ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠠᠤᠭ᠎ᠠ ᠬᠦᠴᠦᠨ᠎ᠢ ᠨᠢᠭᠲᠠᠷᠠᠭᠤᠯᠤᠨ᠎ᠠ — ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠮᠠᠨ᠎ᠤ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠳᠤᠮᠳᠠ ᠬᠠᠯᠠᠭᠤᠨ ᠲᠤᠰᠬᠠᠯ ᠭᠠᠷᠪᠠ
ᠨᠡᠶ᠋ᠢᠲᠡᠯᠡᠭᠰᠡᠨ ᠴᠠᠭ᠄ 2021-03-12

    ᠶᠡᠷᠦᠩᠬᠡᠢ ᠱᠦᠵᠢ ᠰᠢ ᠵᠢᠨ ᠫᠢᠩ 3 ᠰᠠᠷ᠎ᠠ ᠵᠢᠨ 5᠎ᠤ ᠡᠳᠦᠷ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠮᠠᠨ᠎ᠤ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠬ᠍ᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠳᠤᠮᠳᠠ ᠴᠢᠩᠭ᠎ᠠ ᠲᠤᠰᠬᠠᠯ ᠭᠠᠷᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠨ᠂ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠣᠶ᠋ᠢᠯᠠᠭ᠋ᠠᠵᠤ᠂ ᠵᠥᠪ ᠡᠬᠡ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠤᠢ ᠪᠣᠯᠭ᠋ᠠᠵᠤ᠂ ᠰᠢᠨ᠎ᠡ ᠠᠶᠠᠨ ᠵᠠᠮ᠎ᠳᠠᠭᠠᠨ ᠪᠦᠯᠬᠦᠮᠳᠡᠨ ᠲᠡᠮᠡᠴᠡᠵᠦ᠂ ᠰᠡᠳᠬᠢᠯ ᠨᠢᠭᠡᠳᠦᠨ ᠰᠢᠨ᠎ᠡ ᠵᠢᠷᠤᠭ ᠲᠦᠯᠦᠪᠯᠡᠭᠡ ᠵᠢ ᠵᠢᠷᠤᠭᠯᠠᠨ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ ᠵᠶ᠋ᠠᠨ ᠪᠦᠳᠦᠭᠡᠨ ᠪᠠᠶ᠋ᠢᠭᠤᠯᠵᠤ᠂ ᠠᠭᠤᠤ ᠶᠡᠭᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠤᠯᠠᠨ ᠵᠶ᠋ᠠᠷ ᠵᠶ᠋ᠠᠨ ᠢᠯᠡᠳᠬᠡᠵᠡᠭᠡᠪᠡ᠃
    ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠶᠡᠭᠡ ᠲᠠᠯ᠎ᠠ ᠵᠢ ᠪᠠᠬᠢᠵᠢᠭᠦᠯᠦᠨ ᠬᠥᠭᠵᠢᠭᠦᠯᠦᠨ᠎ᠡ
    ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠂ ᠥᠪᠥᠷ ᠮᠣᠩᠭᠤᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠶ᠋ᠢᠭᠤᠯᠤᠭᠳᠠᠭᠰᠠᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠠᠢ ᠤᠯᠠᠮᠵᠢᠯᠠᠯ᠎ᠲᠠᠢ ᠶᠤᠮ᠂ ᠤᠷᠳᠤ ᠬᠤᠭᠤᠴᠠᠭ᠋ᠠᠨ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢ ᠪᠠᠲᠤᠯᠠᠭᠰᠠᠭ᠋ᠠᠷ ᠢᠷᠡᠵᠡᠢ᠂ ᠡᠭᠦᠨ ᠵᠶ᠋ᠠᠨ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
   2020 ᠣᠨ᠎ᠳᠤ᠂ ᠥᠪᠥᠷ ᠮᠣᠩᠭᠤᠯ᠎ᠤᠨ ᠶᠡᠭᠡ ᠰᠤᠷᠭ᠋ᠠᠭᠤᠯᠢ᠎ᠳᠤ ᠲᠥᠪ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠬᠡᠯᠲᠡᠰ᠂ ᠲᠥᠪ᠎ᠤᠨ ᠤᠬᠠᠭᠤᠯᠬᠤ ᠬᠡᠯᠲᠡᠰ᠂ ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ   ᠵᠥᠪᠯᠡᠯ   ᠵᠡᠷᠭᠡ   ᠳᠥᠷᠪᠡᠨ   ᠶᠠᠮᠤᠨ   ᠵᠥᠪᠯᠡᠯ ᠎ᠤᠨ   ᠬᠠᠮᠲᠤ ᠎ᠪᠠᠷ   ᠪᠠᠶ᠋ᠢᠭᠤᠯᠤᠭᠰᠠᠨ  《ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠤᠨ ᠬᠦᠮᠦᠵᠢᠭᠦᠯᠬᠦ ᠰᠠᠭᠤᠷᠢᠨ》᠎ᠤ ᠨᠡᠭᠡᠭᠡᠯᠲᠡᠲᠦ ᠰᠡᠳᠦᠪ ᠭᠠᠷᠭ᠋ᠠᠪᠠ᠃ ᠥᠪᠥᠷ   ᠮᠣᠩᠭᠤᠯ ᠎ᠤᠨ   ᠶᠡᠭᠡ   ᠰᠤᠷᠭ᠋ᠠᠭᠤᠯᠢ ᠵᠢᠨ   ᠤᠭᠰᠠᠭ᠋ᠠᠲᠠᠨ   ᠵᠦᠢ   ᠨᠡᠶ᠋ᠢᠭᠡᠮ   ᠵᠦᠢ ᠵᠢᠨ   ᠳᠡᠭᠡᠳᠦ   ᠰᠤᠷᠭ᠋ᠠᠭᠤᠯᠢ ᠵᠢᠨ   ᠵᠠᠬᠢᠷᠤᠯ   ᠠᠯᠲᠠᠨᠪᠤᠯᠠᠭ  ᠄  《ᠤᠭᠰᠠᠭ᠋ᠠᠲᠠᠨ ᠵᠦᠢ ᠵᠢᠨ ᠰᠢᠨᠵᠢᠯᠡᠭᠡᠨ᠎ᠤ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠠᠵᠢᠯᠳᠠᠨ ᠪᠣᠯᠤᠭᠰᠠᠨ᠎ᠤ ᠬᠤᠪᠢ᠎ᠳᠤ᠂ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠤᠨ ᠬᠦᠮᠦᠵᠢᠭᠦᠯᠬᠦ ᠰᠠᠭᠤᠷᠢᠨ᠎ᠤ ᠲᠠᠪᠴᠠᠩ᠎ᠤᠨ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠵᠤ᠂ ᠶᠡᠷᠦᠩᠬᠡᠢ ᠱᠦᠵᠢ ᠵᠢᠨ ᠳᠤᠷᠠᠳᠤᠭᠰᠠᠨ 〈ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠤᠭᠤᠲᠤ ᠵᠢᠨ ᠪᠤᠯᠤᠳ ᠲᠡᠮᠤᠷ᠎ᠤᠨ ᠦᠢ᠍ᠯᠡᠳᠪᠦᠷᠢ ᠵᠢ ᠪᠠᠶ᠋ᠢᠭᠤᠯᠤᠭᠰᠠᠨ〉᠂ 〈ᠭᠤᠷᠪᠠᠨ ᠮᠢᠩᠭ᠋ᠠᠨ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭᠰᠡᠨ〉 ᠵᠡᠷᠭᠡ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠵᠢ ᠭᠦᠢ᠍ᠴᠡᠳ ᠠᠭᠤᠳᠠᠯᠤᠨ ᠰᠤᠳᠤᠯᠵᠤ᠂ ᠥᠪᠥᠷ ᠮᠣᠩᠭᠤᠯ ᠣᠷᠣᠨ᠎ᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠭ᠎ᠠ ᠵᠢᠨ ᠲᠡᠦᠬᠡ ᠵᠢ ᠭᠦᠨᠵᠡᠭᠡᠢ ᠰᠤᠳᠤᠯᠤᠨ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠣᠨᠣᠯ ᠬᠢᠭᠡᠳ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠰᠤᠳᠤᠯᠤᠯ᠎ᠢ ᠴᠢᠩᠭ᠋ᠠᠳᠬᠠᠵᠤ᠂ ᠥᠷᠭᠡᠨ ᠤᠯᠠᠨ ᠪᠠᠭᠰᠢ ᠰᠤᠷᠤᠭᠴᠢᠳ᠎ᠲᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠵᠢᠨ ᠴᠢᠬᠤᠯᠠ ᠴᠢᠨᠠᠷ᠎ᠢ ᠭᠦᠨᠵᠡᠭᠡᠢ ᠤᠢ᠍ᠢ᠍ᠯᠠᠭ᠋ᠠᠭᠤᠯᠤᠨ᠂ 〈ᠲᠠᠪᠤᠨ ᠬᠠᠮᠲᠤ ᠵᠢᠨ ᠲᠠᠨᠢᠯᠲᠠ〉 ᠵᠢ ᠴᠢᠩᠭ᠋ᠠᠳᠬᠠᠨ᠂ ᠵᠥᠪ ᠡᠬᠡ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠤᠢ ᠪᠤᠯᠭ᠋ᠠᠨ᠎ᠠ》 ᠭᠡᠪᠡ᠃
    《ᠪᠢᠳᠡ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠪᠣᠯᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠶᠠᠪᠤᠴᠠ᠎ᠠᠴᠠ ᠤᠶᠤᠨ ᠤᠬᠠᠭ᠋ᠠᠨ ᠪᠣᠯᠤᠨ ᠰᠢᠮ᠎ᠡ ᠲᠡᠵᠢᠭᠡᠯ ᠬᠦᠷᠳᠡᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠤᠶᠤᠲᠠᠳ᠎ᠤᠨ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠤᠨ ᠪᠦᠬᠦ ᠶᠠᠪᠤᠴᠠ᠎ᠳᠤ ᠠᠭᠤᠰᠤᠯᠴᠠᠭᠤᠯᠤᠨ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠵᠣᠷᠢᠭ ᠰᠠᠨᠠᠭ᠎ᠠ ᠵᠢ ᠬᠥᠮᠦᠵᠢᠭᠦᠯᠵᠦ᠂ ᠬᠤᠪᠢᠰᠬᠠᠯᠲᠤ ᠤᠳᠤᠮᠰᠢᠯ᠎ᠢ ᠵᠠᠯᠭ᠋ᠠᠮᠵᠢᠯᠠᠵᠤ᠂ ᠦᠵᠡᠯ ᠰᠠᠨᠠᠭ᠎ᠠ ᠤᠯᠤᠰ   ᠲᠦᠷᠦ ᠵᠢᠨ   ᠬᠥᠮᠦᠵᠢᠯ ᠎ᠤᠨ   ᠭᠦᠨᠴᠡ᠂   ᠥᠷᠭᠡᠴᠡ ᠪᠣᠯᠤᠨ   ᠬᠠᠯᠠᠮᠰᠢᠴᠠ ᠵᠢ   ᠴᠢᠨᠠᠭᠰᠢᠳᠠ   ᠳᠡᠭᠡᠭᠰᠢᠯᠡᠭᠦᠯᠦᠨ᠎ᠡ  ᠃ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠮᠦᠵᠢᠯ᠎ᠤᠨ ᠬᠡᠯᠪᠡᠷᠢ ᠪᠣᠯᠤᠨ ᠠᠭᠤᠯᠤᠭᠳᠠᠬᠤᠨ᠎ᠢ ᠲᠠᠰᠤᠷᠠᠯᠳᠠ ᠦᠭᠡᠢ ᠪᠠᠶᠠᠯᠢᠭᠵᠢᠭᠤᠯᠤᠨ᠂ ᠦᠨᠳᠦᠰᠦᠲᠡᠨ᠎ᠨᠦᠭᠦᠳ ᠪᠦᠯᠬᠦᠮᠳᠡᠵᠦ ᠨᠢᠭᠡ ᠭᠡᠷ ᠪᠦᠯᠢ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ ᠦᠵᠡᠯ ᠰᠠᠨᠠᠭ᠋ᠠᠨ᠎ᠤ ᠰᠠᠭᠤᠷᠢ ᠵᠢ ᠪᠠᠬᠢᠵᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 〈ᠬᠤᠶᠠᠷ᠎ᠢ ᠬᠠᠮᠠᠭ᠋ᠠᠯᠠᠬᠤ〉 ᠵᠢ ᠦᠢ᠍ᠯᠡᠳᠦᠯᠭᠡᠵᠢᠭᠦᠯᠦᠨ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠰᠠᠶ᠋ᠢᠲᠤᠷ ᠰᠠᠬᠢᠨ ᠬᠠᠮᠠᠭ᠋ᠠᠯᠠᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠶ᠋ᠢᠲᠤᠷ ᠬᠠᠮᠠᠭ᠋ᠠᠯᠠᠨ᠎ᠠ》 ᠭᠡᠵᠦ ᠥᠪᠥᠷ ᠮᠣᠩᠭᠤᠯ᠎ᠤᠨ ᠶᠡᠭᠡ ᠰᠤᠷᠭ᠋ᠠᠭᠤᠯᠢ ᠵᠢᠨ ᠮᠣᠩᠭᠤᠯ ᠰᠤᠳᠤᠯᠤᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠤᠷᠢᠶᠠᠨ᠎ᠤ ᠳᠡᠳ᠋ ᠱᠦᠵᠢ ᠰᠠᠴᠤᠷᠠ ᠬᠡᠯᠡᠪᠡ᠃
    ᠰᠣᠶᠣᠯ᠎ᠤᠨ ᠬᠠᠮᠳᠤ ᠵᠢᠨ ᠲᠠᠨᠢᠯᠳᠠ ᠵᠢ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠵᠢ ᠰᠠᠬᠢᠨ ᠬᠠᠮᠠᠭ᠋ᠠᠯᠠᠵᠤ᠂ ᠦᠨᠳᠦᠰᠦᠲᠡᠨ᠎ᠤ ᠡᠶ᠎ᠡ ᠨᠠᠶ᠋ᠢᠷᠠᠮᠳᠠᠭᠤ ᠵᠢᠨ ᠰᠦᠭ ᠰᠦᠨᠡᠰᠦ ᠵᠢ ᠬᠠᠳᠠᠭ᠋ᠠᠯᠠᠨ᠎ᠠ
   《ᠶᠡᠷᠦᠩᠬᠡᠶ ᠱᠦᠵᠢ ᠰᠢ ᠵᠢᠨ ᠫᠢᠩ᠂ ᠰᠣᠶᠣᠯ᠎ᠤᠨ ᠬᠠᠮᠳᠤ ᠵᠢᠨ ᠲᠠᠨᠢᠯᠳᠠ ᠪᠣᠯ ᠬᠠᠮᠤᠭ᠎ᠤᠨ ᠭᠦᠨ ᠳᠠᠪᠬᠤᠷᠭ᠎ᠠ ᠵᠢᠨ ᠬᠠᠮᠳᠤ ᠵᠢᠨ ᠲᠠᠨᠢᠯᠳᠠ ᠮᠦᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠨᠠᠶ᠋ᠢᠷᠠᠮᠳᠠᠭᠤ ᠵᠢᠨ ᠰᠦᠭ ᠰᠦᠨᠡᠰᠦ ᠮᠥᠨ》 ᠭᠡᠵᠦ ᠴᠢᠬᠤᠯᠠᠴᠢᠯᠠᠪᠠ᠃ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ ᠯᠢ ᠱᠧᠩ᠄ 《ᠳᠤᠮᠳᠠᠳᠤ ᠵᠢᠨ ᠰᠣᠶᠣᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠤᠭ᠎ᠤᠨ ᠭᠦᠨ ᠭᠦᠨᠵᠡᠭᠡᠢ ᠤᠶᠤᠨ ᠰᠠᠨᠠᠭ᠋ᠠᠨ᠎ᠤ ᠬᠥᠭᠡᠭᠡᠴᠡᠯᠳᠦᠯ᠎ᠢ ᠬᠤᠷᠠᠮᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠦᠶ᠎ᠡ ᠵᠢᠨ ᠦᠶ᠎ᠡ᠎ᠳᠡᠭᠡᠨ ᠣᠷᠣᠰᠢᠨ ᠲᠣᠭᠲᠠᠨᠢᠵᠤ᠂ ᠲᠠᠰᠤᠷᠠᠯᠳᠡ ᠦᠭᠡᠢ ᠬᠥᠭᠵᠢᠨ ᠪᠤᠵᠠᠭ᠋ᠠᠢ᠍ᠢ᠍ᠷᠠᠬᠤ ᠵᠢᠨ ᠡᠯᠪᠡᠭ ᠪᠠᠶᠠᠯᠢᠭ ᠰᠢᠮ᠎ᠡ ᠲᠡᠵᠢᠭᠡᠯ ᠮᠦᠨ᠃ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠎ᠠ ᠵᠢ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤ᠎ᠪᠠᠷ ᠪᠤᠶ᠋ᠢᠵᠢᠭᠤᠯᠵᠤ᠂ ᠵᠠᠯᠭ᠋ᠠᠮᠵᠢᠯᠠᠵᠤ᠂ ᠬᠥᠭᠵᠢᠭᠦᠯᠦᠭᠰᠡᠨ ᠶᠤᠮ᠃ ᠲᠡᠷᠡ᠎ᠨᠢ ᠨᠢᠭᠡᠨᠲᠡ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠴᠢᠰᠤ ᠪᠠ ᠰᠦᠭ ᠰᠦᠨᠡᠰᠦᠨ᠎ᠳᠤ ᠭᠦᠨ ᠠᠭᠤᠰᠴᠤ᠂ ᠤᠯᠤᠰ ᠣᠷᠣᠨ᠎ᠤ ᠬᠥᠭᠵᠢᠯᠲᠡ ᠲᠠᠪᠰᠢᠯᠳᠠ ᠵᠢ ᠲᠦᠯᠬᠢᠨ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭ᠋ᠠᠨ᠎ᠤ ᠬᠥᠳᠡᠯᠭᠡᠭᠴᠢ ᠬᠦᠴᠦᠨ ᠪᠣᠯᠤᠭᠰᠠᠨ ᠪᠠᠶ᠋ᠢᠨ᠎ᠠ᠃ ᠦᠨᠳᠦᠰᠦᠲᠡᠨ᠎ᠤ ᠳᠡᠭᠡᠳᠦ ᠵᠡᠷᠭᠡ ᠵᠢᠨ ᠰᠤᠷᠭ᠋ᠠᠭᠤᠯᠢ ᠪᠣᠯᠤᠭᠰᠠᠨ᠎ᠤ ᠬᠤᠪᠢ᠎ᠳᠤ᠂ ᠪᠢᠳᠡ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ᠎ᠢ ᠴᠢᠩᠭ᠋ᠠᠳᠬᠠᠬᠤ ᠪᠠ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠂ ᠨᠡᠶ᠋ᠢᠭᠡᠮ᠎ᠤᠨ ᠦᠢ᠍ᠯᠡᠳᠦᠯᠭᠡ᠂ ᠭᠤᠣᠯ ᠰᠡᠳᠦᠪᠲᠦ ᠬᠥᠮᠦᠵᠢᠯ ᠵᠡᠷᠭᠡ ᠤᠯᠠᠨ ᠲᠠᠯ᠎ᠠ ᠵᠢ ᠨᠢᠭᠡ ᠴᠤᠭᠴᠠᠵᠢᠭᠤᠯᠤᠭᠰᠠᠨ ᠰᠤᠷᠭ᠋ᠠᠨ ᠬᠥᠮᠦᠵᠢᠯ᠎ᠤᠨ ᠲᠠᠪᠴᠠᠩ᠎ᠢ ᠴᠢᠷᠮᠠᠶ᠋ᠢᠨ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠢᠭᠡ ᠭᠡᠷ ᠮᠡᠲᠦ ᠳᠣᠲᠣᠨᠣᠰᠢᠬᠤ ᠰᠣᠶᠣᠯ᠎ᠤᠨ ᠰᠠᠭᠤᠷᠢ ᠵᠢ ᠪᠠᠲᠤ ᠰᠠᠬᠢᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠠᠮᠲᠤ᠎ᠪᠠᠷ ᠴᠣᠭᠴᠠᠯᠠᠨ ᠪᠠᠶ᠋ᠢᠭᠤᠯᠤᠨ᠎ᠠ》 ᠭᠡᠵᠡᠢ᠃ 《ᠦᠨᠳᠦᠰᠦᠲᠡᠨ ᠨᠦᠭᠦᠳ᠎ᠤᠨ ᠳᠤᠮᠳᠠᠳᠤ ᠵᠢᠨ ᠰᠣᠶᠣᠯ᠎ᠤᠨ ᠲᠤᠬᠠᠶ ᠬᠠᠮᠳᠤ ᠵᠢᠨ ᠲᠠᠨᠢᠯᠳᠠ ᠵᠢ ᠴᠢᠩᠭ᠋ᠠᠳᠬᠠᠬᠤ᠎ᠨᠢ ᠮᠠᠨ᠎ᠤ ᠡᠳᠡᠭᠡᠷ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ ᠬᠦᠨᠳᠦ ᠡᠭᠦᠷᠭᠡ ᠵᠢ ᠡᠭᠦᠷᠭᠡᠯᠡᠵᠦ ᠪᠠᠶ᠋ᠢᠭ᠎ᠠ ᠪᠠᠭᠰᠢ ᠵᠢᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠲᠤ ᠠᠪᠴᠤ ᠬᠡᠯᠡᠪᠡᠯ ᠨᠡᠩ ᠴᠢᠬᠤᠯᠠ ᠶᠤᠮ》᠃ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ ᠵᠢᠨ   ᠬᠢᠮᠢ   ᠬᠢᠭᠡᠳ   ᠣᠷᠴᠢᠨ   ᠲᠣᠭᠤᠷᠢᠨ ᠎ᠤ   ᠰᠢᠨᠵᠢᠯᠡᠬᠦ   ᠤᠬᠠᠭ᠋ᠠᠨ   ᠲᠧᠭᠨᠢᠭ   ᠮᠡᠷᠭᠡᠵᠢᠯ ᠎ᠤᠨ   ᠳᠡᠭᠡᠳᠦ   ᠰᠤᠷᠭ᠋ᠠᠭᠤᠯᠢ ᠵᠢᠨ   ᠰᠤᠷᠤᠭᠴᠢ   ᠯᠢᠦ   ᠵᠢᠩ᠄ 《ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠲᠠᠯ᠎ᠠ᠎ᠪᠠᠷ᠎ᠬᠢ ᠮᠠᠰᠢ ᠤᠯᠠᠨ ᠴᠢᠬᠤᠯᠠ ᠥᠭᠦᠯᠡᠯᠲᠡ ᠵᠢ ᠰᠤᠷᠤᠯᠴᠠᠵᠠᠢ᠂ ᠡᠨᠡ᠎ᠨᠢ ᠨᠠᠮᠠᠶ᠋ᠢ ᠰᠣᠶᠣᠯ᠎ᠤᠨ ᠬᠠᠮᠳᠤ ᠵᠢᠨ ᠲᠠᠨᠢᠯᠳᠠ ᠵᠢᠨ ᠭᠦᠨᠵᠡᠭᠡᠢ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ᠎ᠤᠨ ᠲᠤᠬᠠᠢ ᠨᠡᠩ ᠭᠦᠨ ᠳᠠᠪᠬᠤᠷᠭ᠎ᠠ ᠵᠢᠨ ᠲᠠᠨᠢᠯᠲᠠ᠎ᠲᠠᠢ ᠪᠣᠯᠭ᠋ᠠᠵᠠᠢ᠃ ᠢᠷᠡᠭᠡᠳᠦᠶ ᠵᠢᠨ ᠰᠤᠷᠭ᠋ᠠᠨ ᠬᠥᠮᠦᠵᠢᠯ᠎ᠤᠨ ᠠᠵᠢᠯᠳᠠᠨ ᠪᠣᠯᠤᠭᠰᠠᠨ᠎ᠤ ᠬᠤᠪᠢ᠎ᠳᠤ᠂ ᠮᠠᠨ᠎ᠤ ᠪᠠᠭᠰᠢ ᠵᠢᠨ ᠲᠦᠷᠦᠯ᠎ᠤᠨ ᠰᠤᠷᠤᠭᠴᠢᠳ ᠲᠤᠰᠬᠠᠶ ᠮᠡᠷᠭᠡᠵᠢᠯ᠎ᠤᠨ ᠮᠡᠳᠡᠯᠭᠡ ᠵᠢ ᠰᠠᠶ᠋ᠢᠲᠤᠷ ᠰᠤᠷᠬᠤ ᠵᠢᠨ ᠬᠠᠮᠲᠤ ᠪᠠᠰᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠨᠠᠷᠢᠨ ᠬᠢᠨᠠᠮᠠᠭ᠋ᠠᠶ ᠰᠤᠷᠤᠯᠴᠠᠵᠤ᠂ ᠦᠨᠳᠦᠰᠦᠲᠡᠨ᠎ᠨᠦᠭᠦᠳ᠎ᠤᠨ ᠰᠣᠶᠣᠯ᠎ᠢ ᠢᠳᠡᠪᠬᠢᠲᠡᠶ᠎ᠪᠠᠷ ᠣᠶ᠋ᠢᠯᠠᠭ᠋ᠠᠵᠤ᠂ ᠬᠤᠶ᠋ᠢᠰᠢᠳᠠ ᠵᠢᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ ᠬᠢᠬᠦ᠎ᠳᠤ ᠪᠠᠲᠤ ᠪᠠᠬᠢ ᠰᠠᠭᠤᠷᠢ ᠲᠠᠯᠪᠢᠨ᠎ᠠ》 ᠭᠡᠵᠡᠢ᠃
    ᠵᠠᠯᠠᠭᠤᠴᠤᠳ ᠪᠠᠭ᠋ᠠᠴᠤᠳ᠎ᠤᠨ ᠰᠤᠷᠭ᠋ᠠᠨ ᠬᠥᠮᠦᠵᠢᠯ᠎ᠠᠴᠠ ᠭᠠᠷᠳᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠬᠦᠨᠳᠦ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠦᠨ᠎ᠠ
