3 ᠰᠠᠷ᠎ᠠ ᠵᠢᠨ 19᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 12 ᠳ᠋ᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠳᠠᠷᠤᠭ᠎ᠠ ᠬᠣ᠌ ᠴᠢᠩ ᠡᠤ᠂ ᠳᠤᠭᠤᠶ᠋ᠢᠯᠠᠩ᠎ᠤᠨ ᠳᠡᠳ᠋ ᠳᠠᠷᠤᠭ᠎ᠠ ᠸᠠᠩ ᠶᠢᠦ ᠵᠢᠶᠦ᠋ᠨ ᠨᠡᠷ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠳᠤ ᠬᠦᠷᠴᠦ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠵᠢᠯᠣᠭᠣᠳᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ᠂ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠲᠠᠨ ᠵᠢᠩ ᠹᠧᠩ ᠶᠠᠷᠢᠯᠴᠠᠬᠤ ᠬᠤᠷᠠᠯ᠎ᠳᠤ ᠣᠷᠣᠯᠴᠠᠪᠠ᠃
ᠬᠣ᠌ ᠴᠢᠩ ᠦ᠋ ᠳᠤᠭᠤᠶ᠋ᠢᠯᠠᠩ᠎ᠤᠨ ᠳᠠᠷᠤᠭ᠎ᠠ ᠴᠢᠬᠤᠯᠠᠴᠢᠯᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠬᠤ ᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠨᠢᠭᠡᠳᠦᠭᠡᠷ ᠬᠢᠴᠢᠶᠡᠯ ᠪᠣᠯᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠵᠥᠪ ᠤᠯᠤᠰ ᠲᠥᠷᠥ ᠵᠢᠨ ᠴᠢᠭᠯᠡᠯ᠎ᠢ ᠪᠠᠲᠤ ᠡᠵᠡᠮᠳᠡᠵᠦ᠂ ᠨᠠᠮ᠎ᠤᠨ ᠲᠥᠪ ᠬᠣᠷᠢᠶ᠎ᠠ᠎ᠠᠴᠠ ᠪᠥᠬᠥ ᠨᠠᠮ᠎ᠤᠨ ᠳᠣᠲᠣᠷ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠤᠤᠯᠳᠠᠯᠭ᠎ᠠ ᠵᠢ ᠣᠨᠣᠪᠴᠢᠲᠠᠶ ᠡᠵᠡᠮᠳᠡᠵᠦ᠂ ᠲᠡᠦᠬᠡ ᠰᠤᠷᠤᠯᠴᠠᠵᠤ ᠶᠣᠰᠣ ᠤᠴᠢᠷ᠎ᠢ ᠣᠶ᠋ᠢᠯᠠᠭ᠋ᠠᠬᠤ᠂ ᠲᠡᠦᠬᠡ ᠰᠤᠷᠤᠯᠴᠠᠵᠤ ᠢᠲᠡᠭᠡᠮᠵᠢ᠎ᠪᠠᠨ ᠨᠡᠮᠡᠭᠳᠡᠭᠦᠯᠬᠦ᠂ ᠲᠡᠦᠬᠡ ᠰᠤᠷᠤᠯᠴᠠᠵᠤ ᠶᠣᠰᠣ ᠰᠣᠷᠳᠠᠬᠤᠨᠢ ᠲᠡᠭᠡᠳᠤᠯᠡᠬᠦ᠂ ᠲᠡᠦᠬᠡ ᠰᠤᠷᠤᠯᠴᠠᠵᠤ ᠴᠢᠷᠮᠠᠢ᠌ᠨ ᠦᠢ᠍ᠯᠡᠳᠦᠯᠭᠡᠵᠢᠭᠦᠯᠬᠦ ᠵᠢ ᠦᠨᠡᠨ ᠬᠦ᠌ ᠪᠡᠶᠡᠯᠡᠭᠦᠯᠬᠦ ᠬᠡᠷᠡᠭᠲᠡᠶ᠃ ᠨᠠᠮ᠎ᠤᠨ ᠲᠡᠦᠬᠡ ᠵᠢ ᠰᠤᠷᠤᠯᠴᠠᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶ᠋ᠢᠳᠠᠯ᠎ᠢ ᠡᠭᠦᠳᠬᠦ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠥᠪᠡᠷ ᠵᠶ᠋ᠠᠨ ᠰᠤᠷᠤᠯᠴᠠᠬᠤ ᠪᠠ ᠬᠠᠮᠲᠤ᠎ᠪᠠᠷ ᠰᠤᠷᠤᠯᠴᠠᠬᠤ ᠵᠢ ᠴᠢᠩᠭ᠋ᠠᠳᠬᠠᠵᠤ᠂ ᠠᠷᠭ᠎ᠠ ᠬᠡᠯᠪᠡᠷᠢ ᠠᠷᠭ᠎ᠠ ᠵᠢᠨ ᠲᠤᠬᠠᠢ ᠰᠢᠨ᠎ᠡ ᠵᠢ ᠡᠭᠦᠳᠴᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠵᠢ ᠠᠬᠢᠭᠤᠯᠵᠤ᠂ ᠰᠤᠷᠤᠯᠴᠠᠪᠠᠯ ᠣᠯᠤᠯᠲᠠ᠎ᠲᠠᠢ᠂ ᠰᠤᠷᠤᠯᠴᠠᠪᠠᠯ ᠠᠮᠵᠢᠯᠲᠠ ᠤᠯᠬᠤ ᠵᠢ ᠪᠠᠲᠤᠯᠠᠬᠤ ᠬᠡᠷᠡᠭᠲᠡᠢ ᠭᠡᠪᠡ᠃
ᠲᠣᠪᠴᠢᠶᠠᠨ ᠳᠠᠷᠤᠭ᠎ᠠ ᠲᠠᠨ ᠵᠢᠩ ᠹᠸᠩ ᠵᠢᠭ᠋ᠠᠨ ᠵᠢᠯᠣᠭᠣᠳᠬᠤ ᠳᠤᠭᠤᠶ᠋ᠢᠯᠠᠩ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠶ᠋ᠢᠳᠠᠯ᠎ᠢ ᠬᠠᠷᠢᠭᠤ ᠮᠡᠳᠡᠭᠦᠯᠪᠡ᠂ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ ᠥᠷᠨᠢᠭᠦᠯᠬᠦ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠣᠶ᠋ᠢᠯᠠᠭ᠋ᠠᠬᠤ ᠬᠡᠷᠡᠭᠲᠡᠶ ᠭᠡᠵᠦ ᠢᠯᠡᠳᠬᠡᠪᠡ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ᠎ᠲᠠᠢ ᠬᠠᠷᠢᠴᠠᠭᠤᠯᠪᠠᠯ᠂ ᠲᠦᠷᠭᠡᠨ ᠬᠥᠳᠡᠯᠬᠦ᠂ ᠨᠠᠷᠢᠨ ᠨᠢᠮᠪᠠᠶ ᠪᠠᠶ᠋ᠢᠷᠢᠯᠠᠭᠤᠯᠬᠤ᠂ ᠬᠠᠮᠤᠭ ᠥᠨᠳᠥᠷ ᠵᠣᠭᠰᠣᠴᠠ᠎ᠪᠠᠷ ᠲᠠᠨᠢᠯᠲᠠ᠎ᠪᠠᠨ ᠴᠢᠩᠭ᠋ᠠᠳᠬᠠᠬᠤ᠂ ᠬᠠᠮᠤᠭ᠎ᠤᠨ ᠴᠢᠩᠭ᠎ᠠ ᠠᠷᠭ᠎ᠠ ᠬᠡᠮᠵᠢᠶ᠎ᠡ᠎ᠪᠠᠷ ᠲᠦᠯᠬᠢᠨ ᠠᠬᠢᠭᠤᠯᠬᠤ ᠵᠢ ᠠᠳᠬᠤᠬᠤ ᠬᠡᠷᠡᠭᠲᠡᠶ᠂ ᠬᠠᠮᠤᠭ᠎ᠤᠨ ᠴᠢᠩᠭ᠎ᠠ ᠪᠠᠲᠤᠯᠠᠭ᠎ᠠ᠎ᠪᠠᠷ ᠨᠠᠶ᠋ᠢᠳᠠᠪᠤᠷᠢᠵᠢᠭᠤᠯᠤᠯᠲᠠ ᠵᠢ ᠠᠬᠢᠭᠤᠯᠤᠨ᠎ᠠ᠂ 《ᠲᠣᠭᠲᠠᠭᠰᠠᠨ ᠠᠵᠢᠯᠠᠯᠭ᠎ᠠ》 ᠵᠢ ᠬᠤᠪᠢᠷᠠᠭᠤᠯᠬᠤ ᠦᠭᠡᠢ᠎ᠪᠠᠷ ᠴᠢᠷᠮᠠᠢ᠌ᠨᠡ᠂ 《ᠥᠪᠡᠰᠦᠪᠡᠨ ᠰᠣᠩᠭᠣᠬᠤ ᠠᠵᠢᠯᠯᠠᠭ᠎ᠠ》 ᠣᠨᠴᠠᠯᠢᠭ᠎ᠲᠠᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 12 ᠳ᠋ᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠵᠢᠯᠤᠭᠤᠳᠤᠯᠭ᠎ᠠ ᠳᠣᠣᠷ᠎ᠠ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠴᠢᠨᠠᠷ ᠰᠠᠶ᠋ᠢᠲᠠᠢ ᠰᠠᠶ᠋ᠢᠲᠤᠷ ᠪᠡᠶᠡᠯᠡᠭᠦᠯᠵᠦ᠂ ᠯᠠᠪᠳᠠᠭᠤᠨ ᠪᠠᠲᠤᠲᠠᠶ ᠠᠵᠢᠯ᠎ᠤᠨ ᠦᠷ᠎ᠡ ᠪᠦᠲᠦᠮᠵᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠨ᠎ᠡ ᠭᠡᠵᠡᠢ᠃