ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2020 ᠣᠨ᠎ᠤ ᠥᠪᠥᠷ ᠮᠣᠩᠭᠣᠯ᠎ᠤᠨ ᠬᠥᠯ ᠪᠥᠮᠪᠥᠭᠡ ᠵᠢᠨ ᠦᠪᠡᠳᠡᠭᠰᠢ ᠶᠣᠰᠣᠯᠠᠯ ᠶᠠᠪᠤᠭᠳᠠᠪᠠ
ᠨᠡᠶ᠋ᠢᠲᠡᠯᠡᠭᠰᠡᠨ ᠴᠠᠭ᠄ 2021-03-16



    3 ᠰᠠᠷ᠎ᠠ ᠵᠢᠨ 14᠎ᠤ ᠡᠳᠦᠷ᠂ 2020 ᠣᠨ᠎ᠤ ᠥᠪᠥᠷ ᠮᠣᠩᠭᠣᠯ᠎ᠤᠨ ᠬᠥᠯ ᠪᠥᠮᠪᠥᠭᠡ ᠵᠢᠨ ᠦᠪᠡᠳᠡᠭᠰᠢ ᠶᠣᠰᠣᠯᠠᠯ ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ ᠲᠠᠨ ᠵᠢᠩ ᠹᠧᠩ᠂ ᠲᠣᠪᠴᠢᠶ᠎ᠠ ᠵᠢᠨ ᠳᠡᠳ᠋ ᠳᠠᠷᠤᠭ᠎ᠠ ᠵᠠᠩ ᡁᠢ ᠠᠵᠢᠯᠯᠠᠭ᠎ᠠ᠎ᠳᠤ ᠣᠷᠣᠯᠴᠠᠵᠠᠶ᠃
    ᠲᠣᠰ ᠬᠤᠭᠤᠴᠠᠭ᠋ᠠᠨ᠎ᠤ ᠥᠪᠥᠷ ᠮᠣᠩᠭᠣᠯ᠎ᠤᠨ ᠬᠥᠯ ᠪᠥᠮᠪᠥᠭᠡ ᠵᠢᠨ ᠦᠪᠡᠳᠡᠭᠰᠢ ᠶᠣᠰᠣᠯᠠᠯ᠎ᠨᠢ 《ᠰᠡᠳᠬᠢᠯ ᠨᠢᠭᠡᠳᠦᠨ ᠬᠦᠰᠡᠯ ᠵᠡᠭᠦᠳᠦ᠎ᠪᠠᠨ ᠲᠡᠷᠭᠡᠯᠰᠢᠭᠦᠯᠬᠦ᠂ ᠠᠶᠠᠨ᠎ᠳᠠᠭᠠᠨ ᠳᠠᠬᠢᠨ ᠮᠣᠷᠳᠠᠬᠤ》᠎ᠪᠠᠷ ᠭᠣᠤᠯ ᠰᠡᠳᠦᠪ ᠪᠣᠯᠭ᠋ᠠᠵᠤ᠂ 3 ᠪᠦᠯᠦᠭ ᠬᠤᠪᠢᠶᠠᠵᠤ᠂ ᠥᠪᠥᠷ ᠮᠣᠩᠭᠣᠯ᠎ᠤᠨ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠡᠯᠪᠡᠭ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠳᠡᠯᠭᠡᠨ ᠦᠵᠡᠭᠦᠯᠵᠡᠶ᠃


    2014 ᠣᠨ᠎ᠳᠤ ᠪᠥᠬᠥ ᠤᠯᠤᠰ᠎ᠤᠨ ᠠᠩᠬᠠᠳᠠᠭᠴᠢ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠲᠤᠷᠰᠢᠯᠲᠠ ᠵᠢᠨ ᠮᠤᠵᠢ ᠣᠷᠣᠨ ᠵᠶ᠋ᠠᠷ ᠲᠣᠭᠳᠠᠭ᠋ᠠᠭᠳᠠᠭᠰᠠᠨ᠎ᠠᠴᠠ ᠨᠠᠰᠢ᠂ ᠥᠪᠥᠷ ᠮᠣᠩᠭᠣᠯ᠎ᠤᠨ ᠬᠥᠯ ᠪᠥᠮᠪᠥᠭᠡ ᠵᠢᠨ ᠥᠭᠡᠷᠡᠴᠢᠯᠡᠯᠲᠡ᠎ᠨᠢ ᠲᠥᠯᠥᠪᠵᠢᠭᠦᠯᠭᠡ ᠵᠢᠨ ᠰᠢᠰᠲ᠋ᠧᠮᠵᠢ᠂ ᠬᠣᠯᠪᠣᠭ᠋ᠠᠲᠤ ᠤᠷᠤᠯᠳᠤᠭ᠋ᠠᠨ᠎ᠤ ᠰᠢᠰᠲ᠋ᠧᠮᠵᠢ᠂ ᠴᠢᠳᠠᠪᠤᠷᠢᠲᠠᠨ᠎ᠤ ᠰᠢᠰᠲ᠋ᠧᠮᠵᠢ᠂ ᠠᠵᠢᠯ ᠮᠡᠷᠭᠡᠵᠢᠯ᠎ᠤᠨ ᠡᠩᠨᠡᠭᠡ᠂ ᠵᠠᠷᠤᠳᠠᠯ᠎ᠤᠨ ᠪᠠᠲᠤᠯᠠᠭ᠎ᠠ ᠪᠠ ᠬᠥᠯ ᠪᠥᠮᠪᠥᠭᠡ ᠵᠢᠨ ᠰᠣᠶᠣᠯ ᠵᠡᠷᠭᠡ 6 ᠲᠠᠯ᠎ᠠ᠎ᠪᠠᠷ 《0》᠎ᠠᠴᠠ 《1》 ᠬᠦᠷᠲᠡᠯᠡᠬᠢ ᠴᠢᠬᠤᠯᠠ ᠶᠡᠬᠡ ᠰᠢᠪᠲᠤᠯᠤᠯᠲᠠ ᠵᠢ ᠪᠡᠶᠡᠯᠡᠭᠦᠯᠪᠡ᠃ ᠤᠯᠤᠰ᠎ᠤᠨ ᠤᠮᠠᠷᠠᠲᠤ ᠵᠢᠨ ᠬᠥᠯ ᠪᠥᠮᠪᠥᠭᠡ ᠵᠢᠨ ᠪᠣᠯᠪᠠᠰᠤᠷᠠᠯ᠎ᠤᠨ ᠰᠠᠭᠤᠷᠢᠨ ᠭᠠᠵᠠᠷ᠂ ᠤᠯᠤᠰ᠎ᠤᠨ ᠤᠮᠠᠷᠠᠲᠤ ᠵᠢᠨ ᠬᠥᠯ ᠪᠥᠮᠪᠥᠭᠡ ᠵᠢᠨ ᠵᠠᠯᠠᠭᠤᠴᠤᠳ ᠪᠠᠭ᠋ᠠᠴᠤᠳ᠎ᠤᠨ ᠵᠤᠰᠠᠯᠠᠩ᠎ᠤᠨ ᠠᠵᠢᠯᠯᠠᠭ᠋ᠠᠨ᠎ᠤ ᠰᠠᠭᠤᠷᠢᠨ ᠭᠠᠵᠠᠷ᠂ ᠥᠪᠥᠷ ᠮᠣᠩᠭᠣᠯ᠎ᠤᠨ ᠬᠥᠯ ᠪᠥᠮᠪᠥᠭᠡ ᠵᠢᠨ ᠬᠠᠶ᠋ᠢᠨᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ ᠵᠡᠷᠭᠡ ᠵᠢ ᠪᠠᠶ᠋ᠢᠭᠤᠯᠵᠤ᠂ 30 ᠬᠢᠯᠢ ᠵᠢᠨ ᠬᠣᠰᠢᠭᠤ ᠰᠢᠶᠠᠨ᠎ᠳᠤ ᠪᠠᠷᠢᠮᠵᠢᠶᠠᠲᠤ ᠲᠠᠪᠤᠨ ᠬᠥᠮᠦᠨ᠎ᠤ ᠳᠦᠷᠢᠮᠲᠦ ᠬᠥᠯ ᠪᠥᠮᠪᠥᠭᠡ ᠵᠢᠨ ᠣᠷᠳᠣᠨ᠎ᠢ ᠪᠠᠶ᠋ᠢᠭᠤᠯᠪᠠ᠃ ᠪᠥᠬᠥ ᠣᠷᠣᠨ᠎ᠳᠤ ᠡᠯ᠎ᠡ ᠲᠥᠷᠥᠯ᠎ᠤᠨ ᠬᠥᠯ ᠪᠥᠮᠪᠥᠭᠡ ᠵᠢᠨ ᠲᠠᠯᠠᠪᠤᠷ ᠭᠠᠵᠠᠷ᠎ᠢ 3539 ᠪᠠᠶ᠋ᠢᠭᠤᠯᠵᠤ᠂ ᠲᠤᠷᠰᠢᠯᠲᠠ ᠵᠢᠨ ᠴᠡᠭ᠎ᠤᠨ ᠡᠬᠢᠨ᠎ᠤ ᠦᠶ᠎ᠡ ᠵᠢᠨ᠎ᠬᠢ᠎ᠠᠴᠠ 3 ᠳᠠᠬᠢᠨ ᠨᠡᠮᠡᠭᠳᠡᠪᠡ᠂ ᠡᠭᠦᠨ᠎ᠳᠤ ᠰᠢᠩᠭᠡᠯᠢᠭ ᠮᠠᠶᠢᠭ᠎ᠤᠨ ᠬᠥᠯ ᠪᠥᠮᠪᠥᠭᠡ ᠵᠢᠨ ᠲᠠᠯᠠᠪᠤᠷ 36 ᠪᠠᠶ᠋ᠢᠭᠰᠠᠨ᠎ᠠᠴᠠ᠎ᠪᠠᠨ 1168 ᠪᠣᠯᠤᠨ ᠨᠡᠮᠡᠭᠳᠡᠵᠦ᠂ 31 ᠳᠠᠬᠢᠨ ᠨᠡᠮᠡᠭᠳᠡᠪᠡ᠃ ᠴᠢᠳᠠᠪᠤᠷᠢᠲᠠᠨ᠎ᠤ ᠰᠠᠭᠤᠷᠢ ᠵᠢ ᠠᠩᠬ᠎ᠠ ᠠᠯᠬᠤᠮ ᠲᠠᠯᠪᠢᠵᠤ᠂ ᠨᠡᠢ᠍ᠢ᠍ᠲᠡ 11199 ᠰᠤᠷᠭ᠋ᠠᠭᠴᠢ ᠵᠢ ᠬᠥᠮᠦᠵᠢᠭᠦᠯᠵᠦ᠂ 4618 ᠬᠢᠨᠠᠭᠴᠢ ᠵᠢ ᠬᠥᠮᠦᠵᠢᠭᠦᠯᠪᠡ᠃   ᠣᠯᠠᠨ ᠲᠠᠰ ᠳᠠᠪᠬᠤᠷᠭ᠎ᠠ ᠵᠢᠨ ᠬᠥᠯ ᠪᠥᠮᠪᠥᠭᠡ ᠵᠢᠨ ᠵᠠᠯᠠᠭᠤᠴᠤᠳ ᠪᠠᠭ᠋ᠠᠴᠤᠳ᠎ᠤᠨ ᠪᠣᠯᠪᠠᠰᠤᠷᠠᠯ᠎ᠤᠨ ᠰᠢᠰᠲ᠋ᠧᠮ᠎ᠢ ᠪᠠᠢ᠌ᠭᠤᠯᠬᠤ ᠵᠢᠨ ᠲᠠᠭ᠋ᠠᠤ᠂ ᠳᠠᠩᠰᠠᠯᠠᠭᠤᠯᠤᠭᠰᠠᠨ ᠪᠥᠮᠪᠥᠭᠡᠴᠢᠨ ᠨᠡᠶ᠋ᠢᠲᠡ 11026 ᠬᠥᠮᠦᠨ ᠪᠠᠶ᠋ᠢᠵᠤ᠂ 191 ᠵᠠᠯᠠᠭᠤᠴᠤᠳ ᠪᠠᠭ᠋ᠠᠴᠤᠳ᠎ᠤᠨ ᠬᠥᠯ ᠪᠥᠮᠪᠥᠭᠡ ᠵᠢᠨ ᠺᠯᠦ᠋ᠪ᠎ᠢ ᠳᠠᠩᠰᠠᠯᠠᠭᠤᠯᠪᠠ᠃ ᠠᠵᠢᠯ ᠮᠡᠷᠭᠡᠵᠢᠯ᠎ᠤᠨ ᠬᠣᠯᠪᠣᠭ᠋ᠠᠲᠤ ᠤᠷᠤᠯᠳᠤᠭ᠋ᠠᠨ᠂ ᠳᠡᠰᠯᠡᠬᠦ ᠠᠵᠢᠯ ᠮᠡᠷᠭᠡᠵᠢᠯ᠎ᠤᠨ ᠬᠣᠯᠪᠣᠭ᠋ᠠᠲᠤ ᠤᠷᠤᠯᠳᠤᠭ᠋ᠠᠨ᠂ ᠠᠵᠢᠯᠲᠠᠨ ᠠᠵᠢᠯᠴᠢᠨ᠎ᠤ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ ᠪᠠ U ᠰᠢᠷᠢᠰ ᠵᠠᠯᠠᠭᠤᠴᠤᠳ ᠪᠠᠭ᠋ᠠᠴᠤᠳ᠎ᠤᠨ ᠬᠥᠯ ᠪᠥᠮᠪᠥᠭᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠤ ᠰᠢᠰᠲ᠋ᠧᠮᠵᠢ ᠵᠢ ᠪᠠᠶ᠋ᠢᠭᠤᠯᠵᠤ᠂ ᠤᠷᠤᠯᠳᠤᠭ᠋ᠠᠨ᠎ᠤ ᠬᠢᠷᠢ ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠪᠡ᠃ ᠥᠪᠥᠷ ᠮᠣᠩᠭᠣᠯ᠎ᠤᠨ ᠲᠠᠮᠢᠷᠴᠢᠳ 2019 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠥᠭᠡ ᠵᠢᠨ ᠤᠷᠤᠯᠳᠤᠭ᠋ᠠᠨ᠎ᠳᠤ 4 ᠠᠯᠲᠠᠨ ᠮᠧᠳᠠᠯ᠂ 2 ᠮᠥᠩᠭᠥᠨ ᠮᠧᠳᠠᠯ᠂ 2 ᠬᠦᠷᠡᠯ ᠮᠧᠳᠠᠯ ᠤᠯᠪᠠ᠃ ᠥᠪᠥᠷ ᠮᠣᠩᠭᠣᠯ᠎ᠤᠨ ᠲᠦᠷᠦᠭᠦᠯᠡᠨ ᠲᠣᠭᠲᠠᠭ᠋ᠠᠭᠰᠠᠨ 《ᠴᠠᠰᠤᠨ ᠳᠡᠭᠡᠷᠡᠬᠢ ᠬᠥᠯ ᠪᠥᠮᠪᠥᠭᠡ ᠵᠢᠨ ᠤᠷᠤᠯᠳᠤᠭ᠋ᠠᠨ᠎ᠤ ᠲᠦᠷᠢᠮ》᠎ᠢ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠲᠣᠭᠲᠠᠭ᠋ᠠᠭᠰᠠᠨ ᠪᠠᠷᠢᠮᠵᠢᠶ᠎ᠠ᠎ᠪᠠᠷ ᠳᠡᠩᠰᠡᠯᠡᠵᠦ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠴᠠᠰᠤᠨ ᠳᠡᠭᠡᠷᠡᠬᠢ ᠬᠥᠯ ᠪᠥᠮᠪᠥᠭᠡ ᠵᠢ ᠠᠩᠬ᠎ᠠ ᠤᠳᠠᠭ᠎ᠠ ᠵᠢᠩᠬᠢᠨᠢ ᠤᠷᠤᠯᠳᠤᠭ᠋ᠠᠨ᠎ᠤ ᠵᠦᠢ᠍ᠯ᠎ᠳᠤ ᠣᠷᠣᠭᠤᠯᠵᠤ᠂ ᠥᠪᠥᠷ ᠮᠣᠩᠭᠣᠯ᠎ᠤᠨ ᠲᠠᠮᠢᠷᠴᠢᠳ ᠤᠷᠤᠯᠳᠤᠭ᠋ᠠᠨ᠎ᠳᠤ ᠣᠷᠣᠯᠴᠠᠭ᠋ᠠᠳ 2 ᠠᠯᠲᠠᠨ ᠮᠧᠳᠠᠯ᠂ 1 ᠮᠥᠩᠭᠥᠨ ᠮᠧᠳᠠᠯ ᠣᠯᠵᠠᠶ᠃