    ᠶᠡᠷᠦᠩᠬᠡᠢ ᠱᠦᠵᠢ ᠰᠢ ᠵᠢᠨ ᠫᠢᠩ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠂ ᠢᠯᠠᠩᠭᠤᠶ᠎ᠠ ᠵᠠᠯᠠᠭᠤᠴᠤᠳ ᠪᠠᠭ᠋ᠠᠴᠤᠳ᠎ᠤᠨ ᠰᠤᠷᠭ᠋ᠠᠨ ᠬᠥᠮᠦᠵᠢᠯ᠎ᠠᠴᠠ ᠭᠠᠷᠳᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠤᠢ᠍ᠢ᠍ᠯᠠᠭ᠋ᠠᠭᠤᠯᠵᠤ᠂ ᠵᠥᠪ ᠣᠨᠣᠪᠴᠢᠲᠠᠢ ᠡᠬᠡ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠤᠢ ᠪᠣᠯᠭ᠋ᠠᠵᠤ᠂ ᠡᠯ᠎ᠡ   ᠵᠦᠢ᠍ᠯ ᠎ᠤᠨ   ᠪᠤᠷᠤᠭᠤ   ᠦᠵᠡᠯ   ᠰᠠᠨᠠᠭ᠎ᠠ   ᠦᠵᠡᠯᠲᠡ ᠵᠢ   ᠲᠤᠭ   ᠳᠡᠮᠳᠡᠭ   ᠲᠣᠳᠣᠷᠬᠠᠢ ᠎ᠪᠠᠷ   ᠡᠰᠡᠷᠭᠦᠴᠡᠵᠦ  ᠂  《ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ ᠵᠶ᠋ᠠᠨ ᠪᠦᠳᠦᠭᠡᠨ ᠪᠠᠶ᠋ᠢᠭᠤᠯᠵᠤ ᠠᠭᠤᠤ ᠶᠡᠭᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ》 ᠨᠡᠶ᠋ᠢᠯᠡᠯ ᠬᠦᠴᠦᠨ᠎ᠢ ᠨᠢᠭᠲᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠨᠢᠳᠤᠨᠤᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠶᠡᠭᠡ ᠳᠡᠭᠡᠳᠦ ᠰᠤᠷᠭ᠋ᠠᠭᠤᠯᠢ᠎ᠠᠴᠠ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠤᠨ ᠭᠤᠤᠯᠯᠠᠭᠴᠢ ᠪᠠᠭᠰᠢ ᠪᠣᠯᠤᠨ ᠰᠢᠯᠢᠳᠡᠭ ᠬᠠᠪᠰᠤᠷᠤᠨ ᠵᠢᠯᠣᠭᠤᠳᠣᠭᠴᠢ ᠵᠢ ᠰᠢᠯᠢᠨ ᠰᠣᠩᠭᠤᠵᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠪᠠᠶ᠋ᠢᠭᠤᠯᠵᠤ᠂ ᠪᠥᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠬᠠᠶ ᠪᠢᠨ ᠪᠣᠯ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠨᠢᠭᠡ ᠭᠡᠰᠢᠭᠦᠨ ᠶᠤᠮ᠃ ᠲᠡᠷᠡ᠄ 《ᠪᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠭᠡᠰᠢᠭᠦᠨ ᠪᠤᠯᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠠᠵᠢᠯ᠎ᠳᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠦᠭᠰᠡᠨ᠎ᠳᠡᠭᠡᠨ ᠮᠠᠰᠢ ᠠᠵᠠ᠎ᠲᠠᠢ ᠪᠠᠶ᠋ᠢᠨ᠎ᠠ᠃ ᠶᠡᠭᠡ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠪᠣᠯᠤᠭᠰᠠᠨ᠎ᠤ ᠬᠤᠪᠢ᠎ᠳᠤ᠂ ᠪᠢ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ ᠭᠡᠬᠦ ᠡᠨᠡ ᠬᠦ᠌ ᠭᠤᠤᠯ ᠵᠢᠭᠰᠠᠭ᠋ᠠᠯ᠎ᠤᠨ ᠭᠠᠵᠠᠷ ᠵᠶ᠋ᠠᠷ ᠳᠠᠮᠵᠢᠭᠤᠯᠤᠨ᠂ ᠵᠠᠯᠠᠭᠤ ᠤᠶᠤᠲᠠᠳ᠎ᠤᠨ ᠬᠥᠮᠦᠵᠢᠯ᠎ᠢ ᠴᠢᠩᠭ᠋ᠠᠳᠬᠠᠵᠤ᠂ ᠵᠠᠯᠠᠭᠤ ᠰᠤᠷᠤᠭᠴᠢᠳ᠎ᠢ ᠬᠠᠪᠰᠤᠷᠤᠨ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠣᠶ᠋ᠢᠯᠠᠭ᠋ᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠳᠤ ᠴᠤᠭᠴᠠᠯᠠᠵᠤ᠂ ᠥᠷᠭᠡᠨ ᠣᠯᠠᠨ ᠵᠠᠯᠠᠭᠤ ᠰᠤᠷᠤᠭᠴᠢᠳ᠎ᠢ ᠬᠠᠪᠰᠤᠷᠤᠨ ᠬᠥᠮᠦᠨ᠎ᠤ ᠠᠮᠢᠳᠤᠷᠠᠯ᠎ᠤᠨ ᠠᠩᠬᠠᠨ᠎ᠤ ᠠᠯᠬᠤᠮ᠎ᠢ ᠰᠠᠶ᠋ᠢᠲᠤᠷ ᠠᠯᠬᠤᠭᠤᠯᠵᠤ᠂ ᠲᠡᠳᠡᠨ᠎ᠢ ᠤᠯᠤᠰ ᠵᠶ᠋ᠠᠨ ᠬᠠᠶ᠋ᠢᠷᠠᠯᠠᠬᠤ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ᠎ᠲᠠᠢ᠂ ᠨᠠᠮ ᠵᠶ᠋ᠠᠨ ᠬᠠᠶ᠋ᠢᠷᠠᠯᠠᠬᠤ᠂ ᠤᠯᠤᠰ ᠵᠶ᠋ᠠᠨ ᠬᠠᠶ᠋ᠢᠷᠠᠯᠠᠬᠤ᠂ ᠠᠷᠠᠳ ᠲᠦᠮᠡᠨ ᠵᠶ᠋ᠠᠨ ᠬᠠᠶ᠋ᠢᠷᠠᠯᠠᠬᠤ᠂ ᠨᠡᠶ᠋ᠢᠭᠡᠮ ᠵᠢᠷᠤᠮ᠎ᠢ ᠬᠠᠶ᠋ᠢᠷᠠᠯᠠᠬᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠥᠲᠥᠭᠡᠨ ᠪᠠᠶ᠋ᠢᠭᠤᠯᠤᠯᠲᠠ᠎ᠳᠤ ᠢᠳᠡᠪᠬᠢᠲᠡᠶ ᠣᠷᠣᠯᠴᠠᠬᠤ ᠴᠠᠭ ᠦᠶ᠎ᠡ ᠵᠢᠨ ᠰᠢᠨ᠎ᠡ ᠬᠥᠮᠦᠨ ᠪᠣᠯᠭ᠋ᠠᠨ᠎ᠠ》 ᠭᠡᠵᠦ ᠰᠤᠷᠪᠤᠯᠵᠢᠯᠠᠭ᠎ᠠ ᠬᠦᠯᠢᠶᠡᠬᠦ᠎ᠳᠡᠭᠡᠨ ᠶᠠᠷᠢᠵᠤ ᠪᠠᠶ᠋ᠢᠯ᠎ᠠ᠃
   《ᠵᠠᠯᠠᠭᠤ ᠤᠶᠤᠳᠠᠨ ᠪᠤᠯᠤᠭᠰᠠᠨ᠎ᠤ ᠬᠤᠪᠢ᠎ᠳᠤ᠂ ᠪᠢ ᠳᠠᠰᠤᠷᠠᠯᠳᠠ ᠦᠭᠡᠢ ᠰᠤᠷᠤᠯᠴᠠᠯᠭ᠎ᠠ᠎ᠪᠠᠷ ᠳᠠᠮᠵᠢᠨ᠂ ᠳᠤᠮᠳᠠᠳᠤ ᠵᠢᠨ ᠰᠢᠯᠢᠳᠡᠭ ᠤᠯᠠᠮᠵᠢᠯᠠᠯᠳᠤ ᠰᠤᠶᠤᠯ᠎ᠢ ᠤᠯᠠᠮᠵᠢᠯᠠᠵᠤ᠂ ᠦᠨᠳᠦᠰᠦᠳᠡᠨ᠎ᠤ ᠪᠦᠯᠬᠦᠮᠳᠡᠯ᠎ᠤᠨ ᠦᠨᠳᠦᠰᠤ ᠵᠢ ᠪᠠᠬᠢᠵᠢᠬᠦᠯᠤᠨ᠎ᠠ᠃ ᠡᠬᠦᠨ᠎ᠤ ᠬᠠᠮᠳᠤ᠂ ᠪᠢ ᠪᠠᠰᠠ ᠨᠠᠮ᠎ᠤᠨ ᠰᠤᠷᠤᠯᠴᠠᠯᠭ᠎ᠠ ᠬᠦᠮᠦᠵᠢᠯ ᠳᠤᠮᠳᠠ᠎ᠠᠴᠠ ᠡᠷᠴᠢ ᠬᠦᠴᠦ ᠤᠯᠵᠤ᠂ 〈ᠦᠵᠡᠰᠭᠦᠯᠡᠩᠳᠤ ᠰᠠᠶ᠋ᠢᠬᠠᠨ ᠦᠪᠦᠷ ᠮᠤᠩᠭᠤᠯ ᠵᠶ᠋ᠠᠨ ᠪᠦᠳᠦᠭᠡᠨ ᠪᠠᠶ᠋ᠢᠭᠤᠯᠵᠤ᠂ ᠠᠭᠤᠤ ᠶᠡᠭᠡ ᠲᠤᠮᠳᠠᠳᠤ ᠵᠢᠨ ᠵᠡᠭᠦᠳᠤ᠎ᠪᠠᠨ ᠬᠠᠮᠳᠤ᠎ᠪᠠᠷ ᠲᠡᠷᠭᠡᠯᠰᠢᠭᠦᠯᠬᠦ〉᠎ᠳᠤ ᠤᠷᠢ ᠵᠠᠯᠠᠭᠤ ᠬᠦᠴᠦᠨ ᠴᠢᠳᠠᠯ ᠵᠶ᠋ᠠᠨ ᠵᠤᠷᠢᠭᠤᠯᠤᠨ᠎ᠠ》 ᠬᠡᠵᠤ ᠦᠪᠦᠷ ᠮᠤᠩᠭᠤᠯ᠎ᠤᠨ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ ᠵᠢᠨ ᠬᠢᠮᠢ ᠵᠢᠨ ᠠᠵᠦ ᠦᠢ᠍ᠯᠡᠳᠪᠦᠷᠢ ᠵᠢᠨ ᠳᠡᠭᠡᠳᠤ ᠰᠤᠷᠭ᠋ᠠᠭᠤᠯᠢ ᠵᠢᠨ 2019 ᠣᠨ᠎ᠤ ᠰᠤᠷᠤᠭᠴᠢ ᠸᠠᠩ ᠴᠦᠨ ᠶᠤᠸᠠᠢ ᠬᠡᠯᠡᠪᠡ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠬᠦᠯᠵᠤ᠂ ᠦᠪᠡᠷᠳᠡᠭᠡᠨ ᠵᠠᠰᠠᠬᠤ ᠤᠷᠤᠨ᠎ᠤ ᠴᠢᠨᠠᠷ ᠰᠠᠶ᠋ᠢᠳᠠᠢ ᠬᠦᠭᠵᠢᠯᠳᠡ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠬᠦᠯᠦᠨ᠎ᠡ
    ᠶᠡᠷᠦᠩᠬᠡᠢ ᠱᠦᠵᠢ ᠰᠢ ᠵᠢᠨ ᠫᠢᠡᠭ᠂ ᠠᠵᠦ ᠦᠢ᠍ᠯᠡᠰ᠎ᠤᠨ ᠬᠡᠯᠬᠢᠶ᠎ᠡ ᠬᠠᠨᠭ᠌ᠭ᠋ᠠᠯᠭ᠎ᠠ ᠵᠢ ᠴᠢᠩᠭ᠎ᠠ ᠡᠵᠡᠮᠳᠡᠨ ᠰᠢᠨ᠎ᠡ ᠵᠢ ᠡᠬᠦᠳᠬᠦ ᠬᠡᠯᠬᠢᠶ᠎ᠡ ᠵᠢ ᠪᠠᠶ᠋ᠢᠷᠢᠯᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠤᠯᠭ᠋ᠠᠭᠤᠷᠢᠯᠠᠬᠤ ᠴᠢᠳᠠᠪᠤᠷᠢ ᠵᠢ ᠳᠠᠰᠤᠷᠠᠯᠳᠠ ᠦᠭᠡᠢ ᠳᠡᠭᠡᠭᠰᠢᠯᠡᠬᠦᠯᠬᠦ ᠬᠡᠷᠡᠭᠳᠠᠢ ᠬᠡᠵᠤ ᠴᠢᠬᠤᠯᠠᠴᠢᠯᠠᠪᠠ᠃
    ᠦᠪᠡᠷᠳᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠍ᠢ᠍ᠯᠠᠩ᠎ᠤᠨ ᠱᠦᠵᠢ ᠹᠸᠡᠭ ᠵᠢᠶᠠ ᠵᠢᠦᠢ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠪᠢᠳᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠬᠦᠳᠬᠦ ᠠᠵᠢᠯ᠎ᠢ ᠰᠠᠶ᠋ᠢᠳᠤᠷ ᠬᠢᠬᠦ᠎ᠳᠤ ᠳᠤᠳᠤᠷᠬᠠᠢ ᠴᠢᠭᠯᠡᠯ ᠵᠢᠭ᠋ᠠᠵᠤ ᠦᠭᠪᠡ᠂ ᠪᠢᠳᠡ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠦᠪᠦᠷ ᠮᠤᠩᠭᠤᠯ ᠵᠶ᠋ᠠᠨ ᠮᠠᠨᠳᠤᠭᠤᠯᠬᠤ》 ᠵᠢ ᠬᠡᠷᠡᠭᠵᠢᠬᠦᠯᠬᠦ ᠠᠵᠢᠯᠯᠠᠭ᠎ᠠ᠎ᠪᠠᠷ ᠨᠢᠭᠡᠳᠦᠯᠳᠡᠢ ᠤᠳᠤᠷᠢᠳᠤᠭᠤᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠬᠦᠳᠬᠦᠳᠤ ᠲᠦᠰᠢᠭᠯᠡᠨ ᠠᠵᠤ ᠠᠬᠤᠢ ᠵᠢᠨ ᠴᠢᠨᠠᠷ ᠰᠠᠶ᠋ᠢᠳᠠᠢ ᠬᠦᠭᠵᠢᠯᠳᠡ ᠵᠢ ᠠᠬᠢᠭᠤᠯᠬᠤ ᠳᠠᠯ᠎ᠠ᠎ᠪᠠᠷ ᠰᠢᠰᠲ᠋ᠧᠮ᠎ᠲᠠᠢ ᠠᠷᠭ᠎ᠠ ᠰᠦᠪᠡᠭᠴᠢᠯᠡᠵᠤ᠂ ᠨᠠᠶ᠋ᠢᠳᠠᠪᠤᠷᠢᠵᠢᠭᠤᠯᠬᠤ ᠵᠢ ᠰᠠᠶ᠋ᠢᠳᠤᠷ ᠠᠳᠬᠤᠨ᠎ᠠ᠃ ᠨᠢᠭᠡ᠎ᠳᠤ᠂ ᠵᠠᠩᠬᠢᠯᠠᠭ᠎ᠠ ᠵᠢᠨ ᠮᠡᠷᠭᠡᠵᠢᠯ᠎ᠤᠨ ᠪᠤᠭᠤᠮᠳᠠ ᠰᠢᠪᠳᠤᠯᠬᠤ ᠠᠵᠢᠯᠯᠠᠭ᠎ᠠ ᠵᠢ ᠬᠡᠷᠡᠭᠵᠢᠬᠦᠯᠵᠤ᠂ ᠰᠢᠯᠢᠳᠡᠭ ᠡᠨᠧᠷᠬᠢ ᠵᠢᠨ ᠡᠬᠢ ᠪᠠᠶᠠᠯᠢᠭ᠂ ᠠᠮᠢ ᠠᠬᠤᠢ ᠤᠷᠴᠢᠨ ᠳᠤᠭᠤᠷᠢᠨ᠎ᠤ ᠬᠠᠮᠠᠭ᠋ᠠᠯᠠᠯᠳᠠ᠂ ᠤᠨᠴᠠᠯᠢᠭᠳᠤ ᠳᠠᠪᠠᠭᠤᠯᠢᠭᠳᠤ ᠠᠵᠤ ᠦᠢ᠍ᠯᠡᠰ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠦᠪᠯᠡᠷᠡᠬᠦᠯᠵᠤ᠂ ᠠᠵᠤ ᠦᠢ᠍ᠯᠡᠰ᠎ᠤᠨ ᠬᠡᠯᠬᠢᠶ᠎ᠡ ᠬᠠᠨᠭ᠌ᠭ᠋ᠠᠯᠭ᠎ᠠ ᠵᠢᠨ ᠬᠡᠯᠬᠢᠶᠡᠵᠢᠯ᠎ᠤᠨ ᠳᠤᠭᠤᠷᠢᠨ᠎ᠳᠤ ᠰᠢᠨ᠎ᠡ ᠵᠢ ᠡᠬᠦᠳᠬᠦ ᠬᠡᠯᠬᠢᠶ᠎ᠡ ᠵᠢ ᠪᠠᠶ᠋ᠢᠷᠢᠯᠠᠭᠤᠯᠵᠤ᠂ ᠬᠦᠴᠦ᠎ᠪᠠᠨ ᠲᠦᠪᠯᠡᠷᠡᠬᠦᠯᠤᠨ ᠨᠢᠭᠡ ᠪᠦᠯᠦᠭ ᠭᠤᠤᠯᠯᠠᠭᠴᠢ ᠵᠠᠩᠬᠢᠯᠠᠭ᠎ᠠ ᠵᠢᠨ ᠮᠡᠷᠭᠡᠵᠢᠯ᠎ᠤᠨ ᠪᠤᠭᠤᠮᠳᠠ ᠵᠢ ᠰᠢᠪᠳᠤᠯᠤᠨ᠎ᠠ᠃ ᠬᠤᠶᠠᠷ᠎ᠲᠤ᠂ ᠰᠤᠳᠤᠯᠤᠨ ᠨᠡᠭᠡᠭᠡᠵᠤ ᠪᠡᠯᠡ ᠤᠷᠤᠭᠤᠯᠬᠤ ᠪᠤᠭᠤᠮᠳᠠ ᠰᠢᠪᠳᠤᠯᠬᠤ ᠠᠵᠢᠯᠯᠠᠭ᠎ᠠ ᠵᠢ ᠬᠡᠷᠡᠭᠵᠢᠬᠦᠯᠵᠤ᠂ ᠵᠠᠰᠠᠭ᠎ᠤᠨ ᠤᠷᠳᠤᠨ ᠬᠦᠳᠦᠯᠤᠨ ᠳᠠᠭ᠋ᠠᠭᠤᠯᠵᠤ᠂ ᠠᠵᠤ ᠠᠬᠤᠢ᠍ᠢ᠍ᠯᠠᠯ ᠭᠤᠤᠯᠯᠠᠨ᠂ ᠪᠦᠬᠦ ᠨᠡᠶ᠋ᠢᠭᠡᠮ ᠵᠶ᠋ᠠᠷ ᠵᠶ᠋ᠠᠨ ᠤᠷᠤᠯᠴᠠᠭᠰᠠᠨ ᠬᠠᠮᠵᠢᠯᠴᠠᠬᠤ ᠳᠤᠭᠳᠠᠴᠠ ᠵᠢ ᠪᠠᠶ᠋ᠢᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠬᠦᠳᠬᠦ ᠪᠡᠯᠡ ᠤᠷᠤᠭᠤᠯᠤᠯᠳᠠ ᠬᠦᠷᠦᠯᠴᠡᠬᠦ ᠦᠭᠡᠢ ᠳᠤᠳᠠᠭᠤᠳᠠᠯ᠎ᠢ ᠬᠦᠴᠦᠯᠡᠨ ᠨᠦᠬᠦᠪᠦᠷᠢᠯᠡᠨ᠎ᠠ᠃ ᠭᠤᠷᠪᠠ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠬᠦᠳᠬᠦ ᠠᠮᠢ ᠠᠬᠤᠢ ᠵᠢ ᠬᠦᠴᠦᠯᠡᠨ ᠰᠠᠶ᠋ᠢᠵᠢᠷᠠᠭᠤᠯᠵᠦ᠂ ᠳᠡᠭᠡᠳᠤ ᠰᠢᠨ᠎ᠡ ᠮᠡᠷᠭᠡᠵᠢᠯ᠎ᠤᠨ ᠠᠵᠤ ᠠᠬᠤᠢ᠍ᠢ᠍ᠯᠠᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠢ᠍ᠢ᠍ᠯᠠᠯ᠎ᠢ ᠪᠤᠶ᠋ᠢᠵᠢᠭᠤᠯᠬᠤ ᠠᠵᠢᠯᠯᠠᠭ᠎ᠠ ᠵᠢ ᠬᠡᠷᠡᠭᠵᠢᠬᠦᠯᠵᠤ᠂ ᠠᠵᠤ ᠠᠬᠤᠢ᠍ᠢ᠍ᠯᠠᠯ᠎ᠤᠨ ᠰᠢᠨ᠎ᠡ ᠵᠢ ᠡᠬᠦᠳᠬᠦ ᠭᠤᠤᠯ ᠴᠤᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠵᠠᠬ᠎ᠠ ᠳᠡᠯᠭᠡᠭᠦᠷᠴᠢᠯᠡᠭᠰᠡᠨ ᠳᠤᠭᠳᠠᠴᠠ ᠵᠢ ᠬᠡᠷᠡᠭᠵᠢᠬᠦᠯᠤᠨ ᠠᠵᠤ ᠠᠬᠤᠢ᠍ᠢ᠍ᠯᠠᠯ᠎ᠤᠨ ᠰᠢᠨ᠎ᠡ ᠵᠢ ᠡᠬᠦᠳᠬᠦ ᠵᠢ ᠤᠷᠮᠠᠰᠢᠭᠤᠯᠤᠨ᠎ᠠ ᠬᠡᠵᠤ ᠬᠡᠯᠡᠪᠡ᠃
    ᠦᠪᠦᠷ ᠮᠤᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠨᠠᠮ᠎ᠤᠨ ᠤᠳᠤᠷᠢᠳᠬᠤ ᠳᠤᠭᠤᠢ᠍ᠢ᠍ᠯᠠᠩ᠎ᠤᠨ ᠱᠦᠵᠢ ᠮᠠ ᠺᠦᠢ᠂ ᠡᠯ᠎ᠡ ᠱᠠᠳᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠵᠤᠬᠢᠶᠠᠨ ᠪᠠᠶ᠋ᠢᠭᠤᠯᠤᠯᠳᠠ ᠶᠡᠷᠦᠩᠬᠡᠢ ᠱᠦᠵᠢ ᠰᠢ ᠵᠢᠨ ᠫᠢᠡᠭ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠳᠤᠭᠤᠰᠢᠯᠠᠭᠤᠯᠵᠤ᠂ ᠦᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠢ ᠰᠢᠨᠵᠢᠯᠡᠬᠦ ᠤᠬᠠᠭ᠋ᠠᠨ᠎ᠤ ᠰᠤᠳᠤᠯᠤᠯᠳᠠ᠎ᠳᠤ ᠢᠳᠡᠪᠬᠢᠳᠠᠢ ᠤᠷᠤᠯᠴᠠᠬᠤ ᠵᠢ ᠪᠦᠯᠬᠦᠮᠳᠡᠨ ᠳᠠᠭ᠋ᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠬᠦᠳᠬᠦ ᠠᠵᠢᠯ᠎ᠢ ᠯᠠᠪᠳᠠᠭᠤᠨ ᠠᠬᠢᠭᠤᠯᠤᠨ᠎ᠠ᠃ ᠨᠡᠶ᠋ᠢᠭᠡᠮᠯᠢᠭ ᠪᠠ ᠠᠵᠤ ᠠᠬᠤᠢ᠍ᠢ᠍ᠯᠠᠯ ᠵᠡᠷᠭᠡ ᠵᠢ ᠵᠤᠯᠭ᠋ᠠᠭᠤᠯᠤᠨ ᠦᠢ᠍ᠯᠡᠴᠢᠯᠡᠬᠦ ᠳᠤᠭᠳᠠᠴᠠ ᠵᠢ ᠪᠦᠷᠢᠨᠰᠢᠬᠦᠯᠵᠤ᠂ ᠠᠵᠤ ᠠᠬᠤᠢ᠍ᠢ᠍ᠯᠠᠯ ᠪᠤᠶᠤ ᠰᠠᠭᠤᠷᠢᠨ ᠭᠠᠵᠠᠷ᠎ᠲᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡ ᠬᠠᠨᠭ᠌ᠭ᠋ᠠᠨ᠎ᠠ᠃ 《ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠰᠢᠨ᠎ᠠ ᠵᠢ ᠡᠬᠦᠳᠬᠦ ᠳᠤᠮᠳᠠᠳᠤ ᠤᠯᠤᠰ》᠎ᠤᠨ ᠡᠬᠢ ᠪᠠᠶᠠᠯᠢᠭ᠎ᠢ ᠬᠠᠮᠳᠤ᠎ᠪᠠᠷ ᠡᠳ᠋ᠯᠡᠬᠦ ᠳᠠᠪᠴᠠᠩ᠎ᠤᠨ ᠦᠪᠦᠷ ᠮᠤᠩᠭᠤᠯ᠎ᠳᠠᠬᠢ ᠬᠤᠪᠢᠶᠠᠷᠢ ᠲᠦᠪ᠎ᠤᠨ ᠪᠦᠳᠦᠭᠡᠨ ᠪᠠᠶ᠋ᠢᠭᠤᠯᠤᠯᠳᠠ ᠵᠢᠨ ᠠᠯᠬᠤᠴᠠ ᠵᠢ ᠲᠦᠷᠭᠡᠳᠬᠡᠵᠤ᠂ ᠠᠵᠤ ᠠᠬᠤᠢ᠍ᠢ᠍ᠯᠠᠯ᠎ᠤᠨ ᠬᠡᠯᠪᠡᠷᠢ᠎ᠪᠠᠨ ᠬᠤᠪᠢᠷᠠᠭᠤᠯᠵᠤ ᠳᠡᠰ ᠳᠡᠪᠰᠢᠬᠦ᠎ᠳᠤ ᠬᠦᠴᠦ ᠨᠡᠮᠡᠷᠢᠯᠡᠨ᠎ᠡ ᠬᠡᠵᠤ ᠬᠡᠯᠡᠪᠡ᠃
