ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠦᠪᠤᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ ᠲᠤᠭᠤᠢ᠍ᠢ᠍ᠯᠠᠩ ᠬᠤᠪᠢᠶᠠᠵᠤ ᠡᠯ᠎ᠡ ᠵᠦᠢ᠍ᠯ᠎ᠤᠨ ᠰᠢᠢ᠍ᠳᠪᠤᠷᠢ ᠵᠢᠨ ᠲᠦᠰᠦᠯ᠎ᠢ ᠬᠢᠨᠡᠨ ᠵᠦᠪᠯᠡᠵᠠᠢ ᠱ᠌ᠢ᠎ᠲᠠᠢ ᠹᠧᠩ ᠬᠢᠨᠡᠨ ᠵᠦᠪᠯᠡᠬᠦ᠎ᠳᠤ ᠤᠷᠤᠯᠴᠠᠪᠠ
ᠨᠡᠶ᠋ᠢᠲᠡᠯᠡᠭᠰᠡᠨ ᠴᠠᠭ᠄ 2021-03-15

    3 ᠰᠠᠷ᠎ᠡ ᠵᠢᠨ 11᠎ᠤ ᠦᠳᠠ ᠵᠢᠨ ᠡᠮᠤᠨ᠎ᠡ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠷᠪᠠᠳᠤᠭᠡᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ ᠰᠠᠭᠤᠭ᠎ᠠ ᠭᠠᠵᠠᠷ᠎ᠲᠠᠭᠠᠨ ᠲᠤᠭᠤᠢ᠍ᠢ᠍ᠯᠠᠩ ᠬᠤᠪᠢᠶᠠᠬᠰᠡᠨ ᠬᠤᠷᠠᠯ ᠬᠢᠵᠤ᠂ ᠶᠡᠭᠡ ᠬᠤᠷᠠᠯ᠎ᠤᠨ ᠡᠯ᠎ᠡ ᠵᠦᠢ᠍ᠯ᠎ᠤᠨ ᠰᠢᠢ᠍ᠳᠪᠤᠷᠢ ᠵᠢᠨ ᠲᠦᠰᠦᠯ᠎ᠢ ᠬᠢᠨᠡᠨ ᠵᠦᠪᠯᠠᠪᠠ᠃
    ᠦᠪᠤᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠲᠠᠷᠤᠭ᠎ᠠ ᠱ᠌ᠢ᠎ᠲᠠᠢ ᠹᠧᠩ ᠬᠢᠨᠡᠨ ᠵᠦᠪᠯᠡᠬᠦ᠎ᠳᠤ ᠤᠷᠤᠯᠴᠠᠵᠤ᠂ ᠨᠠᠰᠤᠨᠮᠦ᠋ᠡᠭᠭᠡ᠂ ᠸᠠᠩ ᠪᠦᠸᠧ ᠲᠤᠰ ᠪᠦᠷᠢ ᠲᠤᠭᠤᠢ᠍ᠢ᠍ᠯᠠᠩ ᠬᠤᠪᠢᠶᠠᠬᠰᠡᠨ ᠬᠤᠷᠠᠯ᠎ᠢ ᠡᠷᠬᠢᠯᠠᠵᠠᠢ᠃
    ᠬᠤᠷᠠᠯ᠎ᠠᠴᠠ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠲᠤᠬᠠᠢ ᠰᠢᠢ᠍ᠳᠪᠤᠷᠢ ᠵᠢᠨ ᠲᠦᠰᠦᠯ᠂ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠦᠭᠵᠢᠯᠳᠠ ᠵᠢᠨ ᠠᠷᠪᠡᠨ ᠲᠦᠷᠪᠠᠳᠤᠭᠡᠷ ᠲᠠᠪᠤᠨ ᠵᠢᠯ᠎ᠤᠨ ᠲᠦᠯᠦᠪᠵᠢᠬᠦᠯᠭᠡ ᠪᠠ 2035 ᠣᠨ᠎ᠤ ᠠᠯᠤᠰ᠎ᠤᠨ ᠬᠠᠷᠠᠯᠳᠠ ᠵᠢᠨ ᠬᠦᠳᠤᠯᠪᠤᠷᠢ ᠵᠢᠨ ᠲᠤᠬᠠᠢ ᠰᠢᠢ᠍ᠳᠪᠤᠷᠢ ᠵᠢᠨ ᠲᠦᠰᠦᠯ᠂ 2020 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠦᠭᠵᠢᠯᠳᠠ ᠵᠢᠨ ᠲᠦᠯᠦᠪᠯᠡᠭᠡ ᠵᠢ ᠭᠡᠷᠡᠭᠵᠢᠬᠦᠯᠦᠭᠰᠡᠨ ᠪᠠᠶ᠋ᠢᠳᠠᠯ ᠬᠢᠭᠡᠳ 2021 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠦᠭᠵᠢᠯᠳᠠ ᠵᠢᠨ ᠲᠦᠯᠦᠪᠯᠡᠭᠡ ᠵᠢᠨ ᠲᠤᠬᠠᠢ ᠰᠢᠢ᠍ᠳᠪᠤᠷᠢ ᠵᠢᠨ ᠲᠦᠰᠦᠯ᠂ 2020 ᠣᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠢ ᠭᠦᠢ᠍ᠴᠡᠳᠭᠡᠭᠰᠡᠨ ᠪᠠᠶ᠋ᠢᠳᠠᠯ ᠬᠢᠭᠡᠳ 2021 ᠣᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠤᠨ ᠲᠤᠬᠠᠢ ᠰᠢᠢ᠍ᠳᠪᠤᠷᠢ ᠵᠢᠨ ᠲᠦᠰᠦᠯ᠂ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠡᠭᠭᠤ ᠵᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠠ ᠵᠢᠨ ᠲᠤᠬᠠᠢ ᠰᠢᠢ᠍ᠳᠪᠤᠷᠢ ᠵᠢᠨ ᠲᠦᠰᠦᠯ᠂ ᠠᠷᠠᠳ᠎ᠤᠨ ᠲᠡᠭᠡᠳᠤ ᠰᠢᠬᠦᠬᠦ ᠬᠤᠷᠢᠶᠠᠨ᠎ᠤ ᠠᠵᠢᠯ᠎ᠤᠨ ᠮᠡᠳᠡᠬᠦᠯᠤᠯᠳᠠ ᠵᠢᠨ ᠲᠤᠬᠠᠢ ᠰᠢᠢ᠍ᠳᠪᠤᠷᠢ ᠵᠢᠨ ᠲᠦᠰᠦᠯ᠂ ᠠᠷᠠᠳ᠎ᠤᠨ ᠲᠡᠭᠡᠳᠤ ᠪᠠᠶ᠋ᠢᠴᠠᠭ᠋ᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠠ ᠵᠢᠨ ᠲᠤᠬᠠᠢ ᠰᠢᠢ᠍ᠳᠪᠤᠷᠢ ᠵᠢᠨ ᠲᠦᠰᠦᠯ᠎ᠢ ᠬᠢᠨᠡᠨ ᠵᠦᠪᠯᠡᠪᠡ᠃
