
2 ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠲᠠᠨ ᠵᠢᠩ ᠹᠸᠩ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠤᠯ ᠳᠤᠭᠤᠶ᠋ᠢᠯᠠᠩ (ᠥᠷᠭᠡᠳᠬᠡᠭᠰᠡᠨ)᠎ᠤᠨ ᠳᠥᠷᠪᠡᠳᠦᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠲᠥᠪ᠎ᠤᠨ ᠤᠯᠤᠰ ᠲᠥᠷᠥ ᠵᠢᠨ ᠲᠣᠪᠴᠢᠶ᠎ᠠ ᠵᠢᠨ ᠬᠣᠷᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠤᠨ ᠵᠣᠷᠢᠭ ᠰᠠᠨᠠᠭ᠎ᠠ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠲᠡᠤᠬᠡ ᠵᠢᠨ ᠲᠤᠬᠠᠶ ᠴᠢᠬᠤᠯᠠ ᠥᠭᠦᠯᠡᠯᠲᠡ ᠪᠣᠯᠤᠨ ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠮᠡᠳᠡᠭᠡᠯᠡᠯ ᠵᠢᠴᠢ ᠥᠪᠡᠷᠲᠡᠭᠡᠨ ᠵᠠᠰᠠᠬᠤ ᠣᠷᠣᠨ᠎ᠤ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠡᠷᠭᠡ ᠵᠢ ᠤᠯᠠᠮᠵᠢᠯᠠᠨ ᠰᠤᠷᠤᠯᠴᠠᠵᠤ᠂ ᠬᠣᠯᠪᠣᠭᠳᠠᠯ ᠪᠥᠬᠥᠶ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
ᠬᠤᠷᠠᠯ᠎ᠠᠴᠠ᠂ ᠡᠯ᠎ᠡ ᠰᠠᠯᠠᠭ᠎ᠠ ᠮᠥᠴᠢᠷ᠎ᠤᠳ ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠪᠥᠬᠥ ᠲᠠᠯ᠎ᠠ᠎ᠠᠴᠠ ᠪᠣᠳᠣᠯᠬᠢᠯᠠᠨ᠂ ᠢᠷᠡᠭᠡᠳᠦᠶ ᠵᠢ ᠪᠠᠷᠠᠯᠠᠵᠤ᠂ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠰᠢᠨ᠎ᠡ ᠣᠨ᠎ᠤ ᠠᠵᠢᠯ ᠵᠶ᠋ᠠᠨ ᠨᠢᠮᠪᠠᠶ ᠲᠥᠯᠥᠪᠵᠢᠭᠦᠯᠵᠦ᠂ ᠦᠵᠡᠯ ᠰᠠᠨᠠᠭ᠎ᠠ᠎ᠲᠠᠢ᠂ ᠠᠷᠭ᠎ᠠ ᠤᠬᠠᠭ᠋ᠠᠨ᠎ᠲᠠᠢ᠂ ᠨᠠᠶ᠋ᠢᠳᠠᠪᠤᠷᠢᠵᠢᠭᠤᠯᠵᠤ ᠳᠡᠶ᠋ᠢᠯᠬᠦ᠂ ᠦᠷ᠎ᠡ ᠪᠦᠲᠦᠮᠵᠢ᠎ᠲᠠᠢ ᠠᠵᠢᠯ᠎ᠤᠨ ᠲᠥᠯᠥᠪᠵᠢᠭᠦᠯᠭᠡ ᠪᠠ ᠠᠵᠢᠯ᠎ᠤᠨ ᠡᠬᠡ ᠲᠠᠩᠰᠠ ᠵᠢ ᠦᠨᠡᠨ ᠬᠦ᠌ ᠭᠠᠷᠭ᠋ᠠᠵᠤ᠂ ᠨᠠᠶ᠋ᠢᠳᠠᠪᠤᠷᠢᠵᠢᠭᠤᠯᠤᠯᠲᠠ ᠵᠢ ᠨᠢᠭᠡᠳ ᠨᠢᠭᠡ᠎ᠪᠠᠷ ᠰᠠᠶ᠋ᠢᠲᠤᠷ ᠠᠳᠬᠤᠨ᠂ ᠦᠷ᠎ᠡ ᠪᠦᠲᠦᠮᠵᠢ ᠭᠠᠷᠭ᠋ᠠᠬᠤ ᠬᠡᠷᠡᠭᠲᠡᠶ᠃ ᠰᠢᠨ᠎ᠡ᠎ᠪᠠᠷ ᠵᠣᠬᠢᠶᠠᠨ ᠪᠠᠶ᠋ᠢᠭᠤᠯᠵᠤ ᠲᠣᠬᠢᠷᠠᠭᠤᠯᠤᠭᠰᠠᠨ ᠨᠢᠭᠡᠴᠢ ᠵᠢᠨ ᠺᠠᠳ᠋ᠷᠴᠤᠳ ᠦᠵᠡᠯᠲᠡ᠎ᠪᠠᠨ ᠲᠦᠷᠭᠡᠬᠡᠨ ᠬᠤᠪᠢᠷᠠᠭᠤᠯᠵᠤ᠂ ᠣᠷᠴᠢᠨ ᠠᠬᠤᠢ᠎ᠳᠤ ᠠᠭᠤᠰᠤᠨ ᠣᠷᠣᠵᠤ᠂ ᠨᠡᠶ᠋ᠢᠯᠡᠯ ᠬᠦᠴᠦᠨ᠎ᠢ ᠪᠦᠷᠢᠯᠳᠦᠭᠦᠯᠵᠦ᠂ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠬᠦ᠎ᠳᠤ ᠪᠡᠶ᠎ᠡ ᠵᠢᠨ ᠲᠠᠮᠢᠷ᠎ᠤᠨ ᠬᠥᠮᠦᠨ᠎ᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠣ ᠵᠢᠭ᠋ᠠᠵᠤ ᠭᠠᠷᠭ᠋ᠠᠪᠠ᠃