ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2020 ᠣᠨ᠎ᠤ ᠮᠠᠨ᠎ᠤ ᠤᠷᠤᠨ᠎ᠤ ᠪᠡᠶ᠎ᠡ ᠵᠢᠨ ᠲᠠᠮᠢᠷ᠎ᠤᠨ 10 ᠶᠡᠭᠡ ᠰᠣᠨᠢᠨ ᠮᠡᠳᠡᠭᠡ
ᠨᠡᠶ᠋ᠢᠲᠡᠯᠡᠭᠰᠡᠨ ᠴᠠᠭ᠄ 2021-01-04

    ᠨᠠᠶ᠋ᠢᠷᠠᠭᠤᠯᠤᠬ᠍ᠴᠢ ᠵᠢᠨ ᠥᠬᠡ᠄ 2020 ᠣᠨ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠬᠦᠯᠴᠢ ᠵᠢᠨ ᠨᠢᠭᠡ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠥᠵᠡᠯ ᠰᠠᠨᠠᠭ᠎ᠠ ᠵᠢ ᠬᠥᠨᠵᠡᠬᠡᠢ ᠰᠤᠷᠤᠯᠴᠠᠨ ᠲᠤᠭᠤᠰᠢᠯᠠᠭᠤᠯᠵᠥ᠂ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠵᠢ ᠪᠠᠷᠢᠮᠲᠠᠯᠡᠵᠥ᠂ ᠪᠡᠶ᠎ᠡ ᠵᠢᠨ ᠲᠠᠮᠢᠷ᠎ᠤᠨ ᠣᠯᠠᠨ ᠡᠰᠢᠲᠦ ᠴᠢᠳᠠᠮᠵᠢ ᠵᠢ ᠭᠦᠢ᠍ᠴᠡᠳ ᠪᠠᠳᠠᠷᠠᠭᠤᠯᠵᠥ᠂ ᠣᠯᠠᠨ ᠲᠦᠮᠡᠨ᠎ᠤ ᠪᠡᠶ᠎ᠡ ᠵᠢᠨ ᠲᠠᠮᠢᠷ᠎ᠢ ᠠᠮᠢᠳᠤᠷᠠᠯ᠎ᠲᠠᠢ ᠠᠭᠤᠰᠤᠯᠴᠠᠭᠤᠯᠬᠤ ᠵᠢ ᠭᠦᠨᠵᠡᠭᠡᠶ ᠠᠬᠢᠭᠤᠯᠵᠥ᠂ ᠥᠷᠢᠰᠥᠯᠳᠥᠭᠡᠨᠳᠤ ᠪᠡᠶ᠎ᠠ ᠵᠢᠨ ᠲᠠᠮᠢᠷ᠎ᠤᠨ ᠡᠷᠴᠢᠮᠵᠢᠭᠦᠯᠦᠯᠲᠡ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠵᠠᠬ᠎ᠠ ᠳᠡᠯᠭᠡᠭᠦᠷᠴᠢᠯᠡᠯᠲᠡ᠂ ᠪᠡᠶ᠎ᠡ ᠵᠢᠨ ᠲᠠᠮᠢᠷ᠎ᠤᠨ ᠰᠣᠶᠣᠯ᠎ᠤᠨ ᠤᠯᠠᠨ ᠶᠠᠩᠵᠤᠴᠢᠯᠠᠯᠳᠠ ᠵᠢ ᠬᠥᠨᠵᠡᠬᠡᠢ ᠠᠬᠢᠭᠤᠯᠵᠥ᠂ ᠡᠯ᠎ᠡ ᠵᠦᠢ᠍ᠯ᠎ᠤᠨ ᠪᠡᠶ᠎ᠡ ᠵᠢᠨ ᠲᠠᠮᠢᠷ᠎ᠤᠨ ᠦᠢ᠍ᠯᠡᠰ ᠰᠢᠨ᠎ᠡ ᠪᠠᠶ᠋ᠢᠳᠠᠯ᠎ᠢ ᠪᠤᠢ ᠪᠤᠯᠭ᠋ᠠᠵᠥ᠂ ᠰᠢᠨ᠎ᠡ ᠭᠢᠯᠠᠰ ᠴᠡᠭ᠎ᠢ ᠪᠢᠴᠢᠭᠯᠡᠵᠡᠢ᠃ ᠣᠶ᠋ᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 2020 ᠣᠨ᠎ᠤ ᠮᠠᠨ᠎ᠤ ᠤᠷᠤᠨ᠎ᠤ ᠪᠡᠶ᠎ᠡ ᠵᠢᠨ ᠲᠠᠮᠢᠷ᠎ᠤᠨ 10 ᠶᠡᠭᠡ ᠰᠣᠨᠢᠨ ᠮᠡᠳᠡᠭᠡᠨ᠎ᠤ ᠰᠢᠯᠭ᠋ᠠᠷᠠᠭᠤᠯᠤᠯᠲᠠ ᠵᠢᠨ ᠦᠷ᠎ᠡ ᠳ᠋ᠦᠩ᠎ᠢ ᠨᠡᠶ᠋ᠢᠲᠡᠯᠡᠪᠡ᠃

    ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠦᠢ᠍ᠯᠡᠳᠪᠦᠷᠢᠯᠡᠯ ᠵᠶ᠋ᠠᠨ ᠰᠡᠷᠭᠦᠭᠡᠬᠦ᠎ᠳᠤ ᠬᠦᠴᠦᠨ ᠨᠡᠮᠡᠷᠢᠯᠡᠪᠠ
    ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠭᠠᠷᠤᠭᠰᠠᠨ᠎ᠠᠴᠠ ᠨᠠᠭ᠋ᠠᠰᠢ᠂ ᠪᠡᠶ᠎ᠠ ᠵᠢᠨ ᠲᠠᠮᠢᠷ᠎ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠲᠠᠮᠢᠷ᠎ᠤᠨ ᠴᠤᠬᠯᠠᠭ᠋ᠠᠨ ᠪᠠ ᠠᠵᠢᠯᠯᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠡᠯ᠎ᠠ ᠵᠦᠢ᠍ᠯ᠎ᠤᠨ ᠤᠷᠤᠯᠳᠤᠭ᠋ᠠᠨ᠎ᠢ ᠬᠥᠴᠥᠨ ᠥᠭᠡᠢ ᠪᠣᠯᠭ᠋ᠠᠭᠰᠠᠨ ᠪᠤᠶᠤ ᠬᠤᠶ᠋ᠢᠰᠢᠯᠠᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠦᠶᠯᠡᠳᠪᠦᠷᠢᠯᠡᠯ ᠵᠶ᠋ᠠᠨ ᠰᠡᠷᠭᠦᠭᠡᠬᠦ᠎ᠳᠤ ᠬᠦᠴᠦᠨ ᠨᠡᠮᠡᠷᠢᠯᠡᠪᠠ᠃
