ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2020 ᠣᠨ᠎ᠤ ᠪᠦᠬᠦ ᠣᠷᠣᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ ᠶᠠᠪᠤᠭᠳᠠᠪᠠ
ᠨᠡᠶ᠋ᠢᠲᠡᠯᠡᠭᠰᠡᠨ ᠴᠠᠭ᠄ 2020-05-06


   4 ᠰᠠᠷ᠎ᠠ ᠵᠢᠨ 27᠎ᠤ ᠡᠳᠤᠷ᠂ 2020 ᠣᠨ᠎ᠤ ᠪᠦᠬᠦ ᠣᠷᠣᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠣᠷᠳᠣᠨ᠎ᠳᠤ ᠶᠠᠪᠤᠭᠳᠠᠪᠠ᠃ ᠲᠣᠰ ᠤᠳᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠰᠦᠯᠵᠢᠶᠡᠨ ᠳᠡᠭᠡᠷ᠎ᠡ ᠣᠷᠣᠯᠴᠠᠵᠤ᠂ ᠰᠦᠯᠵᠢᠶᠡᠨ ᠭᠠᠳᠠᠨ᠎ᠠ ᠪᠡᠶ᠎ᠡ ᠪᠤᠯᠪᠠᠰᠤᠷᠠᠬᠤ ᠬᠡᠯᠪᠡᠷᠢ᠎ᠪᠠᠷ ᠳᠠᠮᠵᠢᠭᠤᠯᠤᠨ ᠪᠥᠬᠦ ᠠᠷᠠᠳ ᠵᠶ᠋ᠠᠷ ᠵᠶ᠋ᠠᠨ ᠣᠷᠣᠯᠴᠠᠭᠰᠠᠨ᠂ ᠪᠥᠬᠦ ᠠᠷᠠᠳ ᠵᠶ᠋ᠠᠷ ᠵᠶ᠋ᠠᠨ ᠬᠠᠮᠲᠤ᠎ᠪᠠᠷ ᠡᠳ᠋ᠯᠡᠭᠰᠡᠨ ᠰᠦᠯᠵᠢᠶᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠦᠪᠡᠳᠡᠭᠰᠢ ᠪᠠᠶ᠋ᠢᠳᠠᠯ᠎ᠢ ᠦᠵᠡᠭᠦᠯᠬᠦ ᠪᠤᠯᠤᠨ᠎ᠠ᠃ ᠴᠤᠭᠯᠠᠭ᠋ᠠᠨ᠎ᠨᠢ 5 ᠰᠠᠷ᠎ᠠ ᠵᠢᠨ 30᠎ᠤ ᠡᠳᠦᠷ ᠪᠣᠯᠲᠠᠯ᠎ᠠ ᠶᠠᠪᠤᠬᠳᠠᠨ᠎ᠠ᠃
    ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ᠂ ᠦᠵᠡᠭᠦᠯᠭᠡ ᠵᠢᠨ ᠲᠥᠷᠥᠯ᠂ ᠤᠷ᠎ᠠ ᠮᠡᠷᠭᠡᠵᠢᠯ᠎ᠤᠨ ᠲᠥᠷᠥᠯ᠂ ᠪᠡᠶ᠎ᠡ ᠵᠢᠨ ᠲᠠᠮᠢᠷ᠎ᠤᠨ ᠲᠥᠷᠥᠯ᠂ ᠰᠢᠯᠢᠳᠡᠭ ᠲᠠᠮᠢᠷᠴᠢᠳ᠎ᠤᠨ ᠦᠵᠡᠭᠦᠯᠭᠡ ᠵᠡᠷᠭᠡ 4 ᠲᠣᠮᠣ ᠬᠡᠰᠡᠭ ᠪᠠᠭᠲᠠᠨ᠎ᠠ᠃ ᠥᠷᠭᠡᠨ ᠣᠯᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠲᠤᠷ᠎ᠠ ᠪᠠᠭ᠍ᠠᠲᠠᠶ ᠬᠥᠮᠦᠰ ᠴᠤᠤᠷᠢᠶ᠎ᠠ᠎ᠪᠠᠷ ᠳᠠᠮᠵᠢᠭᠤᠯᠤᠨ ᠲᠤᠰ ᠤᠳᠠᠭ᠋ᠠᠨ᠎ᠤ ᠰᠦᠯᠵᠢᠶᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠣᠯᠴᠠᠵᠤ ᠪᠣᠯᠤᠨ᠎ᠠ᠃ ᠣᠯᠠᠨ ᠵᠶ᠋ᠠᠷ ᠵᠶ᠋ᠠᠨ ᠴᠤᠤᠷᠢᠶ ᠎ᠠ᠎ᠠᠴᠠ 《ᠥᠪᠥᠷ ᠮᠣᠩᠭᠤᠯ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ》᠎ᠢ ᠬᠠᠶ᠋ᠢᠵᠦ᠂ ᠸᠢᠳᠢᠣ᠋ ᠨᠡᠶ᠋ᠢᠲᠡᠯᠡᠯ᠎ᠳᠤ ᠣᠷᠣᠯᠴᠠᠵᠦ ᠪᠣᠯᠤᠨ᠎ᠠ᠃ ᠵᠣᠬᠢᠶᠠᠨ ᠪᠠᠶ᠋ᠢᠭᠤᠯᠬᠤ ᠺᠣᠮᠢᠰ᠎ᠠᠴᠠ ᠤᠷᠤᠯᠳᠤᠭ᠋ᠠᠨ᠎ᠳᠤ ᠣᠷᠣᠯᠴᠠᠭᠰᠠᠳ᠎ᠤᠨ ᠪᠠᠶ᠋ᠢᠳᠠᠯ᠎ᠢ ᠦᠨᠳᠦᠰᠦᠯᠡᠨ᠂ 《ᠡᠳᠦᠷ ᠪᠦᠷᠢ ᠵᠢᠨ ᠣᠳᠣᠨ》᠎ᠢ ᠰᠢᠯᠭ᠋ᠠᠷᠠᠭᠤᠯᠵᠤ᠂ ᠰᠢᠯᠢᠳᠡᠭ ᠸᠢᠳᠢᠣ᠋ ᠵᠢ᠎ᠨᠢ ᠪᠠᠰᠠ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠵᠢᠷᠬᠢᠶ᠎ᠠ ᠵᠢᠨ ᠣᠯᠠᠨ ᠨᠡᠶ᠋ᠢᠲᠡ ᠵᠢᠨ ᠳ᠋ᠤᠭ᠋ᠠᠷ ᠵᠡᠷᠭᠡ ᠵᠠᠭᠤᠴᠢᠯᠠᠭᠤᠷ ᠵᠶ᠋ᠠᠷ ᠨᠡᠪᠲᠡᠷᠡᠭᠦᠯᠬᠦ ᠪᠣᠯᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠠᠨ ᠵᠢᠩ ᠹᠸᠩ ᠲᠤᠪᠴᠢᠶᠠᠨ ᠲᠠᠷᠤᠭ᠎ᠠ ᠦᠪᠦᠷ ᠮᠤᠩᠭᠤᠯ᠎ᠤᠨ ᠬᠥᠯ ᠪᠥᠮᠪᠦᠭᠡ ᠵᠢᠨ ᠰᠤᠪᠠᠭ᠎ᠲᠤ ᠪᠠᠢ᠌ᠴᠠᠭ᠋ᠠᠨ ᠰᠤᠳᠤᠯᠤᠯᠳᠠ ᠬᠢᠪᠠ
2020 ᠤᠨ᠎ᠤ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠤᠨ ᠭᠤᠤᠯᠳᠠᠯᠭ᠎ᠠ ᠵᠢ ᠲᠤᠳᠤᠷᠬᠠᠢ᠌ᠯᠠᠪᠠ
ᠲᠠᠨ ᠵᠢᠩ ᠹᠸᠩ ᠲᠤᠪᠴᠢᠶᠠᠨ ᠲᠠᠷᠤᠭ᠎ᠠ ᠪᠠᠶᠠᠨᠠᠭᠤᠷ ᠬᠤᠳᠠ᠎ᠳᠤ ᠬᠦᠷᠴᠦ ᠦᠨᠳᠤᠰᠤᠨ ᠱᠠᠳᠤᠨ᠎ᠤ ᠪᠡᠶ᠎ᠡ ᠵᠢᠨ ᠲᠠᠮᠢᠷ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠪᠡᠶ᠎ᠡ ᠵᠢᠨ ᠲᠠᠮᠢᠷ᠎ᠤᠨ ᠣᠷᠳᠣᠨ᠎ᠢ ᠰᠦᠢ᠍ᠳᠭᠡᠯ ᠬᠤᠷᠢᠶᠠᠬᠤ ᠦᠭᠡᠢ᠎ᠪᠠᠷ ᠨᠡᠭᠡᠭᠡᠨ᠎ᠡ
《ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠲᠡᠮᠳᠡᠭᠳᠦ》 ᠲᠠᠷᠬᠠᠭ᠋ᠠᠪᠠ
 
            