    ᠬᠥᠯ ᠪᠥᠮᠪᠥᠭᠡ ᠵᠢᠨ ᠦᠪᠡᠳᠡᠭᠰᠢ ᠶᠣᠰᠣᠯᠠᠯ ᠳᠡᠭᠡᠷ᠎ᠡ ᠪᠠᠰᠠ ᠰᠢᠯᠢᠳᠡᠭ ᠬᠢᠨᠠᠭᠴᠢ᠂ ᠰᠢᠯᠢᠳᠡᠭ ᠰᠤᠷᠭ᠋ᠠᠭᠴᠢ᠂ ᠰᠢᠯᠢᠳᠡᠭ ᠣᠷᠣᠨ ᠨᠤᠲᠤᠭ᠎ᠤᠨ ᠨᠠᠷᠠᠲᠤ ᠲᠥᠷᠥᠯ ᠲᠡᠮᠳᠡᠭᠲᠦ ᠵᠢᠨ ᠤᠷᠤᠯᠳᠤᠭ᠋ᠠᠨ᠂ ᠰᠢᠯᠢᠳᠡᠭ ᠵᠠᠯᠠᠭᠤᠴᠤᠳ᠎ᠤᠨ ᠪᠣᠯᠪᠠᠰᠤᠷᠠᠯ᠎ᠤᠨ ᠨᠢᠭᠡᠴᠡ᠂ ᠰᠢᠯᠢᠳᠡᠭ ᠬᠥᠯ ᠪᠥᠮᠪᠥᠭᠡ ᠵᠢᠨ ᠺᠯᠦ᠋ᠪ᠂ ᠰᠢᠯᠢᠳᠡᠭ ᠤᠷᠤᠯᠳᠤᠭ᠋ᠠᠨ᠎ᠤ ᠲᠣᠭᠣᠷᠢᠭ᠂ ᠰᠢᠯᠢᠳᠡᠭ ᠬᠥᠯ ᠪᠥᠮᠪᠥᠭᠡ ᠵᠢᠨ ᠰᠣᠶᠣᠯ᠎ᠤᠨ ᠠᠵᠢᠯᠯᠠᠭ᠎ᠠ᠂ ᠰᠢᠯᠢᠳᠡᠭ ᠬᠥᠯ ᠪᠥᠮᠪᠥᠭᠡ ᠵᠢᠨ ᠣᠨᠴᠠᠯᠢᠭᠲᠤ ᠰᠤᠷᠭ᠋ᠠᠭᠤᠯᠢ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠢᠷᠡᠭᠡᠳᠦᠶ ᠵᠢᠨ ᠣᠳᠣᠨ᠂ ᠰᠢᠯᠢᠳᠡᠭ ᠬᠥᠯ ᠪᠥᠮᠪᠥᠭᠡ ᠵᠢᠨ ᠠᠵᠢᠯᠲᠠᠨ ᠵᠡᠷᠭᠡ 20 ᠱᠠᠩᠨᠠᠯ᠎ᠤᠨ ᠵᠦᠢ᠍ᠯ᠎ᠢ ᠣᠯᠭᠣᠵᠤ᠂ ᠥᠪᠥᠷ ᠮᠣᠩᠭᠣᠯ᠎ᠤᠨ ᠬᠥᠯ ᠪᠥᠮᠪᠥᠭᠡ ᠵᠢᠨ ᠠᠵᠢᠯ᠎ᠳᠤ ᠲᠣᠪᠣᠶ᠋ᠢᠮ᠎ᠠ ᠢᠯᠡᠷᠡᠯ᠎ᠲᠠᠢ ᠪᠠ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ᠎ᠤ ᠬᠠᠮᠲᠤ ᠨᠡᠶ᠋ᠢᠲᠡ ᠵᠢ ᠬᠥᠬᠢᠭᠦᠯᠦᠨ ᠰᠠᠶ᠋ᠢᠰᠢᠶᠠᠪᠠ᠃

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠦᠷᠭᠡᠳᠭᠡᠭᠰᠡᠨ ᠬᠤᠷᠠᠯ ᠬᠢᠵᠦ ᠶᠡᠷᠦᠩᠭᠡᠢ ᠱᠦᠵᠢ ᠰᠢ ᠵᠢᠨ ᠫᠢᠩ᠎ᠤᠨ ᠠᠷᠪᠡᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠥᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠡᠨ ᠵᠦᠪᠯᠡᠬᠦ᠎ᠳᠤ ᠤᠷᠤᠯᠴᠠᠬᠤ ᠦᠶ᠎ᠠ ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠪᠠ ᠱ᠌ᠢ᠎ᠲᠠᠢ ᠹᠧᠩ ᠬᠤᠷᠠᠯ᠎ᠢ ᠡᠷᠬᠢᠯᠡᠵᠡᠢ
ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠬᠣᠶᠠᠷ ᠵᠦᠢ᠍ᠯ᠎ᠤᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠤᠷᠤᠨ᠎ᠤ ᠲᠠᠮᠢᠷᠴᠢᠨ 12 ᠠᠯᠲᠠᠨ ᠮᠧᠳᠠᠯ 9 ᠮᠥᠩᠭᠥᠨ ᠮᠧᠳᠠᠯ 9 ᠬᠦᠷᠡᠯ ᠮᠧᠳᠠᠯ ᠣᠯᠵᠠᠶ 
ᠪᠥᠬᠥ ᠤᠯᠤᠰ᠎ᠤᠨ ᠪᠣᠯᠣᠳ ᠵᠢᠶᠠᠰᠠᠲᠤ ᠴᠠᠰᠤᠨ ᠲᠡᠷᠭᠡᠨ᠎ᠤ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠤᠨ᠎ᠤ ᠲᠠᠮᠢᠷᠴᠢᠨ ᠵᠣᠣ ᠳ᠋ᠠᠨ ᠠᠯᠲᠠᠨ ᠮᠧᠳᠠᠯ ᠠᠪᠤᠪᠠ
ᠲᠠᠨ ᠵᠢᠩ ᠹᠸᠩ ᠲᠤᠪᠴᠢᠶᠠᠨ ᠲᠠᠷᠤᠭ᠎ᠠ ᠳᠤᠮᠳᠠᠳᠤ ᠤᠯᠤᠰ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠬᠤᠪᠢᠶᠠᠷᠢ ᠪᠠᠩᠬᠢ ᠵᠢᠨ ᠳᠠᠷᠤᠭ᠎ᠠ ᠬᠣ᠌ ᠸᠸᠨ ᠶᠦᠩ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠤᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠵᠢᠨ ᠶᠡᠬᠡ ᠬᠤᠷᠠᠯ ᠬᠤᠷᠠᠯᠳᠤᠭᠤᠯᠪᠠ
 
            