    ᠠᠯᠪᠠᠨ᠎ᠤ ᠰᠦᠯᠵᠢᠶ᠎ᠡ᠂ ᠵᠢᠷᠭᠢᠶ᠎ᠡ ᠵᠢᠨ ᠣᠯᠠᠨ ᠨᠡᠶ᠋ᠢᠲᠡ ᠵᠢᠨ ᠲᠠᠪᠴᠠᠩ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠣᠯᠠᠨ ᠲᠦᠮᠡᠨ᠎ᠤ ᠬᠡᠷ᠎ᠲᠡᠭᠡᠨ ᠰᠠᠭᠤᠵᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠬᠠᠩᠭ᠋ᠠᠨ᠂ ᠪᠥᠬᠦ ᠣᠷᠣᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ᠎ᠤ ᠲᠠᠮᠢᠷ᠎ᠤᠨ ᠴᠤᠭᠯᠠᠭ᠋ᠠᠨ᠂ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠥᠬᠦ ᠣᠷᠣᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠮᠢᠷ᠎ᠤᠨ ᠴᠤᠭᠯᠠᠭ᠋ᠠᠨ ᠵᠡᠷᠭᠡ ᠠᠯᠢ ᠣᠯᠠᠨ ᠰᠢᠯᠵᠢᠶᠠᠨ ᠲᠡᠭᠡᠷᠡᠬᠢ ᠤᠷᠤᠯᠳᠤᠭ᠋ᠠᠨ᠎ᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨᠴᠢ ᠴᠢᠨᠠᠷᠲᠠᠢ ᠤᠷᠤᠯᠳᠤᠭ᠋ᠠᠨ᠎ᠤ ᠠᠵᠢᠯᠯᠠᠭ᠎ᠠ ᠵᠢ ᠨᠡᠶ᠋ᠢᠲᠡ 400 ᠭᠠᠷᠤᠶ ᠤᠳᠠᠭ᠎ᠠ ᠡᠷᠭᠢᠯᠡᠵᠦ᠂ ᠨᠡᠶ᠋ᠢᠭᠡᠮ᠎ᠤᠨ ᠠᠮᠢᠵᠢᠷᠠᠯ᠎ᠤᠨ ᠬᠥᠴᠥᠨ᠎ᠢ ᠬᠥᠢ᠍ᠴᠡᠳ ᠪᠠᠳᠠᠷᠠᠭᠤᠯᠵᠠᠢ᠃

    ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠢᠭᠡᠳ ᠡᠷᠡᠭᠦᠯ ᠡᠩᠬᠡ ᠵᠢᠨ ᠠᠭᠤᠰᠤᠯᠴᠠᠯ᠎ᠢ ᠠᠬᠢᠭᠤᠯᠵᠠᠢ
    ᠥᠪᠡᠷᠳᠡᠭᠡᠨ ᠵᠠᠰᠠᠬᠤ ᠤᠷᠤᠨ᠎ᠤ ᠪᠡᠶ᠎ᠠ ᠵᠢᠨ ᠲᠠᠮᠢᠷ᠎ᠤᠨ ᠲᠤᠪᠴᠢᠶ᠎ᠠ ᠵᠢᠨ ᠬᠤᠯᠪᠤᠬᠳᠠᠯ ᠪᠥᠬᠦᠢ ᠰᠠᠯᠠᠭ᠎ᠠ ᠮᠥᠴᠢᠷ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ᠎ᠤᠨ ᠡᠷᠡᠭᠦᠯ ᠡᠩᠭᠡ ᠵᠢᠨ ᠭᠦᠨᠵᠡᠭᠡᠶ ᠠᠭᠤᠰᠤᠯᠴᠠᠬᠤ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠨᠡᠶ᠋ᠢᠲᠡᠯᠡᠵᠦ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠢᠭᠡᠳ ᠡᠷᠡᠭᠦᠯ ᠡᠩᠬᠡ ᠵᠢᠨ ᠭᠦᠨᠵᠡᠭᠡᠢ ᠠᠭᠤᠰᠤᠯᠴᠠᠨ ᠬᠦᠭᠵᠢᠬᠦ ᠵᠢ ᠠᠬᠢᠭᠤᠯᠵᠠᠢ᠃
2020 ᠣᠨ᠎ᠳᠤ ᠬᠥᠬᠡᠬᠤᠲᠠ᠂ ᠲᠦᠩᠯᠢᠶᠣᠤ᠂ ᠪᠠᠶᠠᠨᠨᠠᠭᠤᠷ᠂ ᠮᠠᠨᠵᠤᠤᠷ ᠵᠡᠷᠭᠡ 4 ᠭᠠᠵᠠᠷ ᠤᠷᠤᠨ᠎ᠢ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠢᠭᠡᠳ ᠡᠷᠡᠭᠦᠯ ᠡᠩᠭᠡ ᠵᠢᠨ ᠭᠦᠨᠵᠡᠭᠡᠶ ᠠᠭᠤᠰᠤᠯᠴᠠᠬᠤ ᠲᠤᠷᠰᠢᠯᠲᠠ ᠵᠢᠨ ᠴᠡᠭ᠎ᠤᠨ ᠬᠤᠲᠠ᠎ᠪᠠᠷ ᠲᠣᠭᠲᠠᠭ᠋ᠠᠵᠤ᠂ 4 ᠭᠠᠵᠠᠷ᠎ᠤᠨ᠎ᠬᠢᠨ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠠᠵᠢᠯᠯᠠᠭ᠎ᠠ ᠵᠢ ᠵᠠᠯᠭ᠋ᠠᠭ᠎ᠠ᠎ᠪᠠᠷ ᠥᠷᠨᠢᠭᠦᠯᠪᠠ᠃ ᠦᠨᠳᠦᠰᠦᠨ ᠱᠠᠲᠤᠨ᠎ᠤ ᠣᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠵᠢ ᠭᠤᠣᠯᠳᠠᠯᠭ᠎ᠠ᠎ᠲᠠᠢ ᠲᠡᠳᠬᠦᠵᠦ᠂ 《ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ + ᠳᠠᠩ ᠲᠦᠷᠦᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ + ᠤᠯᠠᠨ ᠨᠠᠶ᠋ᠢᠳᠠ ᠵᠢᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ》 ᠵᠢᠨ ᠲᠣᠣᠷ᠎ᠢ ᠠᠩᠬ᠎ᠠ ᠠᠯᠬᠤᠮ ᠪᠥᠷᠢᠯᠳᠥᠬᠦᠯᠵᠠᠢ᠃

    《ᠲᠠᠪᠤ ᠵᠢ ᠲᠡᠳᠬᠦᠬᠦ》 ᠠᠵᠢᠯᠯᠠᠭ᠎ᠠ ᠵᠢ ᠡᠷᠴᠢᠮᠵᠢᠬᠦᠯᠪᠠ
