ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠮᠠᠨ᠎ᠤ ᠤᠷᠤᠨ ᠬᠥᠯ ᠪᠥᠮᠪᠦᠭᠡ ᠵᠢᠨ ᠰᠫᠤᠷᠲ᠎ᠤᠨ ᠱᠠᠳᠤᠯᠵᠢᠨ ᠡᠩᠨᠡᠭᠡᠨ᠎ᠤ ᠪᠠᠶ᠋ᠢᠭᠤᠯᠤᠯᠳᠠ ᠵᠢ ᠴᠢᠩᠭ᠋ᠠᠳᠬᠠᠵᠥ ᠪᠠᠶ᠋ᠢᠨ᠎ᠠ
ᠨᠡᠶ᠋ᠢᠲᠡᠯᠡᠭᠰᠡᠨ ᠴᠠᠭ᠄ 2021-03-22

    ᠥᠢ᠍ᠷ᠎ᠠ ᠵᠢᠨ ᠵᠢᠯ᠎ᠳᠤ ᠮᠠᠨ᠎ᠤ ᠤᠷᠤᠨ᠎ᠤ ᠪᠡᠶ᠎ᠠ ᠵᠢᠨ ᠲᠠᠮᠢᠷ᠎ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠬᠥᠯ ᠪᠥᠮᠪᠦᠭᠡ ᠵᠢᠨ ᠱᠠᠳᠤᠯᠵᠢᠨ ᠡᠩᠨᠡᠭᠡᠨ᠎ᠤ ᠪᠠᠶ᠋ᠢᠭᠤᠯᠤᠯᠳᠠ᠎ᠪᠠᠨ ᠴᠢᠩᠭ᠋ᠠᠳᠬᠠᠵᠥ ᠪᠤᠢ᠃
    ᠬᠦᠯ ᠪᠦᠮᠪᠦᠭᠡ ᠵᠢᠨ ᠰᠫᠤᠷᠲ ᠬᠢᠬᠡᠳ ᠰᠤᠷᠭ᠋ᠠᠨ ᠬᠥᠮᠦᠵᠢᠯ᠎ᠤᠨ ᠠᠭᠤᠰᠤᠯᠴᠠᠯ᠎ᠳᠤ ᠰᠢᠢ᠍ᠳᠪᠦᠷᠢᠯᠡᠬᠦ ᠴᠢᠬᠤᠯᠠᠲᠠᠶ ᠵᠦᠢ᠍ᠯ ᠪᠣᠯ ᠡᠩ᠎ᠤᠨ ᠰᠤᠷᠭ᠋ᠠᠭᠤᠯᠢ ᠵᠢᠨ ᠬᠡᠤᠬᠡᠳ ᠪᠤᠯᠤᠨ ᠺᠯᠦ᠋ᠪ᠎ᠤᠨ ᠱᠠᠲᠤᠯᠵᠢᠨ ᠡᠩᠨᠡᠭᠡᠨ᠎ᠤ ᠪᠦᠷᠢᠨ ᠪᠦᠲᠦᠨ ᠰᠢᠰᠲ᠋ᠧᠮ᠎ᠢ ᠪᠦᠷᠢᠯᠳᠦᠭᠦᠯᠬᠦ ᠶᠠᠪᠤᠳᠠᠯ ᠪᠣᠯᠤᠨ᠎ᠠ᠂ ᠬᠠᠮᠤᠭ᠎ᠤᠨ ᠴᠢᠬᠤᠯᠠ ᠶᠠᠪᠤᠳᠠᠯ ᠪᠣᠯ U ᠰᠢᠷᠢᠰ ᠤᠷᠤᠯᠳᠤᠭ᠋ᠠᠨ ᠪᠠ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠤᠷᠤᠯᠳᠤᠭ᠋ᠠᠨ᠎ᠤ ᠬᠤᠭᠤᠷᠣᠨᠳᠣᠬᠢ ᠵᠠᠭ᠋ᠠᠭ᠎ᠢ ᠡᠪᠳᠡᠬᠦ ᠶᠠᠪᠤᠳᠠᠯ ᠪᠣᠯᠤᠨ᠎ᠠ᠃ ᠪᠦᠬᠦ ᠤᠷᠤᠨ᠎ᠤ ᠡᠯ᠎ᠠ ᠬᠤᠰᠢᠭᠤ ᠰᠢᠶᠠᠨ (ᠬᠤᠲᠠ᠂ ᠲᠣᠭᠤᠷᠢᠭ) ᠬᠠᠷᠢᠶ᠎ᠠ ᠣᠷᠣᠨ᠎ᠤ ᠰᠤᠷᠭ᠋ᠠᠭᠤᠯᠢ᠎ᠨᠤᠭᠤᠳ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠵᠢᠱ᠌ᠢᠶ᠎ᠡ ᠦᠵᠡᠭᠦᠯᠬᠦ ᠰᠤᠷᠭ᠋ᠠᠭᠤᠯᠢ ᠪᠣᠯᠤᠨ ᠠᠵᠢᠯ᠎ᠤᠨ ᠴᠢᠯᠥᠭᠡᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠳᠤ ᠲᠦᠰᠢᠭᠯᠡᠨ ᠬᠤᠰᠢᠭᠤ ᠰᠢᠶᠠᠨ᠎ᠤ ᠱᠠᠲᠤᠨ᠎ᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠪᠣᠯᠪᠠᠰᠤᠷᠠᠯ᠎ᠤᠨ ᠬᠤᠸᠠᠷᠠᠨ᠎ᠢ ᠬᠠᠮᠲᠤ᠎ᠪᠠᠷ ᠪᠠᠶ᠋ᠢᠭᠤᠯᠵᠤ᠂ ᠬᠥᠯ ᠪᠥᠮᠪᠦᠭᠡ ᠵᠢᠨ ᠴᠢᠳᠠᠪᠤᠷᠢᠳᠠᠨ᠎ᠢ ᠬᠥᠮᠥᠵᠢᠬᠦᠯᠬᠦ ᠵᠢᠨ ᠬᠠᠮᠲᠤ ᠬᠤᠰᠢᠭᠤ ᠰᠢᠶᠠᠨ᠎ᠤ ᠱᠠᠲᠤᠨ᠎ᠤ ᠲᠥᠯᠥᠭᠡᠯᠡᠭᠴᠢ ᠵᠢᠨ ᠠᠩᠭᠢ ᠵᠢ ᠪᠠᠶ᠋ᠢᠭᠤᠯᠵᠥ ᠪᠤᠢ; ᠠᠶ᠋ᠢᠮᠠᠭ ᠬᠤᠲᠠ ᠵᠢᠨ ᠲᠡᠰ᠎ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠲᠣᠰ ᠱᠠᠲᠤᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠵᠢᠱ᠌ᠢᠶ᠎ᠡ ᠦᠵᠡᠭᠦᠯᠬᠦ ᠰᠤᠷᠭ᠋ᠠᠭᠤᠯᠢ ᠬᠢᠭᠡᠳ ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠳᠤ ᠲᠦᠰᠢᠭᠯᠡᠨ ᠠᠶ᠋ᠢᠮᠠᠭ ᠬᠤᠲᠠ ᠵᠢᠨ ᠱᠠᠲᠤᠨ᠎ᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠪᠣᠯᠪᠠᠰᠤᠷᠠᠯ᠎ᠤᠨ ᠰᠠᠭᠤᠷᠢᠨ᠎ᠢ ᠪᠠᠶ᠋ᠢᠭᠤᠯᠵᠤ᠂ ᠬᠥᠯ ᠪᠥᠮᠪᠦᠭᠡ ᠵᠢᠨ ᠠᠪᠢᠶᠠᠰ᠎ᠲᠠᠢ ᠰᠤᠷᠤᠭᠴᠢᠳ᠎ᠢ ᠬᠥᠮᠦᠵᠢᠭᠦᠯᠦᠨ᠂ ᠠᠶ᠋ᠢᠮᠠᠭ ᠬᠤᠲᠠ ᠵᠢᠨ ᠲᠥᠯᠥᠭᠡᠯᠡᠭᠴᠢ ᠵᠢᠨ ᠠᠩᠭᠢ ᠵᠢ ᠪᠠᠶ᠋ᠢᠭᠤᠯᠵᠥ ᠪᠤᠢ;
    ᠥᠪᠡᠷᠲᠡᠭᠡᠨ ᠵᠠᠰᠠᠬᠤ ᠣᠷᠣᠨ ᠪᠡᠶ᠎ᠠ ᠵᠢᠨ ᠲᠠᠮᠢᠷ᠎ᠤᠨ ᠲᠤᠪᠴᠢᠶ᠎ᠠ᠎ᠠᠴᠠ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠡᠬᠢ ᠪᠠᠶᠠᠯᠢᠭ᠎ᠤᠨ ᠨᠡᠷᠡᠶ᠋ᠢᠳᠦᠯ᠎ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠪᠣᠯᠪᠠᠰᠤᠷᠠᠯ᠎ᠤᠨ ᠲᠥᠪ᠎ᠢ ᠪᠠᠶ᠋ᠢᠭᠤᠯᠵᠤ᠂ ᠬᠥᠯ ᠪᠥᠮᠪᠦᠭᠡ ᠵᠢᠨ ᠠᠪᠢᠶᠠᠰ᠎ᠲᠠᠢ ᠰᠤᠷᠤᠭᠴᠢᠳ᠎ᠢ ᠬᠥᠮᠦᠵᠢᠭᠦᠯᠦᠨ᠂ ᠣᠷᠣᠨ᠎ᠤ ᠲᠡᠰ᠎ᠤᠨ ᠲᠥᠯᠥᠭᠡᠯᠡᠭᠴᠢ ᠵᠢᠨ ᠠᠩᠭᠢ ᠵᠢ ᠪᠠᠶ᠋ᠢᠭᠤᠯᠵᠥ ᠪᠤᠢ᠃

ᠢᠷᠡᠯᠲᠡ᠄ ᠲᠣᠮᠳᠠᠳᠣ ᠣᠯᠣᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠶᠠᠩ ᠵᠢᠶᠠ ᠢᠤᠢ ᠰᠢᠨ᠎ᠡ ᠳᠡᠯᠡᠬᠡᠶ ᠵᠢᠨ ᠲᠡᠮᠳᠡᠭᠯᠡᠯ᠎ᠢ ᠪᠢᠴᠢᠭᠯᠡᠵᠦ ᠲᠣᠣᠺᠢᠣ᠋ ᠵᠢᠨ ᠣᠯᠢᠮᠫᠢᠺ᠎ᠤᠨ ᠴᠤᠭᠯᠠᠭ᠋ᠠᠨ᠎ᠳᠤ ᠣᠷᠣᠯᠴᠠᠬᠤ ᠡᠷᠬᠡ ᠵᠢ ᠣᠯᠪᠠ
ᠭᠠᠳᠠᠭ᠋ᠠᠳᠤ ᠵᠢᠨ ᠦᠵᠡᠭᠴᠢᠳ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠲᠤᠬᠠᠢ ᠵᠢᠨ ᠲᠠᠯᠠᠪᠠᠢ᠎ᠳᠤ ᠦᠵᠡᠵᠤ ᠴᠢᠳᠠᠬᠤ ᠦᠬᠡᠢ ᠪᠤᠯᠵᠠᠢ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠲᠣᠭᠤᠷᠢᠨ ᠵᠢᠯᠣᠭᠤᠳᠬᠣ ᠳᠤᠭᠤᠢ᠌ᠯᠠᠩ᠎ᠤᠨ 12 ᠳ᠋ᠤᠭ᠋ᠠᠷ ᠳᠤᠭᠤᠶ᠋ᠢᠯᠠᠩ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠲᠡᠤᠬᠡ ᠵᠢᠨ ᠰᠣᠷᠣᠯᠴᠠᠯᠭ᠎ᠠ ᠬᠦᠮᠦᠵᠢᠯ᠎ᠤᠨ ᠠᠵᠢᠯ᠎ᠢ ᠵᠢᠯᠤᠭᠣᠳᠪᠠ
ᠪᠦᠬᠦ ᠤᠯᠤᠰ᠎ᠤᠨ ᠲᠦᠷᠭᠡᠨ ᠲᠡᠰᠢᠯᠲᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠬᠠᠨ ᠮᠧᠶ 6 ᠠᠯᠲᠠᠨ ᠮᠧᠳᠠᠯ ᠣᠯᠪᠠ
 
            