ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠬᠣᠶᠠᠷ ᠵᠦᠢ᠍ᠯ᠎ᠤᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠤᠷᠤᠨ᠎ᠤ ᠲᠠᠮᠢᠷᠴᠢᠨ 12 ᠠᠯᠲᠠᠨ ᠮᠧᠳᠠᠯ 9 ᠮᠥᠩᠭᠥᠨ ᠮᠧᠳᠠᠯ 9 ᠬᠦᠷᠡᠯ ᠮᠧᠳᠠᠯ ᠣᠯᠵᠠᠶ 
ᠨᠡᠶ᠋ᠢᠲᠡᠯᠡᠭᠰᠡᠨ ᠴᠠᠭ᠄ 2021-03-17

    3 ᠰᠠᠷ᠎ᠠ ᠵᠢᠨ 8᠎ᠤ ᠡᠳᠦᠷ᠎ᠠᠴᠠ 15᠎ᠤ ᠡᠳᠦᠷ ᠪᠣᠯᠲᠠᠯ᠎ᠠ᠂ 2020- 2021 ᠣᠨ᠎ᠤ ᠤᠷᠤᠯᠳᠤᠭ᠋ᠠᠨ᠎ᠤ ᠤᠯᠠᠷᠢᠯ᠎ᠤᠨ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠬᠣᠶᠠᠷ ᠵᠦᠢ᠍ᠯ᠎ᠤᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ ᠤᠯᠠᠭ᠋ᠠᠨᠴᠠᠪ ᠬᠣᠲᠠ ᠵᠢᠨ ᠯᠢᠶᠠᠩᠴᠧᠩ ᠰᠢᠶᠠᠨ᠎ᠤ ᠲᠠᠭ᠎ᠠ ᠵᠢᠨ ᠨᠠᠭᠤᠷ᠎ᠤᠨ ᠣᠯᠠᠨ ᠤᠯᠤᠰ᠎ᠤᠨ ᠴᠠᠰᠤᠨ᠎ᠳᠤ ᠭᠤᠯᠭᠤᠬᠤ ᠲᠠᠯᠠᠪᠠᠶ᠎ᠳᠤ ᠶᠠᠪᠤᠭᠳᠠᠵᠤ᠂ ᠪᠥᠬᠥ ᠤᠯᠤᠰ᠎ᠤᠨ 14 ᠮᠤᠵᠢ ᠣᠷᠤᠨ ᠬᠣᠲᠠ ᠵᠢᠨ 19 ᠲᠥᠯᠥᠭᠡᠯᠡᠭᠴᠢᠳ᠎ᠤᠨ ᠠᠩᠭᠢ᠂ 137 ᠲᠠᠮᠢᠷᠴᠢᠨ ᠤᠷᠤᠯᠳᠤᠭ᠋ᠠᠨ᠎ᠳᠤ ᠣᠷᠣᠯᠴᠠᠪᠠ᠃ ᠮᠠᠨ᠎ᠤ ᠣᠷᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠡᠪᠦᠯ᠎ᠤᠨ ᠤᠯᠠᠷᠢᠯ᠎ᠤᠨ ᠲᠥᠷᠥᠯ ᠵᠦᠢ᠍ᠯ᠎ᠤᠨ ᠬᠥᠳᠡᠯᠭᠡᠭᠡᠨ᠎ᠤ ᠲᠥᠪ᠂ ᠬᠥᠯᠥᠨ ᠪᠣᠶ᠋ᠢᠷ ᠬᠣᠲᠠ᠂ ᠲᠦᠩᠯᠢᠶᠣᠤ ᠬᠣᠲᠠ᠂ ᠤᠯᠠᠭ᠋ᠠᠨᠴᠠᠪ ᠬᠣᠲᠠ ᠪᠣᠯᠤᠨ ᠪᠠᠶᠠᠨᠨᠠᠭᠤᠷ ᠬᠣᠲᠠ ᠵᠡᠷᠭᠡ 5 ᠲᠥᠯᠥᠭᠡᠯᠡᠭᠴᠢᠳ᠎ᠤᠨ ᠠᠩᠭᠢ᠂ 45 ᠲᠠᠮᠢᠷᠴᠢᠨ᠎ᠢ ᠲᠣᠮᠢᠯᠠᠨ ᠪᠥᠬᠥ ᠲᠥᠷᠥᠯ ᠵᠦᠢ᠍ᠯ᠎ᠤᠨ ᠤᠷᠤᠯᠳᠤᠭ᠋ᠠᠨ᠎ᠳᠤ ᠣᠷᠣᠯᠴᠠᠭᠤᠯᠵᠠᠶ᠃
