
1 ᠰᠠᠷ᠎ᠠ ᠵᠢᠨ 3᠎ᠤ ᠡᠳᠦᠷ᠂ 2020 — 2021 ᠣᠨ᠎ᠤ ᠳᠤᠮᠳᠠᠳᠤ ᠤᠯᠤᠰ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠬᠠᠮᠳᠤᠷᠠᠬᠰᠠᠨ ᠤᠷᠤᠯᠳᠤᠭ᠋ᠠᠨ᠎ᠤ ᠰᠢᠢ᠍ᠳᠪᠦᠷᠢᠳᠦ ᠤᠷᠤᠯᠳᠤᠭ᠋ᠠᠨ᠎ᠤ ᠬᠣᠶᠠᠳᠤᠭ᠋ᠠᠷ ᠲᠠᠯᠠᠪᠤᠷ ᠤᠷᠤᠯᠳᠤᠭ᠋ᠠᠨ ᠠᠨᠾᠦ᠋ᠢ ᠮᠤᠵᠢ ᠵᠢᠨ ᠪᠧᠡᠭ ᠪᠦ᠋ ᠬᠣᠲᠠ ᠵᠢᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠲᠥᠪ᠎ᠤᠨ ᠪᠡᠶ᠎ᠡ ᠵᠢᠨ ᠲᠠᠮᠢᠷ᠎ᠤᠨ ᠣᠷᠳᠣᠨ᠎ᠳᠤ ᠡᠬᠢᠯᠡᠵᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠰᠢᠶ᠎ᠡ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ ᠪᠣᠯᠤᠨ ᠰᠢᠨᠵᠢᠶᠠᠩ᠎ᠤᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠲᠥᠪ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ ᠵᠢᠨ ᠲᠡᠮᠡᠴᠡᠭᠡᠨ ᠶᠠᠪᠤᠬᠳᠠᠵᠤ᠂ ᠡᠴᠦᠰ᠎ᠲᠡᠭᠡᠨ ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠰᠢᠶ᠎ᠡ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ 93᠄ 82 ᠵᠶ᠋ᠠᠷ ᠤᠷᠤᠯᠳᠤᠭ᠋ᠠᠨ᠎ᠤ ᠢᠯᠠᠯᠲᠠ ᠵᠢ ᠣᠯᠵᠤ᠂ ᠲᠣᠰ ᠤᠯᠠᠷᠢᠯ᠎ᠤᠨ ᠤᠷᠤᠯᠳᠤᠭ᠋ᠠᠨ᠎ᠤ ᠪᠥᠬᠥ ᠤᠯᠤᠰ᠎ᠤᠨ ᠮᠠᠩᠯᠠᠶ᠎ᠪᠠᠷ ᠲᠤᠳᠤᠷᠠᠵᠠᠢ᠃
