ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠠᠮᠢᠷ᠎ᠤᠨ ᠰᠢᠢ᠍ᠳᠪᠦᠷᠢᠳᠦ ᠤᠷᠤᠯᠳᠤᠭ᠋ᠠᠨ ᠶᠠᠪᠤᠭᠳᠠᠪᠠ
ᠨᠡᠶ᠋ᠢᠲᠡᠯᠡᠭᠰᠡᠨ ᠴᠠᠭ᠄ 2020-12-08

    11 ᠰᠠᠷ᠎ᠠ ᠵᠢᠨ 23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ ᠲᠠᠭ᠋ᠠᠭ᠋ᠠᠴᠢᠯᠠᠨ ᠡᠷᠬᠢᠯᠡᠵᠦ᠂ ᠥᠪᠥᠷ ᠮᠣᠩᠭᠣᠯ᠎ᠤᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠂ ᠥᠪᠥᠷ ᠮᠣᠩᠭᠣᠯ᠎ᠤᠨ ᠤᠮᠠᠷᠠᠲᠤ ᠬᠢᠯᠢ ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠬᠣᠯᠪᠣᠭ᠋ᠠᠲᠤ ᠬᠤᠷᠠᠯ᠎ᠠᠴᠠ ᠬᠠᠮᠵᠢᠯᠴᠠᠨ ᠡᠷᠬᠢᠯᠡᠭᠰᠡᠨ 2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠠᠮᠢᠷ᠎ᠤᠨ ᠤᠷᠤᠯᠳᠤᠭ᠋ᠠᠨ᠎ᠤ ᠶᠡᠷᠦᠩᠬᠡᠶ ᠰᠢᠢ᠍ᠳᠪᠦᠷᠢᠳᠦ ᠤᠷᠤᠯᠳᠤᠭ᠋ᠠᠨ ᠰᠦᠷ ᠬᠦᠭᠵᠢᠶᠡᠨ᠎ᠲᠠᠢ ᠶᠠᠪᠤᠭᠳᠠᠵᠦ᠂ ᠪᠥᠬᠥ ᠣᠷᠣᠨ᠎ᠤ 12 ᠠᠶ᠋ᠢᠮᠠᠭ ᠬᠣᠲᠠ ᠵᠢᠴᠢ ᠮᠠᠨᠵᠤᠤᠷ᠂ ᠡᠷᠢᠶᠡᠨ ᠬᠣᠲᠠ᠎ᠠᠴᠠ ᠢᠷᠡᠭᠰᠡᠨ 18 ᠲᠥᠯᠥᠭᠡᠯᠡᠭᠴᠢᠳ᠎ᠤᠨ ᠠᠩᠭᠢ ᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ ᠲᠠᠨ ᠵᠢᠩ ᠹᠸᠩ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠪᠡᠶ᠎ᠡ ᠵᠢᠨ ᠲᠠᠮᠢᠷ᠎ᠤᠨ   ᠶᠡᠷᠦᠩᠬᠡᠶ ᠰᠢᠢ᠍ᠳᠪᠦᠷᠢᠳᠦ ᠤᠷᠤᠯᠳᠤᠭ᠋ᠠᠨ ᠡᠬᠢᠯᠡᠭᠰᠡᠨ᠎ᠢ ᠵᠠᠷᠯᠠᠵᠠᠶ᠃

