ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠠᠨ ᠵᠢᠩ ᠹᠧᠩ ᠲᠣᠪᠴᠢᠶᠠᠨ ᠳᠠᠷᠤᠭ᠎ᠠ ᠶᠠᠳᠠᠭᠤ ᠵᠢ ᠲᠡᠳᠬᠦᠬᠦ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2020-04-23

    4 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠲᠠᠨ ᠵᠢᠩ ᠹᠧᠩ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠤᠶᠠᠷ ᠰᠤᠮᠤ ᠪᠠᠯᠭ᠋ᠠᠰᠤᠨ᠎ᠤ ᠰᠢᠨ᠎ᠡ ᠠᠢ᠌ᠯ ᠭᠠᠴᠠᠭ᠎ᠠ᠎ᠳᠤ ᠬᠦᠷᠴᠦ᠂ ᠶᠠᠳᠠᠭᠤ ᠵᠢ ᠲᠡᠳᠬᠦᠬᠦ ᠠᠵᠢᠯ᠎ᠢ ᠵᠢᠯᠤᠭᠤᠳᠬᠤ᠎ᠳᠠᠭᠠᠨ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ 《ᠡᠴᠦᠰ᠎ᠤᠨ ᠨᠢᠭᠡ ᠺᠢᠯᠣᠮᠧᠲᠷ》᠎ᠤᠨ ᠬᠠᠪᠰᠤᠷᠤᠨ ᠲᠡᠳᠬᠦᠬᠦ ᠠᠵᠢᠯ ᠵᠶ᠋ᠠᠨ ᠯᠠᠪᠳᠠᠭᠤᠨ ᠪᠠᠲᠤᠲᠠᠶ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠠᠭᠠᠨ ᠠᠮᠵᠢᠯᠲᠠ᠎ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
    ᠲᠠᠨ ᠵᠢᠩ ᠹᠧᠩ ᠲᠣᠪᠴᠢᠶᠠᠨ ᠳᠠᠷᠤᠭ᠎ᠠ ᠰᠢᠨ᠎ᠡ ᠠᠢ᠌ᠯ ᠭᠠᠴᠠᠭ᠎ᠠ᠎ᠳᠤ ᠬᠦᠷᠴᠦ᠂ ᠶᠠᠳᠠᠭᠤ ᠬᠦᠴᠢᠷᠳᠡᠯᠲᠡᠶ ᠡᠷᠦᠬᠡ ᠵᠢ ᠰᠤᠷᠪᠤᠯᠵᠢᠯᠠᠭᠰᠠᠨ ᠪᠥᠭᠡᠳ ᠲᠣᠬᠣᠨᠢᠭᠤᠯᠬᠤ ᠮᠥᠩᠭᠥ ᠬᠦᠷᠭᠡᠨ᠂ ᠶᠠᠳᠠᠭᠤ ᠬᠦᠴᠢᠷᠳᠡᠯᠲᠡᠶ ᠡᠷᠦᠬᠡ ᠵᠢᠨ ᠦᠢ᠍ᠯᠡᠳᠪᠦᠷᠢᠯᠡᠯ ᠠᠮᠢᠳᠤᠷᠠᠯ᠎ᠤᠨ ᠪᠠᠢ᠌ᠳᠠᠯ ᠵᠢᠴᠢ ᠣᠷᠣᠰᠢᠵᠤ ᠪᠠᠢ᠌ᠭ᠎ᠠ ᠬᠦᠴᠢᠷᠳᠡᠯ᠎ᠢ ᠨᠠᠷᠢᠨ ᠣᠶ᠋ᠢᠯᠠᠭ᠋ᠠᠵᠤ᠂ ᠲᠡᠳᠡᠨ᠎ᠢ ᠠᠵᠢᠯᠴᠢ ᠬᠥᠳᠡᠯᠮᠦᠷᠢᠴᠢ᠎ᠪᠠᠷ ᠴᠢᠨᠡᠭᠡᠯᠢᠭᠵᠢᠬᠦ ᠬᠡᠷᠡᠭᠲᠡᠶ ᠭᠡᠵᠦ ᠵᠣᠷᠢᠭᠵᠢᠭᠤᠯᠵᠠᠶ᠃ ᠳᠠᠷᠠᠭ᠎ᠠ᠎ᠨᠢ ᠪᠠᠯᠭ᠋ᠠᠰᠤ᠂ ᠭᠠᠴᠠᠭ᠎ᠠ ᠬᠣᠶᠠᠷ ᠱᠠᠲᠤᠨ᠎ᠤ ᠬᠠᠷᠢᠭᠤᠴᠠᠯᠭ᠋ᠠᠲᠠᠨ ᠵᠢᠴᠢ ᠲᠣᠰᠬᠣᠨ᠎ᠤ ᠠᠷᠠᠳ᠎ᠤᠨ ᠲᠥᠯᠥᠭᠡᠯᠡᠭᠴᠢ᠎ᠲᠠᠢ ᠶᠠᠷᠢᠯᠴᠠᠵᠤ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠰᠤᠨᠤᠰᠴᠦ᠂ ᠶᠠᠳᠠᠭᠤ ᠎ᠠᠴᠠ   ᠠᠩᠭᠢᠵᠢᠷᠠᠭᠤᠯᠬᠤ   ᠠᠵᠢᠯ ᠎ᠤᠨ   ᠳᠤᠮᠳᠠ   ᠣᠷᠣᠰᠢᠵᠤ   ᠪᠠᠶ᠋ᠢᠭ᠎ᠠ   ᠬᠦᠴᠢᠷᠳᠡᠯ   ᠪᠠ   ᠠᠰᠠᠭᠤᠳᠠᠯ  ᠎ᠢ   ᠵᠠᠳᠠᠯᠤᠨ   ᠰᠢᠨᠵᠢᠯᠡᠪᠡ᠃