2020 — 2021 ᠤᠨ᠎ᠤ ᠳᠤᠮᠳᠠᠳᠤ ᠤᠯᠤᠰ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠬᠠᠮᠳᠤᠷᠠᠬᠰᠠᠨ ᠤᠷᠤᠯᠳᠤᠭ᠋ᠠᠨ᠎ᠳᠤ ᠨᠡᠶ᠋ᠢᠲᠡ 18 ᠠᠩᠭᠢ ᠣᠷᠣᠯᠴᠠᠵᠤ᠂ ᠬᠠᠮᠳᠤᠷᠠᠬᠰᠠᠨ ᠤᠷᠤᠯᠳᠤᠭ᠋ᠠᠨ᠎ᠳᠤ ᠤᠷᠤᠯᠳᠤᠭ᠋ᠠᠨ᠎ᠤ ᠬᠤᠷᠠᠯ᠎ᠤᠨ ᠲᠦᠷᠢᠮ᠎ᠢ ᠬᠡᠷᠡᠭᠯᠡᠵᠦ᠂ ᠡᠩ᠎ᠤᠨ ᠤᠷᠤᠯᠳᠤᠭ᠋ᠠᠨ᠎ᠤ ᠨᠢᠭᠡᠳᠦᠭᠡᠷ ᠱᠠᠲᠤ (1 — 10 ᠡᠭᠡᠯᠵᠢ) ᠵᠢ 2020 ᠣᠨ᠎ᠤ 10 ᠰᠠᠷ᠎ᠠ ᠵᠢᠨ 1᠎ᠤ ᠡᠳᠦᠷ ᠰᠧᠴᠦᠧᠠᠨᠤ ᠤᠷᠤᠯᠳᠤᠭ᠋ᠠᠨ᠎ᠤ ᠲᠣᠭᠣᠷᠢᠭ᠎ᠲᠤ ᠶᠠᠪᠤᠭᠳᠠᠭᠤᠯᠵᠤ᠂ ᠬᠣᠶᠠᠳᠤᠭ᠋ᠠᠷ ᠱᠠᠲᠤ (11 —17 ᠡᠭᠡᠯᠵᠢ) ᠵᠢ 2020 ᠣᠨ᠎ᠤ 12 ᠰᠠᠷ᠎ᠠ ᠵᠢᠨ 1᠎ᠤ ᠡᠳᠦᠷ ᠬᠥᠬᠡᠬᠣᠲᠠ ᠵᠢᠨ ᠤᠷᠤᠯᠳᠤᠭ᠋ᠠᠨ᠎ᠤ ᠲᠣᠭᠣᠷᠢᠭ᠎ᠲᠤ ᠶᠠᠪᠤᠭᠳᠠᠭᠤᠯᠪᠠ᠃ ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠰᠢᠶ᠎ᠡ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ ᠡᠩ᠎ᠤᠨ ᠤᠷᠤᠯᠳᠤᠭ᠋ᠠᠨ᠎ᠤ ᠱᠠᠲᠤᠨ᠎ᠳᠤ 15 ᠤᠳᠠᠭ᠎ᠠ ᠢᠯᠠᠵᠤ 1 ᠤᠳᠠᠭ᠎ᠠ ᠳᠡᠶ᠋ᠢᠯᠦᠭᠳᠡᠭᠰᠡᠨ ᠬᠢᠷᠢ ᠪᠦᠲᠦᠮᠵᠢ᠎ᠪᠠᠷ ᠤᠯᠠᠷᠢᠯ᠎ᠤᠨ ᠬᠣᠶ᠋ᠢᠨᠠᠬᠢ ᠤᠷᠤᠯᠳᠤᠭ᠋ᠠᠨ᠎ᠳᠤ ᠣᠷᠣᠪᠠ᠃ ᠰᠠᠬᠰᠤᠨ ᠪᠥᠮᠪᠥᠭᠡ ᠵᠢᠨ ᠠᠩᠭᠢ᠎ᠨᠢ ᠤᠯᠠᠷᠢᠯ᠎ᠤᠨ ᠬᠣᠶ᠋ᠢᠨᠠᠬᠢ ᠤᠷᠤᠯᠳᠤᠭ᠋ᠠᠨ᠎ᠳᠤ ᠤᠳᠠᠭ᠎ᠠ ᠲᠠᠷᠠᠭ᠎ᠠ᠎ᠪᠠᠷ ᠢᠯᠡᠵᠦ᠂ ᠡᠴᠦᠰ᠎ᠲᠡᠭᠡᠨ ᠰᠢᠨᠵᠢᠶᠠᠩ᠎ᠤᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠲᠥᠪ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ᠎ᠲᠠᠢ ᠬᠠᠮᠳᠤ ᠪᠠᠷ ᠶᠡᠷᠦᠩᠬᠡᠶ ᠰᠢᠢ᠍ᠳᠪᠦᠷᠢᠳᠦ ᠤᠷᠤᠯᠳᠤᠭ᠋ᠠᠨ᠎ᠳᠤ ᠤᠷᠤᠬᠤ᠎ᠪᠠᠷ ᠦᠯᠡᠳᠡᠪᠡ᠃ ᠶᠡᠷᠦᠩᠬᠡᠶ ᠰᠢᠢ᠍ᠳᠪᠦᠷᠢᠳᠦ ᠤᠷᠤᠯᠳᠤᠭ᠋ᠠᠨ᠎ᠳᠤ ᠭᠤᠷᠪᠠᠨ ᠲᠠᠯᠠᠪᠤᠷ ᠬᠣᠶᠠᠷ ᠤᠳᠠᠭ᠎ᠠ ᠢᠯᠠᠬᠤ ᠳᠦᠷᠢᠮ᠎ᠢ ᠬᠡᠷᠡᠭᠯᠡᠵᠦ᠂ 1 ᠰᠠᠷ᠎ᠠ ᠵᠢᠨ 1᠎ᠤ ᠡᠳᠦᠷ ᠶᠠᠪᠤᠭᠳᠠᠭᠰᠠᠨ ᠶᠡᠷᠦᠩᠬᠡᠶ ᠰᠢᠢ᠍ᠳᠪᠦᠷᠢᠳᠦ ᠤᠷᠤᠯᠳᠤᠭ᠋ᠠᠨ᠎ᠤ ᠨᠢᠭᠡᠳᠦᠭᠡᠷ ᠲᠠᠯᠠᠪᠤᠷ ᠤᠷᠤᠯᠳᠤᠭ᠋ᠠᠨ᠎ᠳᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠰᠢᠶ᠎ᠠ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ 77᠄ 71᠎ᠪᠠᠷ ᠰᠢᠨᠵᠢᠶᠠᠩ᠎ᠤᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠲᠥᠪ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠩᠭᠢ ᠵᠢ ᠢᠯᠠᠵᠤ᠂ ᠤᠷᠤᠯᠳᠤᠭ᠋ᠠᠨ ᠵᠢᠨᠨ ᠰᠠᠢ᠌ᠬᠠᠨ ᠡᠬᠢᠯᠡᠬᠦᠯᠪᠡ᠃ 1 ᠰᠠᠷ᠎ᠠ ᠵᠢᠨ 3᠎ᠤ ᠡᠳᠦᠷ᠎ᠤᠨ ᠬᠣᠶᠠᠳᠤᠭ᠋ᠠᠷ ᠲᠠᠯᠠᠪᠤᠷ ᠤᠷᠤᠯᠳᠤᠭ᠋ᠠᠨ ᠪᠣᠯ ᠥᠪᠥᠷ ᠮᠣᠩᠭᠣᠯ᠎ᠤᠨ ᠲ᠋ᠠᠷᠢᠶᠠᠯᠠᠩᠤᠨ ᠢᠲᠡᠭᠡᠮᠵᠢ ᠵᠢᠨ ᠬᠤᠷᠰᠢᠶ᠎ᠠ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠠᠡᠭᠭᠢ ᠵᠢᠨ ᠵᠠᠡᠭᠭᠢᠯᠠᠭ᠎ᠠ ᠵᠢᠨ ᠤᠷᠤᠯᠳᠤᠭ᠋ᠠᠨ ᠪᠤᠯᠬᠤ ᠶᠤᠮ᠂ ᠰᠠᠬᠰᠤᠨ ᠪᠦᠮᠪᠦᠭᠡ ᠵᠢᠨ ᠠᠩᠭᠢ᠎ᠨᠢ ᠣᠯᠠᠨ᠎ᠤ ᠬᠦᠰᠡᠯ᠎ᠢ ᠬᠥᠰᠡᠷᠳᠡᠭᠦᠯᠦᠯ ᠦᠭᠡᠢ᠎ᠪᠠᠷ ᠡᠴᠦᠰ᠎ᠲᠡᠭᠡᠨ 93᠄ 82 ᠵᠶ᠋ᠠᠷ ᠢᠯᠡᠵᠦ᠂ 2᠄ 0᠎ᠤᠨ ᠶᠡᠷᠦᠩᠬᠡᠶ ᠬᠠᠷᠢᠴᠠᠯ ᠵᠶ᠋ᠠᠷ ᠳᠤᠮᠳᠠᠳᠤ ᠤᠯᠤᠰ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠬᠠᠮᠳᠤᠷᠠᠬᠰᠠᠨ ᠤᠷᠤᠯᠳᠤᠭ᠋ᠠᠨ᠎ᠤ ᠣᠨ᠎ᠤ ᠶᠡᠷᠦᠩᠬᠡᠶ ᠮᠠᠩᠯᠠᠶ᠎ᠳᠤ ᠰᠢᠯᠭ᠋ᠠᠷᠠᠵᠤ᠂ ᠥᠪᠥᠷ ᠮᠣᠩᠭᠣᠯ ᠳᠤ ᠰᠠᠭᠰᠤᠨ ᠪᠥᠮᠪᠥᠭᠡ ᠵᠢᠨ ᠤᠷᠤᠯᠳᠤᠭ᠋ᠠᠨ ᠤ ᠲᠦᠷᠦᠯ ᠤᠨ ᠠᠡᠭᠬᠠᠳᠠᠬ᠍ᠴᠢ ᠪᠦᠬᠦ ᠤᠯᠤᠰ ᠤᠨ ᠮᠠᠩᠯᠠᠶ ᠵᠢ ᠠᠪᠴᠢᠷᠠᠵᠤ ᠦᠭᠪᠡ᠃
ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠢᠶ᠎ᠠ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠤᠷᠤᠯᠳᠤᠭ᠋ᠠᠨ᠎ᠳᠤ ᠤᠯᠤᠰ᠎ᠤᠨ ᠠᠩᠭᠢ ᠵᠢᠨ ᠵᠢᠡᠭᠭᠢᠨᠢ ᠠᠯᠪᠠ᠎ᠲᠠᠢ ᠲᠤᠰᠠᠯᠠᠬᠤ ᠳᠠᠰᠬᠠᠯᠵᠢᠭᠤᠯᠤᠭᠴᠢ ᠵᠧᠩ ᠸᠧᠶ ᠵᠢ ᠪᠦᠯᠬᠦᠮ ᠳᠠᠭ᠋ᠠᠭᠤᠯᠤᠨ᠂ ᠤᠯᠤᠰ᠎ᠤᠨ ᠡᠮᠡᠭᠲᠡᠶ ᠵᠢᠨ ᠰᠠᠭᠰᠤᠨ ᠪᠥᠮᠪᠥᠭᠡ ᠵᠢᠨ ᠳᠤᠮᠳᠠ ᠬᠣᠰᠢᠭᠤᠴᠢ ᠯᠢ ᠶᠦ᠍ᠧᠠᠢ ᠷᠦ᠋᠂ ᠬᠤᠪᠢ ᠤᠯᠬᠤ ᠠᠷᠤ ᠬᠠᠮᠠᠭ᠋ᠠᠯᠠᠭᠴᠢ ᠶᠠᠩ ᠯᠢ ᠸᠧᠶ᠂ ᠪᠠᠭ᠎ᠠ ᠬᠣᠰᠢᠭᠤᠴᠢ ᠬᠤᠧᠠᠡᠭ ᠰᠧ ᠵᠢᠩ᠂ ᠬᠤᠪᠢ ᠤᠯᠬᠤ ᠠᠷᠤ ᠬᠠᠮᠠᠭ᠋ᠠᠯᠠᠭᠴᠢ ᠯᠢ ᠶᠦ᠍ᠧᠠᠨ ᠨᠠᠷ᠎ᠢ ᠤᠷᠢᠨ ᠠᠪᠴᠢᠷᠠᠵᠦ᠂ ᠰᠢᠨ᠎ᠡ ᠪᠦᠷᠢᠯᠳᠦᠬᠦᠨ ᠨᠠᠷ᠎ᠨᠢ ᠵᠢᠶ ᠰᠢᠶᠤᠤ᠂ ᠯᠢ ᠱᠠᠨ ᠱᠠᠨ᠂ ᠸᠧᠶ ᠸᠧᠶ᠂ ᠮᠠ ᠰᠢᠦᠧᠠᠢ ᠶᠠ ᠵᠡᠷᠭᠡ ᠪᠠᠶᠠᠯᠢᠭ ᠲᠤᠷᠰᠢᠯᠭ᠎ᠠ᠎ᠲᠠᠢ ᠤᠷᠢᠳᠤᠬᠢ ᠤᠯᠤᠰ᠎ᠤᠨ ᠲᠠᠮᠢᠷᠴᠢᠨ᠎ᠲᠠᠢ ᠬᠠᠮᠳᠤ᠎ᠪᠠᠷ ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠰᠢᠶ᠎ᠡ ᠵᠢᠨ ᠡᠮᠡᠭᠲᠡᠶ ᠵᠢᠨ ᠰᠠᠭᠰᠤᠨ ᠪᠥᠮᠪᠥᠭᠡ ᠵᠢᠨ ᠰᠢᠨ᠎ᠡ ᠡᠩᠨᠡᠭᠡ ᠵᠢ ᠪᠦᠷᠢᠯᠳᠦᠬᠦᠯᠵᠡᠢ᠃

ᠲᠤᠰ ᠤᠷᠤᠯᠳᠤᠭ᠋ᠠᠨ᠎ᠤ ᠤᠯᠠᠷᠢᠯ ᠪᠣᠯ ᠥᠪᠥᠷ ᠮᠣᠩᠭᠣᠯ᠎ᠤᠨ ᠲᠠᠷᠢᠶᠠᠯᠠᠩ᠎ᠤᠨ ᠢᠲᠡᠭᠡᠮᠵᠢ ᠵᠢᠨ ᠬᠤᠷᠰᠢᠶ᠎ᠠ ᠵᠢᠨ ᠰᠠᠭᠰᠤᠨ ᠪᠥᠮᠪᠥᠭᠡ ᠵᠢᠨ ᠺᠯᠦ᠋ᠪ WCBA ᠵᠢᠨ ᠬᠠᠮᠳᠤᠷᠠᠬᠰᠠᠨ ᠤᠷᠤᠯᠳᠤᠭ᠋ᠠᠨ᠎ᠳᠤ ᠣᠷᠣᠯᠴᠠᠭᠰᠠᠨ᠎ᠠᠴᠠ ᠨᠠᠭ᠋ᠠᠰᠢᠬᠢ ᠠᠩᠬᠠᠳᠠᠭᠴᠢ ᠪᠦᠷᠢᠨ ᠪᠦᠲᠦᠨ ᠤᠯᠠᠷᠢᠯ᠎ᠤᠨ ᠤᠷᠤᠯᠳᠤᠭ᠋ᠠᠨ ᠪᠣᠯᠤᠨ᠎ᠠ᠂ ᠰᠠᠬᠰᠤᠨ ᠪᠦᠮᠪᠦᠭᠡ ᠵᠢᠨ ᠠᠩᠭᠢ᠎ᠨᠢ ᠣᠯᠠᠨ᠎ᠤ ᠬᠦᠰᠡᠯ᠎ᠢ ᠬᠥᠰᠡᠷᠳᠡᠭᠦᠯᠦᠯ ᠦᠭᠡᠢ᠎ᠪᠠᠷ ᠬᠦᠮᠦᠰ᠎ᠢ ᠤᠮᠤᠬᠰᠢᠭᠤᠯᠤᠮᠠ ᠬᠢᠷᠢ ᠪᠦᠲᠦᠮᠵᠢ᠎ᠪᠠᠷ ᠨᠢᠭᠡ ᠬᠤᠪᠢ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠵᠤ᠂ ᠥᠪᠥᠷ ᠮᠣᠩᠭᠣᠯ᠎ᠳᠤ ᠢᠷᠠᠭᠤ ᠠᠯᠳᠠᠷ᠎ᠢ ᠠᠪᠴᠢᠷᠠᠵᠤ᠂ ᠥᠪᠥᠷ ᠮᠣᠩᠭᠣᠯ᠎ᠤᠨ ᠰᠠᠭᠰᠤᠨ ᠪᠥᠮᠪᠥᠭᠡ ᠵᠢᠨ ᠬᠥᠳᠡᠯᠭᠡᠭᠡᠨ᠎ᠤ ᠬᠥᠭᠵᠢᠯᠲᠡ ᠵᠢ ᠲᠦᠯᠬᠢᠨ ᠠᠬᠢᠭᠤᠯᠤᠬᠰᠠᠨ ᠪᠠᠢ᠌ᠨ᠎ᠠ᠃
