ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠤᠪᠴᠢᠶᠠᠨ ᠲᠠᠷᠤᠭ᠎ᠠ ᠲᠠᠨ ᠵᠢᠩ ᠹᠸᠩ ᠲᠤᠪᠴᠢᠶᠠᠨ ᠲᠠᠷᠤᠭ᠎ᠠ ᠵᠢᠨ ᠠᠯᠪᠠᠨ ᠭᠡᠷ᠎ᠤᠨ ᠬᠤᠷᠠᠯ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2020-03-05

    2 ᠰᠠᠷ᠎ᠠ ᠵᠢᠨ 26᠎ᠤ ᠡᠳᠦᠷ᠂ ᠲᠣᠪᠴᠢᠶᠠᠨ ᠳᠠᠷᠤᠭ᠎ᠠ ᠲᠠᠨ ᠵᠢᠩ ᠹᠸᠩ ᠲᠣᠪᠴᠢᠶᠠᠨ ᠳᠠᠷᠤᠭ᠎ᠠ ᠵᠢᠨ ᠠᠯᠪᠠᠨ ᠭᠡᠷ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠭᠣᠤᠯᠳᠠᠯᠭ᠎ᠠ᠎ᠲᠠᠢ ᠠᠵᠢᠯ᠎ᠤᠨ ᠬᠠᠷᠢᠭᠤ ᠮᠡᠳᠡᠭᠦᠯᠦᠯᠳᠡ ᠵᠢ ᠰᠣᠨᠣᠰᠴᠤ᠂ ᠬᠣᠯᠪᠣᠭᠳᠠᠯ ᠪᠥᠬᠥᠶ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
    ᠬᠤᠷᠠᠯ᠎ᠳᠤ᠂ ᠰᠢᠨ᠎ᠡ ᠲᠢᠳᠠᠮᠯᠢᠭ᠌ ᠠᠭᠤᠰᠬᠢᠨ ᠦᠷᠪᠢᠰᠦᠯ᠎ᠤᠨ ᠬᠢᠵᠢᠭ᠎ᠤᠨ ᠨᠥᠯᠥᠭᠡ᠎ᠠᠴᠠ ᠪᠣᠯᠵᠣ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠬᠣᠶ᠋ᠢᠰᠢᠯᠠᠭᠤᠯᠤᠨ ᠡᠷᠬᠢᠯᠡᠬᠦ᠎ᠪᠠᠷ ᠪᠤᠯᠪᠠ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭᠠ᠎ᠢ ᠬᠣᠶ᠋ᠢᠰᠢᠯᠠᠭᠤᠯᠤᠨ ᠡᠷᠭᠢᠯᠡᠬᠦ᠎ᠠᠴᠠ ᠪᠣᠯᠤᠭᠰᠠᠨ ᠨᠥᠯᠥᠭᠡ ᠵᠢ ᠭᠦᠢ᠍ᠴᠡᠳ ᠦᠨᠡᠯᠡᠨ ᠵᠢᠱ᠌ᠢᠵᠦ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠢᠳᠡᠪᠬᠢᠲᠡᠶ ᠵᠣᠬᠢᠴᠠᠭᠤᠯᠵᠤ᠂ ᠬᠣᠶ᠋ᠢᠰᠢᠯᠠᠭᠤᠯᠤᠨ ᠡᠷᠭᠢᠯᠡᠬᠦ ᠲᠥᠰᠦᠯ᠎ᠢ ᠨᠠᠷᠢᠨ ᠨᠢᠮᠪᠠᠶ ᠲᠣᠭᠲᠠᠭ᠋ᠠᠵᠤ᠂ ᠬᠢᠵᠢᠭ᠎ᠤᠨ ᠪᠠᠶ᠋ᠢᠳᠠᠯ᠎ᠠᠴᠠ ᠪᠤᠯᠤᠭᠰᠠᠨ ᠨᠥᠯᠥᠭᠡ ᠵᠢ ᠬᠠᠮᠤᠭ᠎ᠤᠨ ᠳᠣᠤᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠶ᠋ᠢᠬᠤ ᠬᠡᠷᠡᠭᠲᠡᠶ ᠭᠡᠪᠡ᠃