    2011 ᠣᠨ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠬᠢᠩᠭ᠋ᠠᠨ ᠠᠶ᠋ᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠬᠤᠶᠠᠷᠰᠤᠮᠤ ᠪᠠᠯᠭ᠋ᠠᠰᠤᠨ᠎ᠤ ᠰᠢᠨ᠎ᠡ ᠠᠶ᠋ᠢᠯ ᠭᠠᠴᠠᠭ᠎ᠠ ᠵᠢ ᠴᠡᠭ ᠲᠣᠭᠲᠠᠭ᠋ᠠᠨ ᠬᠠᠪᠰᠤᠷᠤᠨ ᠲᠡᠳᠬᠦᠬᠦ ᠡᠲᠡᠭᠡᠳ ᠪᠣᠯᠭ᠋ᠠᠬᠰᠠᠨ᠎ᠠᠴᠠ ᠨᠠᠭ᠋ᠠᠰᠢ᠂ 《ᠨᠠᠷᠢᠯᠢᠭ ᠣᠨᠣᠴᠠᠲᠠᠶ᠎ᠪᠠᠷ ᠲᠠᠪᠤ ᠵᠢ ᠲᠡᠳᠬᠦᠬᠦ》 ᠠᠵᠢᠯᠯᠠᠭ᠎ᠠ ᠵᠢ ᠢᠳᠡᠪᠬᠢᠳᠠᠢ ᠥᠷᠨᠢᠬᠦᠯᠤᠨ ᠢᠲᠡᠭᠡᠯ ᠵᠣᠷᠢᠭ᠎ᠢ ᠲᠡᠳᠬᠦᠬᠦ᠂ ᠣᠶᠤᠨ ᠰᠠᠨᠠᠭ᠎ᠠ ᠵᠢ ᠲᠡᠳᠬᠦᠬᠦ ᠯᠦᠭᠡ ᠤᠶᠠᠯᠳᠤᠭᠤᠯᠬᠤ ᠵᠢ ᠪᠠᠷᠢᠮᠲᠠᠯᠠᠨ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠪᠦᠲᠦᠭᠡᠯᠴᠢ ᠴᠢᠨᠠᠷ᠎ᠢ ᠭᠦᠶᠴᠡᠳ ᠳᠠᠶ᠋ᠢᠴᠢᠯᠠᠨ᠂ ᠤᠨᠴᠠᠭ᠋ᠠᠢ᠍ᠢ᠍ᠯᠠᠨ ᠵᠠᠰᠠᠬ᠎ᠤᠨ ᠤᠷᠳᠤᠨ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠎ᠪᠠᠷ ᠳᠠᠮᠵᠢᠭᠤᠯᠤᠨ᠂ ᠬᠤᠶᠠᠷᠰᠤᠮᠤ ᠪᠠᠯᠭ᠋ᠠᠰᠤᠨ᠎ᠤ ᠰᠢᠨ᠎ᠡ ᠠᠶ᠋ᠢᠯ ᠭᠠᠴᠠᠭ᠎ᠠ ᠵᠢ ᠶᠠᠳᠠᠭᠤ ᠬᠦᠴᠢᠷᠳᠡᠯᠲᠡᠶ ᠲᠣᠰᠬᠤᠨ᠎ᠤ ᠡᠩᠨᠡᠭᠡ᠎ᠠᠴᠠ ᠭᠠᠷᠭ᠋ᠠᠵᠥ᠂ ᠡᠯ᠎ᠡ ᠵᠦᠶᠯ᠎ᠤᠨ ᠬᠠᠪᠰᠤᠷᠤᠨ ᠲᠡᠳᠬᠦᠬᠦ ᠡᠭᠦᠷᠭᠡ᠎ᠪᠠᠨ ᠠᠮᠵᠢᠯᠲᠠ᠎ᠲᠠᠢ ᠪᠡᠶᠡᠯᠡᠭᠦᠯᠪᠡ᠃

    ᠬᠦᠯ ᠪᠥᠮᠪᠦᠭᠡ ᠵᠢᠨ ᠥᠭᠡᠷᠡᠴᠢᠯᠡᠯᠲᠡ ᠬᠥᠭᠵᠢᠭᠦᠯᠦᠯᠲᠡ ᠵᠢᠨ ᠬᠢᠯᠠᠰ ᠴᠡᠭ ᠤᠯᠠᠰᠢᠷᠠᠵᠠᠢ
    ᠪᠥᠬᠦ ᠤᠯᠤᠰ᠎ᠤᠨ ᠠᠩᠬᠠᠳᠠᠭᠴᠢ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠭᠦᠯᠦᠯᠲᠡ ᠵᠢᠨ ᠲᠤᠷᠰᠢᠯᠲᠠ ᠵᠢᠨ ᠮᠤᠵᠢ ᠣᠷᠣᠨ ᠪᠣᠯᠤᠭᠰᠠᠨ᠎ᠤ ᠬᠤᠪᠢ᠎ᠳᠤ᠂ ᠮᠠᠨ᠎ᠤ ᠤᠷᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠭᠦᠯᠦᠯᠲᠡ ᠵᠢᠨ ᠲᠤᠬᠠᠶ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠴᠣᠬᠤᠯᠠᠪᠤᠷᠢ ᠵᠢᠭ᠋ᠠᠪᠤᠷᠢ ᠵᠢᠨ ᠵᠣᠷᠢᠭ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠬᠥᠯ ᠪᠥᠮᠪᠦᠭᠡ ᠵᠢᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠨ᠂ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠭᠦᠯᠦᠯᠲᠡ ᠵᠢ ᠭᠦᠨᠵᠡᠭᠡᠶ ᠠᠬᠢᠭᠤᠯᠪᠠ᠃

    ᠪᠦᠬᠦ ᠣᠷᠣᠨ᠎ᠤ ᠬᠥᠯ ᠪᠥᠮᠪᠦᠭᠡ ᠵᠢᠨ ᠰᠤᠷᠢᠭ᠎ᠠ ᠪᠤᠯᠪᠠᠰᠤᠷᠠᠯ᠎ᠤᠨ ᠲᠠᠯᠠᠪᠤᠷ ᠭᠠᠵᠠᠷ ᠨᠡᠶ᠋ᠢᠳᠠ 3530 ᠪᠣᠯᠵᠤ᠂ ᠲᠦᠮᠡᠨ ᠬᠥᠮᠦᠨ ᠪᠦᠷᠢ᠎ᠳᠤ 1.39᠎ᠠᠴᠠ ᠳᠡᠭᠡᠭᠰᠢᠬᠢ ᠬᠥᠯ ᠪᠥᠮᠪᠦᠭᠡ ᠵᠢᠨ ᠲᠠᠯᠠᠪᠤᠷ ᠭᠠᠵᠠᠷ᠎ᠲᠠᠢ ᠪᠤᠯᠪᠠ᠃ ᠪᠥᠬᠦ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ 《ᠠᠯᠪᠠᠨ ᠵᠠᠷᠤᠴᠠ ᠬᠤᠨᠳᠠᠭ᠋ᠠᠲᠤ》 ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡ ᠵᠢᠨ ᠤᠷᠤᠯᠳᠤᠭ᠋ᠠᠨ᠂ ᠪᠥᠬᠦ ᠣᠷᠣᠨ᠎ᠤ 《ᠲᠡᠷᠢᠭᠦᠯᠡᠭᠴᠢ ᠬᠤᠨᠳᠠᠭ᠋ᠠᠲᠤ》 