    ᠪᠠᠶ᠋ᠢᠴᠠᠭ᠋ᠠᠨ ᠰᠤᠳᠤᠯᠤᠯᠲᠠ ᠬᠢᠬᠦ ᠶᠠᠪᠤᠴᠠ᠎ᠳᠤ᠂ ᠲᠠᠨ ᠵᠢᠩ ᠹᠸᠩ ᠬᠠᠮᠳᠦ ᠪᠠᠢ᠌ᠴᠠᠭ᠋ᠠᠨ ᠰᠤᠳᠤᠯᠤᠯᠳᠠ ᠬᠢᠵᠦ ᠪᠠᠢ᠌ᠭ᠎ᠠ ᠬᠦᠮᠦᠰ᠎ᠲᠤ ᠬᠢᠵᠢᠭ᠎ᠢ ᠰᠡᠷᠭᠡᠢ᠌ᠯᠡᠨ ᠡᠵᠡᠮᠳᠡᠬᠦ ᠠᠵᠢᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠵᠤ᠂ ᠭᠠᠴᠠᠭ᠋ᠠᠨ᠎ᠤ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠳᠣᠣᠷ᠎ᠠ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠶ᠋ᠢᠵᠤ᠂ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠵᠶ᠋ᠠᠨ ᠰᠠᠶ᠋ᠢᠲᠤᠷ ᠪᠡᠬᠢᠵᠢᠭᠦᠯᠬᠦ ᠵᠢᠨ ᠬᠠᠮᠲᠤ᠂ ᠬᠠᠷᠠᠯᠲᠠ᠎ᠪᠠᠨ ᠴᠢᠨᠠᠷ ᠴᠢᠨᠰᠠᠭ᠎ᠠ᠎ᠲᠠᠢ   ᠪᠠᠶᠠᠯᠠᠬᠦᠯᠬᠦ   ᠬᠡᠷᠡᠭᠲᠡᠢ ᠭᠡᠵᠦ ᠵᠠᠬᠢᠪᠠ᠃
    ᠬᠢᠩᠭ᠋ᠠᠨ ᠠᠶ᠋ᠢᠮᠠᠭ᠎ᠤᠨ ᠰᠣᠶᠣᠯ ᠲᠠᠮᠢᠷ ᠵᠢᠭᠤᠯᠴᠢᠯᠠᠯ᠎ᠤᠨ ᠲᠣᠪᠴᠢᠶ᠎ᠠ ᠵᠡᠷᠭᠡ ᠬᠣᠯᠪᠣᠭᠳᠠᠯ ᠪᠥᠬᠥᠶ ᠪᠠᠢ᠌ᠭᠤᠯᠭ᠎ᠠ ᠵᠢᠨ ᠬᠠᠷᠢᠭᠤᠴᠠᠯᠭ᠋ᠠᠳᠠᠨ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠪᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
2020 ᠣᠨ᠎ᠤ ᠪᠦᠬᠦ ᠣᠷᠣᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ ᠶᠠᠪᠤᠭᠳᠠᠪᠠ
ᠲᠠᠨ ᠵᠢᠩ ᠹᠸᠩ ᠲᠤᠪᠴᠢᠶᠠᠨ ᠲᠠᠷᠤᠭ᠎ᠠ ᠦᠪᠦᠷ ᠮᠤᠩᠭᠤᠯ᠎ᠤᠨ ᠬᠥᠯ ᠪᠥᠮᠪᠦᠭᠡ ᠵᠢᠨ ᠰᠤᠪᠠᠭ᠎ᠲᠤ ᠪᠠᠢ᠌ᠴᠠᠭ᠋ᠠᠨ ᠰᠤᠳᠤᠯᠤᠯᠳᠠ ᠬᠢᠪᠠ
2020 ᠤᠨ᠎ᠤ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠤᠨ ᠭᠤᠤᠯᠳᠠᠯᠭ᠎ᠠ ᠵᠢ ᠲᠤᠳᠤᠷᠬᠠᠢ᠌ᠯᠠᠪᠠ
ᠲᠠᠨ ᠵᠢᠩ ᠹᠸᠩ ᠲᠤᠪᠴᠢᠶᠠᠨ ᠲᠠᠷᠤᠭ᠎ᠠ ᠪᠠᠶᠠᠨᠠᠭᠤᠷ ᠬᠤᠳᠠ᠎ᠳᠤ ᠬᠦᠷᠴᠦ ᠦᠨᠳᠤᠰᠤᠨ ᠱᠠᠳᠤᠨ᠎ᠤ ᠪᠡᠶ᠎ᠡ ᠵᠢᠨ ᠲᠠᠮᠢᠷ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠪᠡᠶ᠎ᠡ ᠵᠢᠨ ᠲᠠᠮᠢᠷ᠎ᠤᠨ ᠣᠷᠳᠣᠨ᠎ᠢ ᠰᠦᠢ᠍ᠳᠭᠡᠯ ᠬᠤᠷᠢᠶᠠᠬᠤ ᠦᠭᠡᠢ᠎ᠪᠠᠷ ᠨᠡᠭᠡᠭᠡᠨ᠎ᠡ
 
            