
3 ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠌ᠳᠠᠨ᠎ᠤ ᠨᠡᠶ᠋ᠢᠭᠡᠮᠯᠢᠭ᠎ᠤᠨ ᠠᠭ᠋ᠠᠷ ᠮᠠᠨᠳᠠᠯ᠎ᠤᠨ ᠬᠡᠪ᠎ᠤᠨ ᠲᠠᠷᠤᠯᠳᠠ᠎ᠠᠴᠠ ᠲᠤᠤᠷ᠎ᠠ ᠲᠠᠷᠤᠯᠳᠠ ᠪᠦᠬᠦᠢ ᠲᠦᠷᠭᠡᠨ ᠠᠪᠤᠷᠠᠯᠳᠠ ᠵᠢᠨ ᠲᠡᠷᠭᠡ ᠬᠠᠨᠳᠢᠪᠯᠠᠬᠤ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠬᠠᠮᠢᠶᠠᠷᠤᠯᠳᠠ ᠵᠢᠨ ᠲᠦᠪ᠎ᠠᠴᠠ ᠠᠭ᠋ᠠᠷ ᠮᠠᠨᠳᠠᠯ᠎ᠤᠨ ᠬᠡᠪ᠎ᠤᠨ ᠲᠠᠷᠤᠯᠳᠠ᠎ᠠᠴᠠ ᠲᠤᠤᠷ᠎ᠠ ᠲᠠᠷᠤᠯᠳᠠ ᠪᠦᠬᠦᠢ ᠲᠦᠷᠭᠡᠨ ᠠᠪᠤᠷᠠᠯᠳᠠ ᠵᠢᠨ ᠲᠡᠷᠭᠡ᠂ ᠲᠦᠷᠭᠡᠨ ᠠᠪᠤᠷᠠᠯᠲᠠ ᠵᠢᠨ ᠲᠦᠭᠦᠭᠡᠷᠦᠮᠵᠢ ᠵᠢ ᠬᠤᠳᠠᠯᠳᠤᠨ ᠠᠪᠬᠤ᠎ᠳᠤ ᠲᠤᠰᠠᠯᠠᠮᠵᠢ ᠪᠤᠯᠭ᠋ᠠᠵᠦ᠂ ᠤᠯᠠᠭ᠋ᠠᠨ ᠵᠠᠭ᠋ᠠᠯᠮᠠᠢ᠍ᠲᠠᠨᠤ ᠨᠡᠶ᠋ᠢᠭᠡᠮᠯᠢᠭ᠎ᠲᠤ 40 ᠲᠦᠮᠡᠨ ᠲᠥᠭᠥᠷᠢᠭ ᠬᠠᠨᠳᠢᠪᠯᠠᠵᠠᠢ᠃
ᠬᠠᠨᠳᠢᠪ᠎ᠤᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶᠠᠨ ᠳᠠᠷᠤᠭ᠎ᠠ ᠲᠠᠨ ᠵᠢᠩ ᠹᠸᠩ ᠪᠤᠯᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠪᠠᠶ᠋ᠢᠩᠭᠤ ᠵᠢᠨ ᠳᠡᠳ᠋ ᠳᠠᠷᠤᠭ᠎ᠠ ᠸᠠᠩ ᠹᠠᠩ᠎ᠲᠠᠢ ᠲᠦᠭᠦᠮ ᠲᠦᠳᠡ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠶᠠᠪᠤᠭᠤᠯᠪᠠ᠃ ᠤᠯᠠᠭ᠋ᠠᠨ ᠵᠠᠭ᠋ᠠᠯᠮᠠᠢ᠍ᠲᠠᠨᠤ ᠨᠡᠶ᠋ᠢᠭᠡᠮᠯᠢᠭ᠎ᠠᠴᠠ ᠮᠦᠩᠭᠦ ᠬᠠᠨᠳᠢᠪᠯᠠᠵᠤ ᠬᠤᠳᠠᠯᠳᠤᠨ ᠠᠪᠤᠭᠰᠠᠨ ᠲᠦᠭᠦᠭᠡᠷᠦᠮᠵᠢ ᠵᠢ ᠬᠦᠯᠢᠶᠡᠨ ᠠᠪᠬᠤ ᠡᠮᠨᠡᠯᠭᠡ ᠵᠢᠨ ᠬᠣᠷᠢᠶᠠᠨ᠎ᠳᠤ ᠲᠤᠰᠢᠶᠠᠵᠦ᠂ ᠮᠠᠨ᠎ᠤ ᠣᠷᠣᠨ᠎ᠤ ᠬᠢᠵᠢᠭ᠎ᠢ ᠡᠰᠡᠷᠭᠦᠴᠡᠬᠦ ᠠᠵᠢᠯ ᠡᠷᠳᠡ ᠨᠢᠭᠡ ᠡᠳᠦᠷ ᠢᠯᠠᠯᠲᠠ ᠣᠯᠬᠤ᠎ᠳᠤ ᠬᠦᠴᠦᠨ ᠨᠡᠮᠡᠷᠢᠯᠡᠪᠡ᠃
