ᠡᠨᠡ ᠵᠢᠯ ᠦᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠣᠷᠳᠣᠨ᠎ᠢ ᠭᠠᠷᠠᠭ ᠪᠦᠷᠢ ᠵᠢᠨ ᠭᠠᠷᠠᠭ᠎ᠤᠨ ᠨᠢᠭᠡᠨ ᠪᠠ ᠬᠡᠰᠡᠭ ᠪᠠᠶᠠᠷ ᠳᠤᠷᠠᠰᠬᠠᠯ᠎ᠤᠨ ᠠᠮᠠᠷᠠᠯᠲᠠ ᠵᠢᠨ ᠡᠳᠦᠷ ᠣᠯᠠᠨ ᠨᠡᠶ᠋ᠢᠲᠡ᠎ᠳᠤ ᠰᠦᠶᠳᠬᠡᠯ ᠬᠤᠷᠢᠶᠠᠬᠤ ᠦᠭᠡᠢ᠎ᠪᠠᠷ ᠨᠡᠭᠡᠭᠡᠨ᠎ᠠ᠃
ᠥᠢ᠍ᠯᠠᠭ᠋ᠠᠬᠰᠠᠨ ᠵᠶ᠋ᠠᠷ᠂ ᠥᠪᠥᠷ ᠮᠤᠩᠭᠤᠯ᠎ᠤᠨ ᠪᠡᠶ᠎ᠠ ᠵᠢᠨ ᠲᠠᠮᠢᠷ᠎ᠤᠨ ᠤᠷᠳᠤᠨ ᠨᠢᠬᠡ ᠵᠢᠯ᠎ᠤᠨ ᠰᠦᠢ᠍ᠳᠭᠡᠯ ᠬᠤᠷᠢᠶᠠᠬᠤ ᠥᠬᠡᠶ᠎ᠪᠠᠷ ᠨᠡᠭᠡᠭᠡᠬᠦ ᠡᠳᠤᠷ᠎ᠢ ᠨᠠᠭ᠋ᠠᠳᠤ ᠵᠠᠬ᠎ᠠ᠎ᠳᠠᠭᠠᠨ 55 ᠡᠳᠦᠷ ᠵᠶ᠋ᠠᠷ ᠬᠢᠵᠠᠭ᠋ᠠᠷᠯᠠᠬᠤ᠎ᠪᠠᠷ ᠲᠤᠬᠳᠠᠪᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ ᠵᠥᠭᠰᠢᠷᠡᠬᠦ ᠵᠢ ᠳᠠᠭ᠋ᠠᠯᠳᠤᠨ᠂ ᠥᠪᠥᠷ ᠮᠤᠩᠭᠤᠯ᠎ᠤᠨ ᠪᠡᠶ᠎ᠠ ᠵᠢᠨ ᠲᠠᠮᠢᠷ᠎ᠤᠨ ᠤᠷᠳᠤᠨ ᠥᠳᠥᠨ ᠪᠥᠮᠪᠦᠭᠡ᠂ ᠲᠣᠤᠷ ᠪᠥᠮᠪᠦᠭᠡ᠂ ᠫᠢᠩᠫᠠᠩ ᠪᠥᠮᠪᠦᠭᠡ ᠵᠡᠷᠭᠡ 13 ᠦᠢ᠍ᠯᠡᠴᠢᠯᠡᠭᠡᠨ᠎ᠤ ᠲᠥᠷᠥᠯ ᠵᠦᠢ᠍ᠯ᠎ᠢ ᠪᠡᠶᠡᠴᠢᠯᠡᠨ ᠣᠶ᠋ᠢᠯᠠᠭ᠋ᠠᠬᠤ ᠲᠡᠮᠳᠡᠭᠳᠤ ᠵᠢ ᠣᠯᠠᠨ ᠨᠡᠶ᠋ᠢᠲᠡ᠎ᠳᠤ ᠦᠨ᠎ᠡ ᠲᠥᠯᠥᠪᠦᠷᠢ ᠦᠭᠡᠶ᠎ᠪᠠᠷ ᠲᠠᠷᠬᠠᠭ᠋ᠠᠵᠤ᠂ ᠣᠯᠠᠨ ᠲᠦᠮᠡᠨ᠎ᠤ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠳᠤ ᠢᠳᠡᠪᠬᠢᠳᠠᠢ ᠣᠷᠣᠯᠴᠠᠬᠤ ᠵᠢ ᠵᠣᠷᠢᠭᠵᠢᠭᠤᠯᠵᠤ ᠪᠤᠢ᠃ ᠥᠪᠥᠷ ᠮᠤᠩᠭᠤᠯ᠎ᠤᠨ ᠪᠡᠶ᠎ᠠ ᠵᠢᠨ ᠲᠠᠮᠢᠷ᠎ᠤᠨ ᠤᠷᠳᠤᠨ 2018 ᠣᠨ᠎ᠠᠴᠠ ᠨᠠᠭ᠋ᠠᠰᠢ᠂ ᠨᠠᠩ ᠣᠯᠠᠨ ᠬᠥᠮᠥᠰ᠎ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢᠨ ᠲᠥᠯᠥᠭᠡ᠂ 《ᠬᠤᠲᠠ ᠵᠢᠨ ᠪᠡᠶ᠎ᠡ ᠵᠢᠨ ᠲᠠᠮᠢᠷ᠎ᠤᠨ ᠶᠡᠷᠦᠩᠬᠡᠶ᠋ᠢᠯᠡᠭᠰᠡᠨ ᠦᠶᠯᠡᠴᠢᠯᠡᠭᠡᠨ᠎ᠤ ᠴᠣᠭᠴᠠ》 ᠶᠢ ᠢᠳᠡᠪᠬᠢᠲᠡᠶ ᠪᠠᠶ᠋ᠢᠭᠤᠯᠵᠤ᠂ ᠲᠠᠯᠠᠪᠠᠶ ᠣᠷᠳᠣᠨ᠎ᠤ ᠰᠤᠯᠠ ᠰᠡᠯᠡᠬᠦᠤ ᠤᠷᠤᠨ ᠵᠠᠢ ᠵᠢᠨ ᠡᠬᠢ ᠪᠠᠶᠠᠯᠢᠭ ᠵᠶ᠋ᠠᠨ ᠭᠦᠶᠴᠡᠳ ᠠᠰᠢᠬᠯᠠᠵᠥ᠂ ᠰᠠᠭᠰᠤᠨ ᠪᠥᠮᠪᠦᠭᠡ ᠵᠢᠨ ᠣᠷᠳᠣᠨ᠎ᠢ ᠰᠢᠨ᠎ᠡ᠎ᠪᠠᠷ ᠪᠠᠶ᠋ᠢᠭᠤᠯᠵᠤ᠂ ᠬᠡᠤᠬᠡᠳ᠎ᠤᠨ ᠪᠤᠯᠪᠠᠰᠤᠷᠠᠬᠤ ᠲᠥᠪ᠂ ᠰᠡᠯᠡᠮ᠎ᠡ ᠵᠢᠨ ᠲᠡᠮᠡᠴᠡᠭᠡᠨ᠎ᠤ ᠲᠥᠪ᠂ BMX ᠵᠢᠵᠢᠭ ᠬᠦᠷᠳᠦᠲᠦ ᠲᠡᠷᠭᠡ ᠪᠠ ᠭᠤᠯᠭᠤᠭ᠎ᠠ ᠠᠯᠬᠤᠮ᠎ᠤᠨ ᠲᠥᠪ᠎ᠢ ᠰᠢᠨ᠎ᠡ᠎ᠪᠠᠷ ᠨᠡᠮᠡᠵᠦ ᠪᠠᠶ᠋ᠢᠭᠤᠯᠤᠬᠰᠠᠨ ᠪᠠᠶ᠋ᠢᠨ᠎ᠠ᠃