    ᠲᠤᠰ ᠤᠳᠠᠭ᠋ᠠᠨ᠎ᠤ ᠤᠷᠤᠯᠳᠤᠭ᠋ᠠᠨ᠎ᠨᠢ ᠡᠯ᠎ᠡ ᠠᠵᠢᠯ ᠲᠥᠷᠥᠯ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠢ ᠳᠠᠶ᠋ᠢᠴᠢᠯᠠᠨ᠂ ᠪᠦᠬᠦ ᠠᠷᠠᠳ ᠵᠶ᠋ᠠᠷ ᠵᠶ᠋ᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠭᠤᠯᠵᠤ᠂ ᠪᠦᠬᠦ ᠣᠷᠣᠨ᠎ᠳᠤ ᠷᠠᠳᠢᠤ᠋ ᠲᠠᠮᠢᠷ ᠪᠣᠯᠤᠨ ᠠᠵᠢᠯ᠎ᠤᠨ ᠵᠠᠪᠰᠠᠷ᠎ᠤᠨ ᠲᠠᠮᠢᠷ᠎ᠤᠨ ᠠᠵᠢᠯᠯᠠᠭ᠎ᠠ ᠵᠢᠨ ᠥᠷᠨᠢᠯᠲᠡ ᠵᠢ ᠥᠷᠨᠢᠭᠦᠯᠵᠦ᠂ ᠨᠠᠩ ᠣᠯᠠᠨ ᠬᠦᠮᠦᠰ᠎ᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠤᠯᠵᠤ᠂ ᠰᠢᠨᠵᠢᠯᠡᠬᠦ ᠤᠬᠠᠭ᠋ᠠᠨᠴᠢ᠂ ᠪᠣᠯᠪᠠᠰᠤᠨ᠂ ᠡᠷᠡᠭᠦᠯ ᠴᠢᠭᠢᠷᠠᠭ ᠠᠮᠢᠳᠤᠷᠠᠯ᠎ᠤᠨ ᠠᠷᠭ᠎ᠠ ᠮᠠᠶᠢᠭ᠎ᠢ ᠪᠤᠢ ᠪᠣᠯᠭ᠋ᠠᠬᠤ  ᠎ᠳᠤ ᠲᠤᠰᠠᠯᠠᠨ᠂ ᠪᠦᠬᠦ ᠠᠷᠠᠳ᠎ᠤᠨ ᠡᠷᠡᠭᠦᠯ ᠮᠠᠨᠳᠦ ᠵᠢ ᠲᠡᠭᠡᠭᠰᠢᠯᠡᠭᠦᠯᠵᠦ᠂ ᠡᠷᠡᠭᠦᠯ ᠡᠩᠬᠡ ᠦᠪᠦᠷ ᠮᠤᠩᠭᠤᠯ᠎ᠢ ᠪᠦᠳᠦᠭᠡᠨ ᠪᠠᠢ᠌ᠭᠤᠯᠬᠤ ᠵᠢᠨ ᠲᠦᠯᠦᠭᠡ ᠶᠤᠮ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠨᠠᠢ᠍ᠮᠠᠳᠤᠭ᠋ᠠᠷ ᠬᠤᠭᠤᠴᠠᠭ᠋ᠠᠨ᠎ᠤ ᠣᠨᠴᠠᠭ᠋ᠠᠢ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭᠰᠤᠨ ᠪᠥᠮᠪᠥᠭᠡ ᠵᠢᠨ ᠮᠡᠷᠭᠡᠵᠢᠯ᠎ᠤᠨ ᠲᠥᠯᠥᠭᠡᠯᠡᠭᠴᠢ ᠬᠢᠨᠠᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠥᠪᠥᠷ ᠮᠣᠩᠭᠤᠯ᠎ᠤᠨ ᠠᠩᠭᠢ ᠠᠯᠬᠤᠭ᠎ᠠ ᠤᠷᠤᠯᠳᠤᠭ᠋ᠠᠨ᠎ᠳᠤ 4 ᠠᠯᠲᠠᠨ ᠮᠧᠳᠠᠯ ᠭᠠᠷᠳᠠᠪᠠ
2020 ᠣᠨ᠎ᠤ ᠮᠠᠨ᠎ᠤ ᠤᠷᠤᠨ᠎ᠤ ᠪᠡᠶ᠎ᠡ ᠵᠢᠨ ᠲᠠᠮᠢᠷ᠎ᠤᠨ 10 ᠶᠡᠭᠡ ᠰᠣᠨᠢᠨ ᠮᠡᠳᠡᠭᠡ
ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠰᠢᠶ᠎ᠡ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ ᠳᠤᠮᠳᠠᠳᠤ ᠤᠯᠤᠰ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠬᠠᠮᠳᠤᠷᠠᠬᠰᠠᠨ ᠤᠷᠤᠯᠳᠤᠭ᠋ᠠᠨ᠎ᠳᠤ ᠮᠠᠩᠯᠠᠶ᠋ᠢᠯᠠᠪᠠ
 
            