    ᠬᠤᠷᠠᠯ᠎ᠠᠴᠠ᠂ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠲᠤᠬᠠᠢ ᠰᠢᠢ᠍ᠳᠪᠤᠷᠢ ᠵᠢᠨ ᠲᠦᠰᠦᠯ᠂ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠤᠷᠠᠯ᠎ᠠᠴᠠ᠂ ᠡᠨᠡ ᠤᠳᠠᠭ᠎ᠠ ᠵᠢᠨ ᠬᠤᠷᠠᠯ᠎ᠤᠨ ᠵᠦᠪᠯᠡᠬᠦ ᠵᠦᠢ᠍ᠯᠡᠰ ᠠᠪᠴᠠᠯᠳᠤᠩᠭᠤᠢ᠂ ᠵᠦᠪᠯᠡᠬᠦ ᠰᠡᠳᠦᠪ ᠴᠢᠬᠤᠯᠠ ᠪᠠᠶ᠋ᠢᠵᠤ᠂ ᠡᠯ᠎ᠡ ᠲᠠᠯ᠎ᠡ ᠵᠢᠨ᠎ᠬᠢᠨ᠎ᠤ ᠠᠩᠬᠠᠷᠤᠯ᠎ᠢ ᠶᠡᠭᠡ᠎ᠪᠠᠷ ᠳᠠᠳᠠᠵᠠᠢ᠃ ᠬᠤᠷᠠᠯ᠎ᠤᠨ ᠬᠤᠭᠤᠴᠠᠭ᠋ᠠᠨ᠎ᠳᠤ᠂ ᠤᠯᠠᠨ ᠵᠶ᠋ᠠᠷ ᠵᠶ᠋ᠠᠨ ᠶᠠᠷᠤᠩᠬᠡᠢ ᠱᠦᠵᠢ ᠰᠢ ᠵᠢᠨ ᠫᠢᠩ᠎ᠤᠨ ᠦᠪᠤᠷ ᠮᠤᠩᠭᠤᠯ᠎ᠤᠨ ᠲᠦᠯᠤᠬᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠤᠷᠤᠯᠴᠠᠬᠤ ᠦᠶ᠎ᠠ ᠵᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠤᠢ᠍ᠢ᠍ᠯᠠᠭ᠋ᠠᠵᠤ᠂ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠤᠰᠤᠭ᠋ᠠᠷ ᠬᠦᠢ᠍ᠴᠡᠳᠬᠡᠨ᠂ ᠡᠷᠬᠡ᠎ᠪᠠᠨ ᠨᠠᠷᠢᠨ ᠬᠢᠨᠠᠮᠠᠭ᠋ᠠᠢ ᠭᠡᠷᠡᠭᠵᠢᠬᠦᠯᠵᠤ᠂ ᠨᠠᠮ ᠪᠠ ᠤᠯᠤᠰ᠎ᠤᠨ ᠤᠢ᠍ᠢ᠍ᠯᠡᠰ᠎ᠤᠨ ᠬᠦᠭᠵᠢᠯᠳᠠ᠎ᠳᠤ ᠰᠤᠳᠤ ᠮᠡᠷᠬᠡᠨ ᠠᠷᠭ᠎ᠠ ᠤᠬᠠᠭ᠋ᠠᠨ ᠭᠠᠷᠭ᠋ᠠᠵᠤ᠂ ᠪᠤᠳᠠᠳᠠᠢ ᠵᠢ ᠡᠷᠬᠢᠮᠯᠡᠭᠰᠡᠨ ᠠᠷᠭ᠎ᠠ ᠪᠤᠳᠤᠯᠭ᠎ᠠ ᠰᠦᠪᠡᠭᠴᠢᠯᠠᠨ᠂ ᠲᠡᠮᠡᠴᠡᠯ᠎ᠤᠨ ᠬᠦᠴᠤᠨ᠎ᠢ ᠨᠢᠬᠳᠠᠷᠠᠭᠤᠯᠵᠤ᠂ ᠡᠯ᠎ᠠ ᠵᠦᠢ᠍ᠯ᠎ᠤᠨ ᠡᠬᠦᠷᠬᠡ᠎ᠪᠠᠨ ᠬᠢᠯᠠᠯᠵᠠᠳᠠᠯ᠎ᠠ ᠪᠡᠶᠡᠯᠡᠬᠦᠯᠵᠤ᠂ ᠶᠡᠭᠡ ᠬᠤᠷᠠᠯ᠎ᠤᠨ ᠤᠷᠤᠬᠰᠢᠳᠠᠢ ᠬᠤᠷᠠᠯᠳᠤᠬᠤ ᠪᠠ ᠲᠡᠬᠦᠰ ᠠᠮᠵᠢᠯᠳᠠ ᠤᠯᠬᠤ᠎ᠳᠤ ᠢᠳᠡᠪᠬᠢᠳᠠᠢ ᠬᠤᠪᠢ ᠨᠡᠮᠡᠷᠢ ᠦᠵᠡᠬᠦᠯᠵᠠᠢ᠃ ᠬᠤᠷᠠᠯ᠎ᠤᠨ ᠬᠤᠭᠤᠴᠠᠭ᠋ᠠᠨ᠎ᠳᠤ᠂ ᠦᠪᠤᠷ ᠮᠤᠩᠭᠤᠯ᠎ᠤᠨ ᠲᠦᠯᠤᠬᠡᠯᠡᠭᠴᠢᠳ᠎ᠤᠨ ᠪᠦᠯᠬᠦᠮ᠎ᠤᠨ ᠪᠦᠬᠦ ᠲᠦᠯᠤᠬᠡᠯᠡᠭᠴᠢ ᠨᠡᠶ᠋ᠢᠳᠠ 123 ᠬᠤᠪᠢ ᠰᠠᠨᠠᠭᠤᠯᠭ᠎ᠠ ᠲᠡᠪᠰᠢᠬᠦᠯᠵᠤ᠂ ᠤᠯᠤᠰ᠎ᠤᠨ ᠬᠤᠯᠪᠤᠬᠳᠠᠯ ᠪᠦᠬᠦᠢ ᠶᠠᠮᠤᠨ ᠵᠦᠪᠯᠡᠯ᠎ᠯᠦᠭᠡ ᠬᠠᠮᠢᠶ᠎ᠠ ᠪᠦᠬᠦᠢ ᠰᠠᠨᠠᠭᠤᠯᠭ᠎ᠠ ᠵᠢ ᠰᠢᠢ᠍ᠳᠪᠤᠷᠢᠯᠡᠭᠰᠡᠨ ᠪᠠᠶ᠋ᠢᠳᠠᠯ᠎ᠤᠨ ᠲᠤᠬᠠᠢ ᠢᠳᠡᠪᠬᠢᠳᠠᠢ ᠵᠤᠯᠭ᠋ᠠᠯᠴᠠᠭᠤᠯᠵᠤ᠂ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠪᠠ 2035 ᠣᠨ᠎ᠤ ᠠᠯᠤᠰ᠎ᠤᠨ ᠬᠠᠷᠠᠯᠳᠠ ᠵᠢᠨ ᠬᠦᠳᠤᠯᠪᠤᠷᠢ ᠵᠢ ᠰᠠᠶ᠋ᠢᠳᠦᠷ ᠲᠤᠭᠳᠠᠭ᠋ᠠᠬᠤ᠎ᠳᠤ ᠠᠷᠭ᠎ᠠ ᠤᠬᠠᠭ᠋ᠠᠨ ᠭᠠᠷᠭ᠋ᠠᠨ᠂ ᠦᠪᠤᠷ ᠮᠤᠩᠭᠤᠯ᠎ᠤᠨ ᠴᠢᠨᠠᠷ ᠰᠠᠶ᠋ᠢᠳᠠᠢ ᠬᠦᠭᠵᠢᠯᠳᠠ ᠵᠢᠨ ᠲᠦᠯᠦᠭᠡ ᠤᠯᠤᠰ᠎ᠤᠨ ᠲᠡᠮᠵᠢᠯᠬᠡ ᠵᠢ ᠢᠳᠡᠪᠬᠢᠳᠠᠢ ᠡᠷᠡᠮᠡᠯᠵᠡᠯᠡᠵᠦ᠂ ᠮᠠᠰᠢ ᠴᠢᠩᠭ᠎ᠠ ᠶᠡᠭᠡ ᠲᠠᠯ᠎ᠠ ᠵᠢᠨ ᠦᠵᠡᠯᠳᠠ᠂ ᠰᠠᠶ᠋ᠢᠨ ᠰᠠᠶ᠋ᠢᠬᠠᠨ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠤᠯᠤᠨ ᠠᠵᠢᠯ ᠤᠢ᠍ᠢ᠍ᠯᠡᠰ᠎ᠤᠨ ᠬᠦᠭᠵᠢᠯᠳᠠ᠎ᠳᠤ ᠲᠡᠭᠡᠳᠤ ᠬᠡᠮᠵᠢᠶ᠎ᠠ᠎ᠪᠠᠷ ᠬᠠᠷᠢᠭᠤᠴᠠᠬᠤ ᠵᠤᠷᠢᠬ ᠰᠠᠨᠠᠭ᠎ᠠ ᠵᠢ ᠢᠯᠡᠷᠡᠬᠦᠯᠵᠡᠢ ᠭᠡᠵᠤ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠶᠠᠷᠤᠩᠬᠡᠢ ᠱᠦᠵᠢ ᠰᠢ ᠵᠢᠨ ᠫᠢᠩ᠎ᠤᠨ ᠦᠪᠤᠷ ᠮᠤᠩᠭᠤᠯ᠎ᠤᠨ ᠲᠦᠯᠤᠬᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠤᠷᠤᠯᠴᠠᠬᠤ ᠦᠶ᠎ᠠ ᠵᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ ᠪᠤᠯᠤᠨ ᠪᠦᠬᠦ ᠤᠯᠤᠰ᠎ᠤᠨ ᠠᠷᠠᠳ᠎ᠤᠨ ᠲᠦᠯᠤᠬᠡᠯᠡᠭᠴᠢᠳ᠎ᠤᠨ ᠶᠡᠭᠡ ᠬᠤᠷᠠᠯ᠎ᠤᠨ ᠵᠤᠷᠢᠬ ᠰᠠᠨᠠᠭ᠎ᠠ ᠵᠢ ᠰᠠᠶ᠋ᠢᠳᠤᠷ ᠰᠤᠷᠤᠯᠴᠠᠨ ᠤᠬᠠᠭᠤᠯᠵᠤ᠂ ᠰᠠᠶ᠋ᠢᠳᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠤᠯ ᠤᠳᠤᠬᠠᠨ ᠪᠠ ᠬᠤᠶ᠋ᠢᠰᠢᠳᠠ ᠵᠢᠨ ᠭᠡᠰᠡᠭ ᠬᠤᠭᠤᠴᠠᠭ᠋ᠠᠨ᠎ᠤ ᠪᠦᠬᠦ ᠤᠷᠤᠨ ᠳᠠᠶᠠᠭ᠋ᠠᠷ᠎ᠤᠨ ᠲᠡᠷᠢᠬᠦᠨ ᠴᠢᠬᠤᠯᠠ ᠤᠯᠤᠰ ᠲᠦᠷᠤ ᠵᠢᠨ ᠡᠬᠦᠷᠬᠡ ᠪᠤᠯᠤᠨ᠎ᠠ᠂ ᠲᠦᠯᠤᠬᠡᠯᠡᠭᠴᠢᠳ ᠡᠷᠬᠡᠪᠰᠢ ᠲᠦᠷᠦᠭᠦᠯᠡᠨ ᠰᠤᠷᠤᠯᠴᠠᠨ ᠲᠤᠭᠤᠰᠢᠯᠠᠭᠤᠯᠵᠤ᠂ ᠲᠦᠷᠦᠭᠦᠯᠡᠨ ᠤᠬᠠᠭᠤᠯᠵᠤ ᠲᠠᠶ᠋ᠢᠯᠪᠤᠷᠢᠯᠠᠨ᠂ ᠲᠦᠷᠦᠭᠦᠯᠡᠨ ᠭᠦᠢ᠍ᠴᠡᠳᠭᠡᠵᠦ᠂ ᠪᠤᠳᠠᠳᠠᠢ᠎ᠲᠠᠢ ᠨᠢᠬᠳᠠ ᠤᠶᠠᠯᠳᠤᠭᠤᠯᠤᠨ ᠲᠤᠭᠤᠰᠢᠯᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠳᠤᠷ ᠠᠳᠬᠤᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
2020 ᠣᠨ᠎ᠤ ᠥᠪᠥᠷ ᠮᠣᠩᠭᠣᠯ᠎ᠤᠨ ᠬᠥᠯ ᠪᠥᠮᠪᠥᠭᠡ ᠵᠢᠨ ᠦᠪᠡᠳᠡᠭᠰᠢ ᠶᠣᠰᠣᠯᠠᠯ ᠶᠠᠪᠤᠭᠳᠠᠪᠠ
ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠦᠷᠭᠡᠳᠭᠡᠭᠰᠡᠨ ᠬᠤᠷᠠᠯ ᠬᠢᠵᠦ ᠶᠡᠷᠦᠩᠭᠡᠢ ᠱᠦᠵᠢ ᠰᠢ ᠵᠢᠨ ᠫᠢᠩ᠎ᠤᠨ ᠠᠷᠪᠡᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠥᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠡᠨ ᠵᠦᠪᠯᠡᠬᠦ᠎ᠳᠤ ᠤᠷᠤᠯᠴᠠᠬᠤ ᠦᠶ᠎ᠠ ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠪᠠ ᠱ᠌ᠢ᠎ᠲᠠᠢ ᠹᠧᠩ ᠬᠤᠷᠠᠯ᠎ᠢ ᠡᠷᠬᠢᠯᠡᠵᠡᠢ
ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠬᠣᠶᠠᠷ ᠵᠦᠢ᠍ᠯ᠎ᠤᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠤᠷᠤᠨ᠎ᠤ ᠲᠠᠮᠢᠷᠴᠢᠨ 12 ᠠᠯᠲᠠᠨ ᠮᠧᠳᠠᠯ 9 ᠮᠥᠩᠭᠥᠨ ᠮᠧᠳᠠᠯ 9 ᠬᠦᠷᠡᠯ ᠮᠧᠳᠠᠯ ᠣᠯᠵᠠᠶ 
ᠪᠥᠬᠥ ᠤᠯᠤᠰ᠎ᠤᠨ ᠪᠣᠯᠣᠳ ᠵᠢᠶᠠᠰᠠᠲᠤ ᠴᠠᠰᠤᠨ ᠲᠡᠷᠭᠡᠨ᠎ᠤ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠤᠨ᠎ᠤ ᠲᠠᠮᠢᠷᠴᠢᠨ ᠵᠣᠣ ᠳ᠋ᠠᠨ ᠠᠯᠲᠠᠨ ᠮᠧᠳᠠᠯ ᠠᠪᠤᠪᠠ
ᠲᠠᠨ ᠵᠢᠩ ᠹᠸᠩ ᠲᠤᠪᠴᠢᠶᠠᠨ ᠲᠠᠷᠤᠭ᠎ᠠ ᠳᠤᠮᠳᠠᠳᠤ ᠤᠯᠤᠰ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠬᠤᠪᠢᠶᠠᠷᠢ ᠪᠠᠩᠬᠢ ᠵᠢᠨ ᠳᠠᠷᠤᠭ᠎ᠠ ᠬᠣ᠌ ᠸᠸᠨ ᠶᠦᠩ᠎ᠲᠠᠢ ᠠᠭᠤᠯᠵᠠᠪᠠ
 
            