
4 ᠰᠠᠷ᠎ᠠ ᠵᠢᠨ 12᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠲᠥᠪ᠂ ᠥᠪᠥᠷ ᠮᠣᠩᠭᠣᠯ᠎ᠤᠨ ᠭᠦᠶᠦᠯᠲᠡ ᠵᠢᠨ ᠨᠡᠶ᠋ᠢᠭᠡᠮᠯᠢᠭ᠎ᠠᠴᠠ ᠭᠤᠤᠯᠯᠠᠨ ᠡᠷᠭᠢᠯᠡᠵᠦ᠂ ᠬᠥᠬᠡᠬᠣᠲᠠ ᠵᠢᠨ ᠭᠦᠶᠦᠯᠲᠡ ᠵᠢᠨ ᠨᠡᠶ᠋ᠢᠭᠡᠮᠯᠢᠭ᠎ᠠᠴᠠ ᠬᠠᠮᠵᠢᠯᠴᠠᠨ ᠡᠷᠭᠢᠯᠡᠵᠦ᠂ ᠥᠪᠥᠷ ᠮᠤᠩᠭᠤᠯ᠎ᠤᠨ ᠥᠪᠥᠷ ᠮᠣᠩᠭᠣᠯ ᠠᠮᠧᠷᠢᠺᠠ ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠵᠤᠬᠢᠶᠠᠨ ᠪᠠᠢ᠌ᠭᠤᠯᠤᠭᠰᠠᠨ ᠥᠪᠥᠷ ᠮᠣᠩᠭᠣᠯ᠎ᠤᠨ ᠪᠥᠬᠥ ᠠᠷᠠᠳ᠎ᠤᠨ ᠶᠠᠪᠠᠭ᠋ᠠᠨ ᠠᠯᠬᠤᠬᠤ ᠠᠵᠢᠯᠯᠠᠭ᠎ᠠ ᠥᠨᠳᠥᠷᠯᠡᠪᠡ᠃ ᠡᠨᠡ ᠬᠦ᠌ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠳᠤ ᠪᠥᠬᠥ ᠣᠷᠣᠨ᠎ᠤ 3000 ᠭᠠᠷᠤᠶ ᠪᠡᠶ᠎ᠡ ᠴᠢᠬᠢᠷᠠᠭᠵᠢᠭᠤᠯᠬᠤ᠎ᠳᠤ ᠪᠠᠬᠠᠲᠠᠶ ᠬᠥᠮᠦᠰ ᠢᠳᠡᠪᠬᠢᠲᠡᠶ ᠤᠷᠤᠯᠴᠠᠭᠰᠠᠨ ᠪᠠᠢ᠌ᠨ᠎ᠡ᠃


