ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2021 ᠣᠨ᠎ᠤ ᠮᠠᠨ᠎ᠤ ᠣᠷᠣᠨ᠎ᠤ ᠡᠩ᠎ᠤᠨ ᠶᠡᠭᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ 6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ ᠡᠬᠢᠯᠡᠨ᠎ᠡ
ᠨᠡᠶ᠋ᠢᠲᠡᠯᠡᠭᠰᠡᠨ ᠴᠠᠭ᠄ 2021-03-25

    3 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠲᠥᠪ᠎ᠠᠴᠠ 2021 ᠣᠨ᠎ᠤ ᠥᠪᠥᠷ ᠮᠣᠩᠭᠤᠯ᠎ᠤᠨ ᠡᠩ᠎ᠤᠨ ᠶᠡᠭᠡ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠠᠵᠢᠯ ᠲᠥᠷᠥᠯ᠎ᠤᠨ ᠰᠢᠰᠲ᠋ᠧᠮ ᠵᠶ᠋ᠠᠷ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠢ ᠡᠯᠰᠡᠬᠦ ᠲᠤᠰᠠᠭ᠋ᠠᠷ ᠰᠢᠯᠭ᠋ᠠᠯᠲᠠ ᠪᠠᠭᠲᠠᠨ᠎ᠠ) ᠵᠢᠨ ᠡᠯ᠎ᠡ ᠬᠢᠴᠢᠶᠡᠯ ᠲᠥᠷᠥᠯ᠎ᠤᠨ ᠴᠠᠭ᠎ᠤᠨ ᠲᠣᠬᠢᠷᠠᠭᠤᠯᠤᠯᠲᠠ ᠵᠢ ᠨᠡᠶ᠋ᠢᠲᠡᠯᠡᠵᠦ᠂ ᠰᠢᠯᠭ᠋ᠠᠯᠲᠠ ᠵᠢ 6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ ᠡᠬᠢᠯᠡᠨ ᠶᠠᠪᠤᠭᠳᠠᠭᠤᠯᠬᠤ᠎ᠪᠠᠷ ᠪᠣᠯᠪᠠ᠃
    ᠪᠣᠳᠠᠲᠠᠶ ᠲᠣᠬᠢᠷᠠᠭᠤᠯᠤᠯᠲᠠ᠎ᠨᠢ᠂ 6 ᠳ᠋ᠤᠭ᠋ᠠᠷ ᠰᠠᠷ᠎ᠠ ᠵᠢᠨ 7᠎ᠤ ᠦᠳᠡ ᠵᠢᠨ ᠡᠮᠦᠨ᠎ᠡ 9᠄ 00 — 11᠄ 30᠂ ᠰᠢᠯᠭ᠋ᠠᠯᠲᠠ ᠵᠢᠨ ᠬᠢᠴᠢᠶᠡᠯ ᠲᠥᠷᠥᠯ᠎ᠨᠢ ᠬᠡᠯᠡ ᠪᠢᠴᠢᠭ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠬᠡᠯᠡ ᠪᠢᠴᠢᠭ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠮᠣᠩᠭᠤᠯ ᠬᠡᠯᠡ ᠪᠢᠴᠢᠭ᠂ ᠮᠣᠩᠭᠤᠯ ᠬᠡᠯᠡ ᠪᠢᠴᠢᠭ᠎ᠤᠨ ᠬᠥᠬᠡ ᠲᠦᠷᠦᠯ᠂ ᠰᠣᠯᠣᠩᠭᠤᠰ ᠬᠡᠯᠡ ᠪᠢᠴᠢᠭ ᠪᠣᠯᠤᠨ᠎ᠠ; ᠦᠳᠡ ᠵᠢᠨ ᠬᠤᠶ᠋ᠢᠨ᠎ᠠ 15᠄ 00 — 17᠄ 00᠂ ᠰᠢᠯᠭ᠋ᠠᠯᠲᠠ ᠵᠢᠨ ᠬᠢᠴᠢᠶᠡᠯ ᠲᠥᠷᠥᠯ᠎ᠨᠢ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠣᠭ᠋ᠠᠨ᠎ᠤ ᠤᠬᠠᠭ᠋ᠠᠨ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠲᠣᠭ᠋ᠠᠨ᠎ᠤ ᠤᠬᠠᠭ᠋ᠠᠨ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠣᠭ᠋ᠠᠨ᠎ᠤ ᠤᠬᠠᠭ᠋ᠠᠨ ᠪᠣᠯᠤᠨ᠎ᠠ᠃ 6 ᠳ᠋ᠤᠭ᠋ᠠᠷ ᠰᠠᠷ᠎ᠠ ᠵᠢᠨ 8᠎ᠤ ᠦᠳᠡ ᠵᠢᠨ ᠡᠮᠦᠨ᠎ᠡ 9᠄ 00 — 11᠄ 30᠂ ᠰᠢᠯᠭ᠋ᠠᠯᠲᠠ ᠵᠢᠨ ᠬᠢᠴᠢᠶᠡᠯ ᠲᠥᠷᠥᠯ᠎ᠨᠢ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠶᠡᠷᠦᠩᠬᠡᠶ᠋ᠢᠯᠡᠭᠰᠡᠨ ᠬᠢᠴᠢᠶᠡᠯ ᠲᠥᠷᠥᠯ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠶᠡᠷᠦᠩᠬᠡᠶ᠋ᠢᠯᠡᠭᠰᠡᠨ ᠬᠢᠴᠢᠶᠡᠯ ᠲᠥᠷᠥᠯ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ᠎ᠤᠨ ᠬᠢᠴᠢᠶᠡᠯ᠎ᠤᠨ ᠶᠡᠷᠦᠩᠬᠡᠶ᠋ᠢᠯᠡᠭᠰᠡᠨ ᠬᠢᠴᠢᠶᠡᠯ ᠲᠥᠷᠥᠯ ᠪᠣᠯᠤᠨ᠎ᠠ; ᠦᠳᠡ ᠵᠢᠨ ᠬᠤᠶ᠋ᠢᠨ᠎ᠠ 15᠄ 00 — 17᠄ 00᠂ ᠰᠢᠯᠭ᠋ᠠᠯᠲᠠ ᠵᠢᠨ ᠬᠢᠴᠢᠶᠡᠯ ᠲᠥᠷᠥᠯ᠎ᠨᠢ ᠭᠠᠳᠠᠭ᠋ᠠᠳᠤ ᠬᠡᠯᠡ (ᠰᠣᠨᠣᠰᠬᠤ ᠴᠢᠳᠠᠪᠤᠷᠢ ᠵᠢᠨ ᠰᠢᠯᠭ᠋ᠠᠯᠲᠠ ᠪᠠᠭᠲᠠᠨ᠎ᠠ)᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠠᠩᠭ᠍ᠯᠢ ᠬᠡᠯᠡ (ᠰᠣᠨᠣᠰᠬᠤ ᠴᠢᠳᠠᠪᠤᠷᠢ ᠵᠢᠨ ᠰᠢᠯᠭ᠋ᠠᠯᠲᠠ ᠪᠠᠭᠲᠠᠬᠤ ᠥᠬᠡᠶ) ᠪᠣᠯᠤᠨ᠎ᠠ᠃ ᠡᠭᠦᠨ᠎ᠳᠤ᠂ ᠭᠠᠳᠠᠭ᠋ᠠᠳᠤ ᠬᠡᠯᠡ (ᠰᠣᠨᠣᠰᠬᠤ ᠴᠢᠳᠠᠪᠤᠷᠢ ᠵᠢᠨ ᠰᠢᠯᠭ᠋ᠠᠯᠲᠠ ᠪᠠᠭᠲᠠᠨ᠎ᠠ) ᠵᠢᠨ ᠬᠢᠴᠢᠶᠡᠯ ᠲᠥᠷᠥᠯ᠎ᠳᠤ ᠤᠷᠢᠳ ᠵᠶ᠋ᠠᠷ ᠪᠢᠷ᠎ᠤᠨ ᠰᠢᠯᠭ᠋ᠠᠯᠲᠠ ᠬᠢᠵᠦ᠂ ᠳᠠᠷᠠᠭ᠎ᠠ᠎ᠨᠢ ᠰᠣᠨᠣᠰᠬᠤ ᠴᠢᠳᠠᠪᠤᠷᠢ ᠵᠢᠨ ᠰᠢᠯᠭ᠋ᠠᠯᠲᠠ ᠬᠢᠨ᠎ᠠ; ᠪᠢᠷ᠎ᠤᠨ ᠰᠢᠯᠭ᠋ᠠᠯᠲᠠ ᠵᠢᠨ ᠬᠡᠰᠡᠭ᠎ᠤᠨ ᠰᠢᠯᠭ᠋ᠠᠬᠤ ᠴᠠᠭ᠎ᠨᠢ 100 ᠮᠢᠨᠦ᠋ᠲ᠂ ᠰᠣᠨᠣᠰᠬᠤ ᠴᠢᠳᠠᠪᠤᠷᠢ ᠵᠢᠨ ᠬᠡᠰᠡᠭ᠎ᠤᠨ ᠰᠢᠯᠭ᠋ᠠᠬᠤ ᠴᠠᠭ᠎ᠨᠢ ᠪᠠᠷᠤᠭ 20 ᠮᠢᠨᠦ᠋ᠲ ᠪᠣᠯᠤᠨ᠎ᠠ᠃ 6 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨ᠎ᠡ 9᠄ 00 — 11᠄ 30᠂ ᠰᠢᠯᠭ᠋ᠠᠯᠲᠠ ᠵᠢᠨ   ᠬᠢᠴᠢᠶᠡᠯ   ᠲᠥᠷᠥᠯ ᠎ᠨᠢ   ᠮᠣᠩᠭᠤᠯ   ᠬᠡᠯᠡ   ᠪᠢᠴᠢᠭ ᠎ᠤᠨ   ᠬᠥᠬᠡᠭᠴᠢᠨ   ᠲᠦᠷᠦᠯ   ᠪᠣᠯᠤᠨ᠎ᠠ᠃
    ᠡᠭᠦᠨ᠎ᠠᠴᠠ ᠭᠠᠳᠠᠨ᠎ᠠ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠠᠵᠢᠯ ᠲᠥᠷᠥᠯ᠎ᠤᠨ ᠰᠢᠰᠲ᠋ᠧᠮ ᠵᠶ᠋ᠠᠷ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠢ ᠡᠯᠰᠡᠬᠦ ᠲᠤᠰᠠᠭ᠋ᠠᠷ ᠰᠢᠯᠭ᠋ᠠᠯᠲᠠ ᠵᠢᠨ ᠪᠡᠶ᠎ᠡ ᠵᠢᠨ ᠲᠠᠮᠢᠷ᠎ᠤᠨ ᠲᠥᠷᠥᠯ᠎ᠤᠨ ᠲᠤᠰᠬᠠᠶ ᠮᠡᠷᠭᠡᠵᠢᠯ᠎ᠤᠨ ᠬᠢᠴᠢᠶᠡᠯ᠎ᠤᠨ ᠶᠡᠷᠦᠩᠬᠡᠶ᠋ᠢᠯᠡᠭᠰᠡᠨ ᠰᠢᠯᠭ᠋ᠠᠯᠲᠠ ᠵᠢᠨ ᠴᠠᠭ᠎ᠨᠢ 6 ᠳ᠋ᠤᠭ᠋ᠠᠷ ᠰᠠᠷ᠎ᠠ ᠵᠢᠨ 19᠎ᠤ ᠡᠳᠦᠷ ᠪᠠᠶ᠋ᠢᠵᠤ᠂ ᠰᠢᠯᠭ᠋ᠠᠬᠤ ᠭᠠᠵᠠᠷ᠎ᠨᠢ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ᠎ᠠ᠃ ᠰᠢᠯᠭ᠋ᠠᠭᠤᠯᠤᠭᠴᠢ 6 ᠳ᠋ᠤᠭ᠋ᠠᠷ ᠰᠠᠷ᠎ᠠ ᠵᠢᠨ 18᠎ᠤ ᠡᠳᠦᠷ ᠰᠢᠯᠭ᠋ᠠᠬᠤ ᠭᠠᠵᠠᠷ᠎ᠲᠤ ᠬᠦᠷᠴᠦ ᠨᠡᠷ᠎ᠡ᠎ᠪᠠᠨ ᠮᠡᠳᠡᠭᠦᠯᠦᠨ᠎ᠡ᠃ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠰᠣᠷᠣᠭᠴᠢ ᠡᠯᠰᠡᠬᠦ ᠭᠠᠳᠠᠭ᠋ᠠᠳᠤ ᠬᠡᠯᠡᠨ᠎ᠤ ᠶᠠᠷᠢᠶᠠᠨ᠎ᠤ ᠰᠢᠯᠭ᠋ᠠᠯᠲᠠ ᠵᠢ 6 ᠳ᠋ᠤᠭ᠋ᠠᠷ ᠰᠠᠷ᠎ᠠ ᠵᠢᠨ 9᠎ᠤ ᠡᠳᠦᠷ᠎ᠤᠨ 8᠄ 00 ᠴᠠᠭ᠎ᠠᠴᠠ ᠡᠬᠢᠯᠡᠭᠦᠯᠵᠦ 6 ᠳ᠋ᠤᠭ᠋ᠠᠷ ᠰᠠᠷ᠎ᠠ ᠵᠢᠨ 14᠎ᠤ ᠡᠳᠦᠷ᠎ᠤᠨ 18᠄ 00 ᠴᠠᠭ᠎ᠠᠴᠠ ᠡᠮᠦᠨ᠎ᠡ ᠳᠠᠭᠤᠰᠬᠠᠨ᠎ᠠ᠃ ᠰᠢᠯᠭ᠋ᠠᠬᠤ ᠭᠠᠵᠠᠷ ᠵᠢᠴᠢ ᠪᠣᠳᠠᠲᠠᠶ ᠰᠢᠯᠭ᠋ᠠᠬᠤ ᠴᠠᠭ᠎ᠢ ᠬᠤᠰᠢᠭᠤ ᠰᠢᠶᠠᠨ ᠲᠣᠭᠤᠷᠢᠭ᠎ᠤᠨ ᠰᠣᠷᠣᠭᠴᠢ ᠡᠯᠰᠡᠬᠦ ᠠᠯᠪᠠᠨ ᠬᠡᠷ᠎ᠠᠴᠠ ᠲᠣᠭᠲᠠᠭ᠋ᠠᠬᠤ ᠵᠢᠨ ᠬᠠᠮᠲᠤ ᠰᠢᠯᠭ᠋ᠠᠭᠤᠯᠤᠭᠴᠢ ᠬᠤᠪᠢ ᠬᠥᠮᠦᠨ᠎ᠳᠤ ᠮᠡᠳᠡᠭᠳᠡᠨ᠎ᠡ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠪᠦᠬᠦ ᠠᠷᠠᠳ ᠢᠷᠭᠡᠳ᠎ᠲᠤ ᠲᠠᠷᠢᠯᠭ᠎ᠠ ᠬᠢᠵᠦ ᠬᠠᠮᠤᠭ᠎ᠤᠨ ᠶᠡᠭᠡ ᠡᠭᠡᠯᠢᠯᠡᠭᠡ ᠵᠢᠨ ᠬᠠᠯᠬᠠᠪᠴᠢ ᠵᠢ ᠪᠠᠶ᠋ᠢᠭᠤᠯᠤᠨ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠮᠪᠠᠯᠲᠠ ᠵᠢᠨ ᠠᠪᠤᠷᠠᠭᠴᠢ ᠵᠢᠨ ᠤᠯᠤᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠬᠥᠬᠡᠬᠣᠲᠠ᠎ᠳᠤ ᠶᠠᠪᠤᠭᠳᠠᠪᠠ
ᠮᠠᠨ᠎ᠤ ᠣᠷᠣᠨ᠎ᠤ ᠫᠤᠤᠳᠠᠯᠭ᠎ᠠ ᠵᠢᠨ ᠲᠠᠮᠢᠷᠴᠢᠨ ᠴᠧᠨ ᠳ᠋ᠦᠩ ᠴᠢ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠣᠷᠣᠯᠴᠠᠬᠤ ᠬᠢᠷᠢ ᠬᠡᠮ᠎ᠲᠠᠢ ᠪᠤᠯᠪᠠ
ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠵᠠᠬᠢᠷᠤᠯ᠎ᠤᠨ ᠪᠣᠯᠪᠠᠰᠤᠷᠠᠯ᠎ᠤᠨ ᠠᠩᠭᠢ (ᠣᠨᠣᠯ᠎ᠤᠨ ᠬᠢᠴᠢᠶᠡᠯ) ᠪᠠᠶᠠᠨᠨᠠᠭᠤᠷ ᠬᠣᠲᠠ᠎ᠳᠤ ᠬᠢᠴᠢᠶᠡᠯ ᠡᠬᠢᠯᠡᠪᠡ
ᠲᠣᠪᠴᠢᠶᠠᠨ ᠳᠠᠷᠤᠭ᠎ᠠ ᠲᠠᠨ ᠵᠢᠩ ᠹᠧᠩ ᠮᠠᠨ᠎ᠤ ᠣᠷᠣᠨ᠎ᠤ ᠰᠢᠯᠢᠳᠡᠭ ᠲᠠᠮᠢᠷᠴᠢᠨ ᠵᠢᠴᠢ ᠲᠡᠳᠡᠨ᠎ᠤ ᠭᠡᠷ ᠪᠦᠯᠢ ᠵᠢᠨ᠎ᠬᠢᠨ᠎ᠢ ᠲᠣᠬᠣᠨᠢᠭᠤᠯᠪᠠ
 
            