᠠᠭ᠋ᠠᠷᠳᠠᠭᠰᠠᠨ᠎ᠨᠢ᠂ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ᠎ᠳᠤ ᠪᠡᠯᠡᠳᠬᠡᠬᠦ ᠡᠭᠦᠷᠭᠡ ᠤᠳᠠᠯ ᠦᠭᠡᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶᠠᠨᠤᠭᠤᠳ ᠵᠡᠮᠳᠡᠭᠴᠦᠳ᠎ᠤᠨ ᠬᠣᠯᠪᠣᠭ᠎ᠠ᠎ᠲᠠᠢ ᠬᠠᠮᠵᠢᠯᠴᠠᠨ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠠᠮᠢᠶ᠎ᠠ ᠪᠦᠬᠦᠢ ᠪᠡᠯᠡᠳᠭᠡᠯ ᠠᠵᠢᠯ᠎ᠢ ᠰᠠᠶ᠋ᠢᠲᠤᠷ ᠬᠢᠬᠦ ᠵᠢ ᠬᠠᠷᠢᠭᠤᠴᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ᠂ ᠲᠠᠨᠢᠯᠲᠠ᠂ ᠤᠯᠤᠰ ᠲᠥᠷᠥ ᠵᠢᠨ ᠵᠣᠬᠰᠣᠯᠳᠠ᠎ᠪᠠᠨ ᠳᠡᠭᠡᠭᠰᠢᠯᠡᠭᠦᠯᠵᠦ᠂ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠶ ᠭᠦᠢ᠍ᠴᠡᠳᠭᠡᠵᠦ᠂ ᠨᠢᠭᠡ ᠬᠥᠯᠭᠡ ᠰᠢᠲᠠᠷ᠎ᠠ ᠮᠡᠲᠦ ᠰᠡᠳᠬᠢᠬᠦᠶ᠎ᠲᠠᠢ ᠪᠣᠯᠵᠤ᠂ ᠠᠵᠢᠯ᠎ᠤᠨ ᠬᠠᠷᠠᠯᠲᠠ ᠵᠢᠨ ᠲᠣᠭᠣᠷᠢᠨ᠎ᠳᠤ ᠵᠡᠮᠳᠡᠭᠴᠦᠳ᠎ᠤᠨ ᠬᠣᠯᠪᠣᠭ᠎ᠠ᠎ᠲᠠᠢ ᠲᠤᠬᠠᠶ᠋ᠢᠯᠠᠭᠰᠠᠨ ᠠᠵᠢᠯ᠎ᠤᠨ ᠨᠡᠪᠳᠡᠷᠡᠯᠴᠡᠭᠡ᠎ᠪᠠᠨ ᠴᠢᠩᠭ᠋ᠠᠳᠬᠠᠵᠠᠢ᠃ ᠲᠠᠮᠢᠷᠴᠢᠨ᠎ᠢ ᠰᠢᠯᠢᠨ ᠰᠣᠩᠭᠣᠬᠤ᠂ ᠪᠣᠯᠪᠠᠰᠤᠷᠠᠭᠤᠯᠬᠤ᠂ ᠬᠠᠮᠢᠶᠠᠷᠬᠤ ᠵᠡᠷᠭᠡ ᠠᠵᠢᠯ᠎ᠢ ᠬᠠᠮᠵᠢᠯᠴᠠᠨ ᠰᠠᠶ᠋ᠢᠲᠤᠷ ᠬᠢᠵᠦ᠂ ᠬᠠᠮᠤᠭ ᠥᠨᠳᠥᠷ ᠪᠠᠷᠢᠮᠵᠢᠶ᠎ᠠ᠂ ᠬᠠᠮᠤᠭ ᠪᠣᠳᠠᠲᠠᠶ ᠰᠤᠷᠲᠠᠯ ᠵᠶ᠋ᠠᠷ ᠲᠠᠢ᠌ᠨ᠎ᠳᠤ ᠪᠡᠯᠡᠳᠬᠡᠵᠦ ᠤᠷᠤᠯᠳᠤᠭ᠋ᠠᠨ᠎ᠳᠤ ᠤᠷᠤᠯᠴᠠᠬᠤ ᠠᠵᠢᠯ᠎ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠵᠢᠨ ᠬᠠᠭᠤᠳᠠᠰᠤ ᠲᠤᠰᠢᠶᠠᠵᠤ᠂ ᠪᠦᠬᠦ ᠨᠡᠶ᠋ᠢᠭᠡᠮ᠎ᠳᠤ ᠬᠥᠮᠦᠨ ᠪᠦᠬᠦᠨ ᠵᠡᠮᠳᠡᠭᠴᠦᠳ᠎ᠢ ᠣᠶ᠋ᠢᠯᠠᠭ᠋ᠠᠬᠤ᠂ ᠬᠦᠨᠳᠦᠳᠬᠡᠬᠦ᠂ ᠬᠠᠯᠠᠮᠵᠢᠯᠠᠬᠤ᠂ ᠬᠠᠪᠰᠤᠷᠬᠤ ᠨᠡᠶ᠋ᠢᠭᠡᠮ᠎ᠤᠨ ᠬᠡᠪ ᠰᠤᠷᠲᠠᠯ᠎ᠢ ᠪᠤᠢ ᠪᠣᠯᠭ᠋ᠠᠬᠤ ᠬᠡᠷᠡᠭᠳᠡᠢ᠃ ᠡᠭᠦᠨ᠎ᠤ ᠬᠠᠮᠲᠤ᠂ ᠪᠣᠯᠪᠠᠰᠤᠷᠠᠯ ᠬᠢᠵᠦ ᠲᠠᠢ᠌ᠨ᠎ᠳᠤ ᠪᠡᠯᠡᠳᠬᠡᠬᠦ᠎ᠪᠠᠷ ᠳᠠᠮᠵᠢᠨ᠂ ᠵᠡᠮᠳᠡᠭ ᠲᠠᠮᠢᠷᠴᠢᠳ᠎ᠤᠨ ᠡᠩᠨᠡᠭᠡᠨ᠎ᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶ᠎ᠡ ᠵᠢᠨ ᠲᠠᠮᠢᠷ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠤᠷᠤᠯᠴᠠᠬᠤ ᠨᠣᠷᠮ᠎ᠠ ᠪᠠ ᠬᠠᠮᠤᠷᠬᠤ ᠬᠡᠪᠴᠢᠶ᠎ᠡ ᠵᠢᠴᠢ ᠬᠦᠷᠲᠡᠮᠵᠢ ᠵᠢᠨ ᠲᠦᠷᠦᠭᠳᠡᠯ ᠪᠠ ᠵᠣᠯ ᠵᠢᠷᠭ᠋ᠠᠯᠲᠤ ᠲᠦᠷᠦᠭᠳᠡᠯ᠎ᠢ ᠳᠡᠭᠡᠭᠰᠢᠯᠡᠭᠦᠯᠵᠦ᠂ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠰᠢᠨ᠎ᠡ ᠬᠠᠭᠤᠳᠠᠰᠤ ᠵᠢ ᠨᠡᠭᠡᠭᠡᠨ᠎ᠡ᠃
ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠠᠵᠢᠯ ᠲᠠᠭᠤᠰᠤᠬᠰᠠᠨᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠤᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠮᠳᠤᠷᠠᠯᠴᠠᠭ᠋ᠠᠨ᠎ᠤ ᠰᠠᠨᠠᠮᠵᠢ ᠵᠢᠨ ᠪᠢᠴᠢᠭ᠎ᠲᠤ ᠭᠠᠷᠤᠨ ᠥᠰᠥᠭ ᠵᠢᠷᠤᠪᠠ᠃