ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠰᠢᠨᠵᠢᠯᠡᠬᠦ ᠤᠬᠠᠭ᠋ᠠᠨᠴᠢ ᠠᠮᠤᠷ ᠲᠦᠪᠰᠢᠨ ᠡᠮᠬᠢ ᠲᠢᠭᠯᠢᠮ᠎ᠲᠠᠢ᠎ᠪᠠᠷ ᠰᠡᠷᠭᠦᠭᠡᠵᠦ ᠪᠤᠢ
ᠨᠡᠶ᠋ᠢᠲᠡᠯᠡᠭᠰᠡᠨ ᠴᠠᠭ᠄ 2020-07-23

    ᠮᠠᠨ᠎ᠤ ᠣᠷᠣᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠰᠢᠨᠵᠢᠯᠡᠬᠦ ᠤᠬᠠᠭ᠋ᠠᠨᠴᠢ᠂ ᠠᠮᠤᠷ ᠲᠦᠪᠰᠢᠨ᠂ ᠡᠮᠬᠢ ᠵᠢᠷᠤᠮ᠎ᠲᠠᠢ ᠰᠡᠷᠭᠦᠬᠦ ᠵᠢ ᠢᠳᠡᠪᠬᠢᠳᠡᠢ ᠲᠦᠯᠬᠢᠨ ᠠᠬᠢᠭᠤᠯᠵᠦ ᠪᠤᠢ᠃ 7 ᠳ᠋ᠤᠭ᠋ᠠᠷ ᠰᠠᠷ᠎ᠠ ᠵᠢᠨ 18᠎ᠤ ᠡᠳᠦᠷ᠂ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠤᠨ ᠳᠤᠭᠤᠶ ᠤᠨᠤᠵᠤ ᠵᠤᠭ᠋ᠠᠴᠠᠬᠤ ᠠᠵᠢᠯᠯᠠᠭ᠎ᠠ ᠵᠢᠴᠢ ᠲᠠᠪᠤᠨ ᠬᠥᠮᠦᠨ᠎ᠤ ᠳᠦᠷᠢᠮᠲᠦ ᠬᠥᠯ ᠪᠦᠮᠪᠤᠭᠡ ᠵᠢᠨ ᠤᠷᠢᠯᠭ᠎ᠠ ᠵᠢᠨ ᠤᠷᠤᠯᠳᠤᠭ᠋ᠠᠨ᠎ᠤ ᠡᠬᠢᠯᠡᠯᠲᠡ ᠵᠢᠨ ᠶᠣᠰᠣᠯᠠᠯ᠎ᠨᠢ ᠪᠥᠬᠥ ᠣᠷᠣᠨ᠎ᠤ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠶᠡᠬᠡ ᠬᠥᠰᠢᠭᠡ ᠵᠢ ᠰᠡᠬᠦᠪᠡ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠧᠩ ᠬᠣᠩ ᠹᠠᠨ ᠠᠵᠢᠯᠯᠠᠭ᠎ᠠ᠎ᠳᠤ ᠣᠷᠣᠯᠴᠠᠪᠠ᠃


    ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠢ᠌ᠳᠠᠯ ᠳᠣᠣᠷ᠎ᠠ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ ᠪᠥᠭᠡᠳ ᠡᠮᠬᠢ ᠵᠢᠷᠤᠮ᠎ᠲᠠᠢ ᠰᠡᠷᠭᠦᠭᠡᠬᠦ ᠪᠣᠯ ᠠᠷᠠᠳ ᠣᠯᠠᠨ᠎ᠤ ᠪᠡᠶ᠎ᠡ ᠵᠢᠨ ᠡᠷᠡᠭᠦᠯ ᠴᠢᠭᠢᠷᠠᠭ᠎ᠢ ᠠᠬᠢᠭᠤᠯᠵᠤ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠦᠷᠭᠦᠯᠵᠢᠯᠡᠨ ᠬᠥᠭᠵᠢᠬᠦ ᠵᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ ᠪᠠ ᠡᠯ᠎ᠡ ᠲᠥᠷᠥᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢ ᠡᠮᠬᠢ ᠵᠢᠷᠤᠮ᠎ᠲᠠᠢ᠂ ᠪᠦᠬᠦ ᠲᠠᠯ᠎ᠠ᠎ᠪᠠᠷ ᠴᠢᠯᠥᠭᠡᠲᠡᠶ ᠪᠣᠯᠭ᠋ᠠᠵᠤ᠂ ᠣᠯᠠᠨ ᠲᠦᠮᠡᠨᠴᠢ ᠴᠢᠨᠠᠷᠲᠠᠶ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠣᠯᠤᠨ ᠵᠢᠵᠢᠭ ᠬᠡᠯᠪᠡᠷᠢ ᠵᠢᠨ ᠲᠠᠷᠠᠬᠠᠶ ᠪᠠᠢ᠌ᠳᠠᠭ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠥᠷᠭᠡᠨ ᠵᠶ᠋ᠠᠷ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠥᠷᠨᠢᠭᠦᠯᠬᠦ᠎ᠪᠠᠷ ᠳᠠᠮᠵᠢᠨ᠂ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠯᠤᠲᠤ ᠶᠡᠬᠡ ᠳᠠᠯᠳᠠ ᠬᠦᠴᠦᠨ᠎ᠢ ᠪᠠᠳᠠᠷᠠᠭᠤᠯᠵᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠥᠪᠡᠷᠮᠢᠴᠡ ᠳᠠᠪᠠᠭᠤᠯᠢᠭ᠎ᠢ ᠪᠠᠳᠠᠷᠠᠭᠤᠯᠤᠨ᠂ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠪᠦᠬᠦ ᠲᠠᠯ᠎ᠠ᠎ᠪᠠᠷ ᠰᠡᠷᠭᠦᠨ ᠬᠥᠭᠵᠢᠬᠦ ᠵᠢ ᠲᠦᠯᠬᠢᠨ ᠠᠬᠢᠭᠤᠯᠤᠨ᠎ᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠵᠧᠩ ᠬᠤᠩ ᠹᠠᠨ ᠶᠤᠤ ᠮᠢᠩ᠎ᠲᠠᠢ ᠠᠭᠤᠯᠵᠠᠬᠤ᠎ᠳᠠᠭᠠᠨ ᠵᠢᠭ᠋ᠠᠵᠦ ᠭᠠᠷᠭ᠋ᠠᠭᠰᠠᠨ᠎ᠨᠢ ᠠᠵᠠ ᠲᠤᠬᠢᠶᠠᠯ᠎ᠢ ᠠᠮᠵᠢᠵᠤ ᠰᠠᠬᠰᠤᠨ ᠪᠦᠮᠪᠦᠭᠡ ᠵᠢᠨ ᠤᠷᠤᠯᠳᠤᠭ᠋ᠠᠨ ᠵᠶ᠋ᠠᠷ ᠪᠠᠶ᠎ᠠ ᠵᠢᠨ ᠲᠠᠮᠢᠷ᠎ᠤᠨ ᠬᠦᠴᠦᠷᠭᠡᠭ ᠤᠯᠤᠰ ᠪᠤᠯᠤᠨ ᠡᠷᠡᠬᠦᠯ ᠡᠩᠬᠡ ᠳᠤᠮᠳᠠᠳᠤ ᠤᠯᠤᠰ᠎ᠤᠨ ᠪᠠᠶ᠋ᠢᠭᠤᠯᠤᠯᠳᠠ᠎ᠳᠤ ᠬᠦᠴᠤᠨ ᠨᠠᠮᠠᠷᠢᠯᠡᠬᠦ ᠭᠡᠷᠡᠭᠳᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠠᠮᠢᠷ᠎ᠤᠨ ᠰᠢᠢ᠍ᠳᠪᠦᠷᠢᠳᠦ ᠤᠷᠤᠯᠳᠤᠭ᠋ᠠᠨ ᠶᠠᠪᠤᠭᠳᠠᠪᠠ
ᠪᠦᠬᠦ ᠤᠯᠤᠰ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠨᠠᠢ᠍ᠮᠠᠳᠤᠭ᠋ᠠᠷ ᠬᠤᠭᠤᠴᠠᠭ᠋ᠠᠨ᠎ᠤ ᠣᠨᠴᠠᠭ᠋ᠠᠢ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭᠰᠤᠨ ᠪᠥᠮᠪᠥᠭᠡ ᠵᠢᠨ ᠮᠡᠷᠭᠡᠵᠢᠯ᠎ᠤᠨ ᠲᠥᠯᠥᠭᠡᠯᠡᠭᠴᠢ ᠬᠢᠨᠠᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠥᠪᠥᠷ ᠮᠣᠩᠭᠤᠯ᠎ᠤᠨ ᠠᠩᠭᠢ ᠠᠯᠬᠤᠭ᠎ᠠ ᠤᠷᠤᠯᠳᠤᠭ᠋ᠠᠨ᠎ᠳᠤ 4 ᠠᠯᠲᠠᠨ ᠮᠧᠳᠠᠯ ᠭᠠᠷᠳᠠᠪᠠ
 
            