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠳᠥᠷᠪᠡᠨ ᠱᠠᠲᠤᠨ᠎ᠤ ᠬᠤᠯᠪᠣᠭ᠋ᠠᠲᠤ ᠤᠷᠤᠯᠳᠤᠭ᠋ᠠᠨ ᠵᠡᠷᠭᠡ ᠤᠯᠠᠨ ᠤᠷᠤᠯᠳᠤᠭ᠋ᠠᠨ᠎ᠢ 12 ᠤᠳᠠᠭ᠎ᠠ ᠡᠷᠬᠢᠯᠡᠨ ᠶᠠᠪᠤᠬᠳᠠᠭᠤᠯᠵᠥ᠂ ᠤᠷᠢᠳ ᠬᠤᠵᠢᠳ ᠨᠠᠶ᠋ᠢᠳᠠ 5609 ᠬᠥᠮᠦᠨ ᠣᠷᠣᠯᠴᠠᠵᠤ᠂ ᠪᠥᠬᠦ ᠠᠷᠠᠳ ᠵᠶ᠋ᠠᠷ ᠵᠶ᠋ᠠᠨ ᠬᠥᠯ ᠪᠥᠮᠪᠦᠭᠡ ᠵᠢᠨ ᠬᠥᠳᠡᠯᠭᠡᠭᠡᠨ᠎ᠳᠤ ᠤᠷᠤᠯᠴᠠᠬᠤ ᠠᠭᠤᠷ ᠠᠮᠢᠰᠬᠤᠯ᠎ᠢ ᠥᠳᠭᠡᠷᠡᠬᠦᠯᠪᠠ᠃

    ᠯᠢ ᠴᠢᠶᠠᠨ ᠲᠤᠤᠺᠢᠣ᠋᠎ᠤᠨ ᠤᠯᠢᠮᠫᠢᠺ᠎ᠤᠨ ᠲᠠᠮᠢᠷ᠎ᠤᠨ ᠴᠤᠬᠯᠠᠭ᠋ᠠᠨ᠎ᠳᠤ ᠤᠷᠤᠯᠴᠠᠬᠤ ᠡᠷᠭᠡ ᠤᠯᠪᠠ
    2020 ᠤᠨ᠎ᠤ 3 ᠰᠠᠷ᠎ᠠ ᠵᠢᠨ 3 — 11᠎ᠤ ᠡᠳᠦᠷ ᠪᠣᠯᠲᠠᠯ᠎ᠠ ᠶᠣᠷᠳᠠᠨ᠎ᠳᠤ ᠶᠠᠪᠤᠭᠳᠠᠬᠰᠠᠨ 2020 ᠣᠨ᠎ᠤ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ 《ᠠᠽᠢᠶ᠎ᠠ ᠲᠢᠪ ᠶᠡᠭᠡ ᠲᠡᠯᠡᠶ ᠵᠢᠨ ᠲᠢᠪ᠎ᠤᠨ ᠪᠤᠺᠰ᠎ᠤᠨ ᠲᠥᠷᠥᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠬᠢᠷᠢ ᠬᠡᠮ᠎ᠤᠨ ᠤᠷᠤᠯᠳᠤᠭ᠋ᠠᠨ》᠎ᠳᠤ ᠮᠠᠨ᠎ᠤ ᠤᠷᠤᠨ᠎ᠤ ᠲᠠᠮᠢᠷᠴᠢᠨ ᠯᠢ ᠴᠢᠶᠠᠨ ᠳᠤᠮᠳᠠᠳᠤ ᠤᠯᠤᠰ᠎ᠢ ᠲᠥᠯᠥᠭᠡᠯᠡᠨ ᠡᠮᠡᠭᠲᠡᠶ ᠵᠢᠨ ᠪᠤᠺᠰ᠎ᠤᠨ ᠲᠡᠮᠡᠴᠡᠭᠡᠨ᠎ᠤ 69 - 75 ᠺᠢᠯᠣᠭ᠌ᠷᠠᠮ᠎ᠤᠨ ᠲᠡᠰ᠎ᠤᠨ ᠤᠷᠤᠯᠳᠤᠭ᠋ᠠᠨ᠎ᠳᠤ ᠣᠷᠣᠯᠴᠠᠵᠤ᠂ ᠮᠠᠩᠯᠠᠶ᠋ᠢᠯᠠᠨ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠤᠷᠤᠯᠴᠠᠬᠤ ᠡᠷᠭᠡ ᠵᠢ ᠠᠮᠵᠢᠯᠲᠠ᠎ᠲᠠᠢ᠎ᠪᠠᠷ ᠲᠡᠮᠡᠴᠡᠨ ᠤᠯᠵᠥ᠂ ᠳᠤᠮᠳᠠᠳᠤ ᠤᠯᠤᠰ᠎ᠤᠨ ᠪᠤᠺᠰ᠎ᠤᠨ ᠠᠩᠭᠢ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠣᠷᠣᠯᠴᠠᠬᠤ ᠬᠢᠷᠢ ᠬᠡᠮ᠎ᠢ ᠤᠯᠤᠬᠰᠠᠨ ᠠᠩᠬᠠᠳᠠᠭᠴᠢ ᠲᠠᠮᠢᠷᠴᠢᠨ ᠪᠣᠯᠪᠠ᠃ ᠲᠠᠮᠢᠷᠴᠢᠨ ᠯᠢ ᠴᠢᠶᠠᠨ 2016 ᠣᠨ᠎ᠤ ᠷᠢᠦ᠋ ᠳ᠋ᠢ ᠿᠤᠨ᠋ᠸᠢᠢ᠍ᠷᠦ᠋ ᠵᠢᠨ ᠣᠯᠢᠮᠫᠢᠺ᠎ᠤᠨ ᠴᠤᠭᠯᠠᠭ᠋ᠠᠨ᠎ᠤ ᠡᠮᠡᠭᠲᠡᠶ ᠵᠢᠨ ᠪᠤᠺᠰ᠎ᠤᠨ ᠲᠡᠮᠡᠴᠡᠭᠡᠨ᠎ᠤ 75 ᠺᠢᠯᠣᠭ᠌ᠷᠠᠮ᠎ᠤᠨ ᠳᠡᠰ᠎ᠤᠨ ᠭᠤᠷᠪᠠᠳᠤᠭ᠋ᠠᠷ᠎ᠲᠤ ᠤᠷᠤᠵᠥ᠂ 2019 ᠣᠨ᠎ᠤ ᠳᠡᠯᠡᠬᠡᠶ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠤ ᠮᠠᠩᠯᠠᠶ ᠲᠠᠮᠢᠷᠴᠢᠨ ᠪᠤᠯᠵᠠᠢ᠃

    ᠮᠣᠷᠢᠨ ᠮᠡᠷᠭᠡᠵᠢᠯ᠎ᠤᠨ ᠤᠷᠤᠯᠳᠤᠭ᠋ᠠᠨ ᠢᠳᠠ ᠬᠥᠭ᠎ᠲᠠᠢ ᠶᠠᠪᠤᠬᠳᠠᠵᠠᠢ
    ᠥᠢ᠍ᠷ᠎ᠠ ᠵᠢᠨ ᠵᠢᠯ᠎ᠳᠤ ᠮᠠᠨ᠎ᠤ ᠤᠷᠤᠨ᠎ᠤ ᠪᠠᠶ᠎ᠠ ᠵᠢᠨ ᠲᠠᠮᠢᠷ᠎ᠤᠨ ᠲᠤᠪᠴᠢᠶ᠎ᠠ ᠵᠡᠷᠬᠡ ᠬᠤᠯᠪᠤᠬᠳᠠᠯ ᠪᠥᠬᠦᠢ ᠪᠠᠶ᠋ᠢᠭᠤᠯᠭ᠎ᠠ ᠨᠢᠬᠡᠴᠢ ᠠᠷᠠᠳ ᠤᠯᠠᠨ᠎ᠤ ᠥᠢ᠍ᠯᠡᠳᠪᠤᠷᠢᠯᠡᠯ ᠠᠮᠢᠳᠤᠷᠠᠯ᠎ᠤᠨ ᠲᠤᠮᠳᠠᠬᠢ ᠮᠣᠷᠢᠨ ᠮᠡᠷᠭᠡᠵᠢᠯ᠎ᠤᠨ ᠵᠣᠬᠢᠶᠠᠨ ᠪᠠᠶ᠋ᠢᠭᠤᠯᠤᠯᠲᠠ ᠵᠢ ᠢᠳᠡᠪᠬᠢᠳᠠᠢ ᠲᠡᠳᠬᠦᠨ ᠲᠡᠮᠵᠢᠵᠥ᠂ ᠤᠷᠤᠯᠳᠤᠭ᠋ᠠᠨ᠎ᠤ ᠵᠠᠬ᠎ᠠ ᠳᠡᠯᠭᠡᠭᠦᠷ᠎ᠢ ᠢᠳᠡᠪᠬᠢᠲᠡᠶ ᠨᠡᠭᠡᠭᠡᠨ ᠥᠷᠭᠡᠳᠬᠡᠵᠦ᠂ ᠣᠯᠠᠨ ᠲᠦᠮᠡᠨ᠎ᠤ ᠤᠷᠤᠯᠳᠤᠭ᠋ᠠᠨ ᠵᠠᠪᠤᠭᠤᠯᠬᠤ ᠬᠠᠩᠭ᠋ᠠᠯᠭ᠎ᠠ ᠭᠡᠷᠡᠭᠴᠡᠭᠡ ᠵᠢ ᠨᠡᠮᠡᠭᠳᠡᠬᠦᠯᠵᠥ᠂ ᠨᠡᠶ᠋ᠢᠭᠡᠮ ᠨᠡᠶ᠋ᠢᠲᠡ᠎ᠪᠠᠷ ᠵᠶ᠋ᠠᠨ ᠣᠷᠣᠯᠴᠠᠭᠰᠠᠨ᠂ ᠵᠠᠬ᠎ᠠ ᠳᠡᠯᠭᠡᠭᠦᠷ᠎ᠲᠤ ᠲᠦᠰᠢᠭᠯᠡᠭᠰᠡᠨ᠂ ᠬᠠᠮᠲᠤ᠎ᠪᠠᠷ ᠡᠳ᠋ᠯᠡᠵᠦ ᠬᠠᠮᠲᠤ᠎ᠪᠠᠷ ᠠᠰᠢᠭ ᠭᠥᠷᠳᠡᠬᠦ ᠮᠣᠷᠢᠨ ᠮᠡᠷᠭᠡᠵᠢᠯ᠎ᠤᠨ ᠬᠥᠭᠵᠢᠯᠲᠡ ᠵᠢᠨ ᠵᠠᠮ ᠵᠶ᠋ᠠᠷ ᠵᠠᠮᠨᠠᠪᠠ᠃
