ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠦᠪᠦᠷ ᠮᠣᠩᠭᠤᠯ᠎ᠤᠨ ᠲᠦᠯᠦᠭᠡᠯᠡᠭᠴᠢᠳ᠎ᠤᠨ ᠪᠦᠯᠬᠦᠮ ᠳᠤᠭᠤᠶ᠋ᠢᠯᠠᠩ ᠬᠤᠪᠢᠶᠠᠵᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠵᠤᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭ᠋ᠠᠯ᠎ᠤᠨ ᠲᠦᠰᠦᠯ ᠪᠠ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠭᠡᠷᠡᠭ ᠵᠦᠪᠯᠡᠬᠦ ᠲᠦᠷᠢᠮ᠎ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭ᠋ᠠᠯ᠎ᠤᠨ ᠲᠦᠰᠦᠯ᠎ᠢ ᠬᠢᠨᠡᠨ ᠵᠦᠪᠯᠡᠵᠤ 《ᠬᠤᠶᠠᠷ ᠬᠤᠷᠢᠶ᠎ᠠ》 ᠵᠢᠨ ᠠᠵᠢᠯ᠎ᠤᠨ ᠮᠡᠳᠡᠬᠦᠯᠦᠯᠳᠠ ᠵᠢ ᠬᠢᠨᠡᠨ ᠵᠦᠪᠯᠡᠪᠡ ᠱ᠌ᠢ᠎ᠲᠠᠢ ᠹᠧᠩ ᠯᠢ ᠰᠢᠦ ᠯᠢᠩ ᠯᠢ ᠵᠢᠢ ᠾᠧᠩ ᠹᠦ᠋ ᠶᠢᠩ ᠦᠭᠡ ᠭᠡᠯᠡᠵᠡᠢ
ᠨᠡᠶ᠋ᠢᠲᠡᠯᠡᠭᠰᠡᠨ ᠴᠠᠭ᠄ 2021-03-11

    3 ᠰᠠᠷ᠎ᠠ ᠵᠢᠨ 9᠎ᠤ ᠦᠳᠡ ᠵᠢᠨ ᠬᠤᠶ᠋ᠢᠨ᠎ᠠ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠤᠬᠡᠯᠡᠭᠴᠢᠳ᠎ᠤᠨ ᠶᠡᠭᠡ ᠬᠤᠷᠠᠯ᠎ᠤᠨ ᠲᠦᠷᠪᠡᠳᠤᠭᠡᠷ ᠬᠤᠷᠠᠯ᠎ᠤᠨ ᠦᠪᠤᠷ ᠮᠤᠩᠭᠤᠯ᠎ᠤᠨ ᠲᠦᠯᠤᠬᠡᠯᠡᠭᠴᠢᠳ᠎ᠤᠨ ᠪᠦᠯᠬᠦᠮ ᠰᠠᠭᠤᠭ᠎ᠠ ᠭᠠᠵᠠᠷ᠎ᠲᠠᠭᠠᠨ ᠲᠤᠭᠤᠢ᠍ᠢ᠍ᠯᠠᠩ ᠬᠤᠪᠢᠶᠠᠭᠰᠠᠨ ᠬᠤᠷᠠᠯ ᠬᠢᠵᠦ᠂ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠵᠤᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭ᠋ᠠᠯ᠎ᠤᠨ ᠲᠦᠰᠦᠯ᠂ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠭᠡᠷᠡᠭ ᠵᠦᠪᠯᠡᠬᠦ ᠲᠦᠷᠢᠮ᠎ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭ᠋ᠠᠯ᠎ᠤᠨ ᠲᠦᠰᠦᠯ᠎ᠢ ᠬᠢᠨᠡᠨ ᠵᠦᠪᠯᠡᠵᠦ᠂ ᠰᠢᠶᠠᠩᠭ᠋ᠠᠩ ᠤᠨᠴᠠᠭ᠋ᠠᠢ ᠵᠠᠰᠠᠭ ᠵᠠᠬᠢᠷᠭ᠋ᠠᠨ᠎ᠤ ᠤᠷᠤᠨ᠎ᠤ ᠰᠤᠩᠭᠤᠭᠤᠯᠢ ᠵᠢᠨ ᠲᠦᠷᠢᠮ᠎ᠢ ᠳᠡᠬᠦᠯᠳᠡᠷᠵᠢᠬᠦᠯᠬᠦ ᠲᠤᠬᠠᠢ ᠲᠤᠭᠳᠠᠭ᠋ᠠᠯ᠎ᠤᠨ ᠲᠦᠰᠦᠯ᠎ᠳᠤ ᠵᠠᠰᠠᠪᠤᠷᠢ ᠤᠷᠤᠭᠤᠯᠬᠤ ᠨᠤᠤᠷᠠᠭ᠎ᠢ ᠬᠢᠨᠡᠨ ᠵᠦᠪᠯᠡᠵᠦ᠂ ᠠᠷᠠᠳ᠎ᠤᠨ ᠲᠡᠭᠡᠳᠦ ᠰᠢᠭᠦᠬᠦ ᠬᠤᠷᠢᠶᠠᠨ᠎ᠤ ᠠᠵᠢᠯ᠎ᠤᠨ ᠮᠡᠳᠡᠭᠦᠯᠤᠯᠳᠡ᠂ ᠠᠷᠠᠳ᠎ᠤᠨ ᠲᠡᠭᠡᠳᠦ ᠪᠠᠶ᠋ᠢᠴᠠᠭ᠋ᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠠ ᠵᠢ ᠬᠢᠨᠡᠨ ᠵᠦᠪᠯᠡᠪᠡ᠃
    ᠥᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠳᠠᠷᠤᠭ᠎ᠠ ᠱ᠌ᠢ᠎ᠲᠠᠢ ᠹᠧᠩ ᠬᠤᠷᠠᠯ᠎ᠳᠤ ᠤᠷᠤᠯᠴᠠᠬᠰᠠᠨ ᠪᠦᠭᠡᠳ ᠦᠭᠡ ᠭᠡᠯᠡᠵᠠᠢ᠃ ᠪᠦᠯᠬᠦᠮ᠎ᠤᠨ ᠳᠡᠳ᠋ ᠳᠠᠷᠤᠭ᠎ᠠ ᠯᠢᠨ ᠱᠤᠤ ᠴᠦᠨ᠂ ᠯᠢᠦ ᠴᠢ ᠹᠠᠨ ᠲᠤᠰ ᠪᠦᠷᠢ ᠲᠤᠭᠤᠢ᠍ᠢ᠍ᠯᠠᠩ ᠬᠤᠪᠢᠶᠠᠬᠰᠠᠨ ᠬᠤᠷᠠᠯ᠎ᠢ ᠡᠷᠬᠢᠯᠡᠪᠠ᠃ ᠶᠡᠭᠡ ᠬᠤᠷᠠᠯ᠎ᠤᠨ ᠬᠠᠤᠯᠢ ᠵᠢᠨ ᠲᠦᠰᠦᠯ᠎ᠤᠨ ᠲᠤᠭᠤᠢ᠍ᠢ᠍ᠯᠠᠩ᠎ᠤᠨ ᠬᠠᠮᠢᠶ᠎ᠠ ᠪᠦᠬᠦᠢ ᠨᠦᠬᠦᠳ ᠬᠤᠷᠠᠯ᠎ᠳᠤ ᠤᠷᠤᠯᠴᠠᠵᠦ ᠬᠤᠶᠠᠷ ᠲᠦᠰᠦᠯ ᠪᠤᠯᠤᠨ ᠲᠦᠰᠦᠯ᠎ᠳᠤ ᠵᠠᠰᠠᠪᠤᠷᠢ ᠤᠷᠤᠭᠤᠯᠬᠤ ᠨᠤᠤᠷᠠᠭ᠎ᠢ ᠬᠢᠨᠡᠨ ᠵᠦᠪᠯᠡᠭᠰᠡᠨ ᠰᠠᠨᠠᠯ᠎ᠢ ᠰᠤᠨᠤᠰᠴᠠᠢ᠃ ᠠᠷᠠᠳ᠎ᠤᠨ ᠳᠡᠭᠡᠳᠦ ᠰᠢᠬᠦᠬᠦ ᠬᠤᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶᠠᠨ᠎ᠤ ᠬᠠᠮᠢᠶ᠎ᠠ ᠪᠦᠬᠦᠢ ᠨᠦᠬᠦᠳ ᠰᠦᠯᠵᠢᠶᠡᠨ᠎ᠤ ᠸᠢᠳᠢᠣ᠋ ᠬᠡᠯᠪᠡᠷᠢ᠎ᠪᠠᠷ ᠲᠦᠯᠦᠭᠡᠯᠡᠭᠴᠢᠳ᠎ᠤᠨ 《ᠬᠤᠶᠠᠷ ᠬᠤᠷᠢᠶ᠎ᠠ》 ᠵᠢᠨ ᠠᠵᠢᠯ᠎ᠤᠨ ᠮᠡᠳᠡᠬᠦᠯᠦᠯᠳᠠ ᠵᠢ ᠬᠢᠨᠠᠨ ᠵᠦᠪᠯᠡᠭᠰᠡᠨ ᠰᠠᠨᠠᠯ᠎ᠢ ᠬᠦᠯᠢᠶᠡᠨ ᠠᠪᠴᠤ ᠰᠤᠨᠤᠰᠤᠭᠰᠠᠨ ᠪᠠᠶ᠋ᠢᠨ᠎ᠠ᠃
    ᠱ᠌ᠢ᠎ᠲᠠᠢ ᠹᠧᠩ ᠲᠦᠯᠦᠭᠡᠯᠡᠭᠴᠢ᠂ ᠠᠷᠠᠳ᠎ᠤᠨ ᠳᠡᠭᠡᠳᠦ ᠰᠢᠬᠦᠬᠦ ᠬᠤᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠠ᠎ᠨᠢ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠢᠮᠠᠬᠳᠠ ᠲᠤᠭᠤᠰᠢᠯᠠᠭᠤᠯᠵᠦ᠂ ᠠᠮᠵᠢᠯᠳᠠ ᠵᠢᠨ ᠳ᠋ᠦᠩᠨᠡᠯᠳᠠ᠎ᠨᠢ ᠪᠤᠰᠤᠳᠴᠢ ᠪᠦᠬᠦ ᠲᠠᠯ᠎ᠠ ᠵᠢᠨ ᠪᠠᠶ᠋ᠢᠵᠤ᠂ ᠠᠵᠢᠯ᠎ᠤᠨ ᠪᠠᠶ᠋ᠢᠷᠢᠯᠠᠭᠤᠯᠤᠯᠳᠠ᠎ᠨᠢ ᠤᠨᠤᠴᠠᠳᠠᠢ ᠮᠦᠷᠳᠡᠬᠡᠨ ᠪᠤᠳᠠᠳᠠᠢ ᠵᠢ ᠡᠷᠬᠢᠮᠯᠡᠵᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠲᠤᠬᠠᠢ ᠨᠠᠮ᠎ᠤᠨ ᠲᠦᠪ ᠬᠤᠷᠢᠶᠠᠨ᠎ᠤ ᠰᠢᠨ᠎ᠠ ᠱᠠᠭ᠋ᠠᠷᠳᠠᠯᠭ᠎ᠠ ᠵᠢ ᠬᠦᠢ᠍ᠴᠡᠳ ᠬᠠᠷᠠᠭᠤᠯᠵᠤ᠂ ᠲᠦᠪ ᠭᠤᠤᠯᠴᠢ ᠰᠢᠳᠤᠷᠭᠤ ᠶᠤᠰᠤᠨ᠎ᠤ ᠲᠤᠬᠠᠢ ᠠᠷᠠᠳ ᠤᠯᠠᠨ᠎ᠤ ᠰᠢᠨ᠎ᠠ ᠬᠦᠰᠡᠯ ᠡᠷᠡᠮᠡᠯᠵᠡᠯ᠎ᠳᠤ ᠰᠠᠶ᠋ᠢᠳᠤᠷ ᠬᠠᠷᠢᠭᠤᠯᠳᠠ ᠦᠭᠴᠠᠢ᠂ ᠡᠨᠡ᠎ᠨᠢ ᠤᠯᠤᠰ ᠲᠦᠷᠦ ᠵᠢᠨ ᠵᠤᠬᠰᠤᠯᠳᠠ᠎ᠪᠠᠷ ᠪᠠᠳᠤ᠂ ᠬᠠᠤᠯᠢᠵᠢᠯ᠎ᠤᠨ ᠵᠤᠷᠢᠭ ᠰᠠᠨᠠᠭ᠎ᠠ ᠵᠢ ᠢᠯᠡᠷᠡᠬᠦᠯᠦᠭᠰᠡᠨ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠡᠬᠦᠷᠭᠡᠯᠡᠯ᠎ᠢ ᠬᠠᠷᠠᠭᠤᠯᠤᠭᠰᠠᠨ ᠰᠠᠶ᠋ᠢᠨ ᠮᠡᠳᠡᠬᠦᠯᠦᠯᠳᠠ ᠪᠤᠯᠵᠠᠢ᠂ ᠪᠢ ᠪᠦᠷᠢᠮᠤᠰᠦᠨ ᠵᠦᠪᠰᠢᠶᠡᠷᠡᠵᠦ ᠪᠠᠶ᠋ᠢᠨ᠎ᠠ᠃ ᠨᠢᠭᠡ ᠵᠢᠯ᠎ᠤᠨ ᠲᠤᠷᠰᠢ᠂ ᠪᠦᠬᠦ ᠤᠯᠤᠰ᠎ᠤᠨ ᠰᠢᠭᠦᠬᠦ ᠬᠤᠷᠢᠶ᠎ᠠ᠂ ᠪᠠᠶ᠋ᠢᠴᠠᠭ᠋ᠠᠬᠤ ᠬᠤᠷᠢᠶᠠᠨ᠎ᠤ ᠰᠢᠰᠲ᠋ᠧᠮ᠎ᠤᠨ᠎ᠬᠢᠨ ᠨᠠᠮ ᠪᠣᠯᠤᠨ ᠤᠯᠤᠰ᠎ᠤᠨ ᠠᠵᠢᠯ᠎ᠤᠨ ᠶᠡᠭᠡ ᠲᠠᠯ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠬᠦ ᠵᠢ ᠬᠦᠴᠦᠲᠡᠢ ᠪᠠᠲᠤᠯᠠᠪᠠ; ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠪᠠᠲᠤᠯᠠᠵᠤ᠂ ᠤᠯᠤᠰ᠎ᠤᠨ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ᠎ᠢ ᠪᠦᠲᠦᠮᠵᠢᠲᠡᠢ ᠬᠠᠮᠠᠭ᠋ᠠᠯᠠᠪᠠ; ᠠᠷᠠᠳ᠎ᠤᠨ ᠲᠥᠯᠥᠭᠡ ᠬᠠᠤᠯᠢ ᠪᠠᠷᠢᠬᠤ ᠵᠣᠷᠢᠯᠲᠠ ᠵᠢ ᠦᠨᠡᠨ ᠬᠦ᠌ ᠦᠢ᠍ᠯᠡᠳᠦᠯᠭᠡᠵᠢᠭᠦᠯᠵᠦ᠂ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠨᠢᠭᠡ ᠪᠦᠯᠦᠭ ᠬᠦᠴᠢᠷ ᠠᠰᠠᠭᠤᠳᠠᠯ ᠲᠦᠭᠵᠢᠷᠡᠯ᠎ᠤᠨ ᠠᠰᠠᠭᠤᠳᠠᠯ᠎ᠢ ᠠᠬᠢᠭᠤᠯᠤᠨ ᠰᠢᠢ᠍ᠳᠪᠤᠷᠢᠯᠡᠵᠦ᠂ ᠠᠷᠠᠳ ᠣᠯᠠᠨ᠎ᠤ ᠬᠠᠤᠯᠢ   ᠴᠠᠭ᠋ᠠᠵᠠ ᠵᠢᠨ   ᠬᠦᠷᠲᠡᠮᠵᠢ ᠵᠢᠨ   ᠲᠥᠷᠥᠭᠳᠡᠯ   ᠪᠠ   ᠬᠠᠨᠤᠮᠵᠢ ᠵᠢᠨ   ᠬᠡᠮᠵᠢᠶ᠎ᠡ ᠵᠢ ᠲᠦᠢ᠍ᠯ᠎ᠤᠨ ᠶᠡᠭᠡ᠎ᠪᠠᠷ ᠳᠡᠭᠡᠭᠰᠢᠯᠡᠭᠦᠯᠪᠡ; ᠬᠠᠤᠯᠢ ᠴᠠᠭ᠋ᠠᠵᠠ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠦᠷᠢᠮ᠎ᠤᠨ ᠶᠡᠷᠦᠩᠬᠡᠶ᠋ᠢᠯᠡᠭᠰᠡᠨ ᠢᠵᠢ ᠪᠦᠷᠢᠳᠦᠬᠦᠯᠬᠦ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ 《ᠲᠦᠷᠪᠡᠨ ᠶᠡᠭᠡ ᠪᠠᠶ᠋ᠢᠴᠠᠭ᠋ᠠᠬᠤ ᠠᠵᠢᠯ》᠎ᠢ ᠪᠦᠬᠦ ᠲᠠᠯ᠎ᠠ᠎ᠪᠠᠷ ᠠᠬᠢᠭᠤᠯᠵᠤ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠨᠡᠩ ᠰᠠᠶ᠋ᠢᠲᠤᠷ ᠰᠠᠬᠢᠨ ᠬᠠᠮᠠᠭ᠋ᠠᠯᠠᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠪᠠ᠃ ᠪᠥᠬᠦ ᠣᠷᠣᠨ᠎ᠤ ᠡᠯ᠎ᠡ ᠱᠠᠲᠤᠨ᠎ᠤ ᠰᠢᠭᠦᠨ ᠲᠠᠰᠤᠯᠬᠤ ᠪᠠ ᠪᠠᠶ᠋ᠢᠴᠠᠭ᠋ᠠᠬᠤ ᠪᠠᠶ᠋ᠢᠭᠤᠯᠭ᠎ᠠ 《ᠬᠤᠶᠠᠷ ᠬᠤᠷᠢᠶ᠎ᠠ》 ᠵᠢᠨ ᠠᠵᠢᠯ᠎ᠤᠨ ᠮᠡᠳᠡᠭᠦᠯᠦᠯᠲᠡ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠬᠠᠤᠯᠢ ᠪᠠᠷᠢᠬᠤ ᠴᠢᠨᠠᠷ ᠴᠢᠨᠰᠠᠭ᠎ᠠ ᠦᠷ᠎ᠡ ᠪᠦᠲᠦᠮᠵᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠤᠨ᠂ ᠡᠭᠦᠷᠭᠡ ᠬᠠᠷᠢᠭᠤᠴᠠᠯᠭ᠎ᠠ᠎ᠪᠠᠨ ᠨᠠᠩ ᠰᠠᠶ᠋ᠢᠲᠤᠷ ᠭᠦᠢ᠍ᠴᠡᠳᠬᠡᠵᠦ᠂ ᠠᠮᠤᠭᠤᠯᠠᠩᠳᠤ ᠥᠪᠥᠷ ᠮᠣᠩᠭᠤᠯ᠂ ᠬᠠᠤᠯᠢᠵᠢᠯ᠎ᠤᠨ ᠥᠪᠥᠷ ᠮᠣᠩᠭᠤᠯ᠎ᠤᠨ ᠪᠥᠲᠥᠭᠡᠨ ᠪᠠᠶ᠋ᠢᠭᠤᠯᠤᠯᠲᠠ᠎ᠳᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠬᠤ ᠭᠡᠷᠡᠭᠲᠡᠢ ᠭᠡᠵᠤ ᠬᠡᠯᠡᠪᠡ᠃
    ᠯᠢ ᠰᠢᠤ ᠯᠢᠩ ᠲᠥᠯᠥᠭᠡᠯᠡᠭᠴᠢ᠂ 《ᠬᠤᠶᠠᠷ ᠬᠤᠷᠢᠶ᠎ᠠ》 ᠵᠢᠨ ᠠᠵᠢᠯ᠎ᠤᠨ ᠮᠡᠳᠡᠭᠦᠯᠦᠯᠲᠡ ᠵᠢᠨ ᠤᠯᠤᠰ ᠲᠥᠷᠥ ᠵᠢᠨ ᠵᠣᠭᠰᠣᠴᠠ ᠥᠨᠳᠥᠷ ᠪᠠᠶ᠋ᠢᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ᠂ ᠠᠷᠠᠳ᠎ᠤᠨ ᠲᠥᠯᠥᠭᠡ ᠬᠠᠤᠯᠢ ᠪᠠᠷᠢᠬᠤ᠂ ᠲᠦᠪ ᠭᠤᠤᠯᠴᠢ᠎ᠪᠠᠷ ᠬᠠᠤᠯᠢ ᠪᠠᠷᠢᠬᠤ ᠭᠤᠤᠯ ᠰᠢᠵᠢᠮ᠎ᠢ ᠲᠤᠭᠤᠰᠢᠯᠠᠭᠤᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠱᠠᠭ᠋ᠠᠷᠳᠠᠯᠭ᠎ᠠ ᠵᠢ ᠬᠠᠷᠠᠭᠤᠯᠵᠠᠢ᠂ ᠡᠨᠡ ᠬᠤᠶᠠᠷ ᠮᠡᠳᠡᠭᠦᠯᠦᠯᠲᠡ ᠵᠢ ᠵᠥᠪᠰᠢᠶᠡᠷᠡᠵᠤ ᠪᠠᠶ᠋ᠢᠨ᠎ᠠ᠃ 2020 ᠣᠨ᠎ᠤ 《ᠬᠤᠶᠠᠷ ᠬᠤᠷᠢᠶ᠎ᠠ》 ᠵᠢᠨ ᠠᠵᠢᠯ᠎ᠨᠢ᠂ ᠨᠢᠭᠡ᠎ᠳᠤ ᠪᠠᠳᠤ ᠴᠢᠩᠭ᠎ᠠ ᠶᠡᠭᠡ ᠲᠠᠯ᠎ᠠ ᠵᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠂ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠬᠤ ᠲᠠᠯ᠎ᠠ᠎ᠪᠠᠷ ᠳᠡᠭᠡᠳᠦ ᠬᠡᠮᠵᠢᠶᠡᠨ᠎ᠤ ᠤᠬᠠᠮᠰᠠᠷ᠎ᠲᠠᠢ ᠪᠠᠶ᠋ᠢᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠡᠷᠭᠡ ᠭᠤᠤᠯ ᠠᠵᠢᠯ᠎ᠢ ᠪᠠᠲᠤᠯᠠᠬᠤ ᠲᠠᠯ᠎ᠠ᠎ᠪᠠᠷ ᠪᠥᠬᠦ ᠬᠦᠴᠦᠨ ᠵᠶ᠋ᠠᠷ ᠴᠢᠷᠮᠠᠶ᠋ᠢᠵᠠᠢ᠃ ᠬᠤᠶᠠᠷ᠎ᠲᠤ ᠠᠷᠠᠳ᠎ᠤᠨ ᠲᠦᠯᠦᠭᠡ ᠬᠠᠤᠯᠢ ᠪᠠᠷᠢᠬᠤ ᠤᠢ᠍ᠢ᠍ᠯᠠᠭ᠋ᠠᠬᠳᠠᠬᠤᠨ᠎ᠢ ᠦᠢ᠍ᠯᠡᠳᠤᠯᠭᠡᠵᠢᠬᠦᠯᠵᠤ᠂ ᠬᠠᠤᠯᠢᠵᠢᠯ ᠵᠶ᠋ᠠᠷ ᠠᠷᠠᠳ ᠲᠦᠮᠡᠨ᠎ᠤ ᠠᠮᠤᠷ ᠲᠠᠶ᠋ᠢᠪᠤᠩ ᠠᠵᠤ ᠲᠦᠷᠦᠬᠦ ᠵᠢ ᠪᠠᠳᠤᠯᠠᠨ᠂ ᠠᠷᠠᠳ ᠲᠦᠮᠡᠨ᠎ᠤ ᠬᠠᠤᠯᠢ ᠶᠤᠰᠤᠨ᠎ᠤ ᠡᠷᠭᠡ ᠠᠰᠢᠭ᠎ᠢ ᠬᠠᠮᠠᠭ᠋ᠠᠯᠠᠵᠤ᠂ ᠠᠷᠠᠳ ᠲᠦᠮᠡᠨ᠎ᠤ ᠬᠦᠷᠳᠡᠮᠵᠢ ᠵᠢᠨ ᠲᠦᠷᠦᠭᠳᠡᠯ᠂ ᠵᠢᠷᠭ᠋ᠠᠯᠳᠤ ᠲᠦᠷᠦᠭᠳᠡᠯ ᠪᠠ ᠠᠮᠤᠷ ᠲᠦᠪᠰᠢᠨ᠎ᠤ ᠲᠦᠷᠦᠭᠳᠡᠯ᠎ᠢ ᠨᠡᠮᠡᠭᠳᠡᠬᠦᠯᠪᠠ᠃ ᠭᠤᠷᠪᠡ᠎ᠳᠤ ᠦᠭᠡᠷᠡᠴᠢᠯᠡᠯᠳᠠ ᠬᠢᠵᠤ ᠰᠢᠨ᠎ᠡ ᠵᠢ ᠡᠬᠦᠳᠬᠦ ᠵᠢ ᠪᠠᠷᠢᠮᠳᠠᠯᠠᠵᠤ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠦᠷᠢᠮ᠎ᠤᠨ ᠶᠡᠷᠤᠩᠭᠡᠶ᠋ᠢᠯᠡᠭᠰᠡᠨ ᠢᠵᠢ ᠪᠦᠷᠢᠳᠤᠬᠦᠯᠬᠦ ᠦᠭᠡᠷᠡᠴᠢᠯᠡᠯᠳᠠ᠂ ᠵᠠᠭᠤᠷᠠᠯᠳᠤᠭ᠋ᠠᠨ᠎ᠢ ᠰᠢᠢ᠍ᠳᠪᠤᠷᠢᠯᠡᠬᠦ ᠪᠠ ᠵᠠᠷᠭᠤᠯᠳᠤᠬᠤ ᠨᠢᠭᠡ ᠦᠷᠳᠡᠭᠡᠴᠢᠯᠡᠭᠰᠡᠨ ᠤᠯᠠᠨ ᠡᠰᠢᠵᠢᠭᠰᠡᠨ ᠦᠢ᠍ᠯᠡᠴᠢᠯᠡᠭᠡᠨ᠎ᠤ ᠲᠤᠬᠳᠠᠴᠠ᠂ ᠨᠠᠶ᠋ᠢᠳᠠ ᠵᠢᠨ ᠠᠰᠠᠷᠠᠮᠵᠢ ᠵᠢᠨ ᠵᠠᠷᠭᠤ ᠵᠠᠭ᠋ᠠᠯᠳᠤᠯᠭ᠎ᠠ ᠵᠢ ᠪᠠᠶ᠋ᠢᠴᠠᠭ᠋ᠠᠬᠤ᠂ ᠵᠠᠷᠭᠤ ᠵᠠᠭ᠋ᠠᠯᠳᠤᠯᠭ᠎ᠠ᠎ᠠᠴᠠ ᠡᠮᠤᠨᠠᠬᠢ ᠪᠠᠶ᠋ᠢᠴᠠᠭ᠋ᠠᠬᠤ ᠰᠠᠨᠠᠯ ᠰᠠᠨᠠᠭᠤᠯᠭ᠎ᠠ᠂ ᠢᠨᠲ᠋ᠧᠷ ᠰᠦᠯᠵᠢᠶ᠎ᠡ ᠵᠢᠨ ᠬᠠᠤᠯᠢ ᠴᠠᠭ᠋ᠠᠵᠠ ᠪᠠ ᠮᠡᠳᠡᠭᠡ ᠵᠠᠩᠭᠢᠵᠢᠯᠳᠠ ᠵᠢᠨ ᠪᠠᠶ᠋ᠢᠭᠤᠯᠤᠯᠳᠠ ᠵᠡᠷᠭᠡ ᠦᠭᠡᠷᠡᠴᠢᠯᠡᠯᠳᠠ ᠰᠢᠨᠡᠴᠢᠯᠡᠯᠳᠡ᠎ᠨᠢ ᠲᠠᠰᠤᠷᠠᠯᠳᠠ ᠦᠭᠡᠢ ᠲᠡᠬᠦᠯᠳᠡᠷᠵᠢᠬᠦ ᠲᠤᠮᠳᠠ ᠠᠭ᠋ᠠᠵᠢᠮ ᠵᠶ᠋ᠠᠷ ᠢᠳᠡᠪᠬᠢᠳᠠᠢ ᠦᠢ᠍ᠯᠡᠳᠤᠯ ᠵᠶ᠋ᠠᠨ ᠪᠠᠳᠠᠷᠠᠭᠤᠯᠪᠠ᠃ ᠲᠦᠷᠪᠡ᠎ᠳᠤ ᠬᠠᠤᠯᠢ ᠶᠤᠰᠤ ᠰᠡᠳᠬᠢᠯᠭᠡ ᠵᠢ ᠨᠡᠶ᠋ᠢᠳᠡᠮ᠎ᠳᠤᠨᠢ ᠬᠠᠷᠠᠭ᠋ᠠᠯᠵᠠᠵᠤ᠂ ᠭᠡᠷᠡᠭ ᠵᠶ᠋ᠠᠷ ᠭᠡᠷᠡᠭ᠎ᠢ ᠰᠢᠢ᠍ᠳᠪᠤᠷᠢᠯᠡᠬᠦ᠂ ᠮᠧᠬᠠᠨᠢᠭ ᠵᠶ᠋ᠠᠷ ᠬᠠᠤᠯᠢ ᠪᠠᠷᠢᠬᠤ ᠦᠵᠡᠭᠳᠡᠯ᠎ᠢ ᠴᠦᠬᠡᠳᠬᠡᠨ ᠲᠡᠪᠴᠢᠵᠦ᠂ ᠬᠠᠤᠯᠢ ᠪᠠᠷᠢᠬᠤ ᠡᠷᠴᠢᠮ᠎ᠢ ᠢᠯᠡᠷᠡᠬᠦᠯᠦᠭᠰᠡᠨ ᠪᠦᠭᠡᠳ ᠪᠠᠰᠠ ᠬᠠᠤᠯᠢ ᠪᠠᠷᠢᠬᠤ ᠬᠠᠯᠠᠮᠵᠢ ᠵᠢ ᠢᠯᠡᠷᠡᠬᠦᠯᠪᠠ᠃ ᠲᠠᠪᠤ᠎ᠳᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢᠳ᠂ ᠤᠯᠤᠰ ᠲᠦᠷᠦ ᠵᠢᠨ ᠵᠦᠪᠯᠡᠯᠭᠡᠨ᠎ᠤ ᠭᠡᠰᠢᠬᠦᠳ᠎ᠤᠨ ᠰᠠᠨᠠᠭᠤᠯᠭ᠎ᠠ ᠪᠤᠯᠤᠨ ᠰᠠᠨᠠᠯ ᠲᠤᠷᠠᠳᠤᠯᠭ᠎ᠠ ᠵᠢ ᠨᠠᠷᠢᠨ ᠬᠢᠨᠠᠮᠠᠭ᠋ᠠᠢ ᠰᠢᠢ᠍ᠳᠪᠤᠷᠢᠯᠡᠵᠤ᠂ ᠢᠯᠡ᠎ᠪᠠᠷ ᠬᠠᠤᠯᠢ ᠪᠠᠷᠢᠬᠤ ᠵᠢ ᠢᠳᠡᠪᠬᠢᠳᠠᠢ ᠠᠬᠢᠭᠤᠯᠵᠤ᠂ ᠬᠢᠨᠡᠯᠳᠠ ᠵᠢ ᠬᠦᠯᠢᠶᠠᠬᠦ ᠲᠡᠭᠡᠳᠤ ᠬᠡᠮᠵᠢᠶᠠᠨ᠎ᠤ ᠤᠬᠠᠮᠰᠠᠷ᠎ᠢ ᠢᠯᠡᠷᠡᠬᠦᠯᠵᠠᠢ ᠭᠡᠵᠤ ᠬᠡᠯᠡᠪᠡ᠃
      ᠯᠢ ᠵᠢᠢ ᠾᠧᠩ ᠲᠦᠯᠦᠭᠡᠯᠡᠭᠴᠢ᠂ 《ᠬᠤᠶᠠᠷ ᠬᠤᠷᠢᠶ᠎ᠡ》 ᠵᠢᠨ ᠠᠵᠢᠯ᠎ᠤᠨ ᠮᠡᠳᠡᠬᠦᠯᠦᠯᠳᠠ᠎ᠨᠢ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠪᠦᠬᠦ ᠲᠠᠯ᠎ᠡ᠎ᠪᠠᠷ ᠲᠤᠭᠤᠰᠢᠯᠠᠭᠤᠯᠤᠨ᠂ ᠪᠦᠬᠦ ᠲᠠᠯ᠎ᠡ᠎ᠪᠠᠷ ᠬᠠᠤᠯᠢ᠎ᠪᠠᠷ ᠤᠯᠤᠰ ᠵᠶ᠋ᠠᠨ ᠵᠠᠰᠬᠠᠤ ᠲᠤᠬᠠᠢ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠠ ᠪᠠᠶ᠋ᠢᠷᠢᠯᠠᠭᠤᠯᠤᠯᠳᠠ ᠵᠢ ᠬᠦᠨᠵᠡᠭᠡᠢ ᠲᠤᠭᠤᠰᠢᠯᠠᠭᠤᠯᠵᠤ᠂ ᠠᠮᠵᠢᠯᠳᠠ ᠪᠦᠳᠦᠮᠵᠢ᠎ᠪᠠᠨ ᠳ᠋ᠦᠡᠭᠨᠡᠬᠦ᠎ᠳᠡᠭᠡᠨ ᠦᠨᠡᠨ᠎ᠠᠴᠠ ᠵᠦᠪ᠎ᠢ ᠡᠷᠢᠵᠤ᠂ ᠠᠰᠠᠭᠤᠳᠠᠯ᠎ᠢ ᠵᠠᠳᠠᠯᠬᠤ᠎ᠳᠠᠭᠠᠨ ᠬᠠᠤᠯᠢ ᠶᠤᠰᠤ ᠲᠤᠳᠤᠷᠬᠠᠢ ᠪᠠᠶ᠋ᠢᠵᠤ᠂ ᠠᠵᠢᠯ ᠵᠶ᠋ᠠᠨ ᠪᠠᠶ᠋ᠢᠷᠢᠯᠠᠭᠤᠯᠤᠬᠰᠡᠨ ᠠᠷᠭ᠎ᠠ ᠬᠡᠮᠵᠢᠶ᠎ᠡ ᠤᠨᠤᠴᠠᠳᠠᠢ ᠪᠠᠶ᠋ᠢᠵᠤ᠂ ᠨᠠᠮ᠎ᠤᠨ ᠤᠳᠤᠷᠢᠳᠤᠯᠭ᠎ᠠ᠂ ᠶᠡᠭᠡ ᠲᠠᠯ᠎ᠡ᠎ᠳᠤ ᠦᠢ᠍ᠯᠡᠴᠢᠯᠡᠬᠦ᠂ ᠠᠷᠠᠳ᠎ᠤᠨ ᠲᠦᠯᠦᠭᠡ ᠬᠠᠤᠯᠢ ᠪᠠᠷᠢᠬᠤ ᠢᠯᠡ ᠲᠤᠳᠤ ᠤᠳᠤᠷᠢᠳᠤᠮᠵᠢ ᠵᠢ ᠲᠤᠪᠤᠶ᠋ᠢᠯᠭ᠋ᠠᠨ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢ ᠴᠠᠭ᠋ᠠᠵᠠ ᠵᠢᠨ ᠲᠦᠷᠢᠮ᠎ᠤᠨ ᠢᠯᠡᠷᠭᠡᠢ ᠲᠠᠪᠠᠭᠤᠯᠢᠭ᠎ᠢ ᠬᠦᠢ᠍ᠴᠡᠳ ᠬᠠᠷᠠᠭᠤᠯᠵᠤ᠂ ᠤᠯᠤᠰ ᠲᠦᠷᠦ ᠵᠢᠨ ᠦᠨᠳᠤᠷᠴᠠ᠎ᠲᠠᠢ᠂ ᠬᠠᠷᠢᠭᠤᠴᠠᠯᠭ᠎ᠠ ᠡᠬᠦᠷᠭᠡᠯᠡᠬᠦ ᠡᠷᠴᠢᠮ ᠪᠠ ᠠᠷᠠᠳ᠎ᠤᠨ ᠠᠮᠢᠳᠤᠷᠠᠯ᠎ᠤᠨ ᠬᠠᠶ᠋ᠢᠷ᠎ᠠ ᠬᠠᠯᠠᠮᠵᠢ᠎ᠲᠠᠢ ᠬᠤᠶᠠᠷ ᠰᠠᠶ᠋ᠢᠨ ᠮᠡᠳᠡᠬᠦᠯᠦᠯᠳᠠ ᠪᠤᠯᠵᠠᠢ ᠭᠡᠵᠤ ᠬᠡᠯᠡᠪᠡ᠃
    ᠹᠦ᠋ ᠶᠢᠩ ᠲᠦᠯᠦᠭᠡᠯᠡᠭᠴᠢ᠂ 《ᠬᠤᠶᠠᠷ ᠬᠤᠷᠢᠶ᠎ᠡ》 ᠵᠢᠨ ᠠᠵᠢᠯ᠎ᠤᠨ ᠮᠡᠳᠡᠬᠦᠯᠦᠯᠳᠠ ᠵᠢᠨ ᠠᠭᠤᠯᠭ᠎ᠠ᠎ᠨᠢ ᠨᠠᠷᠢᠯᠢᠭ ᠪᠤᠳᠠᠳᠠᠢ᠂ ᠪᠤᠰᠤᠳᠴᠢ ᠮᠦᠷᠳᠡᠬᠡᠨ ᠲᠤᠳᠤᠷᠬᠠᠢ ᠪᠠᠶ᠋ᠢᠵᠤ᠂ ᠲᠤᠭ᠎ᠠ ᠪᠠᠷᠢᠮᠳᠠ᠎ᠪᠠᠷ ᠲᠤᠯᠭ᠋ᠠᠭᠤᠷᠢᠯᠠᠨ᠂ ᠪᠤᠳᠠᠳᠤ ᠶᠠᠪᠤᠳᠠᠯ ᠵᠶ᠋ᠠᠷ ᠦᠭᠡ ᠬᠡᠯᠡᠵᠤ᠂ ᠤᠯᠠᠨ ᠲᠦᠮᠡᠨ᠎ᠤ ᠭᠡᠷᠡᠭᠴᠡᠭᠡ᠎ᠲᠠᠢ ᠨᠢᠬᠳᠠ ᠤᠶᠠᠯᠳᠤᠭᠤᠯᠤᠨ᠂ ᠨᠡᠶ᠋ᠢᠭᠡᠮ᠎ᠤᠨ ᠬᠠᠯᠠᠮᠰᠢᠯ ᠠᠰᠠᠭᠤᠳᠠᠯ᠎ᠢ ᠴᠢᠩᠭ᠎ᠠ ᠡᠵᠡᠮᠳᠡᠵᠤ᠂ 《ᠬᠤᠶᠠᠷ ᠬᠤᠷᠢᠶ᠎ᠡ》 ᠵᠢᠨ ᠬᠦᠮᠦᠨ ᠵᠶ᠋ᠠᠷ ᠦᠨᠳᠤᠰᠤ ᠪᠤᠯᠭ᠋ᠠᠬᠤ᠂ ᠠᠷᠠᠳ ᠲᠦᠮᠡᠨ᠎ᠳᠤ ᠦᠢ᠍ᠯᠡᠴᠢᠯᠡᠬᠦ ᠤᠢ᠍ᠢ᠍ᠯᠠᠭ᠋ᠠᠬᠳᠠᠬᠤᠨ᠎ᠢ ᠦᠨᠡᠨ ᠬᠦ᠌ ᠢᠯᠡᠷᠡᠬᠦᠯᠵᠡᠢ ᠭᠡᠵᠤ ᠬᠡᠯᠡᠪᠡ᠃
    ᠯᠢᠨ ᠱᠤᠤ ᠴᠦᠨ ᠲᠦᠯᠤᠬᠡᠯᠡᠭᠴᠢ᠂ 《ᠬᠤᠶᠠᠷ ᠬᠤᠷᠢᠶ᠎ᠠ》 ᠵᠢᠨ ᠠᠵᠢᠯ᠎ᠤᠨ ᠮᠡᠳᠡᠬᠦᠯᠤᠯᠳᠠ ᠵᠢᠨ ᠭᠤᠤᠯ ᠰᠡᠳᠤᠪ ᠳᠤᠳᠤᠷᠬᠠᠢ᠂ ᠦᠨᠡᠨ᠎ᠢ ᠪᠠᠷᠢᠮᠳᠠᠯᠠᠨ ᠪᠤᠳᠠᠳᠠᠢ ᠵᠢ ᠡᠷᠬᠢᠮᠯᠠᠵᠤ᠂ ᠠᠵᠢᠯ ᠵᠶ᠋ᠠᠨ ᠳ᠋ᠦᠩᠨᠡᠬᠦ᠎ᠳᠡᠭᠡᠨ ᠦᠨᠡᠨ᠎ᠠᠴᠠ ᠵᠦᠪ᠎ᠢ ᠡᠷᠢᠵᠦ᠂ ᠠᠰᠠᠭᠤᠳᠠᠯ᠎ᠢ ᠵᠠᠳᠠᠯᠬᠤ᠎ᠳᠠᠭᠠᠨ ᠪᠤᠰᠤᠳᠴᠢ ᠦᠨᠡᠨ ᠪᠤᠳᠠᠳᠠᠢ ᠪᠠᠶ᠋ᠢᠵᠦ᠂ ᠠᠵᠢᠯ ᠵᠶ᠋ᠠᠨ ᠪᠠᠶ᠋ᠢᠷᠢᠯᠠᠭᠤᠯᠬᠤ᠎ᠳᠠᠭᠠᠨ ᠭᠤᠤᠯᠳᠠᠯᠭ᠎ᠠ ᠵᠢ ᠲᠤᠪᠤᠶ᠋ᠢᠯᠭ᠋ᠠᠨ ᠯᠠᠪᠳᠠᠭᠤᠨ ᠪᠤᠳᠠᠳᠠᠢ ᠪᠠᠶ᠋ᠢᠵᠦ᠂ ᠶᠡᠭᠡ ᠲᠠᠯ᠎ᠠ᠎ᠳᠤ ᠤᠢ᠍ᠢ᠍ᠯᠡᠴᠢᠯᠡᠨ᠂ ᠠᠷᠠᠳ ᠲᠦᠮᠡᠨ᠎ᠤ ᠲᠦᠯᠤᠬᠡ ᠬᠠᠤᠯᠢ ᠪᠠᠷᠢᠵᠤ᠂ ᠰᠢᠬᠦᠬᠦ ᠬᠤᠷᠢᠶ᠎ᠠ ᠪᠤᠯᠤᠨ ᠪᠠᠶ᠋ᠢᠴᠠᠭ᠋ᠠᠬᠤ ᠬᠤᠷᠢᠶᠠᠨ᠎ᠤ   ᠠᠵᠢᠯ ᠎ᠳᠠᠬᠢ   ᠠᠷᠠᠳ   ᠤᠯᠠᠨ ᠎ᠤ   ᠰᠢᠨ᠎ᠠ   ᠬᠦᠰᠡᠯ   ᠱᠠᠭ᠋ᠠᠷᠳᠠᠯᠭ᠎ᠠ ᠎ᠳᠤ   ᠢᠳᠡᠪᠬᠢᠳᠠᠢ   ᠬᠠᠷᠢᠭᠤᠯᠳᠠ   ᠦᠭᠴᠤ᠂ ᠤᠯᠠᠨ ᠲᠦᠮᠡᠨ᠎ᠤ ᠲᠤᠰ ᠪᠠᠶ᠎ᠠ ᠵᠢᠨ ᠠᠰᠢᠬ ᠲᠤᠰᠠ᠎ᠳᠤ ᠬᠤᠯᠪᠤᠬᠳᠠᠬᠤ ᠶᠠᠪᠤᠳᠠᠯ᠎ᠢ ᠪᠤᠳᠠᠳᠠᠢ ᠨᠠᠷᠢᠯᠢᠬ ᠬᠢᠵᠤ᠂ ᠬᠠᠤᠯᠢᠵᠢᠯ᠎ᠤᠨ ᠡᠷᠴᠢᠮ᠎ᠢ ᠢᠯᠡᠷᠡᠬᠦᠯᠦᠭᠰᠡᠨ ᠵᠶ᠋ᠠᠷ ᠪᠠᠷᠠᠬᠤ ᠦᠬᠡᠢ᠂ ᠪᠠᠰᠠ ᠬᠠᠤᠯᠢ ᠴᠠᠭ᠋ᠠᠵᠠ ᠵᠢᠨ ᠬᠠᠯᠠᠮᠵᠢ ᠵᠢ ᠳᠠᠮᠵᠢᠭᠤᠯᠵᠦ᠂ ᠬᠠᠷᠢᠭᠤᠴᠠᠯᠭ᠎ᠠ ᠡᠬᠦᠷᠬᠡᠯᠠᠬᠦ ᠪᠠ ᠠᠷᠠᠳ᠎ᠤᠨ ᠲᠦᠯᠤᠬᠡ ᠪᠠᠶ᠋ᠢᠬᠤ ᠬᠠᠶ᠋ᠢᠷ᠎ᠠ ᠰᠡᠳᠬᠢᠯᠬᠡ ᠵᠢ ᠬᠠᠷᠠᠭᠤᠯᠪᠠ᠂ ᠪᠦᠷᠢᠮᠤᠰᠤᠨ ᠵᠦᠪᠰᠢᠶᠡᠷᠡᠵᠤ ᠪᠠᠶ᠋ᠢᠨ᠎ᠠ ᠬᠡᠵᠤ ᠬᠡᠯᠡᠵᠠᠢ᠃
    ᠮᠧᠩ ᠹᠠᠨ ᠯᠢ ᠲᠦᠯᠤᠬᠡᠯᠡᠭᠴᠢ᠂ 《ᠬᠤᠶᠠᠷ ᠬᠤᠷᠢᠶ᠎ᠠ》 ᠵᠢᠨ ᠠᠵᠢᠯ᠎ᠤᠨ ᠮᠡᠳᠡᠬᠦᠯᠤᠯᠲᠠ᠎ᠨᠢ ᠰᠢ ᠵᠢᠨ ᠫᠢᠩ᠎ᠤᠨ ᠰᠢᠨ᠎ᠠ ᠴᠠᠬ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠬ᠎ᠲᠠᠢ ᠨᠡᠶ᠋ᠢᠬᠡᠮ ᠵᠢᠷᠤᠮ᠎ᠤᠨ ᠦᠵᠡᠯ ᠰᠠᠨᠠᠭ᠎ᠠ ᠪᠤᠯᠤᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠢᠮᠠᠬᠳᠠ ᠲᠤᠭᠤᠰᠢᠯᠠᠭᠤᠯᠵᠤ᠂ ᠶᠡᠭᠡ ᠲᠠᠯ᠎ᠠ᠎ᠳᠤ ᠤᠢ᠍ᠢ᠍ᠯᠡᠴᠢᠯᠡᠬᠦ᠂ ᠠᠷᠠᠳ᠎ᠤᠨ ᠲᠦᠯᠤᠬᠡ ᠬᠠᠤᠯᠢ ᠪᠠᠷᠢᠬᠤ᠂ ᠲᠦᠪ ᠭᠤᠤᠯᠴᠢ᠎ᠪᠠᠷ ᠬᠠᠤᠯᠢ ᠪᠠᠷᠢᠬᠤ ᠠᠵᠢᠯ᠎ᠤᠨ ᠤᠢ᠍ᠢ᠍ᠯᠠᠭ᠋ᠠᠭᠳᠠᠬᠤᠨ᠎ᠢ ᠠᠮᠢᠳᠤᠯᠢᠬ ᠵᠶ᠋ᠠᠷ ᠬᠠᠷᠠᠭᠤᠯᠪᠠ᠃ ᠲᠡᠭᠡᠷ᠎ᠠ ᠵᠢᠯ᠎ᠤᠨ ᠠᠵᠢᠯ᠎ᠢ ᠳ᠋ᠦᠩᠨᠡᠭᠰᠠᠨ᠎ᠨᠢ ᠢᠯᠡ ᠳᠤᠳᠤᠷᠬᠠᠢ᠂ ᠰᠢᠰᠲ᠋ᠧᠮ᠎ᠲᠠᠢ ᠪᠦᠷᠢᠨ ᠬᠦᠢ᠍ᠴᠡᠳ ᠪᠠᠶ᠋ᠢᠵᠤ᠂ ᠡᠨᠡ ᠵᠢᠯ᠎ᠤᠨ ᠠᠵᠢᠯ᠎ᠢ ᠲᠠᠨᠢᠯᠴᠠᠭᠤᠯᠬᠤ᠎ᠳᠠᠭᠠᠨ ᠭᠤᠤᠯᠳᠠᠯᠭ᠎ᠠ ᠳᠤᠳᠤ᠂ ᠲᠤᠪᠴᠢ ᠳᠤᠳᠤᠷᠬᠠᠢ ᠪᠠᠶ᠋ᠢᠵᠦ᠂ 《ᠬᠤᠶᠠᠷ ᠬᠤᠷᠢᠶ᠎ᠠ》 ᠵᠢᠨ ᠴᠢᠩᠭ᠎ᠠ ᠪᠤᠯᠭᠤᠮᠵᠢᠳᠠᠢ ᠠᠵᠢᠯ᠎ᠤᠨ ᠤᠪᠤᠷ ᠪᠤᠯᠤᠨ ᠪᠤᠳᠠᠳᠠᠢ ᠵᠢ ᠡᠷᠬᠢᠮᠯᠡᠬᠦ ᠠᠵᠢᠯ᠎ᠤᠨ ᠰᠤᠷᠳᠠᠯ᠎ᠢ ᠬᠠᠷᠠᠭᠤᠯᠪᠠ᠂ ᠪᠦᠷᠢᠮᠤᠰᠤᠨ ᠵᠦᠪᠰᠢᠶᠡᠷᠡᠵᠤ ᠪᠠᠶ᠋ᠢᠨ᠎ᠠ ᠬᠡᠵᠤ ᠬᠡᠯᠡᠵᠠᠢ᠃
