
3 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶᠠᠨ ᠳᠠᠷᠤᠭ᠎ᠠ ᠲᠠᠨ ᠵᠢᠩ ᠹᠸᠩ ᠬᠥᠬᠡᠬᠣᠲᠠ᠎ᠳᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠠᠵᠢᠯ ᠵᠶ᠋ᠠᠨ ᠰᠡᠷᠭᠦᠭᠡᠵᠦ ᠪᠠᠢ᠌ᠭ᠎ᠠ ᠵᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠤᠭᠤᠳᠪᠠ᠃ ᠲᠡᠷᠡ ᠰᠢᠨᠵᠢᠯᠡᠬᠦ ᠤᠬᠠᠭ᠋ᠠᠨᠴᠢ᠎ᠪᠠᠷ ᠰᠤᠳᠤᠯᠤᠨ ᠮᠠᠭ᠋ᠠᠳᠯᠠᠵᠦ᠂ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠰᠦᠯᠵᠢᠶᠡᠨ ᠴᠡᠭ᠎ᠤᠨ ᠪᠤᠷᠤᠭᠤᠯᠤᠯᠳᠠ ᠵᠢ ᠡᠮᠬᠢ ᠵᠢᠷᠤᠮ᠎ᠲᠠᠢ ᠰᠡᠷᠭᠦᠭᠡᠵᠦ᠂ ᠪᠣᠷᠣᠯᠠᠭᠤᠯᠭ᠎ᠠ ᠵᠢᠨ ᠴᠡᠭ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠣᠷᠣᠯᠠᠭᠤᠯᠭ᠎ᠠ ᠵᠢᠨ ᠴᠡᠭ᠎ᠢ ᠪᠥᠬᠥ ᠲᠠᠯ᠎ᠠ᠎ᠪᠠᠷ ᠨᠡᠭᠡᠭᠡᠵᠦ᠂ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠪᠣᠷᠣᠯᠠᠭᠤᠯᠭ᠎ᠠ᠎ᠳᠤ ᠦᠵᠡᠭᠦᠯᠦᠭᠰᠡᠨ ᠬᠢᠵᠢᠭ᠎ᠤᠨ ᠨᠥᠯᠥᠭᠡ ᠵᠢ ᠬᠠᠮᠤᠭ᠎ᠤᠨ ᠳᠣᠤᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ ᠭᠡᠵᠦ ᠴᠢᠩᠭ᠋ᠠᠳᠬᠠᠪᠠ᠃
ᠲᠠᠨ ᠵᠢᠩ ᠹᠸᠩ ᠲᠤᠪᠴᠢᠶᠠᠨ ᠲᠠᠷᠤᠭ᠎ᠠ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠬᠠᠮᠢᠶᠠᠷᠤᠯᠲᠠ ᠵᠢᠨ ᠲᠥᠪ ᠪᠣᠯᠤᠨ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠬᠠᠮᠢᠶᠠᠷᠤᠯᠲᠠ ᠵᠢᠨ ᠲᠥᠪ᠎ᠲᠤ ᠬᠦᠷᠴᠦ᠂ ᠪᠥᠬᠥ ᠣᠷᠣᠨ ᠵᠢᠴᠢ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠠᠵᠢᠯ ᠵᠶ᠋ᠠᠨ ᠰᠡᠷᠭᠦᠭᠡᠵᠦ ᠪᠠᠢ᠌ᠭ᠎ᠠ ᠪᠠᠢ᠌ᠳᠠᠯ ᠪᠠ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠡᠯ᠎ᠡ ᠲᠥᠷᠥᠯ᠎ᠤᠨ ᠪᠤᠷᠤᠯᠠᠭᠤᠯᠤᠯᠳᠠ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠲᠡᠷᠡ ᠵᠢᠭ᠋ᠠᠬᠤ᠎ᠳᠠᠭᠠᠨ᠂ ᠪᠥᠬᠥ ᠣᠷᠣᠨ᠎ᠤ 103 ᠬᠣᠰᠢᠭᠤ ᠰᠢᠶᠠᠨ (ᠬᠣᠲᠠ᠂ ᠲᠣᠭᠣᠷᠢᠭ)᠎ᠤ ᠬᠢᠵᠢᠭ᠎ᠤᠨ ᠲᠦᠭᠰᠢᠭᠦᠷᠢ ᠵᠢᠨ ᠲᠠᠰ ᠴᠥᠮ ᠳᠣᠤᠷ᠎ᠠ ᠲᠦᠭᠰᠢᠭᠦᠷᠢ ᠪᠣᠯᠵᠣ᠂ ᠬᠥᠬᠡᠬᠣᠲᠠ᠎ᠳᠤ ᠤᠨᠤᠰᠢᠯᠠᠭᠰᠠᠨ ᠡᠪᠡᠳᠴᠢᠳᠠᠨ ᠦᠭᠡᠢ ᠪᠤᠯᠪᠠ᠂ ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠰᠢᠰᠲ᠋ᠧᠮ ᠢᠯᠠᠩᠭᠤᠶ᠎ᠡ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠬᠠᠮᠢᠶᠠᠷᠤᠯᠲᠠ ᠵᠢᠨ ᠲᠥᠪ ᠢᠲᠡᠭᠡᠯ ᠵᠣᠷᠢᠭ ᠵᠶ᠋ᠠᠨ ᠪᠠᠲᠤᠳᠬᠠᠵᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠢᠳᠡᠪᠬᠢᠲᠡᠶ ᠠᠵᠢᠯᠯᠠᠵᠤ᠂ ᠦᠪᠡᠷ᠎ᠤᠨ ᠪᠡᠶ᠎ᠡ ᠵᠢᠨ ᠬᠢᠵᠢᠭ᠎ᠢ ᠰᠡᠷᠭᠡᠶ᠋ᠢᠯᠡᠨ ᠡᠵᠡᠮᠳᠡᠬᠦ ᠵᠢ ᠰᠠᠶ᠋ᠢᠲᠤᠷ ᠬᠢᠬᠦ ᠵᠢᠨ ᠬᠠᠮᠲᠤ᠂ ᠡᠯ᠎ᠡ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠪᠣᠷᠣᠯᠠᠭᠤᠯᠭ᠎ᠠ ᠵᠢᠨ ᠴᠡᠭ᠎ᠢ ᠬᠥᠲᠥᠯᠥᠨ ᠵᠢᠯᠣᠭᠣᠳᠴᠤ ᠬᠠᠪᠰᠤᠷᠬᠤ ᠬᠡᠷᠡᠭᠳᠡᠢ᠂ ᠬᠢᠵᠢᠭ᠎ᠢ ᠰᠡᠷᠭᠡᠶ᠋ᠢᠯᠡᠨ ᠡᠵᠡᠮᠳᠡᠬᠦ ᠪᠠ ᠠᠵᠢᠯ᠎ᠢ ᠰᠡᠷᠭᠦᠭᠡᠬᠦᠢ ᠴᠤᠭᠭ᠋ᠠᠷ ᠠᠳᠬᠤᠵᠦ᠂ ᠰᠠᠭ᠋ᠠᠳᠠᠭ᠋ᠠᠵᠦ ᠪᠤᠯᠬᠤ ᠦᠭᠡᠢ ᠭᠡᠰᠡᠨ ᠪᠠᠢ᠌ᠨ᠎ᠡ᠃

ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠴᠢᠶᠣᠤ ᠶᠦᠨ ᠯᠢ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠳᠠᠷᠤᠭ᠎ᠠ ᠱ᠌ᠢ ᠷᠦᠩ ᠧᠨ ᠨᠡᠷ ᠪᠠᠷ᠎ᠠ ᠪᠣᠯᠵᠣ ᠪᠠᠢ᠌ᠴᠠᠭ᠋ᠠᠨ ᠰᠤᠳᠤᠯᠤᠯᠲᠠ ᠬᠢᠪᠠ᠃