    7 ᠰᠠᠷ᠎ᠠ ᠵᠢᠨ 18᠎ᠠᠴᠠ 8 ᠰᠠᠷ᠎ᠠ ᠵᠢᠨ ᠰᠡᠬᠦᠯᠴᠢ ᠪᠤᠯᠳᠠᠯ᠎ᠠ᠂ ᠳᠤᠮᠳᠠᠳᠤ ᠤᠯᠤᠰ ᠥᠪᠥᠷ ᠮᠣᠩᠭᠤᠯ᠎ᠤᠨ ᠮᠣᠷᠢᠨ ᠤᠷᠤᠯᠳᠤᠭ᠋ᠠᠨ ᠵᠢᠴᠢ ᠳᠣᠯᠣᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠮᠣᠷᠢᠨ ᠮᠡᠷᠭᠡᠵᠢᠯ᠎ᠤᠨ ᠨᠠᠶ᠋ᠢᠷ ᠰᠢᠯᠢᠩᠬᠤᠲᠠ᠎ᠳᠤ ᠶᠠᠪᠤᠭᠳᠠᠵᠤ᠂ ᠬᠤᠷᠳᠤᠨ ᠮᠣᠷᠢᠨ᠎ᠤ ᠤᠷᠤᠯᠳᠤᠭ᠋ᠠᠨ᠂ ᠬᠠᠳᠠᠭ ᠰᠢᠬᠦᠷᠡᠬᠦ᠂ ᠲᠥᠡᠭᠰᠠ ᠣᠷᠢᠶᠠᠬᠤ ᠤᠷᠤᠯᠳᠤᠭ᠋ᠠᠨ᠂ ᠡᠮᠨᠢᠭ ᠰᠤᠷᠭ᠋ᠠᠬᠤ ᠵᠡᠷᠭᠡ 5 ᠶᠡᠭᠡ ᠤᠷᠤᠯᠳᠤᠭ᠋ᠠᠨ᠎ᠤ ᠲᠥᠷᠥᠯ᠎ᠤᠨ 13 ᠪᠠᠭ᠎ᠠ ᠤᠷᠤᠯᠳᠤᠭ᠋ᠠᠨ᠎ᠢ ᠶᠠᠪᠤᠭᠤᠯᠵᠥ᠂ ᠡᠯ᠎ᠡ ᠭᠠᠵᠠᠷ᠎ᠤᠨ ᠮᠤᠷᠢᠳᠠᠳ ᠴᠤᠭ ᠵᠢᠪᠬᠤᠭ᠎ᠠ᠎ᠪᠠᠨ ᠭᠠᠶ᠋ᠢᠬᠠᠭᠤᠯᠪᠠ᠃ ᠮᠣᠷᠢᠨ ᠮᠡᠷᠭᠡᠵᠢᠯ᠎ᠤᠨ ᠤᠷᠤᠯᠳᠤᠭ᠋ᠠᠨ᠂ ᠦᠵᠡᠭᠦᠯᠭᠡ ᠵᠢᠨ ᠤᠷᠤᠯᠳᠤᠭ᠋ᠠᠨ᠂ ᠥᠪᠥᠷ ᠮᠣᠩᠭᠤᠯ᠎ᠤᠨ ᠮᠣᠷᠢᠨ ᠤᠷᠤᠯᠳᠤᠭ᠋ᠠᠨ᠎ᠤ ᠱᠠᠩᠨᠠᠯᠲᠤ ᠤᠷᠤᠯᠳᠤᠭ᠋ᠠᠨ ᠵᠡᠷᠭᠡ ᠵᠢ ᠶᠠᠪᠤᠬᠳᠠᠭᠤᠯᠵᠥ᠂ ᠬᠤᠷᠳᠤᠴᠠ ᠪᠠ ᠣᠷᠭᠢᠯᠤᠮ᠎ᠠ ᠵᠣᠷᠢᠭ᠎ᠢ ᠪᠠᠳᠠᠷᠠᠭ᠋ᠠᠵᠠᠢ᠃

    ᠡᠪᠦᠯ᠎ᠤᠨ ᠤᠯᠠᠷᠢᠯ᠎ᠤᠨ ᠵᠠᠯᠠᠭᠤᠴᠤᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠢᠳᠡᠭᠡᠯ ᠲᠡᠬᠦᠯᠳᠡᠷ ᠤᠷᠤᠯᠴᠠᠪᠠ
    1 ᠰᠠᠷ᠎ᠠ ᠵᠢᠨ 9 — 22᠎ᠤᠨ ᠡᠳᠦᠷ ᠪᠣᠯᠲᠠᠯ᠎ᠠ ᠰᠸᠢᠰ᠎ᠤᠨ ᠯᠤᠰᠠᠩ᠎ᠳᠤ ᠶᠠᠪᠤᠭᠳᠠᠬᠰᠠᠨ ᠭᠤᠷᠪᠠᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠵᠠᠯᠠᠭᠤᠴᠤᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠮᠠᠨ᠎ᠤ ᠤᠷᠤᠨ᠎ᠤ ᠲᠠᠮᠢᠷᠴᠢᠳ ᠤᠮᠤᠬ ᠲᠡᠬᠦᠯᠳᠡᠷ ᠤᠷᠤᠯᠴᠠᠪᠠ᠃
    ᠲᠤᠰ ᠤᠳᠠᠭ᠎ᠠ ᠵᠢᠨ ᠤᠷᠤᠯᠳᠤᠭ᠋ᠠᠨ᠎ᠳᠤ ᠳᠡᠯᠡᠬᠡᠶ ᠵᠢᠨ ᠡᠯ᠎ᠡ ᠤᠯᠤᠰ ᠪᠠ ᠭᠠᠵᠠᠷ ᠤᠷᠤᠨ᠎ᠠᠴᠠ ᠢᠷᠡᠭᠰᠡᠨ 1872 ᠵᠠᠯᠠᠭᠤ ᠲᠠᠮᠢᠷᠴᠢᠨ ᠣᠷᠣᠯᠴᠠᠪᠠ᠃ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠲᠥᠯᠥᠭᠡᠯᠡᠭᠴᠢ ᠵᠢᠨ ᠪᠦᠯᠬᠦᠮ᠎ᠤᠨ 109 ᠬᠥᠮᠦᠨ ᠴᠤᠭᠯᠠᠭ᠋ᠠᠨ᠎ᠳᠤ ᠣᠷᠣᠯᠴᠠᠵᠤ᠂ ᠡᠭᠦᠨ᠎ᠳᠤ ᠥᠪᠥᠷ ᠮᠣᠩᠭᠤᠯ᠎ᠤᠨ ᠲᠠᠮᠢᠷᠴᠢᠨ ᠳ᠋ᠢᠩ ᠢᠦᠢ ᠬᠦ᠍ᠸᠠᠨ ᠡᠬᠢᠯᠡᠯᠲᠡ ᠵᠢᠨ ᠶᠣᠰᠣᠯᠠᠯ ᠳᠡᠭᠡᠷ᠎ᠡ ᠳᠤᠮᠳᠠᠳᠤ ᠤᠯᠤᠰ᠎ᠤᠨ ᠲᠥᠯᠥᠭᠡᠯᠡᠭᠴᠢ ᠵᠢᠨ ᠪᠦᠯᠬᠦᠮ᠎ᠤᠨ ᠲᠤᠭᠴᠢ ᠪᠣᠯᠪᠠ᠃ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠰᠢᠯᠭ᠋ᠠᠷᠠᠭᠤᠯᠤᠯᠲᠠ᠎ᠪᠠᠷ ᠳᠡᠮᠵᠢᠨ ᠥᠪᠥᠷ ᠮᠣᠩᠭᠤᠯ᠎ᠤᠨ 7 ᠲᠠᠮᠢᠷᠴᠢᠨ ᠤᠷᠤᠯᠳᠤᠭ᠋ᠠᠨ᠎ᠳᠤ ᠣᠷᠣᠯᠴᠠᠬᠤ ᠬᠢᠷᠢ ᠬᠡᠮ ᠣᠯᠵᠤ᠂ ᠲᠣᠰ ᠲᠣᠰ ᠬᠡᠭᠡᠷᠡᠯᠡᠨ ᠴᠠᠨᠠᠯᠠᠬᠤ᠂ ᠡᠪᠦᠯ᠎ᠤᠨ 2 ᠲᠦᠷᠦᠯ᠎ᠤᠨ ᠤᠷᠤᠯᠳᠤᠭ᠋ᠠᠨ᠂ ᠲᠦᠷᠭᠡᠨ ᠲᠡᠰᠢᠯᠲᠡ᠂ ᠴᠢᠷᠭ᠎ᠠ ᠵᠢᠨ ᠤᠷᠤᠯᠳᠤᠭ᠋ᠠᠨ᠎ᠳᠤ ᠣᠷᠣᠯᠴᠠᠪᠠ᠃ ᠥᠪᠥᠷ ᠮᠣᠩᠭᠤᠯ᠎ᠤᠨ ᠲᠠᠮᠢᠷᠴᠢᠳ ᠤᠷᠤᠯᠳᠤᠭ᠋ᠠᠨ᠎ᠳᠤ ᠬᠥᠴᠥᠯᠠᠨ ᠲᠡᠮᠡᠴᠡᠵᠦ᠂ ᠤᠮᠤᠬ ᠪᠠᠭ᠍ᠠᠳᠤᠯᠳᠤ ᠴᠤᠭ ᠵᠢᠪᠬᠤᠭ᠎ᠠ ᠵᠢ ᠢᠯᠡᠷᠡᠭᠦᠯᠵᠦ᠂ ᠲᠠᠮᠢᠷᠴᠢᠨ ᠰᠦᠨ ᠵᠢᠶᠠ ᠵᠣᠣ ᠲᠦᠷᠭᠡᠨ ᠲᠡᠰᠢᠯᠲᠡ ᠵᠢᠨ ᠬᠠᠮᠲᠤ ᠨᠢᠬᠡᠴᠢ ᠵᠢᠨ ᠤᠷᠤᠯᠳᠤᠭ᠋ᠠᠨ᠎ᠳᠤ ᠲᠠᠪᠤᠳᠤᠭ᠋ᠠᠷ᠎ᠲᠤ ᠣᠷᠣᠵᠠᠶ᠃