    ᠯᠢᠦ ᠴᠢ ᠹᠠᠨ᠂ ᠨᠠᠰᠤᠨᠮᠦ᠋ᠩᠬᠡ᠂ ᠤᠷᠳᠤ᠂ ᠵᠠᠩ ᠵᠢᠶᠠᠨ ᠮᠢᠨ᠂ ᠸᠠᠩ ᠪᠦᠸᠧ᠂ ᠯᠢ ᠷᠦᠩ ᠰᠢ᠂ ᠴᠢ᠊ ᠊ ᠪᠠᠳᠤ᠂ ᠮᠠ ᠰᠢᠤᠸᠠᠢ ᠵᠢᠶᠦ᠋ᠨ᠂ ᠶᠠᠩ ᠽᠦᠩ ᠷᠧᠨ᠂ ᠯᠢ ᠴᠢ ᠯᠢᠨ᠂ ᠢᠤᠢ ᠰᠢᠦᠢ ᠪᠦᠸᠧ᠂ ᠶᠠᠩ ᠹᠸᠢ ᠶᠦᠨ᠂ ᠹᠸᠢ ᠳ᠋ᠦᠩ ᠪᠢᠨ᠂ ᠸᠠᠩ ᠰᠢᠨ ᠬᠤᠢ᠂ ᠢᠤᠢ ᠯᠢ ᠰᠢᠨ᠂ ᠵᠤᠤ ᠵᠢᠶᠠᠩ ᠲᠤᠤ᠂ ᠯᠢᠦ ᠶᠠ ᠱᠧᠩ᠂ ᠯᠢᠦ ᠯᠢ ᠹᠧᠨ᠂ ᠯᠢ ᠴᠢᠤᠸᠠᠨ ᠸᠧᠨ᠂ ᠮᠧᠩ ᠰᠢᠶᠠᠨ ᠳ᠋ᠦᠩ᠂ ᠹᠧᠩ ᠢᠤᠢ ᠵᠧᠨ ᠵᠡᠷᠬᠡ   ᠲᠦᠯᠤᠬᠡᠯᠡᠭᠴᠢ   ᠦᠭᠡ   ᠭᠡᠯᠡᠵᠦ᠂     《ᠬᠤᠶᠠᠷ ᠬᠤᠷᠢᠶ᠎ᠠ》 ᠵᠢᠨ ᠠᠵᠢᠯ᠎ᠤᠨ ᠮᠡᠳᠡᠬᠦᠯᠤᠯᠳᠠ ᠵᠢ ᠪᠦᠷᠢᠮᠤᠰᠤᠨ ᠵᠦᠪᠰᠢᠶᠡᠷᠡᠬᠦ ᠵᠢᠨ ᠬᠠᠮᠳᠦ ᠠᠳᠠᠯᠢ ᠪᠤᠰᠤ ᠲᠠᠯ᠎ᠠ᠎ᠠᠴᠠ ᠰᠠᠨᠠᠯ ᠰᠠᠨᠠᠭᠤᠯᠭ᠎ᠠ ᠲᠤᠷᠠᠳᠴᠠᠢ᠃ ᠲᠦᠯᠤᠬᠡᠯᠡᠭᠴᠢᠳ ᠬᠤᠶᠠᠷ ᠲᠤᠬᠳᠠᠭ᠋ᠠᠯ᠎ᠤᠨ ᠲᠦᠰᠤᠯ ᠪᠤᠯᠤᠨ ᠲᠦᠰᠤᠯ᠎ᠳᠤ ᠵᠠᠰᠠᠪᠤᠷᠢ ᠤᠷᠤᠭᠤᠯᠬᠤ ᠨᠤᠤᠷᠠᠬ᠎ᠢ ᠰᠠᠨᠠᠯ ᠨᠢᠬᠡᠳᠠᠢ ᠵᠦᠪᠰᠢᠶᠡᠷᠡᠵᠡᠬᠡᠵᠠᠢ᠃
 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠠᠤᠭ᠎ᠠ ᠬᠦᠴᠦᠨ᠎ᠢ ᠨᠢᠭᠲᠠᠷᠠᠭᠤᠯᠤᠨ᠎ᠠ — ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠮᠠᠨ᠎ᠤ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠳᠤᠮᠳᠠ ᠬᠠᠯᠠᠭᠤᠨ ᠲᠤᠰᠬᠠᠯ ᠭᠠᠷᠪᠠ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠦᠪᠤᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ ᠲᠤᠭᠤᠢ᠍ᠢ᠍ᠯᠠᠩ ᠬᠤᠪᠢᠶᠠᠵᠤ ᠡᠯ᠎ᠡ ᠵᠦᠢ᠍ᠯ᠎ᠤᠨ ᠰᠢᠢ᠍ᠳᠪᠤᠷᠢ ᠵᠢᠨ ᠲᠦᠰᠦᠯ᠎ᠢ ᠬᠢᠨᠡᠨ ᠵᠦᠪᠯᠡᠵᠠᠢ ᠱ᠌ᠢ᠎ᠲᠠᠢ ᠹᠧᠩ ᠬᠢᠨᠡᠨ ᠵᠦᠪᠯᠡᠬᠦ᠎ᠳᠤ ᠤᠷᠤᠯᠴᠠᠪᠠ
2020 ᠣᠨ᠎ᠤ ᠥᠪᠥᠷ ᠮᠣᠩᠭᠣᠯ᠎ᠤᠨ ᠬᠥᠯ ᠪᠥᠮᠪᠥᠭᠡ ᠵᠢᠨ ᠦᠪᠡᠳᠡᠭᠰᠢ ᠶᠣᠰᠣᠯᠠᠯ ᠶᠠᠪᠤᠭᠳᠠᠪᠠ
ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠦᠷᠭᠡᠳᠭᠡᠭᠰᠡᠨ ᠬᠤᠷᠠᠯ ᠬᠢᠵᠦ ᠶᠡᠷᠦᠩᠭᠡᠢ ᠱᠦᠵᠢ ᠰᠢ ᠵᠢᠨ ᠫᠢᠩ᠎ᠤᠨ ᠠᠷᠪᠡᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠥᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠡᠨ ᠵᠦᠪᠯᠡᠬᠦ᠎ᠳᠤ ᠤᠷᠤᠯᠴᠠᠬᠤ ᠦᠶ᠎ᠠ ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠪᠠ ᠱ᠌ᠢ᠎ᠲᠠᠢ ᠹᠧᠩ ᠬᠤᠷᠠᠯ᠎ᠢ ᠡᠷᠬᠢᠯᠡᠵᠡᠢ
 
            