    ᠬᠤᠷᠴᠠ ᠰᠢᠷᠦᠭᠦᠨ ᠥᠷᠢᠰᠥᠯᠳᠦᠭᠡᠨ ᠵᠶ᠋ᠠᠷ ᠳᠠᠮᠵᠢᠭ᠋ᠠᠳ᠂ ᠮᠠᠨ᠎ᠤ ᠤᠷᠤᠨ 12 ᠠᠯᠲᠠᠨ ᠮᠧᠳᠠᠯ᠂ 9 ᠮᠥᠩᠭᠥᠨ ᠮᠧᠳᠠᠯ᠂ 9 ᠬᠦᠷᠡᠯ ᠮᠧᠳᠠᠯ ᠣᠯᠵᠠᠶ  ᠃ ᠲᠣᠰ ᠤᠳᠠᠭ᠋ᠠᠨ᠎ᠤ ᠤᠷᠤᠯᠳᠤᠭ᠋ᠠᠨ᠎ᠳᠤ ᠨᠢᠭᠡ ᠪᠦᠯᠦᠭ ᠵᠠᠯᠠᠭᠤ ᠲᠠᠮᠢᠷᠴᠢᠨ ᠴᠣᠯᠭᠣᠷᠠᠨ ᠭᠠᠷᠪᠠ᠃ ᠪᠠᠶᠠᠨᠨᠠᠭᠤᠷ ᠬᠤᠳᠠ᠎ᠠᠴᠠ ᠢᠷᠡᠭᠰᠡᠨ ᠵᠠᠯᠠᠭᠤ ᠲᠠᠮᠢᠷᠴᠢᠨ ᠯᠢ ᠵᠢᠶᠠ ᠷᠦᠩ᠂ ᠳ᠋ᠢᠩ ᠢᠦᠢ ᠬᠤᠸᠠᠨ ᠰᠢᠯᠢᠳᠡᠭ ᠪᠦᠳᠦᠮᠵᠢ ᠭᠠᠷᠭ᠋ᠠᠵᠦ᠂ ᠯᠢ ᠵᠢᠶᠠ ᠷᠦᠩ ᠤᠷᠤᠯᠳᠤᠭ᠋ᠠᠨ᠎ᠤ ᠪᠤᠢ ᠪᠦᠬᠦᠢ ᠡᠮᠡᠭᠲᠡᠶ᠋ᠢᠴᠦᠳ᠎ᠤᠨ ᠬᠤᠪᠢ ᠬᠥᠮᠦᠨ᠎ᠤ ᠲᠦᠷᠦᠯ ᠵᠦᠢ᠍ᠯ᠎ᠤᠨ ᠠᠯᠳᠠᠨ ᠮᠧᠳᠠᠯ᠎ᠢ ᠣᠯᠵᠤ᠂ ᠳ᠋ᠢᠩ ᠢᠦᠢ ᠬᠤᠸᠠᠨ ᠨᠠᠰᠤᠨ᠎ᠳᠤ ᠬᠦᠷᠦᠭᠰᠡᠨ ᠡᠮᠡᠭᠲᠡᠶ᠋ᠢᠴᠦᠳ᠎ᠤᠨ 15 ᠺᠢᠯᠣᠮᠧᠲᠷ᠎ᠤᠨ ᠬᠤᠪᠢ ᠬᠥᠮᠦᠨ᠎ᠤ ᠤᠷᠤᠯᠳᠤᠭ᠋ᠠᠨ᠎ᠳᠤ ᠮᠠᠩᠯᠠᠶ᠋ᠢᠯᠠᠪᠠ᠃ ᠬᠠᠮᠤᠭ ᠰᠡᠭᠦᠯᠴᠢ ᠵᠢᠨ ᠤᠷᠤᠯᠳᠤᠭ᠋ᠠᠨ᠎ᠤ ᠡᠳᠦᠷ᠎ᠲᠤ᠂ ᠮᠠᠨ᠎ᠤ ᠣᠷᠤᠨ᠎ᠤ ᠲᠠᠮᠢᠷᠴᠢᠳ ᠰᠠᠯᠬᠢ ᠰᠢᠭᠤᠷᠭ᠎ᠠ᠎ᠠᠴᠠ ᠠᠶᠤᠬᠤ ᠦᠭᠡᠢ ᠡᠷᠡᠯᠬᠡᠭᠯᠡᠨ ᠲᠡᠮᠡᠴᠡᠵᠣ᠂ ᠴᠦ᠋ ᠶᠤᠸᠠᠨ ᠮᠧᠩ᠂ ᠳ᠋ᠢᠩ ᠢᠦᠶ ᠬᠤᠸᠠᠨ᠂ ᡂᠢ ᠶᠠᠨ ᠮᠢᠨ᠂ ᠯᠢ ᠰᠢᠶᠠᠩ ᠨᠠᠷ ᠵᠶ᠋ᠠᠷ ᠪᠦᠷᠢᠯᠳᠦᠭᠰᠡᠨ ᠪᠤᠤᠬᠢᠶ᠎ᠠ ᠠᠩᠭᠢ ᠡᠮᠡᠭᠲᠡᠶ ᠵᠢᠨ ᠨᠠᠰᠤᠨ᠎ᠳᠤ ᠬᠦᠷᠦᠭᠰᠡᠨ ᠳᠣᠭᠤᠢ᠌ᠯᠠᠩ᠎ᠤᠨ 4 x 6 ᠺᠢᠯᠣᠮᠧᠲᠷ᠎ᠤᠨ ᠣᠷᠤᠯᠳᠤᠭ᠋ᠠᠨ᠎ᠳᠤ ᠮᠠᠩᠯᠠᠢ᠌ᠯᠠᠵᠤ᠂ ᠤᠯᠠᠨ᠎ᠤ ᠠᠩᠬᠠᠷᠤᠯ᠎ᠢ ᠲᠠᠳᠠᠵᠦ ᠪᠠᠢ᠌ᠭᠰᠠᠨ ᠨᠢᠭᠡ ᠠᠯᠲᠠᠨ ᠮᠧᠳᠠᠯ᠎ᠢ ᠣᠯᠵᠠᠶ᠃      


ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠥᠬᠥ ᠤᠯᠤᠰ᠎ᠤᠨ ᠪᠣᠯᠣᠳ ᠵᠢᠶᠠᠰᠠᠲᠤ ᠴᠠᠰᠤᠨ ᠲᠡᠷᠭᠡᠨ᠎ᠤ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠤᠨ᠎ᠤ ᠲᠠᠮᠢᠷᠴᠢᠨ ᠵᠣᠣ ᠳ᠋ᠠᠨ ᠠᠯᠲᠠᠨ ᠮᠧᠳᠠᠯ ᠠᠪᠤᠪᠠ
ᠲᠠᠨ ᠵᠢᠩ ᠹᠸᠩ ᠲᠤᠪᠴᠢᠶᠠᠨ ᠲᠠᠷᠤᠭ᠎ᠠ ᠳᠤᠮᠳᠠᠳᠤ ᠤᠯᠤᠰ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠬᠤᠪᠢᠶᠠᠷᠢ ᠪᠠᠩᠬᠢ ᠵᠢᠨ ᠳᠠᠷᠤᠭ᠎ᠠ ᠬᠣ᠌ ᠸᠸᠨ ᠶᠦᠩ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠤᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠵᠢᠨ ᠶᠡᠬᠡ ᠬᠤᠷᠠᠯ ᠬᠤᠷᠠᠯᠳᠤᠭᠤᠯᠪᠠ
ᠬᠥᠬᠡᠬᠣᠲᠠ ᠵᠢᠨ ᠠᠯᠬᠤᠭ᠎ᠠ ᠤᠷᠤᠯᠳᠤᠭ᠋ᠠᠨ᠎ᠤ ᠲᠥᠷᠥᠯ ᠵᠦᠢ᠍ᠯ᠎ᠤᠨ ᠪᠠᠭᠰᠢ ᠵᠢᠨ ᠬᠦᠴᠦᠨ᠎ᠤ ᠪᠣᠯᠪᠠᠰᠤᠷᠠᠯ᠎ᠤᠨ ᠠᠩᠭᠢ ᠡᠷᠬᠢᠯᠡᠪᠡ
ᠴᠠᠰᠤ ᠮᠥᠰᠤᠨ᠎ᠤ ᠬᠥᠳᠡᠯᠭᠡᠭᠡᠨ ᠵᠢᠩᠭᠢᠨᠢ ᠠᠩᠭᠢ ᠵᠢᠨ ᠳᠤᠰᠬᠠᠢ ᠮᠡᠷᠭᠡᠵᠢᠯ ᠵᠶ᠋ᠠᠷ ᠠᠩᠬ᠎ᠠ ᠰᠤᠩᠭᠤᠬᠳᠠᠯ᠎ᠠ
 
            