ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠦᠮᠪᠦᠭᠡᠨ᠎ᠤ ᠲᠥᠷᠥᠯ᠎ᠤᠨ ᠪᠡᠶ᠎ᠠ ᠵᠢᠨ ᠲᠠᠮᠢᠷ᠎ᠤᠨ ᠬᠥᠭᠵᠢᠯᠲᠡ ᠵᠢ ᠰᠤᠳᠤᠯᠤᠨ ᠶᠠᠷᠢᠯᠴᠠᠬᠤ ᠬᠤᠷᠠᠯ ᠬᠢᠪᠡ
ᠨᠡᠶ᠋ᠢᠲᠡᠯᠡᠭᠰᠡᠨ ᠴᠠᠭ᠄ 2021-03-19

    ᠤᠢ᠍ᠢ᠍ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠪᠥᠮᠪᠥᠭᠡᠨ᠎ᠤ ᠲᠥᠷᠥᠯ᠎ᠤᠨ ᠪᠡᠶ᠎ᠠ ᠵᠢᠨ ᠲᠠᠮᠢᠷ᠎ᠤᠨ ᠬᠥᠭᠵᠢᠯᠲᠡ ᠵᠢ ᠰᠤᠳᠤᠯᠤᠨ ᠶᠠᠷᠢᠯᠴᠠᠬᠤ ᠬᠤᠷᠠᠯ ᠬᠢᠪᠠ᠃
    ᠬᠥᠯ ᠪᠥᠮᠪᠦᠭᠡ᠂ ᠰᠠᠬᠰᠤᠨ ᠪᠥᠮᠪᠦᠭᠡ᠂ ᠠᠯᠠᠭ᠋ᠠᠳᠠᠬᠤ ᠪᠥᠮᠪᠦᠭᠡ ᠵᠡᠷᠭᠡ ᠪᠥᠮᠪᠥᠭᠡᠨ᠎ᠤ ᠲᠥᠷᠥᠯ᠎ᠤᠨ ᠪᠡᠶ᠎ᠠ ᠵᠢᠨ ᠲᠠᠮᠢᠷ᠎ᠤᠨ ᠬᠥᠭᠵᠢᠯᠲᠡ ᠵᠢᠨ ᠵᠢᠮ᠎ᠡ ᠶᠣᠰᠣ᠎ᠨᠢ ᠪᠤᠰᠤᠳ ᠤᠷᠤᠯᠳᠤᠭ᠋ᠠᠨ᠎ᠤ ᠲᠥᠷᠥᠯ᠎ᠠᠴᠠ ᠢᠯᠭ᠋ᠠᠬᠳᠠᠳᠠᠬ᠃ ᠬᠤᠷᠠᠯ᠎ᠠᠴᠠ᠂ ᠥᠪᠡᠷᠳᠡᠭᠡᠨ ᠵᠠᠰᠠᠬᠤ ᠤᠷᠤᠨ᠎ᠤ ᠪᠡᠶ᠎ᠠ ᠵᠢᠨ ᠲᠠᠮᠢᠷ᠎ᠤᠨ ᠲᠤᠪᠴᠢᠶ᠎ᠠ ᠵᠢᠨ ᠪᠥᠮᠪᠥᠬᠡᠨ᠎ᠤ ᠲᠥᠷᠥᠯ᠎ᠤᠨ ᠪᠡᠶ᠎ᠠ ᠵᠢᠨ ᠲᠠᠮᠢᠷ᠎ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠤᠯᠠᠮᠵᠢᠯᠠᠯᠲᠤ ᠣᠨᠴᠠᠯᠢᠭᠲᠤ ᠰᠤᠷᠭ᠋ᠠᠭᠤᠯᠢ ᠵᠢ ᠬᠠᠷᠢᠯᠴᠠᠨ ᠵᠣᠯᠭ᠋ᠠᠭᠤᠯᠤᠭᠰᠠᠨ ᠰᠤᠷᠭ᠋ᠠᠭᠤᠯᠢ ᠳᠡᠪᠰᠢᠬᠦ ᠪᠠᠲᠤᠯᠠᠭ᠎ᠠ ᠵᠢᠨ ᠬᠠᠮᠤᠷᠬᠤ ᠰᠢᠰᠲ᠋ᠧᠮ᠎ᠢ ᠢᠳᠡᠪᠬᠢᠲᠡᠶ᠎ᠪᠠᠷ ᠪᠠᠶ᠋ᠢᠭᠤᠯᠵᠤ᠂ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ ᠲᠣᠤᠷ᠎ᠢ ᠨᠢᠭᠲᠠ ᠰᠦᠯᠵᠢᠵᠦ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ᠂ ᠪᠠᠭ᠋ᠠᠵᠢ ᠬᠡᠷᠡᠭᠰᠡᠯ ᠲᠣᠬᠢᠷᠠᠭᠤᠯᠬᠤ ᠵᠡᠷᠭᠡ ᠠᠵᠢᠯ᠎ᠢ ᠰᠠᠶ᠋ᠢᠲᠤᠷ ᠬᠢᠬᠦ ᠭᠡᠷᠡᠭᠳᠠᠢ; ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠳ ᠰᠤᠷᠭ᠋ᠠᠭᠤᠯᠢ᠂ ᠨᠡᠶ᠋ᠢᠭᠡᠮ᠎ᠤᠨ ᠬᠦᠴᠦᠨ᠎ᠯᠦᠭᠡ ᠬᠠᠮᠲᠤᠷᠠᠨ ᠥᠨᠳᠥᠷ ᠲᠦᠪᠰᠢᠨ ᠪᠥᠬᠦᠶ ᠪᠡᠶ᠎ᠡ ᠵᠢᠨ ᠲᠠᠮᠢᠷ᠎ᠤᠨ ᠠᠩᠭᠢ ᠵᠢ ᠪᠠᠶ᠋ᠢᠭᠤᠯᠵᠤ᠂ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠦᠨ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ᠎ᠢ ᠨᠠᠷᠢᠯᠢᠬ᠍ᠵᠢᠭᠤᠯᠤᠨ ᠲᠣᠭᠲᠠᠭ᠋ᠠᠬᠤ ᠭᠡᠷᠡᠭᠳᠠᠢ; ᠦᠷᠭᠦᠯᠵᠢᠯᠡᠨ ᠬᠥᠭᠵᠢᠬᠦᠯᠬᠦ ᠰᠡᠳᠬᠢᠴᠡ ᠵᠢ ᠪᠠᠷᠢᠮᠲᠠᠯᠠᠨ᠂ ᠪᠣᠯᠪᠠᠰᠤᠷᠠᠯ ᠪᠠ ᠤᠷᠤᠯᠳᠤᠭ᠋ᠠᠨ᠎ᠤ ᠬᠢᠷᠢ ᠬᠡᠮᠵᠢᠶ᠎ᠡ᠎ᠪᠠᠨ ᠲᠠᠰᠤᠷᠠᠯᠲᠠ ᠤᠢ᠍ᠭᠡᠢ ᠳᠡᠭᠡᠭᠰᠢᠯᠡᠭᠦᠯᠵᠦ᠂ ᠪᠥᠮᠪᠥᠭᠡᠨ᠎ᠤ ᠲᠥᠷᠥᠯ᠎ᠤᠨ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠤ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠤᠨ᠂ ᠨᠡᠩ ᠣᠯᠠᠨ ᠬᠥᠮᠦᠰ᠎ᠤᠨ ᠪᠥᠮᠪᠥᠭᠡᠨ᠎ᠤ ᠲᠥᠷᠥᠯ᠎ᠤᠨ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ ᠵᠢ ᠳᠠᠶ᠋ᠢᠴᠢᠯᠠᠵᠤ᠂ ᠴᠢᠯᠥᠭᠡᠲᠡᠶ᠎ᠪᠠᠷ ᠪᠡᠶ᠎ᠡ ᠵᠢᠨ ᠲᠠᠮᠢᠷ ᠡᠷᠬᠢᠯᠡᠬᠦ ᠡᠷᠴᠢᠮ ᠵᠶ᠋ᠠᠨ ᠨᠡᠮᠡᠭᠳᠡᠭᠦᠯᠦᠨ᠂ ᠪᠥᠮᠪᠥᠭᠡᠨ᠎ᠤ ᠲᠥᠷᠥᠯ᠎ᠤᠨ ᠪᠡᠶ᠎ᠠ ᠵᠢᠨ ᠲᠠᠮᠢᠷ᠎ᠤᠨ ᠨᠡᠶ᠋ᠢᠭᠡᠮᠴᠢᠯᠡᠭᠰᠡᠨ ᠬᠥᠭᠵᠢᠯᠲᠡ ᠵᠢ ᠠᠬᠢᠭᠤᠯᠬᠤ ᠭᠡᠷᠡᠭᠳᠠᠢ ᠭᠡᠵᠥ ᠵᠢᠭ᠋ᠠᠵᠥ ᠭᠠᠷᠭ᠋ᠠᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ 《ᠳᠣᠯᠣᠭ᠋ᠠᠨ ᠨᠢᠭᠡ》 ᠵᠢ ᠨᠠᠶ᠋ᠢᠳᠠᠪᠤᠷᠢᠵᠢᠭᠤᠯᠵᠤ ᠰᠤᠷᠭ᠋ᠠᠭᠤᠯᠢ ᠵᠢᠨ ᠪᠡᠶ᠎ᠡ ᠵᠢᠨ ᠲᠠᠮᠢᠷ ᠭᠤᠸ᠎ᠠ ᠰᠠᠶ᠋ᠢᠬᠠᠨ ᠬᠥᠳᠡᠯᠮᠦᠷᠢ ᠵᠢᠨ ᠬᠥᠮᠦᠵᠢᠯ᠎ᠢ ᠴᠢᠩᠭ᠋ᠠᠳᠬᠠᠨ᠎ᠠ
ᠮᠠᠨ᠎ᠤ ᠤᠷᠤᠨ ᠬᠥᠯ ᠪᠥᠮᠪᠦᠭᠡ ᠵᠢᠨ ᠰᠫᠤᠷᠲ᠎ᠤᠨ ᠱᠠᠳᠤᠯᠵᠢᠨ ᠡᠩᠨᠡᠭᠡᠨ᠎ᠤ ᠪᠠᠶ᠋ᠢᠭᠤᠯᠤᠯᠳᠠ ᠵᠢ ᠴᠢᠩᠭ᠋ᠠᠳᠬᠠᠵᠥ ᠪᠠᠶ᠋ᠢᠨ᠎ᠠ
ᠶᠠᠩ ᠵᠢᠶᠠ ᠢᠤᠢ ᠰᠢᠨ᠎ᠡ ᠳᠡᠯᠡᠬᠡᠶ ᠵᠢᠨ ᠲᠡᠮᠳᠡᠭᠯᠡᠯ᠎ᠢ ᠪᠢᠴᠢᠭᠯᠡᠵᠦ ᠲᠣᠣᠺᠢᠣ᠋ ᠵᠢᠨ ᠣᠯᠢᠮᠫᠢᠺ᠎ᠤᠨ ᠴᠤᠭᠯᠠᠭ᠋ᠠᠨ᠎ᠳᠤ ᠣᠷᠣᠯᠴᠠᠬᠤ ᠡᠷᠬᠡ ᠵᠢ ᠣᠯᠪᠠ
ᠭᠠᠳᠠᠭ᠋ᠠᠳᠤ ᠵᠢᠨ ᠦᠵᠡᠭᠴᠢᠳ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠲᠤᠬᠠᠢ ᠵᠢᠨ ᠲᠠᠯᠠᠪᠠᠢ᠎ᠳᠤ ᠦᠵᠡᠵᠤ ᠴᠢᠳᠠᠬᠤ ᠦᠬᠡᠢ ᠪᠤᠯᠵᠠᠢ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠤᠨ ᠬᠤᠷᠠᠯ ᠬᠤᠷᠠᠯᠳᠤᠭᠤᠯᠪᠠ
 
            