ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠮᠠᠨ᠎ᠤ ᠤᠷᠤᠨ 《ᠳᠣᠯᠣᠭ᠋ᠠᠨ ᠨᠢᠭᠡ》 ᠵᠢ ᠨᠠᠶ᠋ᠢᠳᠠᠪᠤᠷᠢᠵᠢᠭᠤᠯᠵᠤ ᠰᠤᠷᠭ᠋ᠠᠭᠤᠯᠢ ᠵᠢᠨ ᠪᠡᠶ᠎ᠡ ᠵᠢᠨ ᠲᠠᠮᠢᠷ ᠭᠤᠸ᠎ᠠ ᠰᠠᠶ᠋ᠢᠬᠠᠨ ᠬᠥᠳᠡᠯᠮᠦᠷᠢ ᠵᠢᠨ ᠬᠥᠮᠦᠵᠢᠯ᠎ᠢ ᠴᠢᠩᠭ᠋ᠠᠳᠬᠠᠨ᠎ᠠ
ᠨᠡᠶ᠋ᠢᠲᠡᠯᠡᠭᠰᠡᠨ ᠴᠠᠭ᠄ 2021-03-22

    ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ ᠪᠠ ᠬᠦᠳᠡᠯᠮᠤᠷᠢ ᠵᠢᠨ ᠬᠥᠮᠦᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠳᠤᠮᠳᠠᠳᠤ ᠪᠠᠭ᠎ᠠ ᠰᠤᠷᠭ᠋ᠠᠭᠤᠯᠢ᠎ᠳᠤ ᠡᠳᠦᠷ ᠪᠦᠷᠢ ᠨᠢᠭᠡ ᠬᠢᠴᠢᠶᠡᠯ᠎ᠤᠨ ᠴᠠᠭ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ ᠬᠢᠵᠤ᠂ ᠭᠠᠷᠠᠭ ᠪᠦᠷᠢ ᠨᠢᠭᠡ ᠬᠢᠴᠢᠶᠡᠯ᠎ᠤᠨ ᠴᠠᠭ᠎ᠤᠨ ᠥᠪᠡᠷᠮᠢᠴᠡ ᠣᠨᠴᠠᠯᠢᠭ᠎ᠲᠠᠢ ᠪᠡᠶ᠎ᠡ ᠵᠢᠨ ᠲᠠᠮᠢᠷ᠎ᠤᠨ ᠬᠢᠴᠢᠶᠡᠯ ᠤᠷᠤᠭᠤᠯᠬᠤ; ᠭᠠᠷᠠᠭ ᠠᠯᠤᠰᠯᠠᠨ ᠨᠢᠭᠡ ᠬᠢᠴᠢᠶᠡᠯ᠎ᠤᠨ ᠴᠠᠭ᠎ᠤᠨ ᠤᠷᠠᠨ ᠪᠢᠴᠢᠯᠭᠡ ᠵᠢᠨ ᠬᠢᠴᠢᠶᠡᠯ ᠤᠷᠤᠵᠤ᠂ ᠠᠩᠭᠢ ᠪᠦᠷᠢ ᠨᠢᠭᠡ ᠨᠠᠶ᠋ᠢᠷᠠᠯ ᠳᠠᠭᠤᠤ ᠵᠢᠨ ᠪᠦᠯᠬᠦᠮ ᠪᠠᠶ᠋ᠢᠭᠤᠯᠤᠨ ᠭᠠᠷᠠᠭ ᠪᠦᠷᠢ ᠨᠠᠶ᠋ᠢᠷᠠᠯ ᠳᠠᠭᠤᠤ ᠵᠢᠨ ᠠᠵᠢᠯᠯᠠᠭ᠎ᠠ ᠡᠷᠬᠢᠯᠡᠬᠦ; ᠭᠠᠷᠠᠭ ᠪᠦᠷᠢ ᠨᠢᠬᠡ ᠤᠳᠠᠭ᠎ᠠ ᠬᠥᠳᠡᠯᠮᠦᠷᠢ ᠵᠢᠨ ᠬᠥᠮᠦᠵᠢᠯ᠎ᠤᠨ ᠬᠢᠴᠢᠶᠡᠯ ᠣᠷᠣᠵᠤ᠂ ᠰᠠᠷ᠎ᠠ ᠪᠦᠷᠢ ᠨᠢᠭᠡ ᠬᠥᠳᠡᠯᠮᠦᠷᠢ ᠵᠢᠨ ᠦᠢ᠍ᠯᠡᠳᠦᠯᠭᠡ ᠵᠢᠨ ᠡᠳᠦᠷ᠎ᠲᠠᠢ ᠪᠠᠶ᠋ᠢᠬᠤ 《ᠲᠤᠯᠤᠭ᠋ᠠᠨ ᠨᠢᠬᠡ》 ᠵᠢ ᠪᠦᠬᠦ ᠲᠠᠯ᠎ᠠ᠎ᠪᠠᠷ ᠨᠠᠶ᠋ᠢᠳᠠᠪᠦᠷᠢᠵᠢᠭᠤᠯᠵᠦ ᠡᠬᠢᠯᠡᠪᠡ᠃
    ᠮᠠᠨ᠎ᠤ ᠤᠷᠤᠨ ᠲᠤᠮᠳᠠᠳᠤ ᠪᠠᠭ᠎ᠠ ᠰᠤᠷᠭ᠋ᠠᠭᠤᠯᠢ ᠵᠢᠨ ᠳᠠᠮᠢᠷ᠎ᠤᠨ ᠬᠢᠴᠢᠶᠡᠯ᠎ᠤᠨ ᠴᠠᠭ᠎ᠢ ᠨᠡᠮᠡᠵᠦ᠂ ᠡᠳᠦᠷ ᠪᠦᠷᠢ 1 ᠬᠢᠴᠢᠶᠡᠯ᠎ᠤᠨ ᠴᠠᠭ᠎ᠤᠨ ᠳᠠᠮᠢᠷ᠎ᠤᠨ ᠪᠤᠯᠪᠠᠰᠤᠷᠠᠯ᠂ ᠭᠠᠷᠠᠭ ᠪᠦᠷᠢ ᠨᠢᠬᠡ ᠬᠢᠴᠢᠶᠡᠯ᠎ᠤᠨ ᠴᠠᠭ᠎ᠤᠨ ᠦᠪᠡᠷᠮᠢᠴᠡ ᠤᠨᠴᠠᠯᠢᠭ᠎ᠲᠠᠢ ᠳᠠᠮᠢᠷ᠎ᠤᠨ ᠬᠢᠴᠢᠶᠡᠯ ᠤᠷᠤᠬᠤ ᠵᠢ ᠪᠤᠳᠠᠳᠠᠶ᠋ᠢᠵᠢᠭᠤᠯᠵᠤ ᠪᠠᠶ᠋ᠢᠨ᠎ᠠ᠃ 2021 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ᠂ ᠨᠥᠬᠦᠴᠡᠯ᠎ᠲᠠᠢ ᠭᠠᠵᠠᠷ ᠣᠷᠣᠨ ᠪᠠ ᠰᠤᠷᠭ᠋ᠠᠭᠤᠯᠢ ᠵᠢᠨ ᠨᠢᠭᠡ᠎ᠠᠴᠠ ᠳᠣᠯᠣᠳᠤᠭ᠋ᠠᠷ ᠣᠨ᠎ᠳᠤ ᠣᠲᠣ ᠵᠢᠨ ᠬᠡᠷᠡᠭᠵᠢᠭᠦᠯᠵᠦ ᠪᠠᠶ᠋ᠢᠭ᠎ᠠ ᠭᠠᠷᠠᠭ ᠪᠦᠷᠢ 3 — 4 ᠪᠡᠶ᠎ᠡ ᠵᠢᠨ ᠲᠠᠮᠢᠷ᠎ᠤᠨ ᠬᠢᠴᠢᠶᠡᠯ᠎ᠤᠨ ᠴᠠᠭ᠂ ᠨᠠᠢ᠍ᠮᠠ ᠪᠠ ᠶᠢᠰᠦᠳᠦᠭᠡᠷ ᠣᠨ᠎ᠤ 2 — 3 ᠪᠡᠶ᠎ᠡ ᠵᠢᠨ ᠲᠠᠮᠢᠷ᠎ᠤᠨ ᠬᠢᠴᠢᠶᠡᠯ᠎ᠤᠨ ᠴᠠᠭ᠎ᠢ ᠡᠯ᠎ᠡ ᠣᠨ ᠨᠢᠬᠡᠴᠢ ᠭᠠᠷᠠᠭ ᠪᠦᠷᠢ ᠴᠦᠮ 5 ᠬᠢᠴᠢᠶᠡᠯ᠎ᠤᠨ ᠴᠠᠭ ᠪᠣᠯᠭ᠋ᠠᠨ ᠲᠤᠬᠢᠷᠠᠭᠤᠯᠵᠦ᠂ ᠡᠭᠦᠨ᠎ᠳᠤ ᠭᠠᠷᠠᠭ ᠪᠦᠷᠢ ᠨᠢᠭᠡ ᠤᠳᠠᠭ᠎ᠠ ᠬᠥᠯ ᠪᠥᠮᠪᠦᠭᠡ᠂ ᠳᠡᠭᠡᠰᠦ ᠦᠰᠦᠷᠬᠦ ᠵᠡᠷᠭᠡ ᠪᠤᠰᠤᠳ ᠵᠦᠢ᠍ᠯ᠎ᠤᠨ 《ᠨᠢᠭᠡ ᠰᠤᠷᠭ᠋ᠠᠭᠤᠯᠢ ᠨᠢᠭᠡ ᠲᠦᠷᠦᠯ ᠳᠡᠮᠳᠡᠭ》 ᠦᠪᠡᠷᠮᠢᠴᠡ ᠤᠨᠴᠠᠯᠢᠭ᠎ᠲᠠᠢ ᠪᠡᠶ᠎ᠡ ᠵᠢᠨ ᠲᠠᠮᠢᠷ᠎ᠤᠨ ᠬᠢᠴᠢᠶᠡᠯ᠎ᠢ ᠳᠤᠬᠢᠷᠠᠭᠤᠯᠵᠠᠢ᠃ ᠳᠠᠮᠢᠷ᠎ᠤᠨ ᠳᠠᠯᠠᠪᠠᠢ᠂ ᠪᠠᠭᠰᠢ ᠵᠢᠨ ᠬᠦᠴᠦᠨ ᠵᠡᠷᠬᠡ ᠲᠠᠯ᠎ᠠ᠎ᠪᠠᠷ ᠦᠨᠡᠨ ᠬᠦ᠌ ᠬᠦᠴᠢᠷᠳᠡᠯ᠎ᠲᠠᠢ ᠭᠠᠵᠠᠷ ᠣᠷᠣᠨ᠎ᠳᠤ 2 ᠵᠢᠯ᠎ᠤᠨ ᠰᠢᠯᠵᠢᠯᠲᠡ ᠵᠢᠨ ᠬᠤᠭᠤᠴᠠᠭ᠎ᠠ ᠦᠭᠴᠦ᠂ 2023 ᠣᠨ᠎ᠤ 8 ᠰᠠᠷ᠎ᠠ᠎ᠠᠴᠠ ᠡᠮᠤᠨ᠎ᠡ᠂ ᠭᠠᠷᠠᠭ ᠪᠦᠷᠢ 4 ᠬᠢᠴᠢᠶᠡᠯ᠎ᠤᠨ ᠴᠠᠭ᠎ᠤᠨ ᠲᠠᠮᠢᠷ᠎ᠤᠨ ᠬᠢᠴᠢᠶᠡᠯ᠎ᠢ ᠪᠠᠲᠤᠯᠠᠭᠰᠠᠨ ᠰᠠᠭᠤᠷᠢᠨ ᠳᠡᠭᠡᠷ᠎ᠡ ᠪᠤᠰᠤᠳ 1 ᠬᠢᠴᠢᠶᠡᠯ᠎ᠤᠨ ᠴᠠᠭ᠎ᠲᠤ ᠰᠡᠳᠬᠢᠴᠡ ᠵᠢᠨ ᠡᠷᠡᠭᠦᠯ ᠮᠡᠨᠳᠦ ᠪᠤᠶᠤ ᠪᠡᠶ᠎ᠡ ᠵᠢᠨ ᠲᠠᠮᠢᠷ᠎ᠤᠨ ᠦᠪᠡᠷᠮᠢᠴᠡ ᠤᠨᠴᠠᠯᠢᠭ᠎ᠲᠠᠢ ᠬᠥᠳᠡᠯᠭᠡᠭᠡᠨ᠎ᠤ ᠬᠢᠴᠢᠶᠡᠯ ᠲᠣᠬᠢᠷᠠᠭᠤᠯᠬᠤ ᠵᠢ ᠵᠦᠪᠰᠢᠶᠡᠷᠡᠪᠡ᠂ ᠭᠡᠪᠡᠴᠦ ᠰᠤᠷᠤᠭᠴᠢᠳ᠎ᠤᠨ ᠰᠤᠷᠭ᠋ᠠᠭᠤᠯᠢ᠎ᠳᠤ ᠪᠠᠶ᠋ᠢᠬᠤ ᠬᠤᠭᠤᠴᠠᠭ᠋ᠠᠨ᠎ᠳᠠᠬᠢ 1 ᠬᠢᠴᠢᠶᠡᠯ᠎ᠤᠨ ᠴᠠᠭ᠎ᠤᠨ ᠪᠡᠶ᠎ᠡ ᠵᠢᠨ ᠲᠠᠮᠢᠷ᠎ᠤᠨ ᠪᠤᠯᠪᠠᠰᠤᠷᠠᠯ᠎ᠢ ᠪᠠᠲᠤᠯᠠᠬᠤ ᠵᠢ ᠱᠠᠭ᠋ᠠᠷᠳᠠᠵᠦ ᠪᠤᠢ᠃
