ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠭᠠᠳᠠᠭ᠋ᠠᠳᠤ ᠵᠢᠨ ᠦᠵᠡᠭᠴᠢᠳ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠲᠤᠬᠠᠢ ᠵᠢᠨ ᠲᠠᠯᠠᠪᠠᠢ᠎ᠳᠤ ᠦᠵᠡᠵᠤ ᠴᠢᠳᠠᠬᠤ ᠦᠬᠡᠢ ᠪᠤᠯᠵᠠᠢ
ᠨᠡᠶ᠋ᠢᠲᠡᠯᠡᠭᠰᠡᠨ ᠴᠠᠭ᠄ 2021-03-23

    ᠰᠢᠨᠬᠤᠸᠠ ᠬᠤᠷᠢᠶᠠᠨ᠎ᠤ ᠲᠤᠤᠺᠢᠣ᠋ ᠵᠢᠨ 3 ᠰᠠᠷ᠎ᠠ ᠵᠢᠨ 20᠎ᠤ ᠴᠠᠬᠢᠯᠭ᠋ᠠᠨ ᠮᠡᠳᠡᠭᠡ᠎ᠠᠴᠠ (ᠰᠤᠷᠪᠤᠯᠵᠢᠯᠠᠭᠴᠢ ᠸᠠᠩ ᠽᠢ ᠵᠢᠶᠠᠩ) ᠲᠤᠤᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ 20᠎ᠤ ᠡᠳᠦᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠳᠠᠷᠬᠠᠨ ᠳᠡᠯᠭᠡᠷᠡᠬᠦ ᠪᠠᠶ᠋ᠢᠳᠠᠯ ᠭᠠᠷᠬᠤ᠎ᠠᠴᠠ ᠰᠡᠷᠭᠡᠶ᠋ᠢᠯᠡᠬᠦ ᠵᠢᠨ ᠲᠦᠯᠦᠭᠡ᠂ ᠭᠠᠳᠠᠭ᠋ᠠᠳᠤ ᠵᠢᠨ ᠦᠵᠡᠭᠴᠢᠳ ᠬᠢᠯᠢ᠎ᠪᠠᠷ ᠣᠷᠣᠵᠤ ᠡᠨᠡ ᠵᠢᠯ᠎ᠤᠨ ᠵᠤᠨ ᠶᠠᠪᠤᠭᠳᠠᠬᠤ᠎ᠪᠠᠷ ᠪᠠᠶ᠋ᠢᠭ᠎ᠠ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠪᠠ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠲᠤᠬᠠᠢ ᠵᠢᠨ ᠲᠠᠯᠠᠪᠠᠢ᠎ᠳᠤ ᠦᠵᠡᠵᠤ ᠴᠢᠳᠠᠬᠤ ᠦᠬᠡᠢ ᠪᠤᠯᠵᠠᠢ ᠭᠡᠵᠦ ᠨᠡᠶ᠋ᠢᠲᠡᠯᠡᠪᠡ᠃
    ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠲᠡᠷᠢᠭᠦᠯᠡᠭᠴᠢ ᠬᠠᠰᠢᠮᠤᠲ᠋ᠣ᠋ ᠰᠠᠶ᠋ᠢᠺᠤ ᠲᠣᠰ ᠡᠳᠦᠷ ᠬᠤᠷᠠᠯᠳᠤᠭᠤᠯᠤᠭᠰᠠᠨ ᠲᠠᠪᠤᠨ ᠲᠠᠯ᠎ᠠ ᠵᠢᠨ ᠬᠤᠷᠠᠯ᠎ᠤᠨ ᠳᠠᠷᠠᠭ᠎ᠠ᠂ ᠰᠤᠷᠪᠤᠯᠵᠢᠯᠠᠭᠴᠢᠳ ᠎ᠲᠤ   ᠨᠢᠭᠡ   ᠬᠤᠪᠢ   ᠬᠠᠮᠲᠤᠷᠠᠭᠰᠠᠨ   ᠢᠯᠡᠷᠬᠡᠶ᠋ᠢᠯᠡᠯᠲᠡ ᠨᠡᠢ᠌ᠳᠡᠯᠡᠵᠦ᠄ 《ᠭᠠᠳᠠᠭ᠋ᠠᠳᠤ ᠵᠢᠨ ᠡᠭᠦᠳᠡᠨ ᠪᠢᠯᠧᠲ ᠬᠤᠳᠠᠯᠳᠤᠨ ᠠᠪᠤᠬ᠍ᠴᠢ ᠵᠢᠨ ᠵᠢᠭᠤᠯᠴᠢᠯᠠᠯ᠎ᠤᠨ ᠲᠥᠯᠥᠪᠯᠡᠭᠡ᠎ᠳᠡᠭᠡᠨ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠬᠦ᠎ᠳᠤ ᠲᠦᠬᠦᠮ ᠦᠵᠡᠬᠦᠯᠬᠦ ᠵᠢᠨ ᠲᠥᠯᠥᠭᠡ᠂ ᠶᠠᠫᠣᠨ᠎ᠤ ᠡᠯ᠎ᠡ ᠲᠠᠯ᠎ᠠ ᠵᠢᠨ᠎ᠬᠢᠨ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠪᠠ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠬᠤᠭᠤᠴᠠᠭ᠋ᠠᠨ᠎ᠳᠤ ᠲᠡᠳᠡᠡ᠎ᠢ ᠶᠠᠫᠣᠨ᠎ᠳᠤ ᠤᠷᠤᠭᠤᠯᠬᠤ ᠦᠬᠡᠢ᠎ᠪᠠᠷ ᠲᠤᠭᠳᠠᠵᠠᠢ》 ᠭᠡᠪᠡ᠃
    ᠲᠡᠷᠡ ᠢᠯᠡᠷᠬᠡᠶ᠋ᠢᠯᠡᠯᠲᠡ᠎ᠳᠡᠭᠡᠨ᠄ 《ᠶᠠᠫᠣᠨ ᠪᠣᠯᠤᠨ ᠮᠠᠰᠢ ᠣᠯᠠᠨ ᠤᠯᠤᠰ᠎ᠤᠨ ᠬᠢᠵᠢᠭ᠎ᠤᠨ ᠪᠠᠶ᠋ᠢᠳᠠᠯ ᠮᠥᠨ ᠬᠦ᠌ ᠲᠦᠢ᠍ᠯ᠎ᠤᠨ ᠬᠦᠨᠳᠦ ᠨᠣᠴᠢᠲᠠᠶ ᠪᠠᠶ᠋ᠢᠭ᠎ᠠ ᠪᠣᠯᠬᠤᠷ᠂ ᠡᠨᠡ ᠵᠤᠨ ᠭᠠᠳᠠᠭ᠋ᠠᠳᠤ ᠵᠢᠨ ᠬᠥᠮᠦᠰ᠎ᠤᠨ ᠬᠢᠯᠢ᠎ᠪᠠᠷ ᠣᠷᠣᠵᠤ ᠢᠷᠡᠬᠦ ᠵᠢ ᠪᠠᠲᠤᠯᠠᠬᠤ ᠵᠢᠨ ᠠᠷᠭ᠎ᠠ ᠥᠬᠡᠶ ᠭᠡᠵᠦ ᠶᠠᠫᠣᠨ᠎ᠤ ᠡᠯ᠎ᠡ ᠲᠠᠯ᠎ᠠ ᠵᠢᠨ᠎ᠬᠢᠨ ᠦᠵᠡᠵᠦ ᠪᠠᠶ᠋ᠢᠨ᠎ᠠ᠂ ᠡᠬᠦᠨ᠎ᠳᠤ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠪᠣᠯᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠡᠭᠦᠳᠡᠨ ᠪᠢᠯᠧᠲ ᠬᠤᠳᠠᠯᠳᠤᠨ ᠠᠪᠤᠬ᠍ᠴᠢ ᠵᠢ ᠪᠠᠭᠲᠠᠭ᠋ᠠᠵᠤ ᠪᠤᠢ᠂ ᠡᠶ᠋ᠢᠮᠦ᠎ᠠᠴᠠ ᠡᠴᠦᠰ᠎ᠲᠡᠭᠡᠨ ᠡᠨᠡ ᠬᠦ᠌ ᠲᠣᠭᠲᠠᠭ᠋ᠠᠯ᠎ᠢ ᠭᠠᠷᠭ᠋ᠠᠪᠠ᠃ ᠲᠠᠪᠤᠨ ᠲᠠᠯ᠎ᠠ ᠵᠢᠨ ᠬᠤᠷᠠᠯ ᠳᠡᠭᠡᠷ᠎ᠡ᠂ ᠶᠠᠫᠣᠨ᠎ᠤ ᠲᠠᠯ᠎ᠠ ᠵᠢᠨ᠎ᠬᠢᠨ ᠡᠨᠡ ᠬᠦ᠌ ᠲᠣᠭᠲᠠᠭ᠋ᠠᠯ ᠵᠶ᠋ᠠᠨ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ ᠪᠣᠯᠤᠨ ᠳᠡᠯᠡᠭᠡᠢ ᠵᠢᠨ ᠵᠡᠮᠳᠡᠭᠴᠤᠳ᠎ᠤᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠳᠤ ᠮᠡᠳᠡᠭᠳᠡᠪᠡ》 ᠭᠡᠪᠡ᠃
    ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠤᠨ ᠲᠡᠷᠢᠭᠦᠯᠡᠭᠴᠢ ᠪᠠᠾᠧ ᠪᠣᠯᠤᠨ ᠳᠡᠯᠡᠭᠡᠢ ᠵᠢᠨ ᠵᠡᠮᠳᠡᠭᠴᠤᠳ᠎ᠤᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠤᠨ ᠲᠡᠷᠢᠬᠦᠯᠡᠭᠴᠢ ᠫᠠᠰᠧᠨᠰ ᠪᠠᠰᠠ ᠸᠢᠳᠢᠣ᠋᠎ᠪᠠᠷ ᠲᠤᠰ ᠡᠳᠦᠷ᠎ᠤᠨ ᠬᠤᠷᠠᠯ᠎ᠳᠤ ᠣᠷᠣᠯᠴᠠᠪᠠ᠂ ᠬᠤᠷᠠᠯ᠎ᠳᠤ ᠣᠷᠣᠯᠴᠠᠭᠰᠠᠨ ᠶᠠᠫᠣᠨ᠎ᠤ ᠲᠠᠯ᠎ᠠ ᠵᠢᠨ ᠲᠥᠯᠥᠭᠡᠯᠡᠭᠴᠢ᠎ᠳᠤ ᠬᠠᠰᠢᠮᠤᠲ᠋ᠣ᠋ ᠰᠠᠶ᠋ᠢᠺᠤ᠎ᠠᠴᠠ ᠭᠠᠳᠠᠨ᠎ᠠ᠂ ᠪᠠᠰᠠ ᠶᠠᠫᠣᠨ᠎ᠤ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠰᠠᠶ᠋ᠢᠳ ᠮᠠᠷᠦ᠋ᠺᠠᠸᠠ ᠲᠠᠮᠠᠶᠣ᠋ ᠪᠣᠯᠤᠨ ᠲᠤᠤᠺᠢᠣ᠋ ᠵᠢᠨ ᠬᠡᠷᠡᠭ ᠮᠡᠳᠡᠭᠴᠢ ᠶᠤᠷᠢᠺᠤ ᠺᠤᠶ᠋ᠢᠺᠧ ᠪᠤᠢ᠃
    ᠪᠠᡁᠧ ᠬᠤᠷᠠᠯ ᠡᠬᠢᠯᠡᠬᠦ᠎ᠠᠴᠠ ᠡᠮᠦᠨᠡᠬᠢ ᠶᠠᠷᠢᠶᠠᠨ᠎ᠳᠠᠭᠠᠨ᠂ ᠡᠨᠡ ᠪᠣᠯ ᠨᠢᠭᠡ ᠵᠦᠢ᠍ᠯ᠎ᠤᠨ ᠬᠦᠴᠢᠷ ᠪᠡᠷᠬᠡᠰᠢᠶᠡᠯ᠎ᠲᠠᠢ ᠲᠣᠭᠲᠠᠭ᠋ᠠᠯ ᠪᠣᠯᠤᠨ᠎ᠠ᠂ ᠬᠥᠮᠦᠨ ᠪᠣᠯᠭ᠋ᠠᠨ ᠦᠷᠡᠭᠳᠡᠯ ᠭᠠᠷᠭ᠋ᠠᠬᠤ ᠴᠢᠬᠤᠯᠠᠲᠠᠢ᠂ ᠤᠯᠠᠨ᠎ᠤ ᠤᠢ᠍ᠢ᠍ᠯᠠᠭ᠋ᠠᠬᠤ ᠵᠢ ᠬᠦᠰᠡᠵᠦ ᠪᠠᠶ᠋ᠢᠨ᠎ᠠ ᠭᠡᠵᠦ ᠢᠯᠡᠳᠬᠡᠪᠡ᠃
    ᠬᠠᠰᠢᠮᠤᠲ᠋ᠣ᠋ ᠰᠠᠶ᠋ᠢᠺᠤ᠂ ᠭᠠᠳᠠᠭ᠋ᠠᠳᠤ᠎ᠳᠤ ᠬᠤᠳᠠᠯᠳᠤᠭᠰᠠᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠡᠭᠦᠳᠡᠨ ᠪᠢᠯᠧᠲ᠎ᠤᠨ ᠲᠤᠭ᠎ᠠ 60 ᠲᠦᠮᠡ ᠰᠢᠬᠠᠮ᠂ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠡᠭᠦᠳᠡᠨ ᠪᠢᠯᠧᠲ 30 ᠲᠦᠮᠡ ᠰᠢᠬᠠᠮ ᠪᠠᠶ᠋ᠢᠨ᠎ᠠ᠂ ᠡᠲᠡᠭᠡᠷ ᠡᠭᠦᠳᠡᠨ ᠪᠢᠯᠧᠲ᠎ᠢ ᠤᠤᠯ ᠦᠨ᠎ᠡ᠎ᠪᠠᠷ᠎ᠨᠢ ᠪᠤᠴᠠᠭ᠋ᠠᠬᠤ ᠪᠣᠯᠤᠨ᠎ᠠ ᠭᠡᠪᠡ᠃

ᠢᠷᠡᠯᠲᠡ᠄ ᠲᠣᠮᠳᠠᠳᠣ ᠣᠯᠣᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠲᠣᠭᠤᠷᠢᠨ ᠵᠢᠯᠣᠭᠤᠳᠬᠣ ᠳᠤᠭᠤᠢ᠌ᠯᠠᠩ᠎ᠤᠨ 12 ᠳ᠋ᠤᠭ᠋ᠠᠷ ᠳᠤᠭᠤᠶ᠋ᠢᠯᠠᠩ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠲᠡᠤᠬᠡ ᠵᠢᠨ ᠰᠣᠷᠣᠯᠴᠠᠯᠭ᠎ᠠ ᠬᠦᠮᠦᠵᠢᠯ᠎ᠤᠨ ᠠᠵᠢᠯ᠎ᠢ ᠵᠢᠯᠤᠭᠣᠳᠪᠠ
ᠪᠦᠬᠦ ᠤᠯᠤᠰ᠎ᠤᠨ ᠲᠦᠷᠭᠡᠨ ᠲᠡᠰᠢᠯᠲᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠬᠠᠨ ᠮᠧᠶ 6 ᠠᠯᠲᠠᠨ ᠮᠧᠳᠠᠯ ᠣᠯᠪᠠ
ᠬᠠᠶ᠋ᠢᠷ᠎ᠠ ᠬᠠᠯᠠᠮᠵᠢ ᠵᠢᠨ ᠬᠥᠯ ᠪᠥᠮᠪᠥᠭᠡ ᠬᠡᠦᠬᠡᠳ᠎ᠢ ᠪᠠᠶᠠᠷ ᠬᠥᠷ᠎ᠲᠠᠢ ᠥᠰᠬᠡᠨ᠎ᠡ
2021 ᠣᠨ᠎ᠤ ᠮᠠᠨ᠎ᠤ ᠣᠷᠣᠨ᠎ᠤ ᠡᠩ᠎ᠤᠨ ᠶᠡᠭᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ 6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ ᠡᠬᠢᠯᠡᠨ᠎ᠡ
 
            