7 ᠰᠠᠷ᠎ᠠ ᠵᠢᠨ 1᠎ᠤ ᠡᠳᠦᠷ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠨᠠᠮ ᠪᠠᠢ᠌ᠭᠤᠯᠤᠭᠳᠠᠭᠰᠠᠨ 99 ᠵᠢᠯ᠎ᠤᠨ ᠤᠢ ᠵᠢ ᠪᠡᠯᠭᠡᠯᠡᠬᠦ ᠬᠦᠭᠢᠭᠦᠯᠦᠨ ᠰᠠᠢ᠌ᠰᠢᠶᠠᠬᠤ ᠶᠡᠬᠡ ᠬᠤᠷᠠᠯ ᠬᠢᠪᠡ᠃ ᠦᠪᠦᠷ ᠮᠤᠩᠭᠤᠯ᠎ᠤᠨ ᠪᠡᠶ᠎ᠡ ᠵᠢᠨ ᠲᠠᠮᠢᠷ᠎ᠤᠨ ᠲᠤᠪᠴᠢᠶᠠᠨ᠎ᠤ ᠨᠠᠮ᠎ᠤᠨ ᠲᠤᠭᠤᠢ᠌ᠯᠠᠩ᠎ᠤᠨ ᠱᠦᠵᠢ᠂ ᠲᠤᠪᠴᠢᠶᠠᠨ ᠲᠠᠷᠤᠭ᠎ᠠ ᠲᠠᠨ ᠵᠢᠩ ᠹᠸᠩ᠂ ᠲᠤᠪᠴᠢᠶᠠᠨ᠎ᠤ ᠰᠢᠰᠲᠸᠮ᠎ᠤᠨ ᠪᠦᠬᠦ ᠨᠠᠮ᠎ᠤᠨ ᠭᠡᠰᠢᠭᠦᠳ ᠤᠷᠤᠯᠴᠠᠪᠠ᠃
ᠬᠤᠷᠠᠯ ᠲᠡᠭᠡᠷ᠎ᠡ᠂ 2017 ᠤᠨ᠎ᠠᠴᠠ ᠨᠠᠰᠢᠬᠢ ᠰᠢᠨ᠎ᠡ ᠨᠠᠮ᠎ᠤᠨ ᠭᠡᠰᠢᠭᠦᠳ᠂ ᠪᠡᠯᠡᠳᠬᠡᠯ ᠨᠠᠮ᠎ᠤᠨ ᠭᠡᠰᠢᠭᠦᠳ ᠲᠦᠪ ᠴᠢᠩᠭ᠎ᠠ᠎ᠪᠠᠷ ᠲᠠᠩᠭ᠋ᠠᠷᠢᠭᠯᠠᠪᠠ᠃ ᠪᠠᠰᠠ 2019 —2020 ᠤᠨ᠎ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠵᠢᠨ 12 ᠲᠡᠷᠢᠭᠦᠨ᠎ᠤ ᠦᠨᠳᠤᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠂ 50 ᠰᠢᠯᠢᠳᠡᠭ ᠡᠪ ᠬᠠᠮᠳᠦ ᠨᠠᠮ᠎ᠤᠨ ᠭᠡᠰᠢᠭᠦᠨ᠂ 14 ᠰᠢᠯᠢᠳᠡᠭ ᠨᠠᠮ᠎ᠤᠨ ᠠᠵᠢᠯ᠎ᠤᠨ ᠠᠵᠢᠯᠳᠠᠨ ᠵᠢ ᠬᠦᠭᠢᠬᠦᠯᠦᠨ ᠰᠠᠢ᠌ᠰᠢᠶᠡᠪᠡ᠃
ᠬᠦᠭᠢᠬᠦᠯᠦᠨ ᠰᠠᠢ᠌ᠰᠢᠶᠠᠬᠤ ᠬᠤᠷᠠᠯ᠎ᠤᠨ ᠲᠠᠷᠠᠭ᠎ᠠ᠂ ᠭᠤᠴᠦ ᠰᠠᠢ᠌ᠬᠠᠨ ᠤᠷᠠᠨ ᠰᠠᠢ᠌ᠬᠠᠨ᠎ᠤ ᠲᠤᠭᠯᠠᠯᠳᠠ ᠶᠠᠪᠤᠭᠳᠠᠵᠦ᠂ ᠠᠭᠤᠤ ᠨᠠᠮ ᠵᠶ᠋ᠠᠨ ᠮᠠᠭᠳᠠᠨ ᠲᠠᠭᠤᠯᠠᠪᠠ᠃