    ᠮᠠᠷᠠᠽᠤᠨ ᠤᠷᠤᠯᠳᠤᠭ᠋ᠠᠨ ᠲᠠᠮᠢᠷ᠎ᠤᠨ ᠬᠥᠳᠡᠯᠭᠡᠭᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠪᠡ
    ᠮᠠᠨ᠎ᠤ ᠤᠷᠤᠨ 9 ᠰᠠᠷ᠎ᠠ᠎ᠳᠤ ᠮᠠᠷᠠᠽᠤᠨ ᠤᠷᠤᠯᠳᠤᠭ᠋ᠠᠨ᠎ᠤ ᠠᠵᠢᠯᠯᠠᠭ᠎ᠠ ᠵᠢ ᠡᠮᠬᠢ ᠵᠢᠷᠤᠮ᠎ᠲᠠᠢ᠎ᠪᠠᠷ ᠡᠬᠢᠯᠡᠭᠦᠯᠵᠦ᠂ ᠬᠤᠲᠠ ᠵᠢᠨ ᠲᠠᠮᠢᠷ᠎ᠤᠨ ᠬᠥᠳᠡᠯᠭᠡᠭᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠪᠡ᠃

    9 ᠰᠠᠷ᠎ᠠ ᠵᠢᠨ 19᠎ᠤ ᠡᠳᠦᠷ᠂ 2020 ᠣᠨ᠎ᠤ ᠬᠤᠷᠴᠢᠨ᠎ᠤ ᠮᠠᠷᠠᠽᠤᠨ ᠤᠷᠤᠯᠳᠤᠭ᠋ᠠᠨ᠎ᠤ ᠡᠬᠢᠯᠡᠯᠳᠠ ᠵᠢᠨ ᠲᠤᠬᠢᠶᠠᠨ ᠫᠤᠤ ᠳᠤᠤᠭ᠋ᠠᠷᠴᠤ᠂ ᠪᠦᠬᠦ ᠣᠷᠣᠨ᠎ᠤ 5000 ᠭᠠᠷᠤᠢ ᠬᠤᠯᠠ ᠭᠦᠶᠦᠬᠦ ᠪᠠᠭ᠍ᠠᠲᠠᠳ ᠤᠷᠤᠯᠴᠠᠵᠠᠢ᠃ ᠬᠤᠷᠴᠢᠨ᠎ᠤ ᠮᠠᠷᠠᠽᠤᠨ ᠤᠷᠤᠯᠳᠤᠭ᠋ᠠᠨ ᠪᠣᠯ ᠡᠨᠡ ᠵᠢᠯ᠎ᠤᠨ ᠤᠯᠤᠰ᠎ᠤᠨ ᠳᠣᠲᠣᠭ᠋ᠠᠳᠤ᠎ᠳᠤ ᠶᠠᠪᠤᠭᠳᠠᠭᠰᠠᠨ ᠠᠩᠬᠠᠨ᠎ᠤ ᠲᠠᠯᠠᠪᠠᠢ ᠮᠠᠷᠠᠽᠤᠨ ᠤᠷᠤᠯᠳᠤᠭ᠋ᠠᠨ ᠪᠣᠯᠤᠨ᠎ᠠ᠃ 9 ᠰᠠᠷ᠎ᠠ ᠵᠢᠨ 26᠎ᠤ ᠡᠳᠦᠷ᠂ 2020 ᠤᠨ᠎ᠤ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠲᠤᠯᠤᠨ ᠨᠤᠤᠷ᠎ᠤᠨ ᠮᠠᠷᠠᠽᠤᠨ ᠤᠷᠤᠯᠳᠤᠭ᠋ᠠᠨ ᠡᠬᠢᠯᠡᠵᠦ᠂ ᠪᠥᠬᠦ ᠤᠯᠤᠰ᠎ᠤᠨ ᠡᠯ᠎ᠠ ᠰᠤᠳᠤᠨ ᠲᠠᠮᠢᠷᠴᠢᠨ ᠪᠠ ᠬᠤᠯᠠ ᠭᠦᠶᠦᠬᠦ ᠪᠠᠭ᠍ᠠᠲᠠᠳ ᠨᠡᠶ᠋ᠢᠲᠡ 3200 ᠬᠥᠮᠦᠨ ᠴᠤᠭᠯᠠᠷᠠᠨ᠂ ᠲᠤᠯᠤᠨ ᠨᠤᠤᠷ᠎ᠤᠨ ᠡᠳᠡᠭᠡᠳ ᠭᠤᠶᠤ ᠥᠵᠡᠮᠵᠢ ᠵᠢ ᠰᠤᠨᠢᠷᠬᠠᠨ᠂ ᠡᠷᠡᠭᠦᠯ ᠮᠡᠨᠳᠦ ᠪᠠ ᠵᠣᠯ ᠵᠢᠷᠭ᠋ᠠᠯ᠎ᠤᠨ ᠬᠦᠷᠲᠡᠭᠡᠯ ᠡᠳ᠋ᠯᠡᠪᠡ᠃ ᠡᠭᠦᠨ᠎ᠠᠴᠠ ᠭᠠᠳᠠᠨ᠎ᠠ᠂ ᠥᠪᠥᠷ ᠮᠣᠩᠭᠤᠯ᠎ᠤᠨ ᠠᠩᠬᠠᠳᠤᠭ᠋ᠠᠷ ᠬᠤᠭᠤᠴᠠᠭ᠋ᠠᠨ᠎ᠤ ᠰᠦᠯᠵᠢᠶᠡᠨ ᠳᠡᠭᠡᠷᠡᠬᠢ ᠮᠠᠷᠠᠽᠤᠨ ᠤᠷᠤᠯᠳᠤᠭ᠋ᠠᠨ᠂ ᠪᠤᠭᠤᠲᠤ ᠵᠢᠨ ᠰᠥᠯᠵᠢᠶᠠᠨ ᠲᠡᠭᠡᠷᠡᠬᠢ ᠮᠠᠷᠠᠽᠤᠨ ᠤᠷᠤᠯᠳᠤᠭ᠋ᠠᠨ᠂ ᠥᠪᠥᠷ ᠮᠣᠩᠭᠤᠯ᠎ᠤᠨ ᠡᠵᠡᠨ᠎ᠡ ᠬᠤᠰᠢᠭᠤ ᠵᠢᠨ ᠲᠣᠣᠷᠠᠢ ᠵᠢᠨ ᠤᠢ ᠵᠢᠨ ᠮᠠᠷᠠᠽᠤᠨ ᠤᠷᠤᠯᠳᠤᠭ᠋ᠠᠨ᠂ ᠬᠠᠷᠬᠤᠰᠤ ᠨᠠᠭᠤᠷ᠎ᠢ ᠲᠣᠭᠤᠷᠢᠨ ᠭᠦᠶᠦᠬᠦ ᠮᠠᠷᠠᠽᠤᠨ ᠤᠷᠤᠯᠳᠤᠭ᠋ᠠᠨ ᠵᠡᠷᠭᠡ ᠥᠪᠡᠷᠮᠢᠴᠡ ᠣᠨᠴᠠᠯᠢᠭ᠎ᠲᠠᠢ ᠰᠦᠯᠵᠢᠶᠡᠨ ᠳᠡᠭᠡᠷᠡᠬᠢ ᠪᠠ ᠪᠤᠳᠠᠳᠤ ᠴᠤᠬ᠍ᠴᠠ ᠵᠢᠨ ᠮᠠᠷᠠᠽᠤᠨ ᠤᠷᠤᠯᠳᠤᠭ᠋ᠠᠨ ᠪᠦᠬᠦ ᠣᠷᠣᠨ᠎ᠤ ᠡᠯ᠎ᠡ ᠭᠠᠵᠠᠷ᠎ᠲᠤ ᠬᠥᠭᠵᠢᠶᠡᠨᠲᠡᠢ ᠶᠠᠪᠤᠭᠳᠠᠪᠠ᠃

    WCBA ᠵᠢᠨ ᠠᠩᠬᠠᠨ᠎ᠤ ᠡᠭᠡᠯᠵᠢ ᠵᠢᠨ ᠤᠷᠤᠯᠳᠤᠭ᠋ᠠᠨ᠎ᠤ ᠵᠢᠬᠰᠠᠭ᠋ᠠᠯ᠎ᠳᠤ ᠮᠠᠩᠯᠠᠶ᠋ᠢᠯᠠᠵᠠᠢ
