ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2020 ᠤᠨ᠎ᠤ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠤᠨ ᠭᠤᠤᠯᠳᠠᠯᠭ᠎ᠠ ᠵᠢ ᠲᠤᠳᠤᠷᠬᠠᠢ᠌ᠯᠠᠪᠠ
ᠨᠡᠶ᠋ᠢᠲᠡᠯᠡᠭᠰᠡᠨ ᠴᠠᠭ᠄ 2020-05-20

    ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ 2020 ᠣᠨ᠎ᠤ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠤᠨ ᠭᠤᠤᠯᠳᠠᠯᠭ᠎ᠠ ᠵᠢ ᠳᠠᠷᠤᠮᠠᠯᠯᠠᠨ ᠲᠠᠷᠬᠠᠭ᠋ᠠᠵᠤ᠂ ᠡᠨᠡ ᠵᠢᠯ᠎ᠤᠨ ᠪᠥᠬᠦ ᠣᠷᠣᠨ᠎ᠤ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠤᠨ ᠭᠤᠤᠯᠳᠠᠯᠭ᠎ᠠ ᠵᠢ ᠲᠣᠳᠣᠷᠬᠠᠶ᠋ᠢᠯᠠᠪᠠ᠃
    ᠥᠢ᠍ᠯᠠᠭ᠋ᠠᠬᠰᠠᠨ ᠵᠶ᠋ᠠᠷ᠂ ᠡᠨᠡ ᠵᠢᠯ ᠮᠠᠨ᠎ᠤ ᠤᠷᠤᠨ᠎ᠤ ᠪᠡᠶ᠎ᠠ ᠵᠢᠨ ᠲᠠᠮᠢᠷ᠎ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠪᠥᠬᠦ ᠠᠷᠠᠳ ᠵᠶ᠋ᠠᠷ ᠵᠶ᠋ᠠᠨ ᠪᠡᠶ᠎ᠡ᠎ᠪᠠᠨ ᠴᠢᠭᠢᠷᠠᠭᠵᠢᠭᠤᠯᠬᠤ ᠪᠠ ᠪᠥᠬᠦ ᠠᠷᠠᠳ᠎ᠤᠨ ᠡᠷᠡᠭᠦᠯ ᠡᠩᠬᠡ ᠵᠢᠨ ᠭᠦᠨ ᠠᠭᠤᠰᠤᠯᠴᠠᠯ᠎ᠢ ᠢᠳᠡᠪᠬᠢᠲᠡᠶ᠎ᠪᠠᠷ ᠠᠬᠢᠭᠤᠯᠬᠤ ᠶᠠᠪᠤᠴᠠ᠎ᠳᠤ᠂ ᠪᠡᠶ᠎ᠡ ᠵᠢᠨ ᠲᠠᠮᠢᠷ᠎ᠤᠨ ᠲᠤᠨᠤᠭ ᠲᠥᠬᠦᠭᠡᠷᠦᠮᠵᠢ ᠵᠢ ᠲᠡᠩᠴᠡᠭᠦᠷᠢᠲᠡᠶ ᠪᠠᠶ᠋ᠢᠭᠤᠯᠬᠤ ᠵᠢ ᠠᠬᠢᠭᠤᠯᠤᠨ᠂ ᠦᠨᠳᠦᠰᠦᠨ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠶᠯᠡᠴᠢᠯᠡᠭᠡ ᠵᠢ ᠠᠳᠠᠯᠢ ᠲᠡᠭᠰᠢ ᠪᠣᠯᠭ᠋ᠠᠨ᠎ᠠ; ᠪᠥᠬᠦ ᠠᠷᠠᠳ ᠵᠶ᠋ᠠᠷ ᠵᠶ᠋ᠠᠨ ᠪᠡᠶ᠎ᠡ᠎ᠪᠠᠨ ᠴᠢᠭᠢᠷᠠᠭᠵᠢᠭᠤᠯᠬᠤ ᠠᠵᠢᠯᠯᠠᠭ᠎ᠠ ᠵᠢ ᠲᠦᠭᠡᠮᠡᠯᠵᠢᠭᠦᠯᠬᠦ ᠢᠨᠵᠧᠨᠧᠷᠢᠩ ᠵᠡᠷᠭᠡ ᠴᠢᠬᠤᠯᠠ ᠶᠡᠭᠡ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠠᠬᠢᠭᠤᠯᠵᠤ᠂ ᠲᠣᠮᠣ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠲᠠᠯᠠᠪᠠᠢ ᠣᠷᠳᠣᠨ᠎ᠤ ᠰᠦᠶᠳᠬᠡᠯ ᠬᠤᠷᠢᠶᠠᠬᠤ ᠦᠭᠡᠢ ᠪᠤᠶᠤ ᠰᠦᠶᠳᠬᠡᠯ ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ ᠦᠶᠯᠡᠴᠢᠯᠡᠭᠡᠨ᠎ᠤ ᠠᠵᠢᠯ᠎ᠢ ᠢᠳᠡᠪᠬᠢᠲᠡᠶ᠎ᠪᠠᠷ ᠠᠬᠢᠭᠤᠯᠤᠨ᠎ᠠ; ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ 2021 ᠣᠨ᠎ᠤ ᠲᠣᠮᠣ ᠬᠡᠯᠪᠡᠷᠢ ᠵᠢᠨ ᠲᠠᠯᠠᠪᠠᠶ ᠣᠷᠳᠣᠨ᠎ᠤ ᠰᠦᠶᠳᠬᠡᠯ ᠬᠤᠷᠢᠶᠠᠬᠤ ᠥᠬᠡᠶ ᠪᠤᠶᠤ ᠳᠣᠤᠷ᠎ᠠ ᠰᠦᠶᠳᠬᠡᠯ ᠬᠤᠷᠢᠶᠠᠵᠤ ᠨᠥᠬᠦᠪᠥᠷᠢ ᠥᠭᠬᠦ ᠭᠤᠶᠤᠴᠢᠯᠠᠯ᠎ᠤᠨ ᠠᠵᠢᠯ᠎ᠢ ᠰᠠᠶ᠋ᠢᠲᠤᠷ ᠬᠢᠬᠦ ᠪᠤᠯᠤᠨ᠎ᠠ᠃ ᠡᠬᠦᠨ᠎ᠠᠴᠠ ᠭᠠᠳᠠᠨ᠎ᠠ᠂ ᠪᠥᠬᠦ ᠣᠷᠣᠨ᠎ᠤ ᠡᠯ᠎ᠡ ᠠᠶ᠋ᠢᠮᠠᠭ ᠬᠤᠲᠠ ᠵᠢᠴᠢ ᠬᠠᠮᠢᠶ᠎ᠠ ᠪᠥᠬᠦᠶ ᠨᠢᠭᠡᠴᠢ᠎ᠨᠦᠭᠦᠳ ᠪᠥᠬᠦ ᠠᠷᠠᠳ ᠵᠶ᠋ᠠᠷ ᠵᠶ᠋ᠠᠨ ᠪᠡᠶ᠎ᠡ᠎ᠪᠠᠨ ᠴᠢᠭᠢᠷᠠᠭᠵᠢᠭᠤᠯᠬᠤ ᠪᠠ ᠪᠥᠬᠦ ᠠᠷᠠᠳ᠎ᠤᠨ ᠡᠷᠡᠭᠦᠯ ᠡᠩᠬᠡ ᠵᠢᠨ ᠭᠦᠨ ᠠᠭᠤᠰᠤᠯᠴᠠᠯ᠎ᠢ ᠠᠬᠢᠭᠤᠯᠬᠤ ᠪᠣᠳᠠᠲᠠᠶ ᠠᠵᠢᠯ᠎ᠤᠨ ᠲᠥᠰᠦᠯ ᠪᠠ ᠲᠦᠷᠢᠮ᠎ᠢ ᠲᠣᠭᠲᠠᠭ᠋ᠠᠵᠤ᠂ ᠬᠠᠮᠢᠶ᠎ᠠ ᠪᠥᠬᠦᠶ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠪᠤᠯᠤᠨ᠎ᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠠᠨ ᠵᠢᠩ ᠹᠸᠩ ᠲᠤᠪᠴᠢᠶᠠᠨ ᠲᠠᠷᠤᠭ᠎ᠠ ᠪᠠᠶᠠᠨᠠᠭᠤᠷ ᠬᠤᠳᠠ᠎ᠳᠤ ᠬᠦᠷᠴᠦ ᠦᠨᠳᠤᠰᠤᠨ ᠱᠠᠳᠤᠨ᠎ᠤ ᠪᠡᠶ᠎ᠡ ᠵᠢᠨ ᠲᠠᠮᠢᠷ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠪᠡᠶ᠎ᠡ ᠵᠢᠨ ᠲᠠᠮᠢᠷ᠎ᠤᠨ ᠣᠷᠳᠣᠨ᠎ᠢ ᠰᠦᠢ᠍ᠳᠭᠡᠯ ᠬᠤᠷᠢᠶᠠᠬᠤ ᠦᠭᠡᠢ᠎ᠪᠠᠷ ᠨᠡᠭᠡᠭᠡᠨ᠎ᠡ
《ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠲᠡᠮᠳᠡᠭᠳᠦ》 ᠲᠠᠷᠬᠠᠭ᠋ᠠᠪᠠ
《ᠦᠪᠦᠷ ᠮᠤᠩᠭᠤᠯ᠎ᠤᠨ ᠡᠭᠦᠯᠡᠨ ᠲᠠᠪᠴᠠᠩ᠎ᠤᠨ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠴᠤᠭᠯᠠᠭ᠋ᠠᠨ》 ᠡᠬᠢᠯᠡᠪᠡ
ᠲᠠᠨ ᠵᠢᠩ ᠹᠸᠩ ᠲᠣᠪᠴᠢᠶᠠᠨ ᠳᠠᠷᠤᠭ᠎ᠠ ᠠᠵᠢᠯ᠎ᠤᠨ ᠬᠠᠷᠢᠭᠤ ᠮᠡᠳᠡᠭᠦᠯᠦᠯᠲᠡ ᠬᠢᠪᠡ
 
            