ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠦᠬᠦ ᠤᠯᠤᠰ᠎ᠤᠨ ᠲᠦᠷᠭᠡᠨ ᠲᠡᠰᠢᠯᠲᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠬᠠᠨ ᠮᠧᠶ 6 ᠠᠯᠲᠠᠨ ᠮᠧᠳᠠᠯ ᠣᠯᠪᠠ
ᠨᠡᠶ᠋ᠢᠲᠡᠯᠡᠭᠰᠡᠨ ᠴᠠᠭ᠄ 2021-03-24

   

    3 ᠰᠠᠷ᠎ᠠ ᠵᠢᠨ 23᠎ᠤ ᠡᠳᠦᠷ᠂ 2020-2021 ᠣᠨ᠎ᠤ ᠤᠷᠤᠯᠳᠤᠭ᠋ᠠᠨ᠎ᠤ ᠤᠯᠠᠷᠢᠯ᠎ᠤᠨ ᠪᠥᠬᠥ ᠤᠯᠤᠰ᠎ᠤᠨ ᠲᠦᠷᠭᠡᠨ ᠲᠡᠰᠢᠯᠲᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ ᠬᠠᠷᠠᠮᠥ᠋ᠷᠡᠨ ᠮᠤᠵᠢ ᠵᠢᠨ ᠲᠦᠷᠭᠡᠨ ᠲᠡᠰᠢᠯᠲᠡ ᠵᠢᠨ ᠣᠷᠳᠣᠨ᠎ᠳᠤ ᠥᠨᠳᠥᠷᠯᠡᠪᠡ᠃ ᠳᠥᠷᠪᠡᠨ ᠡᠳᠦᠷ᠎ᠤᠨ ᠤᠷᠤᠯᠳᠤᠭ᠋ᠠᠨ᠎ᠳᠤ ᠡᠮᠡᠭᠲᠡᠶ ᠵᠢᠨ ᠪᠦᠷᠢᠨ ᠴᠢᠳᠠᠪᠤᠷᠢ ᠵᠢᠨ 500 ᠮᠧᠲᠷ᠂ 1500 ᠮᠧᠲᠷ᠂ 3000 ᠮᠧᠲᠷ᠂ 5000 ᠮᠧᠲᠷ ᠪᠠ ᠡᠷᠡᠭᠲᠡᠶ ᠵᠢᠨ ᠪᠦᠷᠢᠨ ᠴᠢᠳᠠᠪᠤᠷᠢ ᠵᠢᠨ 500 ᠮᠧᠲᠷ᠂ 1500 ᠮᠧᠲᠷ᠂ 5000 ᠮᠧᠲᠷ᠂ 5000 ᠮᠧᠲᠷ᠂ 10000 ᠮᠧᠲᠷ᠂ ᠡᠷᠡᠭᠲᠡᠶ (ᠡᠮᠡᠭᠲᠡᠶ) ᠵᠢᠨ ᠣᠶ᠋ᠢᠷ᠎ᠠ ᠵᠠᠶ ᠵᠢᠨ ᠪᠦᠷᠢᠨ ᠴᠢᠳᠠᠪᠤᠷᠢ ᠵᠢᠨ 500 ᠮᠧᠲᠷ᠂ ᠡᠷᠡᠭᠲᠡᠶ (ᠡᠮᠡᠭᠲᠡᠶ) ᠵᠢᠨ 1000 ᠮᠧᠲᠷ᠂ ᠡᠷᠡᠭᠲᠡᠶ ᠡᠮᠡᠭᠲᠡᠶ ᠬᠠᠮᠲᠤ᠎ᠪᠠᠷ ᠮᠣᠷᠳᠠᠬᠤ ᠪᠠ ᠡᠷᠡᠭᠲᠡᠶ ᠡᠮᠡᠭᠲᠡᠶ ᠵᠢᠨ ᠬᠠᠮᠲᠤ᠎ᠪᠠᠷ ᠨᠡᠬᠡᠬᠦ ᠵᠡᠷᠭᠡ ᠤᠷᠤᠯᠳᠤᠭ᠋ᠠᠨ᠎ᠢ ᠲᠤᠬᠢᠷᠠᠭᠤᠯᠪᠠ᠃ ᠥᠪᠥᠷ ᠮᠣᠩᠭᠣᠯ ᠨᠡᠶ᠋ᠢᠲᠡ 9 ᠲᠠᠮᠢᠷᠴᠢᠨ ᠲᠣᠮᠢᠯᠠᠨ ᠤᠷᠤᠯᠳᠤᠭ᠋ᠠᠨ᠎ᠳᠤ ᠣᠷᠣᠯᠴᠠᠭᠤᠯᠪᠠ᠃
    ᠮᠠᠨ᠎ᠤ ᠣᠷᠣᠨ᠎ᠤ ᠲᠠᠮᠢᠷᠴᠢᠨ ᠬᠠᠨ ᠮᠧᠶ ᠡᠮᠡᠭᠲᠡᠶ ᠵᠢᠨ 500 ᠮᠧᠲᠷ᠂ 1500 ᠮᠧᠲᠷ᠂ 3000 ᠮᠧᠲᠷ᠂ 5000 ᠮᠧᠲᠷ᠎ᠢ ᠳᠠᠭ᠋ᠠᠭ᠋ᠠᠨ ᠠᠪᠴᠤ᠂ ᠡᠮᠡᠭᠲᠡᠶ ᠵᠢᠨ ᠪᠦᠷᠢᠨ ᠴᠢᠳᠠᠪᠤᠷᠢ᠂ ᠡᠮᠡᠭᠲᠡᠶ ᠵᠢᠨ ᠪᠦᠯᠬᠦᠮ᠎ᠤᠨ ᠤᠷᠤᠯᠳᠤᠭ᠋ᠠᠨ᠎ᠤ 6   ᠲᠦᠷᠦᠯ᠎ᠳᠤ ᠮᠠᠩᠯᠠᠶ᠋ᠢᠯᠠᠪᠠ; ᠰᠢᠤᠸᠠᠨ ᠪᠥᠸᠧ ᠸᠸᠨ ᠡᠷᠡᠭᠲᠡᠶ ᠵᠢᠨ ᠲᠦᠮᠡᠨ ᠮᠧᠲᠷ᠎ᠤᠨ ᠤᠷᠤᠯᠳᠤᠭ᠋ᠠᠨ᠎ᠳᠤ ᠲᠠᠪᠤᠳᠤᠭ᠋ᠠᠷ᠎ᠲᠤ ᠣᠷᠣᠵᠤ᠂ ᠢᠦᠶ ᠵᠢᠶᠠ ᠸᠧᠶ ᠳᠣᠯᠣᠳᠤᠭ᠋ᠠᠷ᠎ᠲᠤ ᠣᠷᠣᠵᠠᠶ; ᠰᠦᠨ ᠵᠢᠶᠠ ᠵᠣᠣ᠂ ᠢᠦᠶ   ᠵᠢᠶᠠ   ᠸᠧᠶ   ᠡᠷᠡᠭᠲᠡᠶ ᠵᠢᠨ   ᠪᠦᠯᠬᠦᠮ ᠎ᠤᠨ   ᠨᠡᠬᠡᠯᠲᠡ ᠵᠢᠨ   ᠤᠷᠤᠯᠳᠤᠭ᠋ᠠᠨ᠎ᠳᠤ ᠳᠥᠷᠪᠡᠳᠦᠭᠡᠷ᠎ᠲᠤ ᠣᠷᠣᠵᠤ᠂ ᠳ᠋ᠤᠸᠠᠨ ᠴᠢᠤᠸᠠᠨ ᠵᠧᠩ ᠵᠢᠷᠭᠤᠳᠤᠭ᠋ᠠᠷ᠎ᠲᠤ ᠣᠷᠣᠵᠤ᠂ ᠸᠠᠩ ᠹᠠᠨ ᡁᠢ ᠳᠣᠯᠣᠳᠤᠭ᠋ᠠᠷ᠎ᠲᠤ ᠣᠷᠣᠵᠠᠶ; ᠰᠦᠨ ᠵᠢᠶᠠ ᠵᠣᠣ ᠡᠷᠡᠭᠲᠡᠶ ᠵᠢᠨ ᠬᠠᠮᠲᠤ ᠵᠢᠨ ᠤᠷᠤᠯᠳᠤᠭ᠋ᠠᠨ᠎ᠤ ᠵᠢᠷᠭᠤᠳᠤᠭ᠋ᠠᠷ᠎ᠲᠤ ᠣᠷᠣᠵᠤ᠂ ᠳ᠋ᠤᠸᠠᠨ ᠴᠢᠤᠸᠠᠨ ᠵᠧᠩ ᠳᠣᠯᠣᠳᠤᠭ᠋ᠠᠷ᠎ᠲᠤ ᠣᠷᠣᠵᠠᠶ; ᠥᠪᠥᠷ ᠮᠣᠩᠭᠣᠯ᠎ᠤᠨ ᠲᠠᠮᠢᠷᠴᠢᠳ ᠬᠦᠴᠢᠷ ᠪᠡᠷᠬᠡᠰᠢᠶᠡᠯ᠎ᠠᠴᠠ ᠠᠶᠤᠬᠤ ᠥᠬᠡᠶ᠂ ᠨᠤᠭᠤᠷᠠᠰᠢ ᠥᠬᠡᠶ ᠲᠡᠮᠡᠴᠡᠬᠦ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠵᠦ᠂ ᠮᠠᠨ᠎ᠤ ᠣᠷᠣᠨ᠎ᠤ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠲᠠᠰᠤᠷᠠᠯᠲᠠ ᠥᠬᠡᠶ ᠳᠡᠪᠰᠢᠵᠦ᠂ ᠥᠷᠨᠢᠨ ᠬᠥᠭᠵᠢᠵᠦ ᠪᠠᠶ᠋ᠢᠭ᠎ᠠ ᠬᠦᠴᠦᠷᠬᠡᠭ ᠶᠡᠬᠡ ᠬᠠᠨᠳᠤᠰᠢ ᠵᠢ ᠢᠯᠡᠷᠡᠭᠦᠯᠪᠡ᠃


ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠠᠶ᠋ᠢᠷ᠎ᠠ ᠬᠠᠯᠠᠮᠵᠢ ᠵᠢᠨ ᠬᠥᠯ ᠪᠥᠮᠪᠥᠭᠡ ᠬᠡᠦᠬᠡᠳ᠎ᠢ ᠪᠠᠶᠠᠷ ᠬᠥᠷ᠎ᠲᠠᠢ ᠥᠰᠬᠡᠨ᠎ᠡ
2021 ᠣᠨ᠎ᠤ ᠮᠠᠨ᠎ᠤ ᠣᠷᠣᠨ᠎ᠤ ᠡᠩ᠎ᠤᠨ ᠶᠡᠭᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ 6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ ᠡᠬᠢᠯᠡᠨ᠎ᠡ
ᠪᠦᠬᠦ ᠠᠷᠠᠳ ᠢᠷᠭᠡᠳ᠎ᠲᠤ ᠲᠠᠷᠢᠯᠭ᠎ᠠ ᠬᠢᠵᠦ ᠬᠠᠮᠤᠭ᠎ᠤᠨ ᠶᠡᠭᠡ ᠡᠭᠡᠯᠢᠯᠡᠭᠡ ᠵᠢᠨ ᠬᠠᠯᠬᠠᠪᠴᠢ ᠵᠢ ᠪᠠᠶ᠋ᠢᠭᠤᠯᠤᠨ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠮᠪᠠᠯᠲᠠ ᠵᠢᠨ ᠠᠪᠤᠷᠠᠭᠴᠢ ᠵᠢᠨ ᠤᠯᠤᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠬᠥᠬᠡᠬᠣᠲᠠ᠎ᠳᠤ ᠶᠠᠪᠤᠭᠳᠠᠪᠠ
ᠮᠠᠨ᠎ᠤ ᠣᠷᠣᠨ᠎ᠤ ᠫᠤᠤᠳᠠᠯᠭ᠎ᠠ ᠵᠢᠨ ᠲᠠᠮᠢᠷᠴᠢᠨ ᠴᠧᠨ ᠳ᠋ᠦᠩ ᠴᠢ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠣᠷᠣᠯᠴᠠᠬᠤ ᠬᠢᠷᠢ ᠬᠡᠮ᠎ᠲᠠᠢ ᠪᠤᠯᠪᠠ
 
            