    12 ᠰᠠᠷ᠎ᠠ ᠵᠢᠨ 1᠎ᠤ ᠡᠳᠦᠷ᠂ 2020 — 2021 ᠣᠨ᠎ᠤ ᠤᠷᠤᠯᠳᠤᠭ᠋ᠠᠨ᠎ᠤ ᠤᠯᠠᠷᠢᠯ᠎ᠤᠨ ᠳᠤᠮᠳᠠᠳᠤ ᠤᠯᠤᠰ᠎ᠤᠨ ᠡᠮᠡᠭᠲᠡᠶ ᠵᠢᠨ ᠰᠠᠭᠰᠤᠨ ᠪᠥᠮᠪᠦᠭᠡ ᠵᠢᠨ ᠬᠤᠯᠪᠣᠭ᠋ᠠᠲᠤ ᠤᠷᠤᠯᠳᠤᠭ᠋ᠠᠨ᠎ᠤ ᠬᠤᠶᠠᠳᠤᠭ᠋ᠠᠷ ᠱᠠᠲᠤᠨ᠎ᠤ ᠤᠷᠤᠯᠳᠤᠭ᠋ᠠᠨ ᠬᠥᠬᠡᠬᠤᠲᠠ᠎ᠳᠤ ᠡᠬᠢᠯᠡᠵᠦ᠂ ᠪᠥᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 17 ᠪᠥᠮᠪᠥᠭᠡᠨ ᠠᠩᠭᠢ ᠰᠢᠷᠦᠭᠦᠨ ᠲᠡᠮᠡᠴᠡᠭᠡᠨ ᠶᠠᠪᠤᠭᠤᠯᠪᠠ᠃ 12 ᠰᠠᠷ᠎ᠠ ᠵᠢᠨ 21᠎ᠤ ᠣᠷᠣᠢ᠂ ᠥᠪᠥᠷ ᠮᠣᠩᠭᠤᠯ᠎ᠤᠨ ᠬᠥᠳᠡᠭᠡ ᠲᠤᠰᠬᠤᠨ᠎ᠤ ᠢᠳᠡᠭᠡᠮᠵᠢ ᠵᠢᠨ ᠬᠤᠷᠰᠢᠶ᠎ᠠ ᠵᠢᠨ ᠠᠩᠭᠢ ᠵᠢ ᠢᠯᠠᠵᠥ᠂ ᠲᠤᠰ ᠤᠷᠤᠯᠳᠤᠭ᠋ᠠᠨ᠎ᠤ ᠤᠯᠠᠷᠢᠯ᠎ᠤᠨ WCBA ᠵᠢᠨ ᠬᠤᠯᠪᠣᠭ᠋ᠠᠲᠤ ᠤᠷᠤᠯᠳᠤᠭ᠋ᠠᠨ᠎ᠤ ᠠᠩᠬᠠᠨ᠎ᠤ ᠡᠭᠡᠯᠵᠢ ᠵᠢᠨ ᠤᠷᠤᠯᠳᠤᠭ᠋ᠠᠨ᠎ᠤ ᠳ᠋ᠥᠡᠭ᠎ᠳᠤ 15 ᠲᠠᠯᠠᠪᠠᠢ ᠤᠷᠤᠯᠳᠤᠭ᠋ᠠᠨ᠎ᠳᠤ ᠢᠯᠠᠵᠤ 1 ᠤᠳᠠᠭ᠎ᠠ ᠢᠯᠠᠭᠳᠠᠭᠰᠠᠨ ᠬᠢᠷᠢ ᠪᠦᠲᠦᠮᠵᠢ᠎ᠪᠠᠷ ᠬᠤᠪᠢ ᠲᠡᠮᠳᠡᠭᠯᠡᠬᠦ ᠨᠡᠷᠡᠰ᠎ᠤᠨ ᠵᠢᠭᠰᠠᠭ᠋ᠠᠯᠲᠠ᠎ᠳᠤ ᠲᠦᠷᠦᠭᠦᠯᠡᠨ᠂ ᠲᠤᠰ ᠤᠷᠤᠯᠳᠤᠭ᠋ᠠᠨ᠎ᠤ ᠤᠯᠠᠷᠢᠯ᠎ᠤᠨ ᠪᠣᠳᠠᠲᠤ ᠬᠦᠴᠦᠨ ᠵᠶ᠋ᠠᠷ ᠬᠠᠮᠤᠬ᠎ᠤᠨ ᠴᠢᠩᠭ᠎ᠠ ᠡᠩᠨᠡᠭᠡ ᠵᠢᠨ ᠨᠢᠭᠡ᠎ᠪᠠᠷ ᠲᠤᠳᠤᠷᠠᠪᠠ᠃
    ᠲᠤᠰ ᠤᠷᠤᠯᠳᠤᠭ᠋ᠠᠨ᠎ᠤ ᠤᠯᠠᠷᠢᠯ ᠪᠣᠯ ᠮᠠᠨ᠎ᠤ ᠤᠷᠤᠨ᠎ᠤ ᠡᠮᠡᠭᠳᠠᠢ ᠵᠢᠨ ᠰᠠᠭᠰᠤᠨ ᠪᠥᠮᠪᠦᠭᠡ ᠵᠢᠨ ᠠᠩᠭᠢ WCBA ᠵᠢᠨ ᠬᠤᠯᠪᠣᠭ᠋ᠠᠲᠤ ᠤᠷᠤᠯᠳᠤᠭ᠋ᠠᠨ᠎ᠳᠤ ᠣᠷᠣᠯᠴᠠᠭᠰᠠᠨ᠎ᠠᠴᠠ ᠨᠠᠭ᠋ᠠᠰᠢᠬᠢ ᠠᠩᠬ᠎ᠠ ᠤᠳᠠᠭ᠎ᠠ ᠤᠷᠤᠯᠳᠤᠭ᠋ᠠᠨ᠎ᠳᠤ ᠪᠦᠷᠢᠨ ᠪᠦᠲᠦᠨ ᠤᠷᠤᠯᠴᠠᠬᠰᠠᠨ ᠤᠯᠠᠷᠢᠯ ᠪᠣᠯᠤᠨ᠎ᠠ᠂ ᠪᠠᠰᠠ ᠴᠤ᠌ ᠠᠩᠬ᠎ᠠ ᠤᠳᠠᠭ᠎ᠠ ᠲᠤᠰ ᠤᠯᠠᠷᠢᠯ᠎ᠤᠨ ᠰᠢᠢ᠍ᠳᠪᠤᠷᠢᠳᠤ ᠤᠷᠤᠯᠳᠤᠭ᠋ᠠᠨ᠎ᠳᠤ ᠣᠷᠣᠯᠴᠠᠭᠰᠠᠨ ᠶᠠᠪᠤᠳᠠᠯ ᠪᠣᠯᠤᠨ᠎ᠠ᠃

    ᠵᠧᠩ ᠬᠥᠸᠧ ᠬᠤᠸᠠ ᠬᠡᠤᠬᠡᠨ ᠬᠦᠰᠡᠯ ᠵᠡᠭᠦᠳᠦ᠎ᠪᠠᠨ ᠲᠡᠷᠭᠡᠯᠰᠢᠯᠡᠬᠦᠯᠬᠦ ᠠᠶᠠᠨ ᠵᠶ᠋ᠠᠨ ᠡᠬᠢᠯᠡᠬᠦᠯᠵᠠᠢ
    ᠵᠧᠩ ᠬᠥᠸᠧ ᠬᠤᠸᠠ ᠵᠢᠨ ᠡᠴᠢᠭᠡ ᠵᠧᠩ ᠯᠦᠩ ᠬᠡᠳᠦᠨ ᠵᠢᠯ᠎ᠤᠨ ᠲᠤᠷᠰᠢ ᠬᠡᠤᠬᠡᠨ᠎ᠳᠡᠭᠡᠨ ᠪᠠᠷ᠎ᠠ ᠪᠣᠯᠵᠤ ᠬᠤᠯᠠ ᠭᠦᠶᠦᠬᠦ ᠪᠣᠯᠪᠠᠰᠤᠷᠠᠯ ᠬᠢᠭᠰᠡᠨ ᠰᠣᠨᠢᠨ ᠮᠡᠳᠡᠭᠡ ᠵᠠᠭᠤᠴᠢᠯᠠᠭᠤᠷ ᠵᠶ᠋ᠠᠷ ᠲᠠᠮᠵᠢᠬᠳᠠᠨ ᠡᠯ᠎ᠠ ᠡᠳᠡᠭᠡᠳ᠎ᠤᠨ ᠬᠥᠮᠥᠰ᠎ᠢ ᠳᠣᠭᠳᠣᠯᠤᠭᠤᠯᠵᠠᠶ᠃ ᠵᠧᠩ ᠬᠥᠸᠧ ᠬᠤᠸᠠ ᠪᠣᠯ ᠬᠥᠬᠡᠬᠤᠲᠠ ᠵᠢᠨ ᠲᠦᠮᠡᠳ ᠵᠡᠭᠦᠨ ᠬᠤᠰᠢᠭᠤᠨ᠎ᠤ ᠥᠨᠳᠥᠷ ᠳᠤᠮᠳᠠᠳᠤ ᠵᠢᠨ ᠨᠢᠭᠡᠳᠦᠭᠡᠷ ᠣᠨ᠎ᠤ ᠰᠤᠷᠤᠭᠴᠢ ᠶᠤᠮ᠃
ᠡᠴᠢᠭᠡ ᠬᠡᠤᠬᠡᠨ ᠬᠤᠶᠠᠭᠤᠯᠠ ᠵᠢᠨ ᠪᠠᠶ᠎ᠠ ᠵᠢᠨ ᠲᠠᠮᠢᠷ᠎ᠤᠨ ᠥᠢ᠍ᠯᠡᠰ᠎ᠤᠨ ᠲᠦᠯᠦᠭᠡ ᠴᠤᠴᠠᠯᠳᠠ ᠥᠬᠡᠢ ᠴᠢᠷᠮᠠᠶ᠋ᠢᠬᠰᠠᠨ ᠥᠢ᠍ᠯᠠ ᠠᠵᠢᠯᠯᠠᠭ᠎ᠠ᠎ᠨᠢ ᠨᠡᠶ᠋ᠢᠭᠡᠮ ᠨᠡᠶ᠋ᠢᠲᠡ ᠵᠢᠨ ᠠᠩᠬᠠᠷᠤᠯ᠎ᠢ ᠥᠷᠭᠡᠨ ᠵᠶ᠋ᠠᠷ ᠲᠠᠲᠠᠭᠰᠠᠨ᠎ᠤ ᠬᠠᠮᠳᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠴᠤ᠌ ᠵᠧᠩ ᠬᠥᠸᠧ ᠬᠤᠸᠠ ᠵᠢ ᠬᠠᠪᠰᠤᠷᠤᠨ ᠲᠡᠭᠦᠨ᠎ᠳᠤ ᠲᠤᠰᠬᠠᠶ ᠮᠡᠷᠭᠡᠵᠢᠯ᠎ᠤᠨ ᠬᠡᠷ ᠪᠦᠯᠢ ᠵᠢᠨ ᠪᠣᠯᠪᠠᠰᠤᠷᠠᠯ᠎ᠤᠨ ᠪᠠᠭ᠋ᠠᠵᠢ ᠬᠡᠷᠡᠭᠰᠡᠯ ᠬᠠᠩᠭ᠋ᠠᠵᠤ᠂ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠡᠮᠨᠡᠯᠭᠡ ᠵᠢᠨ ᠬᠤᠷᠢᠶ᠎ᠠ᠎ᠲᠠᠢ ᠬᠤᠯᠪᠣᠭ᠋ᠠᠯᠠᠨ ᠲᠡᠭᠦᠨ᠎ᠳᠤ ᠪᠥᠬᠦ ᠲᠠᠯ᠎ᠠ ᠵᠢᠨ ᠬᠢᠨᠠᠨ ᠰᠢᠯᠭ᠋ᠠᠯᠲᠠ ᠬᠢᠵᠠᠢ᠂ ᠲᠤᠰᠬᠠᠶ ᠮᠡᠷᠭᠡᠵᠢᠯ᠎ᠤᠨ ᠲᠠᠰᠬᠠᠯᠵᠢᠭᠤᠯᠤᠬ᠍ᠴᠢ ᠲᠣᠬᠢᠷᠠᠭᠤᠯᠤᠨ ᠬᠠᠨᠳᠤᠯᠭ᠋ᠠᠲᠤ ᠴᠢᠨᠠᠷᠲᠠᠶ ᠪᠣᠯᠪᠠᠰᠤᠷᠠᠯ᠎ᠤᠨ ᠵᠢᠯᠣᠭᠤᠳᠣᠯᠭ᠎ᠠ ᠬᠢᠯᠭᠡᠵᠦ᠂ ᠪᠠᠰᠠ ᠠᠮᠠᠷᠠᠯᠲᠠ ᠵᠢᠨ ᠴᠠᠭ᠎ᠢ᠎ᠨᠢ ᠠᠰᠢᠬᠯᠠᠨ ᠲᠡᠭᠦᠨ᠎ᠢ ᠥᠪᠥᠷ ᠮᠣᠩᠭᠤᠯ᠎ᠤᠨ ᠲᠤᠰᠬᠠᠶ ᠮᠡᠷᠭᠡᠵᠢᠯ᠎ᠤᠨ ᠲᠠᠮᠢᠷ᠎ᠤᠨ ᠠᠩᠭᠢ ᠵᠢᠨ ᠪᠣᠯᠪᠠᠰᠤᠷᠠᠯ᠎ᠳᠤ ᠣᠷᠣᠯᠴᠠᠭᠤᠯᠪᠠ᠃ ᠲᠤᠰᠬᠠᠶ ᠮᠡᠷᠭᠡᠵᠢᠯ᠎ᠤᠨ ᠵᠢᠯᠣᠭᠤᠳᠣᠯᠭ᠎ᠠ ᠪᠠ ᠥᠪᠡᠷ᠎ᠤᠨ ᠴᠢᠷᠮᠠᠶ᠋ᠢᠯᠭ᠎ᠠ᠎ᠪᠠᠷ ᠳᠠᠮᠵᠢᠨ ᠵᠧᠩ ᠬᠥᠸᠧ ᠬᠤᠸᠠ ᠵᠢᠨ ᠬᠢᠷᠢ ᠪᠦᠲᠦᠮᠵᠢ ᠲᠦᠷᠭᠡᠨ ᠳᠡᠭᠡᠭᠰᠢᠯᠡᠵᠦ᠂ 8 ᠰᠠᠷ᠎ᠠ᠎ᠳᠤ ᠶᠠᠪᠤᠭᠳᠠᠭᠰᠠᠨ ᠪᠥᠬᠦ ᠣᠷᠣᠨ᠎ᠤ ᠵᠠᠯᠠᠭᠤᠴᠤᠳ ᠪᠠᠭ᠋ᠠᠴᠤᠳ᠎ᠤᠨ ᠰᠫᠥᠷᠲ᠎ᠤᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠰᠢᠯᠢᠳᠡᠭ ᠬᠢᠷᠢ ᠪᠥᠳᠥᠮᠵᠢ ᠡᠬᠦᠳᠴᠤ᠂ ᠤᠯᠤᠰ᠎ᠤᠨ ᠬᠤᠶᠠᠳᠤᠭ᠋ᠠᠷ ᠳᠡᠰ᠎ᠤᠨ ᠲᠠᠮᠢᠷᠴᠢᠨ ᠵᠶ᠋ᠠᠷ ᠦᠨᠡᠯᠡᠭᠳᠡᠪᠡ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠰᠢᠶ᠎ᠡ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ ᠳᠤᠮᠳᠠᠳᠤ ᠤᠯᠤᠰ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠬᠠᠮᠳᠤᠷᠠᠬᠰᠠᠨ ᠤᠷᠤᠯᠳᠤᠭ᠋ᠠᠨ᠎ᠳᠤ ᠮᠠᠩᠯᠠᠶ᠋ᠢᠯᠠᠪᠠ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠤᠯ ᠳᠤᠭᠤᠶ᠋ᠢᠯᠠᠩ (ᠥᠷᠭᠡᠳᠬᠡᠭᠰᠡᠨ) ᠳᠥᠷᠪᠡᠳᠦᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠦᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ ᠬᠤᠷᠠᠯ ᠬᠤᠷᠠᠯᠳᠤᠭᠤᠯᠵᠦ ᠶᠡᠷᠦᠩᠭᠡᠢ ᠱᠦᠵᠢ ᠰᠢ ᠵᠢᠨ ᠫᠢᠩ᠎ᠤᠨ ᠥᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠡᠨ ᠵᠦᠪᠯᠡᠬᠦ᠎ᠳᠤ ᠤᠷᠤᠯᠴᠠᠬᠤ ᠦᠶ᠎ᠠ ᠵᠢᠨ ᠴᠢᠬᠤᠯᠠ ᠶᠠᠷᠢᠶ᠎ᠠ ᠵᠢ ᠨᠠᠷᠢᠨ ᠬᠢᠨᠠᠮᠠᠭ᠋ᠠᠢ ᠰᠤᠷᠤᠯᠴᠠᠵᠦ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠦᠷᠬᠦᠯᠵᠢᠯᠡᠨ ᠬᠢᠨᠡᠨ ᠵᠦᠪᠯᠡᠵᠦ 《ᠠᠷᠪᠡᠨ ᠲᠦᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠭᠡ ᠪᠠ 2035 ᠣᠨ᠎ᠤ ᠠᠯᠤᠰ᠎ᠤᠨ ᠬᠠᠷᠠᠯᠳᠠ ᠵᠢᠨ ᠬᠦᠳᠦᠯᠪᠦᠷᠢ ᠵᠢᠨ ᠲᠦᠰᠦᠯ᠎ᠢ ᠬᠢᠨᠡᠨ ᠪᠠᠶ᠋ᠢᠴᠠᠭ᠋ᠠᠪᠠ ᠱ᠌ᠢ᠎ᠲᠠᠢ ᠹᠧᠩ ᠯᠢ ᠰᠢᠦ ᠯᠢᠩ ᠯᠢ ᠵᠢᠢ ᠾᠧᠩ ᠹᠦ᠋ ᠶᠢᠩ ᠦᠭᠡ ᠭᠡᠯᠡᠵᠡᠢ
ᠦᠪᠤᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ ᠲᠤᠭᠤᠢ᠍ᠢ᠍ᠯᠠᠩ ᠬᠤᠪᠢᠶᠠᠵᠦ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠡᠭᠭᠤ ᠵᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠠ ᠵᠢ ᠬᠢᠨᠡᠨ ᠵᠦᠪᠯᠡᠵᠡᠢ ᠱ᠌ᠢ᠎ᠲᠠᠢ ᠹᠧᠩ ᠯᠢ ᠰᠢᠤ ᠯᠢᠩ ᠯᠢ ᠵᠢᠢ ᠾᠧᠩ ᠦᠭᠡ ᠬᠡᠯᠡᠪᠡ
 
            