    ᠠᠯᠠᠱ᠌ᠠ ᠠᠶ᠋ᠢᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠍ᠢ᠍ᠯᠠᠩ᠎ᠤᠨ ᠱᠦᠵᠢ᠂ ᠳᠤᠪᠴᠢᠶᠠᠨ ᠳᠠᠷᠤᠭ᠎ᠠ ᠸᠠᠩ ᠵᠦ᠍ ᠹᠠᠨᠭ᠌᠂ 2021 ᠣᠨ᠎ᠳᠤ ᠠᠯᠠᠱ᠌ᠠ ᠠᠶ᠋ᠢᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠰᠢᠨ᠎ᠡ ᠵᠢ ᠡᠬᠦᠳᠬᠦ ᠠᠵᠢᠯ 《ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ ᠵᠶ᠋ᠠᠷ ᠦᠪᠦᠷ ᠮᠤᠩᠭᠤᠯ ᠵᠶ᠋ᠠᠨ ᠮᠠᠨᠳᠤᠭᠤᠯᠬᠤ》 ᠠᠵᠢᠯᠯᠠᠭ᠎ᠠ᠎ᠪᠠᠷ ᠭᠤᠤᠯ ᠱᠤᠭᠤᠮ ᠪᠤᠯᠭ᠋ᠠᠵᠤ᠂ ᠲᠦᠷᠦᠯ ᠵᠦᠢ᠍ᠯ᠎ᠢ ᠬᠡᠷᠡᠭᠵᠢᠬᠦᠯᠬᠦ᠎ᠪᠠᠷ ᠭᠤᠤᠯᠳᠠᠯᠭ᠎ᠠ ᠪᠤᠯᠭ᠋ᠠᠨ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠳᠡᠮᠡᠭᠡᠨ᠎ᠤ ᠠᠵᠤ ᠦᠢ᠍ᠯᠡᠰ᠂ ᠡᠯᠡᠰᠤᠨ᠎ᠤ ᠡᠬᠢ ᠪᠠᠶᠠᠯᠢᠭ᠎ᠢ ᠨᠠᠷᠢᠯᠢᠭ ᠬᠦᠨ ᠡᠳ᠋ᠰᠢᠬᠦᠯᠤᠨ ᠪᠤᠯᠪᠠᠰᠤᠷᠠᠭᠤᠯᠬᠤ ᠵᠡᠷᠭᠡ ᠤᠨᠴᠠᠯᠢᠭᠳᠤ ᠠᠵᠤ ᠦᠢ᠍ᠯᠡᠰ᠎ᠤᠨ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠦᠪᠯᠡᠷᠡᠬᠦᠯᠵᠤ᠂ ᠪᠤᠬᠢᠷᠳᠤᠯ ᠦᠭᠡᠢ᠂ ᠳᠡᠭᠡᠳᠤ ᠳᠡᠰ᠎ᠤᠨ᠂ ᠤᠶᠤᠨᠴᠢᠯᠠᠭᠰᠠᠨ ᠴᠢᠭᠯᠡᠯ ᠵᠶ᠋ᠠᠷ ᠤᠯᠠᠮᠵᠢᠯᠠᠯᠳᠤ ᠠᠵᠤ ᠦᠢ᠍ᠯᠡᠰ᠎ᠤᠨ ᠴᠢᠨᠠᠷ᠎ᠢ ᠳᠡᠭᠡᠭᠰᠢᠯᠡᠬᠦᠯᠵᠤ ᠦᠷ᠎ᠡ ᠠᠰᠢᠭ᠎ᠢ ᠨᠡᠮᠡᠭᠳᠡᠬᠦᠯᠬᠦ ᠵᠢ ᠦᠷᠬᠦᠯᠵᠢᠯᠡᠨ ᠠᠬᠢᠭᠤᠯᠵᠤ᠂ ᠪᠤᠬᠢᠷᠳᠤᠯ ᠦᠭᠡᠢ᠂ ᠡᠷᠬᠢᠯᠳᠡᠳᠤ᠂ ᠳᠤᠤᠷ᠎ᠠ ᠨᠡᠬᠦᠷᠡᠰᠤᠳᠦ᠋ᠷᠦᠭᠴᠢᠳᠤ ᠬᠦᠭᠵᠢᠯᠳᠡ ᠵᠢ ᠠᠬᠢᠭᠤᠯᠤᠨ᠎ᠠ ᠭᠡᠵᠦ ᠢᠯᠡᠳᠬᠡᠪᠡ᠃
   
   

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠦᠪᠤᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ ᠲᠤᠭᠤᠢ᠍ᠢ᠍ᠯᠠᠩ ᠬᠤᠪᠢᠶᠠᠵᠤ ᠡᠯ᠎ᠡ ᠵᠦᠢ᠍ᠯ᠎ᠤᠨ ᠰᠢᠢ᠍ᠳᠪᠤᠷᠢ ᠵᠢᠨ ᠲᠦᠰᠦᠯ᠎ᠢ ᠬᠢᠨᠡᠨ ᠵᠦᠪᠯᠡᠵᠠᠢ ᠱ᠌ᠢ᠎ᠲᠠᠢ ᠹᠧᠩ ᠬᠢᠨᠡᠨ ᠵᠦᠪᠯᠡᠬᠦ᠎ᠳᠤ ᠤᠷᠤᠯᠴᠠᠪᠠ
2020 ᠣᠨ᠎ᠤ ᠥᠪᠥᠷ ᠮᠣᠩᠭᠣᠯ᠎ᠤᠨ ᠬᠥᠯ ᠪᠥᠮᠪᠥᠭᠡ ᠵᠢᠨ ᠦᠪᠡᠳᠡᠭᠰᠢ ᠶᠣᠰᠣᠯᠠᠯ ᠶᠠᠪᠤᠭᠳᠠᠪᠠ
ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠦᠷᠭᠡᠳᠭᠡᠭᠰᠡᠨ ᠬᠤᠷᠠᠯ ᠬᠢᠵᠦ ᠶᠡᠷᠦᠩᠭᠡᠢ ᠱᠦᠵᠢ ᠰᠢ ᠵᠢᠨ ᠫᠢᠩ᠎ᠤᠨ ᠠᠷᠪᠡᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠥᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠡᠨ ᠵᠦᠪᠯᠡᠬᠦ᠎ᠳᠤ ᠤᠷᠤᠯᠴᠠᠬᠤ ᠦᠶ᠎ᠠ ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠪᠠ ᠱ᠌ᠢ᠎ᠲᠠᠢ ᠹᠧᠩ ᠬᠤᠷᠠᠯ᠎ᠢ ᠡᠷᠬᠢᠯᠡᠵᠡᠢ
ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠬᠣᠶᠠᠷ ᠵᠦᠢ᠍ᠯ᠎ᠤᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠤᠷᠤᠨ᠎ᠤ ᠲᠠᠮᠢᠷᠴᠢᠨ 12 ᠠᠯᠲᠠᠨ ᠮᠧᠳᠠᠯ 9 ᠮᠥᠩᠭᠥᠨ ᠮᠧᠳᠠᠯ 9 ᠬᠦᠷᠡᠯ ᠮᠧᠳᠠᠯ ᠣᠯᠵᠠᠶ 
 
            