    ᠮᠠᠨ᠎ᠤ ᠤᠷᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ ᠣᠷᠣᠬᠤ ᠴᠠᠭ᠎ᠢ ᠦᠨᠡᠨ ᠬᠦ᠌ ᠪᠠᠲᠤᠯᠠᠵᠤ᠂ ᠭᠠᠷᠠᠭ ᠠᠯᠤᠰᠯᠠᠨ ᠨᠢᠭᠡ ᠬᠢᠴᠢᠶᠡᠯ᠎ᠤᠨ ᠴᠠᠭ᠎ᠤᠨ ᠤᠷᠠᠨ ᠪᠢᠴᠢᠯᠭᠡ ᠵᠢᠨ ᠬᠢᠴᠢᠶᠡᠯ ᠣᠷᠣᠵᠤ᠂ ᠠᠩᠭᠢ ᠪᠦᠷᠢ᠎ᠳᠤ ᠨᠢᠭᠡ ᠨᠠᠶ᠋ᠢᠷᠠᠯ ᠳᠠᠭᠤᠤ ᠵᠢᠨ ᠪᠦᠯᠬᠦᠮ᠎ᠲᠠᠢ ᠪᠠᠶ᠋ᠢᠵᠤ᠂ ᠭᠠᠷᠠᠭ ᠪᠦᠷᠢ ᠨᠢᠭᠡ ᠤᠳᠠᠭ᠎ᠠ ᠨᠠᠶ᠋ᠢᠷᠠᠯ ᠳᠠᠭᠤᠤ ᠵᠢᠨ ᠠᠵᠢᠯᠯᠠᠭ᠎ᠠ ᠥᠷᠨᠢᠭᠦᠯᠬᠦ᠎ᠪᠠᠷ ᠲᠤᠭᠳᠠᠵᠠᠢ᠃ ᠪᠠᠭ᠎ᠠ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠬᠢᠴᠢᠶᠡᠯ᠎ᠢ ᠭᠠᠷᠠᠭ ᠪᠦᠷᠢ ᠲᠣᠰ ᠲᠣᠰ 2 ᠬᠢᠴᠢᠶᠡᠯ᠎ᠤᠨ ᠴᠠᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠬᠢᠴᠢᠶᠡᠯ᠎ᠢ ᠭᠠᠷᠠᠭ ᠪᠦᠷᠢ ᠲᠣᠰ ᠲᠣᠰ 1 ᠬᠢᠴᠢᠶᠡᠯ᠎ᠤᠨ ᠴᠠᠭ ᠲᠤᠬᠢᠷᠠᠭᠤᠯᠵᠤ᠂ ᠡᠯ᠎ᠡ ᠰᠤᠷᠭ᠋ᠠᠭᠤᠯᠢ᠎ᠨᠤᠭᠤᠳ ᠠᠩᠭᠢ᠎ᠪᠠᠷ ᠨᠢᠭᠡᠴᠢ ᠪᠣᠯᠭ᠋ᠠᠨ ᠨᠠᠶ᠋ᠢᠷᠠᠯ ᠳᠠᠭᠤᠤ ᠵᠢᠨ ᠪᠦᠯᠬᠦᠮ ᠪᠠᠶ᠋ᠢᠭᠤᠯᠵᠤ᠂ ᠬᠢᠴᠢᠶᠡᠯ᠎ᠤᠨ ᠭᠠᠳᠠᠨᠠᠬᠢ ᠪᠠ ᠰᠤᠯᠠ ᠰᠡᠯᠡᠬᠦᠦ ᠴᠠᠭ᠎ᠢ ᠭᠦᠢ᠍ᠴᠡᠳ ᠠᠰᠢᠬᠯᠠᠨ ᠪᠠᠶ᠋ᠢᠩᠭᠤ ᠵᠢᠨ ᠴᠢᠨᠠᠷᠲᠠᠶ ᠨᠠᠶ᠋ᠢᠷᠠᠯ ᠳᠠᠭᠤᠤ ᠵᠢᠨ ᠤᠷᠠᠯᠢᠭ᠎ᠤᠨ ᠰᠤᠷᠤᠯᠴᠠᠯᠭ᠎ᠠ ᠪᠠ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠵᠦ᠂ ᠭᠠᠷᠠᠭ ᠪᠦᠷᠢ ᠨᠢᠭᠡ ᠤᠳᠠᠭ᠎ᠠ ᠨᠠᠶ᠋ᠢᠷᠠᠯ ᠳᠠᠭᠤᠤ ᠵᠢᠨ ᠠᠵᠢᠯᠯᠠᠭ᠎ᠠ ᠥᠷᠨᠢᠭᠦᠯᠬᠦ ᠵᠢ ᠦᠨᠡᠨ ᠬᠦ᠌ ᠪᠠᠳᠤᠯᠠᠬᠤ ᠪᠤᠯᠤᠨ᠎ᠠ᠃ ᠡᠬᠦᠨ᠎ᠤ ᠬᠠᠮᠳᠤ ᠪᠠᠰᠠ ᠬᠥᠳᠡᠯᠮᠦᠷᠢ ᠵᠢᠨ ᠬᠦᠮᠦᠵᠢᠯ᠎ᠤᠨ ᠬᠢᠴᠢᠶᠡᠯ ᠨᠡᠮᠡᠵᠦ᠂ ᠭᠠᠷᠠᠭ᠎ᠲᠤ ᠨᠢᠭᠡ ᠤᠳᠠᠭ᠎ᠠ ᠬᠦᠳᠡᠯᠮᠦᠷᠢ ᠵᠢᠨ ᠬᠢᠴᠢᠶᠡᠯ ᠲᠤᠬᠢᠷᠠᠭᠤᠯᠤᠨ ᠰᠠᠷ᠎ᠠ ᠪᠦᠷᠢ ᠨᠢᠭᠡ ᠤᠳᠠᠭ᠎ᠠ ᠬᠥᠳᠡᠯᠮᠦᠷᠢ ᠵᠢᠨ ᠦᠢ᠍ᠯᠡᠳᠦᠯᠭᠡ ᠵᠢᠨ ᠡᠳᠦᠷ᠎ᠤᠨ ᠠᠵᠢᠯᠯᠠᠭ᠎ᠠ ᠵᠣᠬᠢᠶᠠᠨ ᠪᠠᠶ᠋ᠢᠭᠤᠯᠵᠤ᠂ 2021 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ ᠳᠤᠮᠳᠠᠳᠤ ᠪᠠᠭ᠎ᠠ ᠰᠤᠷᠭ᠋ᠠᠭᠤᠯᠢ ᠭᠠᠷᠠᠭ ᠪᠦᠷᠢ ᠨᠢᠭᠡ ᠬᠢᠴᠢᠶᠡᠯ᠎ᠤᠨ ᠴᠠᠭ ᠲᠣᠬᠢᠷᠠᠭᠤᠯᠵᠤ ᠬᠥᠳᠡᠯᠮᠦᠷᠢ ᠵᠢᠨ ᠬᠥᠮᠦᠵᠢᠯ ᠥᠷᠨᠢᠭᠦᠯᠬᠦ᠎ᠪᠠᠷ ᠲᠤᠭᠳᠠᠪᠠ᠃
    ᠮᠠᠨ᠎ᠤ ᠤᠷᠤᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ ᠪᠠ ᠬᠥᠳᠡᠯᠮᠦᠷᠢ ᠵᠢᠨ ᠬᠥᠮᠦᠵᠢᠯ᠎ᠤᠨ 《ᠲᠤᠯᠤᠭ᠋ᠠᠨ ᠨᠢᠭᠡ》 ᠵᠢ ᠪᠤᠳᠠᠳᠠᠢ᠎ᠳᠤ ᠨᠠᠶ᠋ᠢᠳᠠᠪᠤᠷᠢᠵᠢᠭᠤᠯᠬᠤ ᠵᠢ ᠪᠠᠳᠤᠯᠠᠬᠤ ᠵᠢᠨ ᠲᠦᠯᠦᠬᠡ ᠫᠠᠶ᠋ᠢᠰᠠ ᠡᠯᠭᠦᠨ ᠱᠠᠯᠠᠪᠳᠠᠭᠤᠯᠤᠨ ᠵᠢᠯᠣᠭᠤᠳᠴᠦ᠂ ᠡᠯ᠎ᠡ ᠰᠤᠷᠭ᠋ᠠᠭᠤᠯᠢ ᠵᠢᠨ᠎ᠬᠢᠨ᠎ᠤ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ᠂ ᠬᠦᠳᠡᠯᠮᠦᠷᠢ ᠵᠢᠨ ᠬᠦᠮᠦᠵᠢᠯ᠎ᠤᠨ ᠬᠢᠴᠢᠶᠡᠯ ᠨᠡᠬᠡᠬᠡᠬᠦ ᠵᠢ ᠴᠢᠩᠭ᠎ᠠ ᠱᠠᠭ᠋ᠠᠷᠳᠠᠨ᠂ 《ᠲᠤᠯᠤᠭ᠋ᠠᠨ ᠨᠢᠭᠡ》 ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠫᠠᠶ᠋ᠢᠰᠠ ᠡᠯᠭᠦᠨ ᠬᠢᠨᠠᠨ ᠵᠢᠯᠣᠭᠤᠳᠬᠤ ᠠᠭᠤᠯᠭ᠎ᠠ᠎ᠳᠤ ᠣᠷᠣᠭᠤᠯᠵᠤ᠂ ᠰᠤᠷᠤᠭᠴᠢ ᠵᠢᠨ ᠳᠠᠰᠬᠠᠯ ᠳᠠᠭ᠋ᠠᠭ᠋ᠠᠯᠭ᠋ᠠᠪᠤᠷᠢ᠂ ᠤᠨᠳᠠᠯᠭ᠎ᠠ᠂ ᠭᠠᠷ ᠤᠲᠠᠰᠤ᠂ ᠨᠣᠮ ᠪᠢᠴᠢᠭ ᠤᠩᠰᠢᠬᠤ ᠪᠠ ᠪᠡᠶ᠎ᠡ ᠮᠠᠬᠠᠪᠣᠳ᠎ᠤᠨ 《ᠲᠠᠪᠤᠨ ᠬᠠᠮᠢᠶᠠᠷᠤᠯᠲᠠ》᠎ᠲᠠᠢ ᠤᠶᠠᠯᠳᠤᠭᠤᠯᠵᠤ᠂ ᠣᠳᠣᠬᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ᠂ ᠬᠥᠳᠡᠯᠮᠦᠷᠢ ᠵᠢᠨ ᠬᠥᠮᠦᠵᠢᠯ᠎ᠤᠨ ᠠᠵᠢᠯ᠎ᠤᠨ ᠳᠤᠮᠳᠠ ᠤᠷᠤᠰᠢᠵᠤ ᠪᠠᠶ᠋ᠢᠭ᠎ᠠ ᠲᠠᠨᠢᠯᠲᠠ ᠲᠤᠳᠠᠮᠠᠬ᠂ ᠤᠷᠤᠯᠳᠤᠭ᠋ᠠᠨ᠎ᠢ ᠴᠢᠬᠤᠯᠠᠴᠢᠯᠠᠵᠤ ᠬᠢᠴᠢᠶᠡᠯ᠎ᠤᠨ ᠵᠢᠭ᠋ᠠᠨ ᠰᠤᠷᠭ᠋ᠠᠯᠳᠠ ᠵᠢ ᠬᠥᠩᠭᠡᠪᠴᠢᠯᠡᠬᠦ ᠵᠡᠷᠭᠡ ᠳᠤᠪᠤᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠪᠤᠢ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠡᠯ᠎ᠡ ᠰᠤᠷᠭ᠋ᠠᠭᠤᠯᠢ ᠵᠢᠨ 《ᠳᠣᠯᠣᠭ᠋ᠠᠨ ᠨᠢᠭᠡ》 ᠪᠠ 《ᠲᠠᠪᠤᠨ ᠬᠠᠮᠢᠶᠠᠷᠤᠯᠲᠠ》 ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ ᠵᠢᠨ ᠬᠠᠮᠲᠤ ᠬᠤᠯᠪᠣᠭᠳᠠᠯ ᠪᠦᠬᠦᠢ ᠪᠠᠶ᠋ᠢᠳᠠᠯ᠎ᠢ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠲᠣᠭᠲᠠᠴᠠ᠎ᠲᠠᠢ ᠤᠶᠠᠯᠳᠤᠭᠤᠯᠤᠨ ᠪᠦᠬᠦ ᠤᠷᠤᠨ᠎ᠳᠤ ᠵᠠᠷᠯᠠᠨ ᠨᠡᠶ᠋ᠢᠳᠡᠯᠡᠬᠦ ᠪᠤᠯᠤᠨ᠎ᠠ᠃

ᠢᠷᠡᠯᠲᠡ᠄ ᠲᠣᠮᠳᠠᠳᠤ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ ᠬᠥᠯ ᠪᠥᠮᠪᠦᠭᠡ ᠵᠢᠨ ᠰᠫᠤᠷᠲ᠎ᠤᠨ ᠱᠠᠳᠤᠯᠵᠢᠨ ᠡᠩᠨᠡᠭᠡᠨ᠎ᠤ ᠪᠠᠶ᠋ᠢᠭᠤᠯᠤᠯᠳᠠ ᠵᠢ ᠴᠢᠩᠭ᠋ᠠᠳᠬᠠᠵᠥ ᠪᠠᠶ᠋ᠢᠨ᠎ᠠ
ᠶᠠᠩ ᠵᠢᠶᠠ ᠢᠤᠢ ᠰᠢᠨ᠎ᠡ ᠳᠡᠯᠡᠬᠡᠶ ᠵᠢᠨ ᠲᠡᠮᠳᠡᠭᠯᠡᠯ᠎ᠢ ᠪᠢᠴᠢᠭᠯᠡᠵᠦ ᠲᠣᠣᠺᠢᠣ᠋ ᠵᠢᠨ ᠣᠯᠢᠮᠫᠢᠺ᠎ᠤᠨ ᠴᠤᠭᠯᠠᠭ᠋ᠠᠨ᠎ᠳᠤ ᠣᠷᠣᠯᠴᠠᠬᠤ ᠡᠷᠬᠡ ᠵᠢ ᠣᠯᠪᠠ
ᠭᠠᠳᠠᠭ᠋ᠠᠳᠤ ᠵᠢᠨ ᠦᠵᠡᠭᠴᠢᠳ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠲᠤᠬᠠᠢ ᠵᠢᠨ ᠲᠠᠯᠠᠪᠠᠢ᠎ᠳᠤ ᠦᠵᠡᠵᠤ ᠴᠢᠳᠠᠬᠤ ᠦᠬᠡᠢ ᠪᠤᠯᠵᠠᠢ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠲᠣᠭᠤᠷᠢᠨ ᠵᠢᠯᠣᠭᠤᠳᠬᠣ ᠳᠤᠭᠤᠢ᠌ᠯᠠᠩ᠎ᠤᠨ 12 ᠳ᠋ᠤᠭ᠋ᠠᠷ ᠳᠤᠭᠤᠶ᠋ᠢᠯᠠᠩ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠲᠡᠤᠬᠡ ᠵᠢᠨ ᠰᠣᠷᠣᠯᠴᠠᠯᠭ᠎ᠠ ᠬᠦᠮᠦᠵᠢᠯ᠎ᠤᠨ ᠠᠵᠢᠯ᠎ᠢ ᠵᠢᠯᠤᠭᠣᠳᠪᠠ
 
            