    ᠬᠤᠷᠠᠯ᠎ᠠᠴᠠ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠶ ᠠᠭᠤᠰᠤᠯᠴᠠᠭᠤᠯᠤᠨ ᠬᠥᠭᠵᠢᠭᠦᠯᠬᠦ ᠵᠢ ᠢᠳᠡᠪᠬᠢᠲᠡᠶ ᠠᠬᠢᠭᠤᠯᠵᠤ᠂ ᠠᠭᠤᠰᠤᠯᠴᠠᠨ ᠬᠥᠭᠵᠢᠬᠦ ᠠᠵᠢᠯ᠎ᠤᠨ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠲᠤᠷᠰᠢᠯᠲᠠ ᠵᠢᠨ ᠠᠵᠢᠯ᠎ᠤᠨ ᠵᠢᠯᠣᠭᠣᠳᠣᠯᠭ᠎ᠠ ᠪᠠ ᠲᠤᠷᠰᠢᠯᠭ᠎ᠠ ᠵᠢᠨ ᠳ᠋ᠦᠩᠨᠡᠯᠲᠡ᠎ᠪᠠᠨ ᠴᠢᠩᠭ᠋ᠠᠳᠬᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠢ ᠰᠠᠶ᠋ᠢᠲᠤᠷ ᠤᠬᠠᠭᠤᠯᠵᠤ᠂ ᠠᠷᠠᠳ ᠣᠯᠠᠨ᠎ᠤ ᠪᠡᠶ᠎ᠡ ᠴᠢᠬᠢᠷᠠᠭᠵᠢᠭᠤᠯᠬᠤ ᠦᠵᠡᠯ ᠤᠬᠠᠮᠰᠠᠷ ᠪᠠ ᠪᠡᠶ᠎ᠡ ᠴᠢᠭᠢᠷᠠᠭᠵᠢᠭᠤᠯᠬᠤ᠎ᠳᠤ ᠣᠷᠣᠯᠴᠠᠬᠤ ᠢᠳᠡᠪᠬᠢᠵᠢᠯ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ 《13 · 5》 ᠵᠢᠨ ᠬᠡᠷᠡᠭᠵᠢᠭᠦᠯᠬᠦ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠵᠦ᠂ ᠠᠮᠵᠢᠯᠲᠠ᠎ᠲᠠᠢ ᠲᠤᠷᠰᠢᠯᠭ᠎ᠠ ᠪᠠ ᠠᠵᠢᠯ᠎ᠢ ᠬᠢᠨᠠᠮᠠᠭ᠋ᠠᠶ ᠳ᠋ᠦᠩᠨᠡᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠦᠯᠦᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠰᠠᠶ᠋ᠢᠲᠤᠷ ᠨᠠᠶ᠋ᠢᠷᠠᠭᠤᠯᠤᠨ ᠵᠣᠬᠢᠶᠠᠬᠤ᠎ᠳᠤ ᠰᠠᠭᠤᠷᠢ ᠲᠠᠯᠪᠢᠬᠤ ᠬᠡᠷᠡᠭᠲᠡᠶ ᠭᠡᠵᠦ ᠱᠠᠭ᠋ᠠᠷᠳᠠᠪᠠ᠃
    ᠬᠤᠷᠠᠯ᠎ᠠᠴᠠ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠠᠵᠢᠯ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠴᠢᠩᠭ᠋ᠠᠳᠬᠠᠬᠤ ᠬᠡᠷᠡᠭᠲᠡᠶ᠃ ᠡᠯ᠎ᠡ ᠰᠫᠤᠷᠲ᠎ᠤᠨ ᠲᠥᠷᠥᠯ ᠵᠦᠢ᠍ᠯ᠎ᠤᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠵᠢᠮ᠎ᠡ ᠶᠣᠰᠣ ᠵᠢ ᠭᠦᠨᠵᠡᠭᠡᠶ ᠲᠠᠨᠢᠵᠤ᠂ ᠮᠠᠨ᠎ᠤ ᠣᠷᠣᠨ᠎ᠤ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠠᠵᠢᠯ᠎ᠤᠨ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠤᠤᠯ᠎ᠤᠨ ᠰᠠᠭᠤᠷᠢᠨ ᠳᠡᠭᠡᠷ᠎ᠡ᠎ᠪᠠᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠳᠤ ᠣᠷᠣᠯᠴᠠᠬᠤ ᠪᠡᠯᠡᠳᠬᠡᠯ ᠠᠵᠢᠯ᠎ᠢ ᠦᠷᠭᠦᠯᠵᠢᠯᠡᠨ ᠰᠠᠶ᠋ᠢᠲᠤᠷ ᠬᠢᠬᠦ ᠬᠡᠷᠡᠭᠳᠡᠢ᠃ 2021 ᠣᠨ᠎ᠤ ᠱᠠᠨᠰᠢ ᠵᠢᠨ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠶ᠋ᠠᠷ ᠭᠣᠤᠯᠳᠠᠯᠭ᠎ᠠ ᠪᠣᠯᠭ᠋ᠠᠵᠤ᠂ ᠡᠪᠦᠯ᠎ᠤᠨ ᠪᠣᠯᠪᠠᠰᠤᠷᠠᠯ᠎ᠤᠨ ᠠᠵᠢᠯ᠎ᠢ ᠬᠢᠨᠠᠮᠠᠭ᠋ᠠᠶ ᠳ᠋ᠦᠩᠨᠡᠵᠦ᠂ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠤ ᠲᠦᠷᠢᠮ᠎ᠤᠨ ᠶᠡᠷᠦᠩᠬᠡᠶ ᠲᠦᠷᠢᠮ᠎ᠲᠠᠢ ᠤᠶᠠᠯᠳᠤᠭᠤᠯᠤᠨ᠂ ᠮᠠᠨ᠎ᠤ ᠣᠷᠣᠨ᠎ᠤ ᠳᠠᠪᠠᠭᠤᠯᠢᠭ ᠲᠦᠷᠦᠯ ᠵᠦᠢ᠍ᠯ᠎ᠤᠨ ᠣᠨᠴᠠᠯᠢᠭ᠎ᠢ ᠭᠦᠢ᠍ᠴᠡᠳ ᠪᠠᠳᠠᠷᠠᠭᠤᠯᠵᠤ᠂ ᠲᠤᠳᠠᠭᠳᠠᠯ ᠵᠶ᠋ᠠᠨ ᠨᠥᠬᠥᠪᠥᠷᠢᠯᠡᠵᠦ᠂ ᠤᠷᠤᠯᠳᠤᠭ᠋ᠠᠨ᠎ᠳᠤ ᠪᠡᠯᠡᠳᠬᠡᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠨᠠᠷᠢᠨ ᠨᠢᠭᠲᠠ ᠪᠠᠶ᠋ᠢᠷᠢᠯᠠᠭᠤᠯᠵᠤ᠂ 2020 ᠤᠨ᠎ᠤ ᠡᠯ᠎ᠡ ᠵᠦᠢ᠍ᠯ᠎ᠤᠨ ᠦᠷᠢᠰᠦᠯᠳᠦᠭᠡᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠣᠷᠣᠯᠴᠠᠵᠤ ᠤᠷᠤᠯᠳᠤᠭ᠋ᠠᠨ ᠡᠷᠬᠢᠯᠡᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃ ᠡᠯ᠎ᠡ ᠲᠥᠷᠥᠯ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ   ᠰᠠᠶ᠋ᠢᠲᠤᠷ ᠬᠢᠵᠦ᠂ ᠵᠠᠯᠠᠭᠤᠴᠤᠳ ᠪᠠᠭ᠋ᠠᠴᠤᠳ᠎ᠤᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠤ   ᠶᠠᠰᠦ ᠴᠢᠨᠠᠷ᠎ᠢ ᠳᠡᠭᠡᠭᠰᠢᠯᠡᠭᠦᠯᠦᠨ᠂ ᠵᠠᠯᠠᠭᠤᠴᠤᠳ ᠪᠠᠭ᠋ᠠᠴᠤᠳ᠎ᠤᠨ ᠪᠤᠰᠤᠳ ᠠᠵᠢᠯᠯᠠᠭ᠋ᠠᠨ᠎ᠤ ᠠᠭᠤᠯᠭ᠎ᠠ ᠵᠢ ᠪᠠᠶᠠᠯᠢᠭᠵᠢᠭᠤᠯᠵᠦ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ᠎ᠤ ᠡᠯ᠎ᠡ ᠲᠥᠷᠥᠯ᠎ᠤᠨ ᠲᠠᠮᠢᠷ᠎ᠤᠨ ᠰᠤᠷᠭ᠋ᠠᠭᠤᠯᠢ ᠵᠢᠨ ᠪᠠᠶ᠋ᠢᠭᠤᠯᠤᠯᠲᠠ ᠵᠢ ᠲᠣᠪᠣᠶ᠋ᠢᠮ᠎ᠠ ᠰᠠᠶ᠋ᠢᠲᠤᠷ   ᠠᠳᠬᠤᠵᠦ᠂ ᠲᠠᠮᠢᠷ᠎ᠤᠨ ᠰᠤᠷᠭ᠋ᠠᠭᠤᠯᠢ ᠵᠢᠨ 《1+N》 ᠵᠠᠭᠪᠤᠷ ᠵᠶ᠋ᠠᠷ ᠰᠤᠷᠭ᠋ᠠᠭᠤᠯᠢ ᠡᠷᠭᠢᠯᠡᠬᠦ ᠵᠢ ᠵᠢᠷᠤᠮᠵᠢᠭᠤᠯᠵᠤ᠂ ᠬᠥᠯ ᠪᠥᠮᠪᠥᠭᠡ ᠵᠢᠨ ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲᠸᠮ᠎ᠢ ᠲᠡᠭᠦᠯᠳᠡᠷᠵᠢᠭᠦᠯᠵᠦ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠲᠤ ᠰᠢᠯᠢᠳᠡᠭ ᠪᠡᠯᠡᠳᠬᠡᠯ ᠴᠢᠳᠠᠪᠤᠷᠢᠲᠠᠨ ᠬᠡᠷᠡᠭᠲᠡᠶ᠃ ᠡᠯ᠎ᠡ ᠱᠠᠲᠤᠨ᠎ᠤ ᠡᠯ᠎ᠡ ᠲᠥᠷᠥᠯ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠳᠤᠷ᠎ᠠ ᠰᠣᠨᠢᠷᠬᠠᠯ᠎ᠤᠨ ᠺᠯᠦ᠋ᠪ᠎ᠤᠨ ᠪᠠᠶ᠋ᠢᠭᠤᠯᠤᠯᠲᠠ ᠵᠢ ᠲᠣᠪᠣᠢ᠍ᠮ᠎ᠠ ᠰᠠᠶ᠋ᠢᠲᠤᠷ ᠠᠳᠬᠤᠵᠤ᠂ ᠵᠠᠯᠠᠭᠤᠴᠤᠳ ᠪᠠᠭ᠋ᠠᠴᠤᠳ᠎ᠤᠨ ᠺᠯᠦ᠋ᠪ᠎ᠤᠨ ᠠᠵᠢᠯᠯᠭ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠵᠠᠯᠠᠭᠤᠴᠤᠳ ᠪᠠᠭ᠋ᠠᠴᠤᠳ᠎ᠤᠨ ᠤᠷ᠎ᠠ ᠴᠢᠳᠠᠪᠤᠷᠢ ᠵᠢᠨ ᠦᠵᠡᠭᠦᠯᠦᠯᠭᠡ᠂ ᠺᠯᠦ᠋ᠪ᠎ᠤᠨ ᠬᠠᠮᠲᠤᠷᠠᠭᠰᠠᠨ ᠤᠷᠤᠯᠳᠤᠭ᠋ᠠᠨ ᠵᠡᠷᠭᠡ ᠠᠵᠢᠯᠯᠠᠭ᠎ᠠ᠎ᠪᠠᠷ ᠳᠠᠮᠵᠢᠭᠤᠯᠤᠨ᠂ ᠵᠠᠯᠠᠭᠤᠴᠤᠳ ᠪᠠᠭ᠋ᠠᠴᠤᠳ᠎ᠤᠨ ᠺᠯᠦ᠋ᠪ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠪᠡ᠃
    ᠬᠤᠷᠠᠯ᠎ᠠᠴᠠ ᠴᠢᠬᠤᠯᠠᠴᠢᠯᠠᠭᠰᠠᠨ᠎ᠨᠢ᠂ ᠲᠠᠮᠢᠷᠴᠢᠳ᠎ᠤᠨ ᠮᠡᠷᠭᠡᠵᠢᠯ᠎ᠤᠨ ᠲᠡᠰ᠎ᠤᠨ ᠬᠠᠮᠢᠶᠠᠷᠤᠯᠲᠠ ᠵᠢᠨ ᠠᠵᠢᠯ᠎ᠨᠢ ᠥᠷᠭᠡᠨ ᠣᠯᠠᠨ ᠲᠠᠮᠢᠷᠴᠢᠳ᠎ᠤᠨ ᠲᠤᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠵᠤ᠂ ᠨᠡᠶ᠋ᠢᠭᠡᠮ᠎ᠤᠨ ᠠᠩᠬᠠᠷᠤᠯ᠎ᠤᠨ ᠬᠡᠮᠵᠢᠶ᠎ᠡ ᠥᠨᠳᠥᠷ ᠪᠠᠢ᠌ᠳᠠᠭ᠃ 《ᠲᠠᠮᠢᠷᠴᠢᠳ᠎ᠤᠨ ᠮᠡᠷᠭᠡᠵᠢᠯ᠎ᠤᠨ ᠲᠡᠰ᠎ᠤᠨ ᠬᠠᠮᠢᠶᠠᠷᠤᠯᠲᠠ ᠵᠢᠨ ᠠᠷᠭ᠎ᠠ》 ᠪᠠ 《ᠬᠢᠨᠠᠭᠴᠢ ᠵᠢᠨ ᠮᠡᠷᠭᠡᠵᠢᠯ᠎ᠤᠨ ᠲᠡᠰ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠦᠬᠦᠢ ᠠᠷᠭ᠎ᠠ ᠵᠢ ᠬᠢᠨᠠᠮᠠᠭ᠋ᠠᠶ ᠲᠤᠤᠱ᠌ᠠᠯᠠᠭᠤᠯᠵᠦ᠂ ᠲᠠᠮᠢᠷᠴᠢᠨ᠂ ᠬᠢᠨᠠᠭᠴᠢ ᠵᠢᠨ ᠵᠡᠷᠭᠡ ᠳᠡᠰ᠎ᠢ ᠬᠢᠨᠠᠨ ᠵᠥᠪᠰᠢᠶᠡᠷᠡᠬᠦ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃ ᠡᠭᠦᠨ᠎ᠤ ᠬᠠᠮᠲᠤ ᠵᠢᠯ ᠪᠦᠷᠢ ᠵᠢᠨ ᠡᠬᠢᠨ᠎ᠳᠤ ᠲᠣᠭᠲᠠᠭ᠋ᠠᠭᠰᠠᠨ ᠤᠷᠤᠯᠳᠤᠭ᠋ᠠᠨ᠎ᠤ ᠲᠥᠯᠥᠪᠯᠡᠭᠡ ᠵᠢ ᠴᠢᠩᠭ᠎ᠠ   ᠬᠡᠷᠡᠭᠵᠢᠭᠦᠯᠵᠦ᠂ ᠡᠯ᠎ᠡ ᠲᠥᠷᠥᠯ᠎ᠤᠨ ᠤᠷᠤᠯᠳᠤᠭ᠋ᠠᠨ᠎ᠢ ᠳᠤᠷ᠎ᠠ᠎ᠪᠠᠷ ᠵᠶ᠋ᠠᠨ ᠨᠡᠮᠡᠭᠳᠡᠭᠦᠯᠵᠦ ᠪᠣᠯᠬᠤ ᠦᠭᠡᠢ ᠭᠡᠪᠡ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠲᠠᠮᠢᠷᠴᠢᠨ ᠯᠢ ᠴᠢᠶᠠᠨ ᠲᠤᠤᠺᠢᠤ᠋ ᠵᠢᠨ ᠤᠯᠢᠮᠫᠢᠺ᠎ᠤᠨ ᠴᠤᠭᠯᠠᠭ᠋ᠠᠨ᠎ᠳᠤ ᠤᠷᠤᠯᠴᠠᠬᠤ ᠡᠷᠬᠡ ᠵᠢ ᠤᠯᠤᠯ᠎ᠠ
ᠲᠠᠮᠢᠷ᠎ᠤᠨ ᠱᠠᠩᠨᠠᠯᠳᠦ ᠰᠤᠭᠤᠯᠤᠭ᠎ᠠ ᠵᠢᠨ ᠬᠠᠮᠢᠶᠠᠷᠤᠯᠳᠠ ᠵᠢᠨ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠲᠠᠨ᠎ᠤ ᠨᠡᠢ᠌ᠭᠡᠮᠯᠢᠭ᠎ᠲᠤ ᠮᠥᠩᠭᠥ ᠬᠠᠨᠳᠢᠪᠯᠠᠵᠤ ᠬᠢᠵᠢᠭ᠎ᠢ ᠡᠰᠡᠷᠭᠦᠴᠡᠬᠦ᠎ᠳᠤ ᠲᠤᠰᠠᠯᠠᠪᠠ
ᠲᠠᠨ ᠵᠢᠩ ᠹᠧᠩ ᠲᠣᠪᠴᠢᠶᠠᠨ ᠳᠠᠷᠤᠭ᠎ᠠ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠠᠵᠢᠯ ᠵᠶ᠋ᠠᠨ ᠰᠡᠷᠭᠦᠭᠡᠵᠦ ᠪᠠᠢ᠌ᠭ᠎ᠠ ᠪᠠᠢ᠌ᠳᠠᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠬᠤᠶ᠋ᠢᠰᠢᠯᠠᠭᠤᠯᠤᠨ ᠡᠷᠭᠢᠯᠡᠨ᠎ᠡ
ᠾᠸᠪᠸᠢ ᠮᠤᠵᠢ ᠵᠢᠨ ᠪᠡᠶ᠎ᠡ ᠵᠢᠨ ᠲᠠᠮᠢᠷ᠎ᠤᠨ ᠲᠤᠪᠴᠢᠶᠠᠨ᠎ᠤ ᠲᠡᠳ᠋ ᠲᠤᠪᠴᠢᠶᠠᠨ ᠲᠠᠷᠤᠭ᠎ᠠ ᠲᠢᠶᠠᠨ ᠵᠢᠶᠠᠨ ᠭᠦᠩ ᠮᠠᠨ᠎ᠤ ᠲᠤᠪᠴᠢᠶᠠᠨ᠎ᠳᠤ ᠬᠦᠷᠦᠯᠴᠠᠨ ᠢᠷᠡᠵᠦ ᠰᠤᠳᠤᠯᠤᠨ ᠪᠠᠢ᠌ᠴᠭ᠋ᠠᠯᠳᠠ ᠬᠢᠪᠠ
 
            